ᠬᠤᠳᠠ ᠶᠢᠨ ᠨᠠᠮ ᠤᠨ ᠬᠤᠷᠢᠶᠠᠨ ᠤ ᠭᠤᠣᠯ ᠳᠤᠭᠤᠶᠢᠯᠠᠩ  ᠤᠨ ︵ᠦᠷᠬᠡᠳᠬᠡᠭᠰᠡᠨ︶ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠦᠬᠦᠳᠠ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠪᠠ
ᠨᠡᠶᠢᠲᠡᠯᠡᠭᠰᠡᠨ ᠴᠠᠭ᠄
2020/12/4
     12 ᠰᠠᠷ᠎ᠠ ᠶᠢᠨ 1 ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠬᠤᠲᠠ ᠶᠢᠨ ᠨᠠᠮ ᠤᠨ ᠬᠤᠷᠢᠶᠠᠨ ᠤ ᠱᠦᠵᠢ ᠯᠢᠦ ᡁᠢ ᠫᠢᠩ ᠬᠤᠳᠠ ᠶᠢᠨ ᠨᠠᠮ ᠤᠨ ᠬᠤᠷᠢᠶᠠᠨ ᠤ ᠭᠤᠤᠯ ᠳᠤᠭᠤᠶᠢᠯᠠᠩ ᠤᠨ ︵ ᠦᠷᠬᠡᠳᠬᠡᠭᠰᠡᠨ︶ ᠰᠤᠷᠤᠯᠴᠠᠯᠭ᠎ᠠ ᠶᠢᠨ ᠬᠤᠷᠠᠯ ᠢ ᠡᠷᠬᠢᠯᠡᠨ ᠬᠤᠷᠠᠯᠳᠣᠭᠤᠯᠵᠦ᠂ ᠥᠪᠡᠷᠲᠡᠭᠡᠨ ᠵᠠᠰᠠᠬᠤ ᠣᠷᠣᠨ ᠤ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠪᠦᠷᠢᠯᠳᠦᠬᠦᠨ᠂ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠮᠠᠷᠺᠰ ᠤᠨ ᠦᠵᠡᠯ ᠤᠨ ᠳᠡᠭᠡᠳᠦ ᠰᠤᠷᠭᠠᠭᠤᠯᠢ ᠶᠢᠨ ᠸᠠᠩ ᠯᠢ ᠬᠤᠸᠠ ᠫᠷᠤᠹᠧᠰᠰᠤᠷ ᠢ ᠣᠷᠢᠵᠦ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢᠨ ᠲᠤᠬᠠᠶ ᠲᠤᠰᠬᠠᠶ ᠰᠡᠳᠦᠪᠲᠦ ᠤᠬᠠᠭᠤᠯᠤᠨ ᠲᠠᠶᠢᠯᠪᠤᠷᠢᠯᠠᠯᠲᠠ ᠬᠢᠪᠡ᠃      ᠬᠤᠲᠠ ᠶᠢᠨ ᠨᠠᠮ ᠤᠨ ᠬᠤᠷᠢᠶᠠᠨ ᠤ ᠭᠤᠣᠯ ᠳᠤᠭᠤᠶᠢᠯᠠᠩ ᠤᠨ ᠪᠦᠷᠢᠯᠳᠦᠬᠦᠨ᠂ ᠬᠤᠲᠠ ᠶᠢᠨ ᠰᠢᠭᠤᠳ ᠬᠠᠷᠢᠶ᠎ᠠ ᠨᠢᠭᠡᠴᠡ ᠶᠢᠨ ᠭᠤᠣᠯ ᠬᠠᠷᠢᠭᠤᠴᠠᠯᠭᠠᠲᠠᠨ ᠪᠠ ᠮᠠᠨ ᠤ ᠬᠤᠲᠠ ᠶᠢᠨ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠪᠦᠷᠢᠯᠳᠦᠬᠦᠨ ᠬᠤᠷᠠᠯ ᠳᠤ ᠣᠷᠣᠯᠴᠠᠪᠠ᠃       ᠯᠢᠦ ᡁᠢ ᠫᠢᠩ ᠵᠢᠭᠠᠵᠤ ᠭᠠᠷᠭᠠᠭᠰᠠᠨ ᠨᠢ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠤᠱᠯᠠᠭᠤᠯᠬᠤ ᠪᠣᠯ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠪᠣᠯᠤᠨ᠎ᠠ᠃ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠶ ᠲᠠᠨᠢᠵᠤ᠂ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ  ᠰᠢᠢᠳᠪᠣᠷᠢᠳᠦ ᠪᠣᠳᠣᠯᠭ᠎ᠠ ᠶᠢᠨ ᠪᠠᠶᠢᠷᠢᠯᠠᠭᠤᠯᠣᠯᠳᠠ ᠳᠡᠭᠡᠷ᠎ᠡ ᠦᠨᠡᠨᠬᠦ ᠨᠢᠭᠡᠳᠬᠡᠵᠦ᠂ ᠳᠡᠭᠡᠳᠦ ᠬᠡᠮᠵᠢᠶᠡᠨ ᠤ ᠤᠯᠤᠰ ᠲᠥᠷᠥ ᠶᠢᠨ ᠬᠠᠷᠢᠭᠤᠴᠠᠯᠭᠠᠲᠤ ᠰᠡᠳᠬᠢᠯᠭᠡ ᠪᠣᠯᠤᠨ ᠡᠭᠦᠷᠭᠡᠲᠦ ᠰᠡᠳᠬᠢᠯᠭᠡ ᠪᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠤᠱᠯᠠᠭᠤᠯᠬᠤ ᠠᠵᠢᠯ ᠢ ᠰᠠᠶᠢᠲᠤᠷ ᠠᠳᠬᠤᠵᠤ᠂ ᠭᠦᠨᠵᠡᠭᠡᠶ ᠦᠷᠨᠢᠬᠦᠯᠵᠦ᠂ ᠪᠦᠬᠦ ᠲᠠᠯ᠎ᠠ ᠶᠢ ᠬᠠᠮᠣᠷᠠᠨ᠂ ᠪᠣᠳᠠᠲᠤ ᠦᠷ᠎ᠡ ᠪᠦᠲᠦᠮᠵᠢ ᠣᠯᠬᠤ ᠶᠢ ᠪᠠᠳᠣᠯᠠᠬᠤ ᠬᠡᠷᠡᠭᠳᠠᠢ ᠬᠡᠪᠡ᠃      ᠯᠢᠦ ᡁᠢ ᠫᠢᠩ᠂ ᠣᠶᠢᠯᠠᠭᠠᠯᠴᠠᠭ᠎ᠠ ᠲᠠᠨᠢᠯᠲᠠ ᠪᠠᠨ ᠦᠷᠭᠦᠯᠵᠢᠯᠡᠨ ᠭᠦᠨᠵᠡᠭᠡᠶᠢᠷᠡᠭᠦᠯᠬᠦ ᠬᠡᠷᠡᠭᠲᠡᠢ᠃ ᠡᠯ᠎ᠡ ᠰᠠᠯᠠᠭ᠎ᠠ ᠮᠥᠴᠢᠷ ᠤᠨ ᠬᠢᠨ ᠪᠦᠭᠦᠳᠡ ᠬᠤᠷᠠᠯ ᠤᠨ ᠵᠣᠷᠢᠭ ᠰᠠᠨᠠᠭ᠎ᠠ ᠪᠠᠷ ᠣᠨᠣᠯ ᠢᠶᠠᠨ ᠵᠡᠪᠰᠡᠭᠯᠡᠬᠦ ᠶᠢᠨ ᠭᠤᠣᠯᠳᠠᠯᠭ᠎ᠠ ᠪᠣᠯᠭᠠᠵᠤ᠂ ᠲᠥᠪᠯᠡᠷᠡᠭᠦᠯᠦᠨ ᠰᠤᠷᠤᠯᠴᠠᠬᠤ᠂ ᠰᠤᠳᠤᠯᠤᠨ ᠶᠠᠷᠢᠯᠴᠠᠵᠤ᠂ ᠰᠣᠯᠢᠯᠴᠠᠬᠤ ᠪᠠ ᠲᠤᠰᠬᠠᠶ ᠰᠡᠳᠦᠪᠲᠦ ᠬᠠᠪᠰᠤᠷᠤᠨ ᠵᠢᠯᠣᠭᠤᠳᠬᠤ ᠵᠡᠷᠭᠡ ᠠᠷᠭ᠎ᠠ ᠬᠡᠯᠪᠡᠷᠢ ᠪᠠᠷ ᠳᠠᠮᠵᠢᠨ ᠣᠶᠢᠯᠠᠭᠠᠯᠲᠠ ᠪᠠᠨ ᠭᠦᠨᠵᠡᠭᠡᠶᠢᠷᠡᠭᠦᠯᠵᠦ᠂ ᠰᠢᠨ᠎ᠡ ᠦᠵᠡᠯ ᠰᠠᠨᠠᠭ᠎ᠠ᠂ ᠰᠢᠨ᠎ᠡ ᠦᠵᠡᠯᠲᠡ᠂ ᠰᠢᠨ᠎ᠡ ᠨᠤᠲᠠᠯᠠᠯᠲᠠ᠂ ᠰᠢᠨ᠎ᠡ ᠠᠷᠭ᠎ᠠ ᠬᠡᠮᠵᠢᠶ᠎ᠡ ᠶᠢ ᠣᠨᠣᠪᠴᠢᠲᠠᠶ ᠡᠵᠡᠮᠰᠢᠵᠦ᠂ ᠲᠠᠷᠢᠬᠢ ᠲᠣᠯᠣᠭᠠᠶ ᠪᠠᠨ ᠵᠡᠪᠰᠡᠯᠡᠨ᠂ ᠦᠢᠯᠡᠳᠦᠯᠭᠡ ᠪᠠᠨ ᠵᠢᠯᠣᠭᠤᠳᠣᠭᠤᠯᠵᠤ᠂ ᠠᠵᠢᠯ ᠢᠶᠠᠨ ᠲᠦᠯᠬᠢᠨ ᠠᠬᠢᠭᠤᠯᠤᠨ᠎ᠠ᠃ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠬᠤ ᠪᠠ ︽ᠰᠢ ᠶᠢᠨ ᠫᠢᠩ ᠲᠥᠷᠥ ᠶᠢ ᠵᠠᠰᠠᠵᠤ ᠵᠠᠰᠠᠭ ᠢ ᠡᠷᠬᠢᠯᠡᠬᠦ ᠲᠤᠬᠠᠶ ᠶᠠᠷᠢᠭᠰᠠᠨ ᠨᠢ︾ ᠨᠢᠭᠡ ᠬᠤᠶᠠᠷ ᠭᠤᠷᠪᠠᠨ ᠪᠣᠳᠢ ᠶᠢ ᠰᠣᠷᠣᠯᠴᠠᠵᠦ᠂ ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠤᠨ ᠲᠤᠬᠠᠶ ᠴᠢᠬᠤᠯᠠ ᠥᠭᠦᠯᠡᠯᠲᠡ᠂ ᠥᠪᠥᠷ ᠮᠣᠩᠭᠤᠯ ᠤᠨ ᠠᠵᠢᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠰᠣᠷᠣᠯᠴᠠᠬᠤ ᠲᠠᠢ ᠤᠶᠠᠯᠳᠤᠭᠤᠯᠤᠨ᠂ ᠤᠳᠤᠷᠢᠳᠤᠯᠭ᠎ᠠ ᠲᠦᠷᠦᠭᠦᠯᠡᠨ ᠰᠤᠷᠤᠯᠴᠠᠬᠤ ᠳᠦᠷᠢᠮ ᠢ ᠲᠡᠭᠦᠯᠳᠡᠷᠵᠢᠭᠦᠯᠵᠦ᠂ ᠲᠥᠪᠯᠡᠷᠡᠭᠦᠯᠦᠨ ᠰᠤᠷᠤᠯᠴᠠᠬᠤ ᠶᠢ ᠰᠠᠶᠢᠲᠤᠷ ᠬᠡᠷᠡᠭᠯᠡᠵᠦ᠂ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠢ ᠬᠥᠲᠥᠯᠥᠨ ᠵᠢᠯᠣᠭᠤᠳᠴᠤ ᠪᠠᠶᠢᠭᠠᠳ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠳᠣᠣᠱᠯᠠᠭᠤᠯᠣᠨ ᠨᠠᠶᠢᠳᠠᠪᠤᠷᠢᠵᠢᠭᠤᠯᠬᠤ ᠤᠯᠤᠰ ᠲᠦᠷᠦ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ ᠪᠠ ᠦᠢᠯᠡ ᠠᠵᠢᠯᠯᠠᠭ᠎ᠠ ᠶᠢᠨ ᠤᠬᠠᠮᠰᠠᠷ ᠢᠶᠠᠨ ᠦᠨᠡᠨ ᠬᠦ ᠴᠢᠩᠭᠠᠳᠬᠠᠬᠤ ᠬᠡᠷᠡᠭᠲᠡᠶ ᠭᠡᠵᠦ ᠱᠠᠭᠠᠷᠳᠠᠪᠠ᠃      ᠯᠢᠦ ᡁᠢ ᠫᠢᠩ᠂ ᠳᠣᠣᠱᠯᠠᠭᠤᠯᠣᠨ ᠨᠠᠶᠢᠳᠠᠪᠤᠷᠢᠵᠢᠭᠤᠯᠬᠤ ᠶᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠬᠤ ᠬᠡᠷᠡᠭᠳᠠᠢ᠃ ᠪᠦᠬᠦ ᠬᠤᠲᠠ ᠶᠢᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠥᠷᠭᠡᠨ ᠣᠯᠠᠨ ᠨᠠᠮ ᠤᠨ  ᠬᠡᠰᠢᠬᠦᠨ ᠺᠠᠳ᠋ᠷᠴᠤᠳ ᠪᠥᠬᠦᠳᠡ ᠬᠤᠷᠠᠯ ᠠᠴᠠ ᠭᠠᠷᠭᠠᠭᠰᠠᠨ ᠰᠢᠨ᠎ᠡ ᠪᠠᠶᠢᠷᠢᠯᠠᠭᠤᠯᠤᠯᠲᠠ ᠰᠢᠨ᠎ᠡ ᠱᠠᠭᠠᠷᠳᠠᠯᠭ᠎ᠠ ᠲᠠᠢ ᠪᠦᠬᠦ ᠲᠠᠯ᠎ᠠ ᠪᠠᠷ ᠬᠠᠷᠢᠴᠠᠭᠤᠯᠵᠤ᠂ ᠰᠢᠨ᠎ᠡ ᠬᠥᠭᠵᠢᠯᠲᠡ ᠶᠢᠨ ᠱᠠᠲᠤ ᠦᠶ᠎ᠡ ᠶᠢᠨ ᠣᠨᠴᠠᠯᠢᠭ ᠢ ᠦᠨᠡᠨᠬᠦ ᠡᠵᠡᠮᠰᠢᠵᠦ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠬᠦᠨᠵᠡᠬᠡᠢ ᠳᠣᠣᠱᠯᠠᠭᠤᠯᠵᠦ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠲᠦᠷᠭᠡᠨ ᠠᠭᠤᠰᠤᠯᠴᠠᠵᠤ᠂ ᠠᠷᠠᠳ ᠲᠦᠮᠡᠨ ᠢᠶᠠᠷ ᠭᠤᠣᠯ ᠪᠣᠯᠭᠠᠬᠤ ᠬᠦᠭᠵᠢᠯᠳᠠ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠦᠵᠡᠯ ᠰᠠᠨᠠᠭᠠᠨ ᠤ ᠤᠬᠠᠮᠰᠠᠷ᠂ ᠤᠯᠤᠰ ᠲᠥᠷᠥ ᠶᠢᠨ ᠤᠬᠠᠮᠰᠠᠷ ᠪᠣᠯᠤᠨ ᠠᠵᠢᠯᠯᠠᠭᠠᠨ ᠤ ᠤᠬᠠᠮᠰᠠᠷ ᠢᠶᠠᠨ ᠳᠠᠰᠣᠷᠠᠯᠳᠠ ᠦᠭᠡᠢ ᠴᠢᠩᠭᠠᠳᠬᠠᠵᠤ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠠᠶᠢᠭᠤᠯᠬᠤ ᠠᠭᠤᠤ ᠶᠡᠭᠡ ᠦᠢᠯᠡᠳᠦᠯᠭᠡ ᠳᠤ ᠢᠳᠡᠪᠬᠢᠲᠡᠶ ᠣᠷᠣᠯᠴᠠᠵᠦ᠂ ᠶᠠᠰᠤ ᠴᠢᠨᠠᠷ ᠦᠷ᠎ᠡ ᠪᠦᠲᠦᠮᠵᠢ ᠶᠢᠨ ᠬᠤᠪᠢᠰᠤᠯᠲᠠ᠂ ᠬᠥᠳᠡᠯᠭᠡᠭᠴᠢ ᠬᠦᠴᠦᠨ ᠤ ᠬᠤᠪᠢᠰᠤᠯᠲᠠ ᠶᠢ ᠦᠷᠬᠦᠯᠵᠢᠯᠡᠨ ᠠᠬᠢᠭᠤᠯᠣᠨ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠡᠭᠡᠷ᠎ᠡ ᠰᠢᠨ᠎ᠡ ᠵᠢᠳᠬᠦᠯ ᠴᠢᠷᠮᠠᠶᠢᠯᠭ᠎ᠠ ᠭᠠᠷᠭᠠᠨ᠎ᠠ᠃ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠬᠤ ᠠᠵᠢᠯ ᠢ ᠳᠡᠬᠦᠰ ᠠᠮᠵᠢᠯᠳᠠ ᠲᠠᠢ ᠰᠡᠬᠦᠯ ᠬᠤᠷᠢᠶᠠᠬᠤ ᠶᠢ ᠬᠦᠴᠦᠯᠡᠨ ᠠᠬᠢᠭᠤᠯᠵᠤ᠂ ︽ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ︾ ᠤ ᠢᠯᠠᠯᠲᠠ ᠶᠢ ᠵᠠᠪᠠᠯ ᠣᠯᠵᠤ᠂ ︽ᠵᠢᠷᠭᠤᠭ᠎ᠠ ᠶᠢ ᠲᠣᠭᠲᠠᠭᠤᠨ ᠪᠠᠶᠢᠯᠭᠠᠬᠤ︾ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠪᠥᠬᠦ ᠵᠢᠯ ᠤᠨ ᠡᠯ᠎ᠡ ᠵᠦᠢᠯ ᠤᠨ ᠬᠠᠷᠠᠯᠲᠠ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠬᠦᠯᠦᠨ᠎ᠡ᠃ ᠨᠠᠮ ᠤᠨ ᠲᠥᠪ ᠬᠤᠷᠢᠶᠠᠨ ᠤ ᠲᠣᠭᠲᠠᠭᠠᠭᠰᠠᠨ ᠠᠯᠢ ᠣᠯᠠᠨ ᠪᠠᠶᠢᠯᠳᠤᠬᠤ ᠪᠣᠳᠣᠯᠭ᠎ᠠ ᠶᠢᠨ ᠦᠵᠡᠯ ᠰᠠᠨᠠᠭ᠎ᠠ ᠪᠠ ᠠᠵᠢᠯ ᠤᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠶ ᠨᠠᠶᠢᠳᠠᠪᠣᠷᠢᠵᠢᠭᠤᠯᠵᠦ᠂ ᠠᠵᠤ ᠠᠬᠤᠶ ᠨᠡᠶᠢᠭᠡᠮ ᠤᠨ ᠬᠥᠭᠵᠢᠯᠲᠡ ᠳᠤ ᠬᠤᠯᠪᠣᠭᠳᠠᠭᠰᠠᠨ ᠠᠰᠠᠭᠤᠳᠠᠯ ᠳᠡᠭᠡᠷ᠎ᠡ᠂ ᠡᠷᠡᠰ ᠪᠠᠲᠤ ᠤᠬᠠᠮᠰᠠᠷ ᠠᠴᠠ ᠪᠠᠨ ᠨᠠᠮ ᠤᠨ ᠲᠥᠪ ᠬᠤᠷᠢᠶ᠎ᠠ ᠲᠠᠢ ᠨᠢᠭᠡᠳᠦᠯᠲᠡᠶ ᠪᠠᠶᠢᠬᠤ᠂ ᠨᠠᠮ ᠤᠨ ᠣᠨᠣᠯ ᠪᠣᠯᠤᠨ ᠱᠤᠭᠤᠮ ᠴᠢᠭᠯᠡᠯᠲᠡ ᠲᠥᠷᠥ ᠶᠢᠨ ᠪᠣᠳᠣᠯᠭ᠎ᠠ ᠲᠠᠢ ᠨᠢᠭᠡᠳᠦᠯᠲᠡᠶ ᠪᠠᠶᠢᠬᠤ᠂ ᠨᠠᠮ ᠤᠨ ᠲᠦᠪ ᠬᠤᠷᠢᠶᠠᠨ ᠤ  ᠰᠢᠢᠳᠪᠣᠷᠢᠳᠦ ᠪᠣᠳᠣᠯᠭ᠎ᠠ ᠪᠠᠶᠢᠷᠢᠯᠠᠭᠤᠯᠤᠯᠲᠠ ᠲᠠᠢ ᠨᠢᠭᠡᠳᠦᠯᠲᠡᠶ ᠪᠠᠶᠢᠬᠤ ᠬᠡᠷᠡᠭᠲᠡᠶ᠃ ︽ᠬᠤᠶᠠᠷ ᠢ ᠬᠠᠮᠠᠭᠠᠯᠠᠬᠤ︾ ᠶᠢ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠡᠯ᠎ᠡ ᠬᠦᠷᠢᠶ᠎ᠡ ᠡᠯ᠎ᠡ ᠲᠠᠯ᠎ᠠ ᠡᠯ᠎ᠡ ᠭᠤᠭᠴᠤᠭ᠎ᠠ ᠳᠤ ᠦᠨᠡᠨᠬᠦ ᠨᠠᠶᠢᠳᠠᠪᠤᠷᠢᠵᠢᠭᠤᠯᠬᠤ ᠬᠡᠷᠡᠭᠲᠡᠶ᠃ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠠᠵᠤ ᠠᠬᠤᠶ ᠨᠡᠶᠢᠭᠡᠮ ᠤᠨ ᠬᠦᠭᠵᠢᠯᠳᠠ ᠶᠢᠨ ᠵᠢᠯᠣᠭᠤᠳᠬᠤ ᠴᠢᠭᠯᠡᠯᠲᠡ ᠶᠢ ᠪᠠᠲᠤ ᠡᠵᠡᠮᠰᠢᠵᠦ᠂ ᠮᠠᠨ ᠤ ᠬᠤᠲᠠ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠰᠠᠨᠠᠭᠤᠯᠭ᠎ᠠ ᠪᠣᠯᠤᠨ ᠬᠦᠳᠦᠯᠪᠣᠷᠢ ᠶᠢ ᠰᠢᠨᠵᠢᠯᠡᠬᠦ ᠤᠬᠠᠭᠠᠨᠴᠢ ᠪᠠᠷ ᠨᠠᠶᠢᠷᠠᠭᠤᠯᠵᠤ᠂ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠣᠭᠤᠮᠳᠠ ᠳᠡᠭᠡᠷ᠎ᠡ ᠰᠠᠭᠤᠷᠢᠯᠠᠭᠤᠯᠵᠦ᠂ ᠦᠷ᠎ᠡ ᠪᠦᠲᠦᠮᠵᠢ ᠣᠯᠬᠤ ᠶᠢ ᠪᠠᠳᠣᠯᠠᠵᠦ᠂ ᠳᠤᠮᠳᠠᠳᠤ ᠤᠯᠤᠰ ᠤᠨ ᠤᠮᠠᠷᠠᠲᠤ ᠣᠷᠣᠨ ᠤ ᠲᠡᠷᠢᠭᠦᠨ ᠵᠡᠷᠬᠡᠯᠡᠯ ᠤᠨ ᠪᠣᠭᠤᠮᠲᠠ ᠬᠤᠲᠠ ᠶᠢ ᠪᠠᠶᠢᠭᠤᠯᠬᠤ ᠶᠢᠨ  ᠲᠦᠯᠦᠭᠡ ᠴᠥᠬᠦᠷᠡᠰᠢ ᠦᠭᠡᠶ ᠳᠡᠮᠡᠴᠡᠬᠦ ᠬᠡᠷᠡᠭᠳᠠᠢ ᠬᠡᠵᠦ ᠴᠢᠩᠭᠠᠳᠬᠠᠪᠠ᠃       ᠸᠠᠩ ᠯᠢ ᠬᠤᠸᠠ᠂ ︽ᠰᠢᠨ᠎ᠡ ᠦᠵᠡᠯ ᠰᠠᠨᠠᠭ᠎ᠠ ᠰᠢᠨ᠎ᠡ ᠬᠠᠷᠠᠯᠲᠠ ᠰᠢᠨ᠎ᠡ ᠠᠶᠠᠨ ᠢᠶᠠᠷ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠳᠣᠣᠱᠯᠠᠭᠤᠯᠬᠤ︾ ᠪᠠᠷ ᠲᠤᠰᠬᠠᠶ ᠰᠡᠳᠦᠪ ᠪᠣᠯᠭᠠᠵᠤ᠂ ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠳᠡᠭᠡᠷ᠎ᠡ ᠲᠠᠯᠪᠢᠭᠰᠠᠨ ᠴᠢᠬᠤᠯᠠ ᠶᠠᠷᠢᠶ᠎ᠠ ᠪᠣᠯᠤᠨ ᠪᠥᠬᠦᠳᠡ ᠬᠤᠷᠠᠯ ᠠᠴᠠ ᠪᠠᠲᠤᠯᠠᠭᠰᠠᠨ ᠲᠦᠯᠦᠪᠵᠢᠬᠦᠯᠭᠡ ︽ᠰᠠᠨᠠᠭᠤᠯᠭ᠎ᠠ︾ ᠶᠢᠨ ᠲᠣᠭᠤᠷᠢᠨ ᠳᠤ ᠰᠢᠰᠲ᠋ᠧᠮ ᠲᠠᠢ ᠲᠠᠶᠢᠯᠤᠮᠵᠢ ᠬᠢᠵᠦ᠂ ᠤᠯᠤᠰ ᠤᠨ ᠳᠣᠲᠣᠭᠠᠳᠤ ᠭᠠᠳᠠᠭᠠᠳᠤ ᠶᠢᠨ ᠪᠠᠶᠢᠳᠠᠯ ᠤᠨ ᠲᠤᠬᠠᠶ ᠨᠠᠮ ᠤᠨ ᠲᠥᠪ ᠬᠤᠷᠢᠶᠠᠨ ᠤ ᠰᠢᠨᠵᠢᠯᠡᠬᠦ ᠤᠬᠠᠭᠠᠨᠴᠢ ᠮᠠᠭᠠᠳᠯᠠᠯᠲᠠ᠂ ᠰᠢᠨ᠎ᠡ ᠬᠥᠭᠵᠢᠯᠲᠡ ᠶᠢᠨ ᠱᠠᠲᠤ ᠦᠶ᠎ᠡ ᠶᠢᠨ ᠲᠤᠬᠠᠶ ᠴᠢᠬᠤᠯᠠ ᠶᠡᠭᠡ ᠨᠤᠲᠠᠯᠠᠯᠲᠠ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠲᠤᠬᠠᠶ ᠪᠠᠶᠢᠯᠳᠤᠬᠤ ᠪᠣᠳᠣᠯᠭ᠎ᠠ ᠶᠢᠨ ᠰᠢᠢᠳᠪᠣᠷᠢᠳᠦ ᠪᠣᠳᠣᠯᠭ᠎ᠠ᠂ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠬᠠᠷᠠᠯᠲᠠ ᠡᠭᠦᠷᠭᠡ ᠶᠢᠨ ᠪᠠᠶᠢᠯᠳᠤᠬᠤ ᠪᠣᠳᠣᠯᠭ᠎ᠠ ᠶᠢᠨ ᠳᠣᠬᠢᠷᠠᠭᠤᠯᠣᠯᠳᠠ ᠪᠣᠯᠤᠨ ᠮᠠᠨ ᠤ ᠤᠯᠤᠰ ᠤᠨ ᠠᠵᠤ ᠠᠬᠤᠶ ᠨᠡᠶᠢᠭᠡᠮ ᠤᠨ ᠳᠤᠮᠳᠠ ᠤᠷᠲᠤ ᠬᠤᠭᠤᠴᠠᠭᠠᠨ ᠤ ᠬᠥᠭᠵᠢᠯᠲᠡ ᠶᠢᠨ ᠲᠤᠬᠠᠶ ᠴᠢᠬᠤᠯᠠ ᠶᠡᠭᠡ ᠪᠠᠶᠢᠷᠢᠯᠠᠭᠤᠯᠤᠯᠲᠠ  ᠶᠢ ᠭᠦᠨᠵᠡᠭᠡᠶ ᠳᠣᠳᠣᠷᠬᠠᠶᠢᠯᠠᠪᠠ᠃
 
ᠢᠷᠡᠯᠲᠡ᠄ ᠡᠷᠢᠶᠡᠨ ᠬᠤᠲᠠ ᠶᠢᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号
Baidu
map