ᠪᠦᠬᠦ ᠬᠤᠰᠢᠭᠤᠨ ᠤ ᠤᠯᠤᠰ ᠲᠥᠷᠥ ᠬᠠᠤᠯᠢ ᠴᠠᠭᠠᠵᠠ ᠶᠢᠨ ᠰᠢᠰᠲ᠋ᠧᠮ ᠤᠨ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠦᠭᠦᠳᠡ ᠬᠤᠷᠠᠯ ᠤᠨ ᠵᠤᠷᠢᠭ  ᠰᠠᠨᠠᠭ᠎ᠠ ᠶᠢ  ᠰᠤᠷᠤᠯᠴᠠᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2020/12/4
      11 ᠰᠠᠷ᠎ᠠ ᠶᠢᠨ 23 ᠤ ᠡᠳᠦᠷ᠂ ᠬᠤᠰᠢᠭᠤᠨ ᠤ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠨᠢ ᠲᠤᠰᠬᠠᠢ ᠰᠡᠳᠦᠪᠲᠦ ᠲᠠᠶᠢᠯᠤᠮᠵᠢ ᠶᠢᠨ ᠬᠡᠯᠪᠡᠷᠢ ᠪᠠᠷ ᠪᠦᠬᠦ ᠬᠤᠰᠢᠭᠤᠨ ᠤ ᠤᠯᠤᠰ ᠲᠥᠷᠥ ᠬᠠᠤᠯᠢ ᠴᠠᠭᠠᠵᠠ ᠶᠢᠨ ᠰᠢᠰᠲ᠋ᠧᠮ ᠤᠨ 270 ᠭᠠᠷᠤᠢ ᠺᠠᠳ᠋ᠷ ᠴᠠᠭᠳᠠᠭ᠎ᠠ ᠨᠠᠷ ᠢ ᠵᠣᠬᠢᠶᠠᠨ ᠪᠠᠶᠢᠭᠤᠯᠤᠨ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠪᠠ᠃
     ᠲᠤᠰ ᠤᠳᠠᠭᠠᠨ ᠤ ᠰᠤᠷᠤᠯᠴᠯᠠᠭ᠎ᠠ ᠶᠢᠨ ᠬᠤᠷᠠᠯ ᠨᠢ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠦᠭᠦᠳᠡ ᠬᠤᠷᠠᠯᠳᠤᠭᠠᠨ ᠤ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠦᠬᠦ ᠬᠤᠰᠢᠭᠤᠨ ᠤ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡ ᠶᠢᠨ ᠦᠵᠡᠯ ᠰᠠᠨᠠᠭ᠎ᠠ ᠪᠣᠯᠣᠨ ᠦᠢᠯᠡ ᠠᠵᠢᠯᠯᠠᠭ᠎ᠠ ᠶᠢ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠣᠨ ᠲᠠᠪᠤᠳᠤᠭᠠᠷ ᠪᠦᠭᠦᠳᠡ ᠬᠤᠷᠠᠯᠳᠤᠭᠠᠨ ᠤ ᠵᠣᠷᠢᠭ ᠰᠠᠨᠠᠭ᠎ᠠ ᠲᠠᠢ ᠦᠨᠡᠨᠬᠦ ᠨᠢᠭᠡᠳᠬᠡᠵᠦ᠂ ᠣᠶᠣᠨ ᠤᠬᠠᠭᠠᠨ ᠪᠣᠯᠣᠨ ᠬᠦᠴᠦᠨ ᠴᠢᠳᠠᠯ ᠢᠶᠠᠨ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠦᠭᠦᠳᠡ ᠬᠤᠷᠠᠯ ᠳᠤ ᠳᠤᠷᠠᠳᠤᠭᠰᠠᠨ ᠡᠯ᠎ᠡ ᠵᠦᠢᠯ ᠤᠨ ᠬᠠᠷᠠᠯᠲᠠ ᠡᠭᠦᠷᠭᠡ ᠶᠢ ᠪᠡᠶᠡᠯᠡᠭᠦᠯᠬᠦ ᠳᠡᠭᠡᠷ᠎ᠡ ᠨᠢᠭᠲᠠᠷᠠᠭᠤᠯᠬᠤ   ᠪᠠᠷ ᠵᠤᠷᠢᠯᠭ᠎ᠠ ᠪᠠᠨ ᠪᠤᠯᠭᠠᠵᠠᠢ᠃  
     ᠬᠤᠰᠢᠭᠤ ᠨᠠᠮ ᠤᠨ  ᠬᠤᠷᠢᠶᠠᠨ ᠤ ᠪᠠᠶᠢᠩᠭᠤ ᠶᠢᠨ ᠬᠡᠰᠢᠬᠦᠨ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠬᠠᠢ ᠱᠠᠨ ᠱᠠᠭᠠᠷᠳᠠᠬᠤ ᠳᠤ ᠪᠠᠨ᠂ ᠨᠢᠭᠡ ᠳᠤ᠂ ᠤᠯᠤᠰ ᠲᠥᠷᠥ ᠬᠠᠤᠯᠢ ᠴᠠᠭᠠᠵᠠ ᠶᠢᠨ ᠪᠠᠶᠢᠭᠤᠯᠭ᠎ᠠ ᠨᠢᠭᠡᠴᠡ ᠶᠢᠨ ᠨᠠᠮ ᠤᠨ ᠵᠣᠬᠢᠶᠠᠨ ᠪᠠᠶᠢᠭᠤᠯᠤᠯᠲᠠ ︵ᠨᠠᠮ ᠤᠨ ᠬᠤᠷᠢᠶ᠎ᠠ︶ ᠨᠢ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠣᠨ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ  ᠰᠤᠷᠤᠯᠴᠠᠨ ᠲᠤᠤᠱᠯᠠᠭᠤᠯᠬᠤ ᠶᠢ ᠣᠳᠣᠬᠢ ᠪᠠ ᠬᠤᠶᠢᠰᠢᠳᠠ ᠶᠢᠨ ᠬᠡᠰᠡᠭ ᠬᠤᠭᠤᠴᠠᠭᠠᠨ ᠤ ᠴᠢᠬᠤᠯᠠ ᠤᠯᠤᠰ ᠲᠥᠷᠥ ᠶᠢᠨ ᠡᠭᠦᠷᠭᠡ ᠪᠠᠨ ᠪᠣᠯᠭᠠᠵᠤ᠂ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡ ᠶᠢ ᠵᠣᠬᠢᠶᠠᠨ ᠪᠠᠶᠢᠭᠤᠯᠤᠨ᠂ ᠲᠠᠪᠤᠳᠤᠭᠠᠷ ᠪᠦᠭᠦᠳᠡ  ᠬᠤᠷᠠᠯ ᠤᠨ ᠵᠣᠷᠢᠭ ᠰᠠᠨᠠᠭᠠᠨ ᠤ ᠮᠥᠨ ᠴᠢᠨᠠᠷ ᠪᠣᠯᠣᠨ ᠠᠭᠤᠯᠤᠭᠳᠠᠬᠤᠨ ᠢ ᠭᠦᠨᠵᠡᠭᠡᠢ ᠲᠠᠨᠢᠵᠤ᠂ ᠲᠠᠪᠤᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠪᠠᠷ ᠣᠶᠣᠨ ᠤᠬᠠᠭᠠᠨ  ᠢᠶᠠᠨ ᠵᠡᠪᠰᠡᠭᠯᠡᠨ᠂ ᠦᠢᠯᠡᠳᠦᠯᠭᠡ ᠪᠠᠨ ᠵᠢᠯᠣᠭᠤᠳᠴᠤ᠂ ᠠᠵᠢᠯ ᠢᠶᠠᠨ ᠠᠬᠢᠭᠤᠯᠬᠤ ᠬᠡᠷᠡᠭᠲᠡᠢ᠃ ᠬᠤᠶᠠᠷ ᠲᠤ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠴᠢᠬᠤᠯᠠ ᠴᠢᠨᠠᠷ ᠢ ᠭᠦᠨᠵᠡᠭᠡᠢ ᠲᠠᠨᠢᠵᠤ᠂ ᠤᠯᠤᠰ ᠲᠥᠷᠥ ᠬᠠᠤᠯᠢ ᠴᠠᠭᠠᠵᠠ ᠶᠢᠨ ᠪᠠᠶᠢᠭᠤᠯᠭ᠎ᠠ ᠨᠢᠭᠡᠴᠡ ᠶᠢᠨ ᠴᠢᠳᠠᠮᠵᠢ ᠶᠢ ᠭᠦᠢᠴᠡᠳ ᠪᠠᠳᠠᠷᠠᠭᠤᠯᠤᠨ᠂ ᠦᠵᠡᠯ ᠤᠬᠠᠮᠰᠠᠷ ᠤᠨ  ᠬᠡᠯᠪᠡᠷᠢ ᠶᠢᠨ ᠠᠵᠢᠯ ᠤᠨ ᠦᠵᠡᠯ ᠰᠠᠨᠠᠭᠠᠨ ᠤ ᠤᠬᠠᠮᠰᠠᠷ ᠪᠣᠯᠣᠨ ᠠᠵᠢᠯᠯᠠᠭᠠᠨ ᠤ ᠤᠬᠠᠮᠰᠠᠷ ᠢᠶᠠᠨ ᠲᠠᠰᠤᠷᠠᠯᠲᠠ ᠦᠭᠡᠢ ᠨᠡᠮᠡᠭᠳᠡᠭᠦᠯᠦᠨ᠂ ᠪᠦᠬᠦ ᠬᠤᠰᠢᠭᠤᠨ ᠤ ᠤᠯᠤᠰ ᠲᠥᠷᠥ ᠬᠠᠤᠯᠢ ᠴᠠᠭᠠᠵᠠ ᠶᠢᠨ ᠠᠵᠢᠯ ᠳᠤ ᠴᠢᠩᠭ᠎ᠠ ᠶᠠᠷᠢᠶ᠎ᠠ ᠬᠡᠯᠡᠯᠴᠡᠭᠡᠨ ᠤ ᠪᠠᠲᠤᠯᠠᠭ᠎ᠠ ᠬᠠᠩᠭᠠᠬᠤ ᠬᠡᠷᠡᠭᠲᠡᠢ᠃ ᠭᠤᠷᠪᠠ ᠳᠤ᠂ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠤᠬᠠᠭᠤᠯᠤᠨ ᠲᠤᠤᠱᠯᠠᠭᠤᠯᠵᠤ᠂  ᠪᠣᠳᠠᠲᠠᠶᠢᠵᠢᠭᠤᠯᠤᠨ ᠬᠡᠷᠡᠭᠯᠡᠵᠦ᠂ ᠪᠦᠬᠦ ᠲᠠᠯ᠎ᠠ ᠪᠠᠷ ᠬᠠᠤᠯᠢ ᠪᠠᠷ ᠬᠤᠰᠢᠭᠤ ᠪᠠᠨ ᠵᠠᠰᠠᠬᠤ ᠠᠵᠢᠯ ᠢ ᠬᠦᠴᠦᠯᠡᠨ ᠠᠬᠢᠭᠤᠯᠵᠤ᠂ ᠨᠡᠩ ᠥᠨᠳᠥᠷ ᠬᠢᠷᠢ ᠳᠥᠪᠰᠢᠨ ᠲᠠᠢ ᠬᠠᠤᠯᠢ ᠪᠠᠷ ᠵᠠᠰᠠᠬᠤ ᠪᠠᠷᠠᠭᠤᠨ ᠦᠵᠦᠮᠦᠴᠢᠨ ᠬᠤᠰᠢᠭᠤ ᠶᠢ ᠴᠣᠭᠴᠠᠯᠠᠨ ᠪᠠᠶᠢᠭᠤᠯᠬᠤ ᠬᠡᠷᠡᠭᠲᠡᠢ᠃ ᠳᠥᠷᠪᠡ ᠳᠤ᠂ ᠪᠦᠬᠦ ᠠᠶᠢᠮᠠᠭ ᠤᠨ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡ ᠶᠢᠨ ᠥᠷᠨᠢᠭᠦᠯᠦᠭᠰᠡᠨ ︽ᠴᠢᠩᠭ᠎ᠠ ᠴᠡᠭᠴᠡᠯᠡᠨ᠂ ᠳᠡᠭᠡᠭᠰᠢᠯᠡᠯᠲᠡ ᠶᠢ ᠠᠬᠢᠭᠤᠯᠵᠤ᠂ ᠳᠦᠷᠢ ᠳᠦᠷᠬᠦ ᠶᠢ ᠪᠦᠲᠦᠭᠡᠬᠦ︾ ᠰᠠᠬᠢᠯᠭ᠎ᠠ ᠪᠠᠲᠤ ᠬᠡᠪ ᠰᠤᠷᠲᠠᠯ ᠤᠨ ᠬᠦᠮᠦᠵᠢᠯ ᠤᠨ ᠴᠡᠭᠴᠡᠯᠡᠯᠲᠡ ᠶᠢᠨ ᠠᠵᠢᠯ ᠤᠨ ᠴᠢᠬᠤᠯᠠ ᠴᠢᠨᠠᠷ ᠢ ᠭᠦᠨᠵᠡᠭᠡᠢ ᠲᠠᠨᠢᠵᠤ᠂ ᠥᠭᠡᠷᠡᠴᠢᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠠᠵᠢᠯ ᠢ ᠪᠦᠬᠦ ᠲᠠᠯ᠎ᠠ ᠪᠠᠷ ᠠᠬᠢᠭᠤᠯᠤᠨ᠂ ᠦᠵᠡᠯ ᠰᠠᠨᠠᠭᠠᠨ ᠤ ᠴᠡᠭᠴᠡᠯᠡᠯᠲᠡ᠂ ᠰᠠᠬᠢᠯᠭ᠎ᠠ ᠪᠠᠲᠤ ᠶᠢᠨ ᠴᠡᠭᠴᠡᠯᠡᠯᠲᠡ᠂ ᠬᠡᠪ ᠰᠤᠷᠲᠠᠯ ᠤᠨ ᠴᠡᠭᠴᠡᠯᠡᠯᠲᠡ ᠢ ᠴᠢᠬᠤᠯᠠᠴᠢᠯᠠᠨ ᠠᠳᠬᠤᠵᠤ᠂ ᠨᠠᠮ ᠢ ᠴᠢᠩᠭ᠎ᠠ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠨᠠᠷᠢᠨ ᠪᠣᠳᠠᠲᠠᠢ ᠨᠠᠶᠢᠳᠠᠪᠤᠷᠢᠵᠢᠭᠤᠯᠬᠤ ᠬᠡᠷᠡᠭᠲᠡᠢ᠃ ᠲᠠᠪᠤ ᠳᠤ᠂ ᠬᠢᠵᠢᠭ ᠢ ᠪᠠᠶᠢᠩᠭᠤ ᠰᠡᠷᠭᠡᠶᠢᠯᠡᠬᠦ ᠠᠵᠢᠯ ᠢ ᠦᠷᠭᠦᠯᠵᠢᠯᠡᠨ ᠴᠢᠩᠭᠠᠳᠬᠠᠵᠤ᠂ ᠬᠢᠵᠢᠭ ᠢ ᠰᠡᠷᠭᠡᠶᠢᠯᠡᠨ ᠬᠤᠷᠢᠭᠯᠠᠬᠤ ᠠᠵᠢᠯ ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠲᠤᠬᠠᠢ ᠰᠢ  ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠶᠠᠷᠢᠶ᠎ᠠ᠂ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠬᠢᠵᠢᠭ ᠢ ᠰᠡᠷᠭᠡᠶᠢᠯᠡᠨ ᠬᠤᠷᠢᠭᠯᠠᠬᠤ ᠡᠷᠴᠢᠮ ᠢᠶᠠᠨ ᠴᠠᠭ ᠢᠮᠠᠭᠲᠠ ᠴᠢᠩᠭᠠᠷᠠᠭᠤᠯᠵᠤ᠂ ᠪᠠᠶᠢᠩᠭᠤ ᠰᠡᠷᠭᠡᠶᠢᠯᠡᠨ ᠬᠤᠷᠢᠭᠯᠠᠬᠤ ᠡᠯ᠎ᠡ ᠲᠠᠯ᠎ᠠ ᠶᠢᠨ ᠠᠵᠢᠯ ᠢ ᠨᠠᠷᠢᠨ  ᠬᠢᠨᠠᠮᠭᠠᠠᠢ ᠪᠤᠳᠠᠳᠠᠢ ᠬᠢᠬᠦ ᠬᠡᠷᠡᠭᠲᠡᠢ ᠭᠡᠵᠡᠢ᠃
     ᠰᠤᠷᠤᠯᠴᠠᠯᠭ᠎ᠠ ᠶᠢᠨ ᠬᠤᠷᠠᠯ ᠳᠤ ᠬᠤᠰᠢᠭᠤ ᠨᠠᠮ ᠤᠨ ᠰᠤᠷᠭᠠᠭᠤᠯᠢ ᠶᠢᠨ ᠪᠠᠭᠰᠢ ᠡᠦ ᠯᠢ ᠵᠢᠶᠧ ᠠᠴᠠ ︽ᠰᠢᠨ᠎ᠡ ᠵᠢᠷᠤᠭᠯᠠᠯ ᠢ ᠲᠥᠯᠥᠪᠵᠢᠭᠦᠯᠦᠨ᠂ ᠰᠢᠨ᠎ᠡ ᠠᠶᠠᠨ ᠢ ᠡᠬᠢᠯᠡᠭᠦᠯᠵᠦ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠠᠪᠤᠳᠤᠭᠠᠷ ᠪᠦᠭᠦᠳᠡ ᠬᠤᠷᠠᠯᠳᠤᠭᠠᠨ ᠤ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠤᠶ᠎ᠠ︾ ᠭᠡᠬᠦ ᠭᠤᠣᠯ ᠰᠡᠳᠦᠪ ᠢᠶᠠᠷ ᠬᠦᠨᠵᠡᠭᠡᠢ ᠳᠠᠶᠢᠯᠤᠮᠵᠢ  ᠬᠢᠵᠤ  ᠂  ᠬᠤᠰᠢᠭᠤ ᠨᠠᠮ ᠤᠨ ᠬᠤᠷᠢᠶᠠᠨ ᠤ ᠰᠦᠯᠵᠢᠶᠡᠨ ᠤ ᠠᠮᠤᠷ ᠳᠥᠪᠰᠢᠨ ᠪᠠ ᠰᠤᠷᠠᠭ ᠵᠠᠩᠭᠢᠴᠢᠯᠠᠯᠲᠠ ᠶᠢᠨ ᠠᠯᠪᠠᠨ ᠭᠡᠷ ᠤᠨ ᠡᠷᠬᠢᠯᠡᠭᠴᠢ ᠮᠧᠩ ᠰᠢᠶᠠᠩ ᠾᠦᠢ ᠠᠴᠠ ︽ᠰᠢᠨ᠎ᠡ ᠴᠠᠭ ᠦᠶ᠎ᠡ ᠶᠢᠨ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠰᠠᠶᠢᠲᠤᠷ ᠬᠢᠵᠦ ᠶᠠᠷᠢᠶ᠎ᠡ ᠬᠡᠯᠡᠯᠴᠡᠭᠡᠨ ᠤ ᠰᠠᠨᠠᠭᠠᠴᠢᠯᠠᠭᠠᠲᠤ ᠡᠷᠬᠡ ᠶᠢ ᠪᠠᠲᠤ ᠡᠵᠡᠮᠰᠢᠬᠦ︾ ᠭᠤᠣᠯ ᠰᠡᠳᠦᠪ ᠢᠶᠠᠷ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠲᠤᠬᠠᠢ ᠲᠠᠶᠢᠯᠤᠮᠵᠢ ᠬᠢᠪᠡ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号
Baidu
map