|
ᠥᠪᠥᠷ ᠮᠣᠩᠭᠤᠯ ᠤᠨ ᠴᠡᠷᠢᠭ ᠠᠩᠭᠢ ᠪᠣᠯᠤᠨ ᠤᠷᠤᠨ | ᠨᠤᠲᠤᠭ ᠤᠨ ᠬᠢᠨ ᠬᠠᠮᠲᠤᠪᠠᠷ ᠭᠠᠵᠠᠷ ᠵᠦᠢ ᠶᠢᠨ ᠭᠠᠢ | ᠭᠠᠮᠰᠢᠭ ᠢ ᠪᠠᠴᠢᠮ ᠠᠷᠭᠠᠴᠠᠬᠤ ᠠᠪᠤᠷᠠᠨ ᠲᠤᠰᠠᠯᠠᠬᠤ | ᠲᠣᠭᠲᠠᠴᠠ ᠶᠢ ᠪᠠᠶᠢᠭᠤᠯᠪᠠ |
|
|
2016/8/4
|
|
 8 ᠳ᠋ᠤᠭᠠᠷ ᠰᠠᠷ᠎ᠠ ᠶᠢᠨ 1 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠤᠨ ᠭᠠᠵᠠᠷ ᠰᠢᠷᠣᠶ ᠡᠬᠢ ᠪᠠᠶᠠᠯᠢᠭ ᠤᠨ ᠲᠢᠩᠬᠢᠮ ᠬᠢᠭᠡᠳ ᠵᠡᠪᠰᠡᠭᠲᠦ ᠴᠠᠭᠳᠠᠭ᠎ᠠ ᠶᠢᠨ ᠠᠯᠲᠠᠨ ᠤ ᠨᠢᠭᠡᠳᠦᠭᠡᠷ ᠶᠡᠷᠦᠩᠬᠡᠶ ᠠᠩᠭᠢ ᠶᠢᠨ ᠬᠤᠶᠠᠳᠤᠭᠠᠷ ᠰᠠᠯᠪᠤᠷᠢ ᠠᠩᠭᠢ ᠠᠴᠠ ᠭᠠᠵᠠᠷ ᠵᠦᠢ ᠶᠢᠨ ᠭᠠᠢ ᠭᠠᠮᠰᠢᠭ ᠢ ᠰᠡᠷᠭᠡᠶᠢᠯᠡᠨ ᠵᠠᠰᠠᠬᠤ ᠠᠪᠤᠷᠠᠨ ᠲᠤᠰᠠᠯᠠᠬᠤ ᠬᠠᠮᠲᠤᠷᠠᠨ ᠬᠥᠳᠡᠯᠦᠯᠴᠡᠬᠦ ᠲᠣᠭᠲᠠᠴᠠ ᠶᠢᠨ ᠡᠬᠢᠯᠡᠭᠦᠯᠬᠦ ᠶᠣᠰᠣᠯᠠᠯ ᠢ ᠶᠠᠪᠤᠭᠤᠯᠪᠠ᠃ ᠵᠦᠪᠳᠡᠯᠴᠡᠭᠡᠷ ᠤᠨ ᠶᠣᠰᠣᠭᠠᠷ᠂ ᠬᠤᠶᠠᠷ ᠲᠠᠯ᠎ᠠ ᠶᠢᠨ ᠬᠢᠨ ᠡᠬᠢ ᠪᠠᠶᠠᠯᠢᠭ ᠢᠶᠠᠨ ᠡᠮᠬᠢᠯᠡᠨ ᠨᠡᠶᠢᠯᠡᠭᠦᠯᠵᠦ᠂ ᠨᠢᠭᠡᠳᠦᠯᠲᠡᠶ ᠵᠢᠯᠣᠭᠤᠳᠬᠤ᠂ ᠬᠠᠮᠵᠢᠯᠴᠠᠨ ᠪᠠᠶᠢᠯᠳᠤᠬᠤ᠂ ᠠᠵᠢᠯ ᠬᠤᠪᠢᠶᠠᠨ ᠬᠠᠷᠢᠭᠤᠴᠠᠬᠤ᠂ ᠥᠨᠳᠥᠷ ᠪᠦᠲᠦᠮᠵᠢᠲᠡᠶ ᠠᠵᠢᠯᠯᠠᠬᠤ ᠭᠠᠵᠠᠷ ᠵᠦᠢ ᠢ ᠪᠠᠴᠢᠮ ᠠᠷᠭᠠᠴᠠᠬᠤ ᠠᠪᠤᠷᠠᠨ ᠲᠤᠰᠠᠯᠠᠬᠤ ᠡᠩᠨᠡᠭᠡ ᠶᠢ ᠵᠣᠬᠢᠶᠠᠨ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ ᠭᠠᠵᠠᠷ ᠵᠦᠢ ᠶᠢᠨ ᠭᠠᠶ ᠭᠠᠮᠰᠢᠭ ᠢ ᠰᠡᠷᠭᠡᠶᠢᠯᠡᠨ ᠵᠠᠰᠠᠬᠤ ᠪᠠ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠠᠵᠢᠯ ᠳᠤ ᠨᠡᠩ ᠲᠦᠷᠭᠡᠨ᠂ ᠨᠡᠩ ᠪᠦᠲᠦᠮᠵᠢᠲᠡᠢ ᠣᠷᠤᠯᠴᠠᠭᠤᠯᠬᠤ ᠪᠣᠯᠤᠨ᠎ᠠ᠃ |
|
|
|
ᠥᠪᠥᠷ ᠮᠣᠩᠭᠤᠯ ᠤᠨ ᠵᠠᠰᠠᠭ ᠤᠨ ᠣᠷᠳᠣᠨ
|