ᠴᠢᠩᠱᠠᠨ ᠲᠣᠭᠤᠷᠢᠭ ᠤᠨ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠢᠯᠠᠩ ︵ᠥᠷᠭᠡᠳᠬᠡᠭᠰᠡᠨ︶ ᠰᠤᠷᠤᠯᠴᠠᠯᠭ᠎ᠠ ᠶᠢᠨ ᠬᠤᠷᠠᠯ ᠬᠢᠪᠡ
ᠨᠡᠶᠢᠲᠡᠯᠡᠭᠰᠡᠨ ᠴᠠᠭ᠄
2020/12/10
     ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ  ᠰᠠᠨᠠᠭ᠎ᠠ ᠶᠢ ᠭᠦᠨᠵᠡᠭᠡᠶ ᠰᠤᠷᠤᠯᠴᠠᠨ ᠤᠬᠠᠭᠤᠯᠵᠤ  ᠲᠣᠭᠤᠰᠢᠯᠠᠭᠤᠯᠵᠦ᠂ ᠨᠠᠮ ᠤᠨ ᠭᠡᠰᠢᠭᠦᠨ ᠤᠳᠤᠷᠢᠳᠬᠤ ᠺᠠᠳ᠋ᠷ ᠤᠨ ᠨᠠᠮ ᠢᠶᠠᠨ ᠡᠷᠡᠰ ᠳᠠᠭᠠᠬᠤ ᠶᠢ ᠵᠣᠷᠢᠭᠵᠢᠭᠤᠯᠤᠨ ᠳᠠᠭᠠᠭᠤᠯᠵᠤ᠂ ︽ᠳᠥᠷᠪᠡᠨ ᠤᠬᠠᠮᠰᠠᠷ︾ ᠢᠶᠠᠨ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ  ᠬᠠᠮᠠᠭᠠᠯᠠᠬᠤ︾ ᠶᠢ  ᠪᠡᠶᠡᠯᠡᠭᠦᠯᠵᠦ᠂ ᠦᠵᠡᠯ ᠰᠠᠨᠠᠭ᠎ᠠ  ᠪᠠ ᠦᠢᠯᠡ ᠠᠵᠢᠯᠯᠠᠭ᠎ᠠ ᠪᠠᠨ ᠤᠬᠠᠮᠰᠠᠷ ᠠᠴᠠ ᠪᠠᠨ ᠨᠠᠮ ᠤᠨ ᠲᠥᠪ ᠬᠤᠷᠢᠶᠠᠨ ᠤ  ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠳᠡᠭᠡᠷ᠎ᠡ  ᠨᠢᠭᠡᠳᠭᠡᠬᠦ ᠶᠢᠨ ᠲᠦᠯᠦᠭᠡ  ᠂ ᠨᠠᠮ ᠤᠨ ᠲᠥᠪ ᠬᠤᠷᠢᠶ᠎ᠠ  ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶᠠᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ᠂ 12 ᠰᠠᠷ᠎ᠠ ᠶᠢᠨ 4 ᠤ ᠡᠳᠦᠷ ᠤᠨ ᠦᠳᠡ ᠶᠢᠨ ᠡᠮᠦᠨ᠎ᠡ᠂ ᠴᠢᠩᠱᠠᠨ ᠲᠣᠭᠤᠷᠢᠭ ᠤᠨ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠣᠯ ᠳᠤᠭᠤᠶᠢᠯᠠᠩ ︵ᠥᠷᠭᠡᠳᠬᠡᠭᠰᠡᠨ︶ ᠰᠤᠷᠤᠯᠴᠠᠯᠭ᠎ᠠ ᠶᠢᠨ ᠬᠤᠷᠠᠯ ᠬᠢᠵᠦ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ  ᠰᠠᠨᠠᠭ᠎ᠠ ᠶᠢ ᠰᠤᠷᠤᠯᠴᠠᠨ  ᠲᠤᠭᠤᠰᠢᠯᠠᠭᠤᠯᠬᠤ ᠪᠤᠭᠤᠲᠦ ᠬᠤᠲᠠ ᠶᠢᠨ ᠤᠬᠠᠭᠤᠯᠤᠨ ᠲᠠᠶᠢᠯᠪᠦᠷᠢᠯᠠᠬᠤ ᠪᠦᠯᠬᠦᠮ ᠤᠨ ᠭᠡᠰᠢᠭᠦᠨ᠂ ᠪᠤᠭᠤᠲᠤ ᠶᠢᠨ ᠪᠠᠭᠰᠢ ᠶᠢᠨ ᠳᠡᠭᠡᠳᠦ ᠰᠤᠷᠭᠠᠭᠤᠯᠢ ᠶᠢᠨ  ᠮᠠᠷᠺᠰ ᠤᠨ ᠦᠵᠡᠯ ᠤᠨ ᠳᠡᠭᠡᠳᠦ ᠰᠤᠷᠭᠠᠭᠤᠯᠢ ᠶᠢᠨ ᠫᠷᠤᠹᠧᠰᠰᠤᠷ ᠵᠠᠩ ᠴᠦᠨ ᠮᠧᠶ ᠶᠢ ᠤᠷᠢᠵᠦ ᠲᠤᠰᠬᠠᠶ ᠰᠡᠳᠦᠪᠲᠦ ᠬᠠᠪᠰᠤᠷᠤᠨ ᠵᠢᠯᠣᠭᠤᠳᠬᠤ ᠲᠠᠶᠢᠯᠤᠮᠵᠢ ᠬᠢᠪᠠ᠃      ᠲᠣᠰ ᠤᠳᠠᠭᠠᠨ ᠤ ᠰᠤᠷᠤᠯᠴᠠᠯᠭ᠎ᠠ ᠶᠢᠨ ᠬᠤᠷᠠᠯ ᠢ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ  ᠤᠷᠳᠤᠨ ᠤ ᠣᠷᠣᠯᠠᠭᠴᠢ ᠳᠠᠷᠤᠭ᠎ᠠ ᠪᠠᠶ ᠶᠦᠨ ᠰᠢ ᠡᠷᠬᠢᠯᠡᠵᠦ᠂  ᠲᠤᠭᠤᠷᠢᠭ ᠤᠨ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠣᠯ ᠳᠤᠭᠤᠶᠢᠯᠠᠩ ᠤᠨ ᠪᠦᠬᠦ ᠭᠡᠰᠢᠭᠦᠨ᠂  ᠲᠤᠭᠤᠷᠢᠭ ᠤᠨ ᠬᠠᠷᠢᠶ᠎ᠠ ᠡᠯ᠎ᠡ ᠪᠠᠶᠢᠭᠤᠯᠤᠯᠭ᠎ᠠ᠂ ᠠᠵᠢᠯ ᠦᠢᠯᠡᠰ ᠤᠨ ᠨᠢᠭᠡᠴᠡ᠂ ᠠᠷᠠᠳ ᠤᠨ ᠪᠦᠯᠬᠦᠮ᠂ ᠡᠯ᠎ᠡ ᠵᠡᠭᠡᠯᠢ  ᠪᠠᠯᠭᠠᠰᠦ ᠶᠢᠨ ᠭᠤᠣᠯ ᠬᠠᠷᠢᠭᠤᠴᠠᠯᠭᠠᠲᠠᠨ ᠨᠥᠬᠦᠳ ᠵᠢᠴᠢ ᠴᠢᠩᠱᠠᠨ ᠲᠣᠭᠤᠷᠢᠭ ᠤᠨ ᠨᠠᠮ ᠤᠨ ᠠᠷᠪᠠ ᠶᠢᠰᠦᠳᠦᠭᠡᠷ  ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠦᠬᠦᠳᠠ ᠬᠤᠷᠠᠯ ᠤᠨ ᠵᠣᠷᠢᠭ ᠰᠠᠨᠠᠭ᠎ᠠ ︽ᠲᠠᠯ᠎ᠠ ᠨᠤᠲᠤᠭ ᠤᠨ  ᠰᠤᠷᠤᠯᠴᠠᠯᠭ᠎ᠠ ᠶᠢᠨ ᠬᠦᠩᠭᠡᠨ ᠮᠣᠷᠢᠲᠤ ᠴᠡᠷᠢᠭ︾  ᠤᠨ ᠤᠬᠠᠭᠤᠯᠤᠨ ᠲᠠᠶᠢᠯᠪᠤᠷᠢᠯᠠᠬᠤ ᠬᠤᠪᠢᠶᠠᠷᠢ ᠠᠩᠬᠢ ᠶᠢᠨ ᠪᠦᠷᠢᠯᠳᠦᠬᠦᠨ ᠲᠤᠰ ᠤᠳᠠᠭ᠎ᠠ ᠶᠢᠨ ᠰᠤᠷᠤᠯᠴᠠᠯᠭ᠎ᠠ ᠳᠤ ᠣᠷᠣᠯᠴᠠᠪᠠ᠃      ᠰᠤᠷᠤᠯᠴᠠᠯᠭ᠎ᠠ ᠶᠢᠨ ᠬᠤᠷᠠᠯ ᠳᠡᠭᠡᠷ᠎ᠡ᠂ ᠫᠷᠤᠹᠧᠰᠰᠤᠷ ᠵᠠᠩ ᠴᠦᠨ ᠮᠧᠶ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠦᠬᠦᠳᠠ ᠬᠤᠷᠠᠯ ᠤᠨ ᠬᠤᠷᠠᠯᠳᠤᠭᠤᠯᠤᠭᠰᠠᠨ ᠠᠬᠤᠢ ᠪᠠᠶᠢᠳᠠᠯ ᠵᠢᠴᠢ ᠠᠴᠢ ᠬᠤᠯᠪᠣᠭᠳᠠᠯ᠂ ᠠᠷᠠᠳ ᠲᠦᠮᠡᠨ ᠢᠶᠠᠷ ᠭᠤᠣᠯ ᠪᠣᠯᠭᠠᠭᠰᠠᠨ  ᠦᠷᠳᠡᠭ ᠤᠨ ᠬᠠᠨᠳᠤᠰᠢ᠂ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ︽ᠰᠠᠨᠠᠭᠤᠯᠭ᠎ᠠ︾ ᠶᠢᠨ ᠭᠤᠣᠯ  ᠠᠭᠤᠯᠭ᠎ᠠ ᠶᠢ ᠰᠢᠰᠲ᠋ᠧᠮ ᠲᠠᠢ ᠲᠣᠳᠣᠷᠬᠠᠶᠢᠯᠠᠨ ᠲᠠᠶᠢᠯᠪᠤᠷᠢᠯᠠᠪᠠ᠃ ᠤᠬᠠᠭᠤᠯᠤᠨ ᠲᠠᠶᠢᠯᠪᠤᠷᠢᠯᠠᠬᠤ ᠯᠣᠭᠢᠭ ᠨᠢ ᠨᠠᠷᠢᠨ ᠨᠢᠭᠲᠠ᠂ ᠬᠥᠲᠥᠯᠪᠦᠷᠢ ᠶᠢ ᠨᠢ ᠠᠳᠬᠤᠵᠤ᠂ ᠨᠣᠮ ᠰᠤᠳᠤᠷ ᠠᠴᠠ ᠡᠰᠢ ᠲᠠᠲᠠᠵᠤ᠂ ᠲᠣᠭᠠᠴᠢᠯᠲᠠ ᠨᠢ ᠨᠠᠷᠢᠨ ᠬᠢᠨᠠᠮᠠᠭᠠᠶ ᠣᠨᠣᠪᠴᠢᠲᠠᠶ᠂ ᠦᠭᠡ ᠬᠡᠯᠡ ᠨᠢ ᠠᠮᠢᠳᠤᠯᠢᠭ ᠳᠦᠷᠰᠦᠯᠢᠭ᠂ ᠬᠤᠷᠠᠯ ᠳᠤ ᠣᠷᠣᠯᠴᠠᠭᠰᠠᠨ ᠤᠳᠤᠷᠢᠳᠬᠤ ᠺᠠᠳ᠋ᠷ ᠰᠣᠨᠣᠰᠤᠭᠰᠠᠨ ᠤ ᠳᠠᠷᠠᠭ᠎ᠠ ᠰᠡᠩᠬᠡᠷᠡᠭᠦᠯᠦᠯ ᠢ ᠭᠦᠨ  ᠬᠦᠷᠲᠡᠵᠦ᠂ ᠶᠡᠭᠡ ᠠᠰᠢᠭ ᠬᠦᠷᠲᠡᠵᠦ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ  ᠪᠦᠭᠦᠳᠡ ᠬᠤᠷᠠᠯ ᠤᠨ ᠵᠣᠷᠢᠭ ᠰᠠᠨᠠᠭᠠᠨ ᠤ ᠭᠤᠤᠯ ᠠᠭᠤᠯᠭ᠎ᠠ᠂ ᠵᠣᠷᠢᠭ ᠰᠠᠨᠠᠭᠠᠨ ᠤ ᠮᠥᠨ ᠴᠢᠨᠠᠷ᠂ ᠡᠯᠪᠡᠭ ᠪᠠᠶᠠᠯᠢᠭ ᠠᠭᠤᠯᠤᠭᠳᠠᠬᠤᠨ᠂  ᠦᠢᠯᠡᠳᠦᠯᠭᠡ ᠶᠢᠨ ᠱᠠᠭᠠᠷᠳᠠᠯᠭ᠎ᠠ ᠶᠢᠨ ᠲᠤᠬᠠᠶ ᠣᠶᠢᠯᠠᠭᠠᠯᠲᠠ ᠶᠢ ᠤᠯᠠᠮ ᠨᠢᠭᠡ ᠠᠯᠬᠤᠮ  ᠭᠦᠨᠵᠡᠭᠡᠶᠢᠷᠡᠭᠦᠯᠵᠦ᠂ ᠲᠠᠷᠠᠭᠠᠴᠢ ᠶᠢᠨ ᠠᠯᠬᠤᠮ ᠤᠨ ᠰᠤᠷᠤᠯᠴᠠᠨ ᠲᠤᠭᠤᠰᠢᠯᠠᠭᠤᠯᠬᠤ ᠠᠵᠢᠯ ᠳᠤ ᠮᠠᠰᠢ ᠰᠠᠶᠢᠨ ᠰᠠᠭᠤᠷᠢ ᠲᠠᠯᠪᠢᠵᠤ᠂ ᠴᠢᠬᠤᠯᠠ ᠬᠠᠪᠰᠤᠷᠤᠯᠭ᠎ᠠ ᠬᠠᠩᠭᠠᠪᠠ᠃      ᠬᠤᠷᠠᠯ ᠠᠴᠠ ᠱᠠᠭᠠᠷᠳᠠᠭᠰᠠᠨ ᠨᠢ᠂ ᠨᠢᠭᠡ ᠳᠤ᠂  ᠳᠡᠭᠡᠲᠦ ᠱᠠᠲᠤ ᠨᠢ ᠳᠣᠣᠷᠠᠳᠤ ᠱᠠᠲᠤ ᠪᠠᠨ ᠳᠠᠶᠢᠴᠢᠯᠠᠬᠤ ᠶᠢ ᠪᠠᠷᠢᠮᠲᠠᠯᠠᠬᠤ ᠬᠡᠷᠡᠭᠲᠡᠶ᠃  ᠲᠤᠭᠤᠷᠢᠭ ᠤᠨ ᠨᠠᠮ ᠤᠨ ᠬᠤᠷᠢᠶ᠎ᠠ  ᠪᠠ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ  ᠤᠳᠤᠷᠢᠳᠬᠤ ᠳᠤᠭᠤᠶᠢᠯᠠᠩ︶ ᠶᠢᠨ ᠣᠨᠣᠯ ᠰᠤᠷᠤᠯᠴᠠᠬᠤ ᠭᠤᠤᠯ ᠳᠤᠭᠤᠶᠢᠯᠠᠩ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠬᠤ ᠶᠢ ᠭᠤᠤᠯᠳᠠᠯᠭ᠎ᠠ ᠶᠢᠨ ᠳᠣᠲᠣᠷᠠᠬᠢ ᠭᠤᠤᠯᠳᠠᠯᠭ᠎ᠠ ᠪᠣᠯᠭᠠᠵᠤ᠂ ᠲᠥᠪᠯᠡᠷᠡᠭᠦᠯᠦᠨ ᠰᠤᠷᠤᠯᠴᠠᠬᠤ ᠶᠢ ᠱᠠᠯᠠᠪᠳᠠᠨ ᠥᠷᠨᠢᠭᠦᠯᠦᠨ᠎ᠡ᠃ ᠲᠡᠷᠡ ᠬᠡᠪ ᠢᠶᠠᠷ ᠨᠢ ᠰᠤᠳᠤᠯᠤᠨ ᠤᠩᠰᠢᠵᠤ᠂ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠬᠤ ᠶᠢ ᠣᠳᠣᠬᠠᠨ ᠤ ᠬᠠᠮᠤᠭ ᠤᠨ ᠴᠢᠬᠤᠯᠠ ᠨᠠᠮ ᠤᠨ  ᠬᠢᠴᠢᠶᠡᠯ ᠪᠠ ᠤᠯᠤᠰ ᠲᠥᠷᠥ ᠶᠢᠨ ᠵᠠᠪᠠᠯ ᠰᠤᠷᠬᠤ ᠬᠢᠴᠢᠶᠡᠯ ᠪᠣᠯᠭᠠᠵᠤ᠂ ᠲᠦᠷᠦᠭᠦᠯᠡᠨ ᠰᠤᠷᠤᠯᠴᠠᠵᠤ᠂ ᠲᠦᠷᠦᠭᠦᠯᠡᠨ ᠶᠠᠷᠢᠵᠤ᠂ ᠲᠦᠷᠦᠭᠦᠯᠡᠨ ᠬᠢᠵᠦ᠂ ᠡᠯ᠎ᠡ ᠱᠠᠲᠤᠨ ᠤ ᠨᠠᠮ ᠤᠨ ᠭᠡᠰᠢᠭᠦᠨ ᠺᠠᠳ᠋ᠷ ᠲᠤ ᠦᠯᠢᠭᠡᠷ ᠵᠢᠱᠢᠶ᠎ᠡ ᠦᠵᠡᠭᠦᠯᠵᠦ᠂ ᠰᠠᠶᠢᠨ ᠦᠯᠢᠭᠡᠷ ᠳᠠᠭᠤᠷᠢᠶᠠᠯ ᠪᠣᠯᠬᠤ ᠬᠡᠷᠡᠭᠲᠡᠶ᠃  ᠲᠤᠭᠤᠷᠢᠭ ᠤᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ᠂  ᠲᠤᠭᠤᠷᠢᠭ ᠤᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠬᠤ ᠶᠢ ᠺᠠᠳ᠋ᠷ ᠤᠨ ᠪᠣᠯᠪᠠᠰᠤᠷᠠᠭᠤᠯᠤᠯ᠂ ᠨᠠᠮ ᠤᠨ ᠭᠡᠰᠢᠭᠦᠨ ᠤ ᠬᠥᠮᠦᠵᠢᠯ ᠤᠨ ᠴᠢᠬᠤᠯᠠ ᠠᠭᠤᠯᠭ᠎ᠠ  ᠪᠤᠯᠭᠠᠵᠦ᠂ ᠤᠯᠠᠨ ᠬᠡᠯᠪᠡᠷᠢ ᠮᠠᠶ᠋ᠢᠭ ᠤᠨ᠂ ᠳᠡᠰ ᠳᠠᠪᠬᠤᠷᠭ᠎ᠠ ᠬᠤᠪᠢᠶᠠᠭᠰᠠᠨ᠂ ᠪᠦᠬᠦᠨ ᠢ ᠬᠠᠮᠤᠷᠤᠭᠰᠠᠨ ᠨᠠᠮ ᠤᠨ ᠭᠡᠰᠢᠭᠦᠨ ᠺᠠᠳ᠋ᠷ ᠤᠨ ᠪᠣᠯᠪᠠᠰᠤᠷᠠᠯ ᠡᠭᠡᠯᠵᠢᠯᠡᠨ ᠪᠣᠯᠪᠠᠰᠤᠷᠠᠯ ᠢ ᠥᠷᠨᠢᠭᠦᠯᠦᠨ᠎ᠡ᠃ ᠬᠤᠶᠠᠷ ᠲᠤ ᠤᠷᠲᠤᠳᠬᠠᠨ ᠪᠦᠷᠬᠦᠭᠦᠯᠬᠦ ᠶᠢ ᠪᠠᠷᠢᠮᠲᠠᠯᠠᠬᠤ ᠬᠡᠷᠡᠭᠲᠡᠶ᠃ ᠱᠠᠲᠤ ᠱᠠᠲᠤ ᠪᠠᠷ ᠤᠬᠠᠭᠤᠯᠤᠨ ᠲᠠᠶᠢᠯᠪᠤᠷᠢᠯᠠᠬᠤ᠂ ︽ᠣᠨᠣᠯ   ᠢ ᠦᠨᠳᠦᠰᠦᠨ ᠱᠠᠲᠤᠨ ᠳᠤ ᠬᠦᠷᠭᠡᠬᠦ︾ ᠵᠡᠷᠭᠡ  ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠦᠨᠳᠦᠰᠦᠨ ᠱᠠᠲᠤᠨ ᠳᠤ ᠬᠠᠨᠳᠤᠭᠤᠯᠬᠤ᠂ ᠣᠯᠠᠨ ᠲᠦᠮᠡᠨ ᠳᠤ ᠬᠠᠨᠳᠤᠭᠤᠯᠤᠭᠰᠠᠨ ᠤᠬᠠᠭᠤᠯᠭ᠎ᠠ ᠬᠥᠮᠦᠵᠢᠯ ᠢ ᠰᠠᠶᠢᠲᠤᠷ ᠠᠳᠬᠤᠬᠤ ᠬᠡᠷᠡᠭᠲᠡᠶ᠃ ᠲᠣᠭᠤᠷᠢᠭ ᠤᠨ ᠳᠥᠷᠪᠡᠨ ᠶᠡᠭᠡ ᠪᠠᠭ ᠤᠨ ᠪᠦᠷᠢᠯᠳᠦᠬᠦᠨ ᠲᠦᠷᠦᠭᠦᠯᠡᠨ ᠤᠬᠠᠭᠤᠯᠤᠨ ᠲᠠᠶᠢᠯᠪᠤᠷᠢᠯᠠᠵᠤ᠂ ᠡᠯ᠎ᠡ ᠵᠡᠭᠡᠯᠢ ᠭᠤᠳᠤᠮᠵᠢ ︵ᠪᠠᠯᠭᠠᠰᠤ︶ ᠶᠢᠨ ᠨᠠᠮ ᠤᠨ ᠬᠤᠷᠢᠶᠠᠨ ᠤ ᠱᠦᠵᠢ᠂  ᠲᠤᠭᠤᠷᠢᠭ ᠤᠨ ᠬᠠᠷᠢᠶ᠎ᠠ ᠰᠠᠯᠠᠭ᠎ᠠ  ᠮᠦᠴᠢᠷ ᠤᠨ ᠭᠤᠤᠯ ᠬᠠᠷᠢᠭᠤᠴᠠᠯᠭᠠᠲᠠᠨ ᠲᠤᠰ ᠨᠢᠭᠡᠴᠡ ᠳᠡᠭᠡᠨ ᠤᠬᠠᠭᠤᠯᠤᠨ ᠲᠠᠶᠢᠯᠪᠤᠷᠢᠯᠠᠵᠤ᠂ ᠲᠤᠭᠤᠷᠢᠭ ᠤᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠦᠳᠲᠡᠷ ᠲᠦᠷᠭᠡᠨ ᠲᠦᠷᠦᠭᠦᠯᠡᠨ  ᠲᠤᠭᠤᠷᠢᠭ ᠤᠨ ᠨᠠᠮ ᠤᠨ ᠬᠤᠷᠢᠶᠠᠨ ᠤ ᠤᠬᠠᠭᠤᠯᠤᠨ ᠲᠠᠶᠢᠯᠪᠤᠷᠢᠯᠠᠬᠤ ᠪᠦᠯᠬᠦᠮ ᠢ ᠵᠣᠬᠢᠶᠠᠨ ᠪᠠᠶᠢᠭᠤᠯᠵᠤ᠂ ᠡᠯ᠎ᠡ ᠭᠠᠵᠠᠷ ᠲᠤ ᠬᠦᠷᠴᠦ ᠤᠬᠠᠭᠤᠯᠤᠨ ᠲᠠᠶᠢᠯᠪᠤᠷᠢᠯᠠᠬᠤ ᠠᠵᠢᠯ ᠥᠷᠨᠢᠭᠦᠯᠵᠦ᠂ ᠡᠭᠦᠨ ᠤ ᠬᠠᠮᠲᠤ᠂ ᠬᠦᠴᠦᠷᠬᠡᠭ ᠤᠯᠤᠰ ᠤᠨ ᠰᠤᠷᠤᠯᠴᠠᠯᠭ᠎ᠠ᠂ ᠴᠢᠩᠱᠠᠨ ᠬᠦᠮᠦᠨ ᠴᠢᠩᠱᠠᠨ ᠤ ᠶᠠᠪᠤᠳᠠᠯ᠂  ᠸᠧᠢ ᠸᠧᠢ ᠴᠢᠩᠱᠠᠨ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ ︵ᠥᠷᠲᠡᠭᠡ᠂ ᠭᠠᠵᠠᠷ︶ ᠵᠡᠷᠭᠡ ᠡᠯ᠎ᠡ ᠱᠠᠲᠤᠨ ᠤ ᠡᠯ᠎ᠡ ᠲᠥᠷᠥᠯ ᠤᠨ ᠰᠤᠷᠲᠠᠯ ᠤᠬᠠᠭᠤᠯᠭ᠎ᠠ ᠰᠣᠶᠣᠯ ᠤᠨ ᠵᠢᠭᠰᠠᠭᠠᠯ ᠤᠨ ᠭᠠᠵᠠᠷ ᠪᠠ ᠡᠬᠢ ᠪᠠᠶᠠᠯᠢᠭ ᠢ  ᠨᠢᠭᠡᠲᠦᠯᠲᠡᠢ ᠲᠥᠯᠥᠪᠯᠡᠨ ᠰᠤᠷᠤᠯᠴᠠᠵᠤ᠂ ᠣᠯᠠᠨ ᠲᠦᠮᠡᠨ ᠤ ᠦᠵᠡᠵᠦ ᠰᠣᠨᠣᠰᠬᠤ ᠳᠤᠷᠠᠲᠠᠶ᠂ ᠣᠷᠣᠯᠴᠠᠬᠤ ᠳᠤ ᠲᠥᠬᠦᠮ ᠠᠷᠭ᠎ᠠ ᠮᠠᠶ᠋ᠢᠭ ᠢ ᠬᠡᠷᠡᠭᠯᠡᠨ᠂ ᠠᠭᠤᠯᠭ᠎ᠠ ᠨᠢ ᠪᠠᠶᠠᠯᠢᠭ᠂ ᠬᠡᠯᠪᠡᠷᠢ ᠨᠢ ᠣᠯᠠᠨ ᠶᠠᠩᠵᠤ ᠶᠢᠨ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠦᠷᠨᠢᠭᠦᠯᠵᠦ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ  ᠰᠠᠨᠠᠭ᠎ᠠ ᠶᠢ ᠠᠵᠤ ᠠᠬᠤᠶᠢᠯᠠᠯ ᠳᠤ ᠣᠷᠣᠭᠤᠯᠬᠤ᠂ ᠬᠥᠳᠡᠭᠡ ᠲᠣᠰᠬᠤᠨ ᠳᠤ ᠣᠷᠣᠭᠤᠯᠬᠤ᠂ ᠪᠠᠶᠢᠭᠤᠯᠭ᠎ᠠ ᠳᠤ ᠣᠷᠣᠭᠤᠯᠬᠤ᠂  ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ᠂ ᠨᠡᠶᠢᠭᠡᠮ ᠲᠣᠭᠤᠷᠢᠭ ᠲᠤ ᠣᠷᠣᠭᠤᠯᠬᠤ᠂ ᠴᠡᠷᠢᠭ ᠤᠨ ᠬᠤᠸᠠᠷᠠᠨ  ᠴᠠᠭᠳᠠᠭᠠᠨ ᠤ ᠬᠤᠸᠠᠷᠠᠨ ᠳᠤ ᠣᠷᠣᠭᠤᠯᠬᠤ᠂ ᠲᠣᠤᠷ ᠰᠦᠯᠵᠢᠶ᠎ᠡ ᠳᠤ ᠣᠷᠣᠭᠤᠯᠬᠤ᠂ ᠭᠡᠷ ᠪᠦᠯᠢ ᠳᠤ ᠣᠷᠣᠭᠤᠯᠬᠤ ᠶᠢ ᠠᠬᠢᠭᠤᠯᠵᠦ᠂ ᠨᠠᠮ ᠤᠨ ᠤᠨᠤᠯ ᠢ ᠡᠩ ᠤᠨ ᠠᠷᠠᠳ ᠤᠯᠠᠨ ᠤ ᠭᠡᠷ ᠲᠤ ᠲᠦᠷᠭᠡᠨ ᠣᠷᠣᠭᠤᠯᠵᠤ᠂ ᠬᠥᠮᠦᠰ ᠤᠨ ᠰᠡᠳᠬᠢᠯ ᠳᠤ ᠭᠦᠨ ᠰᠠᠭᠤᠭᠳᠠᠭᠤᠯᠬᠤ ᠬᠡᠷᠡᠭᠲᠡᠶ᠃ ᠭᠤᠷᠪᠠ ᠳᠤ ᠨᠢᠭᠡᠳᠦᠯᠲᠡᠶ ᠲᠥᠯᠥᠪᠯᠡᠬᠦ ᠶᠢ ᠤᠶᠠᠯᠳᠤᠭᠤᠯᠬᠤ ᠶᠢ ᠪᠠᠷᠢᠮᠲᠠᠯᠠᠬᠤ ᠬᠡᠷᠡᠭᠲᠡᠶ᠃ ᠣᠨᠣᠯ   ᠢ ᠪᠣᠳᠠᠲᠠᠶ ᠲᠠᠢ ᠤᠶᠠᠯᠳᠤᠭᠤᠯᠬᠤ᠂ ᠰᠤᠷᠤᠯᠴᠠᠬᠤ ᠬᠡᠷᠡᠭᠯᠡᠬᠦ ᠶᠢ ᠤᠶᠠᠯᠳᠤᠭᠤᠯᠬᠤ ᠶᠢ ᠪᠠᠷᠢᠮᠲᠠᠯᠠᠵᠤ᠂ ᠮᠠᠨ ᠤ ᠲᠤᠭᠤᠷᠢᠭ ᠤᠨ ᠪᠠᠶᠢᠳᠠᠯ ᠢ ᠲᠤᠭᠤᠷᠠᠳᠠᠯ᠎ᠠ ᠮᠡᠳᠡᠵᠦ᠂ ᠠᠰᠠᠭᠤᠳᠠᠯ ᠢ ᠭᠦᠨᠵᠡᠭᠡᠶ ᠠᠭᠤᠳᠠᠯᠵᠤ᠂ ᠠᠷᠭ᠎ᠠ  ᠪᠤᠳᠤᠯᠭ᠎ᠠ ᠶᠢ ᠣᠨᠣᠪᠴᠢᠲᠠᠶ ᠡᠷᠢᠵᠦ᠂ ᠠᠷᠭ᠎ᠠ ᠬᠡᠮᠵᠢᠶ᠎ᠡ ᠶᠢ ᠨᠠᠷᠢᠯᠢᠭ ᠨᠠᠶᠢᠳᠠᠪᠤᠷᠢᠵᠢᠭᠤᠯᠵᠤ᠂ ᠮᠠᠨ ᠤ ᠲᠤᠭᠤᠷᠢᠭ  ᠤᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠬᠢᠴᠠ ᠶᠢ ᠲᠦᠷᠭᠡᠳᠭᠡᠵᠦ᠂ ᠪᠠᠶᠢᠯᠳᠤᠬᠤ ᠪᠣᠳᠣᠯᠭ᠎ᠠ ᠶᠢᠨ ᠰᠡᠳᠬᠢᠬᠦᠶ ᠲᠠᠢ ᠮᠥᠷᠲᠡᠭᠡᠨ ᠪᠠᠰᠠ ᠪᠣᠳᠠᠲᠠᠶ ᠶᠢ ᠡᠷᠬᠢᠮᠯᠡᠨ ᠲᠤᠰᠠᠲᠠᠶ᠂ ᠰᠢᠨ᠎ᠡ ᠬᠥᠭᠵᠢᠯᠲᠡ ᠶᠢᠨ ᠣᠨᠣᠯᠵᠢᠬᠤᠨ ᠢ ᠢᠯᠡᠷᠡᠭᠦᠯᠬᠦ ᠮᠥᠷᠲᠡᠭᠡᠨ ᠪᠠᠰᠠ ᠪᠣᠳᠠᠲᠠᠶ ᠠᠰᠠᠭᠤᠳᠠᠯ ᠢ  ᠰᠢᠢᠳᠪᠦᠷᠢᠯᠡᠬᠦ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠪᠦᠷᠢᠯᠳᠦᠭᠦᠯᠦᠨ᠎ᠡ᠃ ᠪᠥᠬᠦᠳᠡ ᠬᠤᠷᠠᠯ ᠠᠴᠠ ᠳᠤᠷᠠᠳᠤᠭᠰᠠᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ  ᠪᠠ ᠡᠯ᠎ᠡ ᠵᠦᠢᠯ ᠤᠨ ᠬᠠᠷᠠᠯᠲᠠ ᠡᠭᠦᠷᠭᠡ ᠶᠢ ᠮᠠᠨ ᠤ ᠲᠤᠭᠤᠷᠢᠭ ‍ᠤᠨ‌ᠠᠵᠢᠯ ᠤᠨ ᠡᠭᠦᠷᠭᠡ ᠪᠣᠯᠭᠠᠨ ᠬᠤᠪᠢᠷᠠᠭᠤᠯᠵᠤ᠂ ᠡᠯ᠎ᠡ ᠱᠠᠲᠤᠨ ᠤ ᠨᠠᠮ ᠤᠨ ᠭᠡᠰᠢᠭᠦᠨ ᠺᠠᠳ᠋ᠷ ᠤᠨ ᠠᠵᠢᠯ ᠤᠨ ᠪᠠᠶᠢᠷᠢᠨ ᠳᠤ  ᠨᠠᠶᠢᠲᠠᠪᠦᠷᠢᠵᠢᠭᠤᠯᠬᠤ᠂ ᠶᠠᠭᠤ ᠬᠢᠬᠦ᠂ ᠶᠠᠭᠠᠬᠢᠵᠤ ᠬᠢᠬᠦ᠂ ᠬᠡᠵᠢᠶ᠎ᠡ ᠬᠢᠵᠦ ᠪᠦᠲᠦᠭᠡᠬᠦ ᠶᠢ ᠲᠣᠳᠣᠷᠬᠠᠶᠢᠯᠠᠵᠤ᠂ ᠨᠠᠮ ᠤᠨ ᠠᠷᠪᠠ  ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠮᠠᠨ ᠤ  ᠲᠤᠭᠤᠷᠢᠭ ᠲᠤ ᠨᠠᠶᠢᠳᠠᠪᠤᠷᠢᠵᠢᠭᠤᠯᠵᠤ᠂ ᠦᠷ᠎ᠡ ᠪᠦᠲᠦᠮᠵᠢ ᠭᠠᠷᠭᠠᠬᠤ ᠬᠡᠷᠡᠭᠲᠡᠶ᠃ ᠡᠯ᠎ᠡ ᠰᠠᠯᠠᠭ᠎ᠠ ᠮᠥᠴᠢᠷ᠂ ᠡᠯ᠎ᠡ ᠨᠢᠭᠡᠴᠡ ᠨᠦᠭᠦᠳ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ ᠪᠠ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠵᠤᠷᠪᠤᠰ ᠳᠠᠷᠠᠭᠠᠯᠠᠨ ᠭᠦᠢᠴᠡᠳᠬᠡᠬᠦ ᠲᠤᠭ᠎ᠠ ᠶᠢ ᠲᠣᠬᠢᠷᠠᠭᠤᠯᠵᠤ᠂ ᠭᠦᠨᠵᠡᠭᠡᠶ ᠵᠠᠳᠠᠯᠤᠨ ᠰᠤᠳᠤᠯᠵᠤ  ᠮᠠᠭᠠᠳᠯᠠᠨ᠂ ᠨᠠᠷᠢᠨ ᠣᠨᠣᠪᠴᠢᠲᠠᠶ ᠠᠷᠭ᠎ᠠ ᠬᠡᠮᠵᠢᠶ᠎ᠡ ᠲᠣᠭᠲᠠᠭᠠᠵᠤ᠂ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠶᠢ ︽ᠠᠷᠪᠠᠨ ᠭᠤᠷᠪᠠᠳᠤᠭᠠᠷ ᠲᠠᠪᠤᠨ ᠵᠢᠯ︾  ᠤᠨ  ᠲᠦᠯᠦᠪᠵᠢᠭᠦᠯᠭᠡ ᠶᠢ ᠰᠠᠶᠢᠲᠤᠷ ᠬᠢᠬᠦ ᠪᠠ 2020 ᠣᠨ ᠤ  ᠲᠡᠭᠦᠰᠭᠡᠯ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠲᠥᠯᠥᠪᠵᠢᠭᠦᠯᠬᠦ ᠪᠠ 2021 ᠣᠨ ᠤ ᠡᠬᠢᠯᠡᠯᠲᠡ ᠶᠢ ᠣᠷᠭᠠᠨᠢᠭ ᠢᠶᠠᠷ ᠤᠶᠠᠯᠳᠤᠭᠤᠯᠵᠤ᠂ ᠲᠡᠭᠦᠰ ᠠᠮᠵᠢᠯᠲᠠ ᠲᠠᠢ ᠵᠣᠯᠭᠠᠭᠤᠯᠵᠤ᠂ ᠨᠡᠮᠡᠭᠳᠡᠯ ᠢ ᠲᠣᠭᠲᠠᠪᠤᠷᠢᠵᠢᠭᠤᠯᠬᠤ᠂ ᠪᠦᠲᠦᠴᠡ ᠶᠢ ᠲᠣᠬᠢᠷᠠᠭᠤᠯᠬᠤ᠂ ᠥᠭᠡᠷᠡᠴᠢᠯᠡᠯᠲᠡ ᠶᠢ ᠠᠬᠢᠭᠤᠯᠬᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠠᠶᠤᠯ ᠲᠦᠭᠰᠢᠭᠦᠷᠢ ᠶᠢ ᠰᠡᠷᠭᠡᠶᠢᠯᠡᠬᠦ ᠵᠡᠷᠭᠡ ᠡᠯ᠎ᠡ  ᠵᠦᠢᠯ  ᠤᠨ ᠠᠵᠢᠯ ᠢ ᠨᠢᠭᠡᠳᠦᠯᠲᠡᠶ ᠲᠥᠯᠥᠪᠯᠡᠨ ᠠᠬᠢᠭᠤᠯᠵᠤ᠂ ᠰᠤᠷᠤᠯᠴᠠᠯᠭ᠎ᠠ ᠶᠢᠨ ᠦᠷ᠎ᠡ ᠪᠦᠲᠦᠭᠡᠯ ᠢᠶᠠᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠦᠴᠦᠷᠬᠡᠭ ᠶᠡᠭᠡ  ᠬᠦᠳᠡᠯᠭᠡᠬᠦ ᠬᠦᠴᠦᠨ ᠪᠣᠯᠭᠠᠨ ᠬᠤᠪᠢᠷᠠᠭᠤᠯᠬᠤ ᠬᠡᠷᠡᠭᠲᠡᠢ᠃
 
ᠢᠷᠡᠯᠲᠡ᠄ ᠪᠣᠭᠤᠲᠤ ᠶᠢᠨ ᠴᠢᠩᠱᠠᠨ ᠲᠣᠭᠤᠷᠢᠭ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号
Baidu
map