ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ᠄ ᠪᠥᠬᠦᠳᠡ ᠬᠤᠷᠠᠯ ᠤᠨ ᠲᠠᠷᠢᠶᠠᠯᠠᠩ ᠤᠨ ᠠᠵᠢᠯ ᠤᠨ ᠲᠤᠬᠠᠢ ᠪᠠᠶᠢᠷᠢᠯᠠᠭᠤᠯᠤᠯᠲᠠ ᠶᠢ ᠣᠨᠣᠪᠴᠢᠲᠠᠶ ᠡᠵᠡᠮᠳᠡᠵᠦ᠂ ᠮᠠᠯ ᠠᠵᠤ ᠠᠬᠤᠶ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠤ ᠣᠳᠣᠬᠢᠴᠢᠯᠠᠯᠲᠠ ᠶᠢᠨ ᠰᠢᠨ᠎ᠡ ᠪᠠᠶᠢᠳᠠᠯ ᠢ ᠴᠢᠷᠮᠠᠶᠢᠨ ᠡᠭᠦᠳᠦᠶ᠎ᠡ
ᠨᠡᠶᠢᠲᠡᠯᠡᠭᠰᠡᠨ ᠴᠠᠭ᠄
2020/12/7
     11 ᠰᠠᠷ᠎ᠠ ᠶᠢᠨ 17 ᠤ ᠡᠳᠦᠷ᠂ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠣᠨᠣᠯ ᠰᠤᠷᠤᠯᠴᠠᠬᠤ ᠭᠤᠤᠯ ᠳᠤᠭᠤᠶᠢᠯᠠᠩ ︵ᠥᠷᠭᠡᠳᠬᠡᠭᠰᠡᠨ︶ ᠤᠨ ᠬᠤᠷᠠᠯ ᠬᠤᠷᠠᠯᠳᠤᠭᠤᠯᠵᠤ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠳᠤᠭᠤᠰᠢᠯᠠᠭᠤᠯᠪᠠ᠃ ᠬᠤᠷᠠᠯ ᠠᠴᠠ ᠴᠢᠬᠤᠯᠠᠴᠢᠯᠠᠭᠰᠠᠨ ᠨᠢ᠂ ᠲᠢᠩᠬᠢᠮ ᠤᠨ ᠰᠢᠰᠲ᠋ᠧᠮ ᠤᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠠ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠨ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠪᠣᠯᠤᠨ ︽ᠰᠠᠨᠠᠭᠤᠯᠭ᠎ᠠ︾ ᠶᠢᠨ ᠪᠠᠶᠢᠷᠢᠯᠠᠭᠤᠯᠤᠯᠲᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠮᠠᠯ ᠠᠵᠤ ᠠᠬᠤᠶ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ  ᠮᠠᠯᠴᠢᠨ ᠲᠠᠷᠢᠶᠠᠴᠢᠳ︾  ᠤᠨ ᠠᠵᠢᠯ ᠳᠤ ᠲᠤᠯᠭᠠᠷᠠᠵᠤ ᠪᠠᠶᠢᠭ᠎ᠠ ᠰᠢᠨ᠎ᠡ ᠪᠠᠶᠢᠳᠠᠯ᠂ ᠰᠢᠨ᠎ᠡ ᠱᠠᠭᠠᠷᠳᠠᠯᠭ᠎ᠠ ᠪᠣᠯᠤᠨ ᠰᠢᠨ᠎ᠡ ᠡᠭᠦᠷᠭᠡ ᠶᠢ ᠣᠨᠣᠪᠴᠢᠲᠠᠶ ᠡᠵᠡᠮᠰᠢᠨ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠡᠷᠡᠰ ᠭᠤᠶᠢᠪᠢᠰᠢ ᠦᠭᠡᠶ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠂ ᠲᠠᠷᠢᠶᠠᠯᠠᠩ ᠮᠠᠯ ᠠᠵᠤ ᠠᠬᠤᠶ ᠶᠢᠨ ᠴᠢᠨᠠᠷ ᠰᠠᠶᠢᠲᠠᠢ ᠬᠥᠭᠵᠢᠯᠲᠡ ᠶᠢ ᠲᠦᠯᠬᠢᠨ ᠠᠬᠢᠭᠤᠯᠵᠤ᠂ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠪᠠ ᠮᠠᠯ ᠠᠵᠤ ᠠᠬᠤᠶ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠤ ᠣᠳᠣᠬᠢᠴᠢᠯᠠᠯᠲᠠ ᠶᠢ ᠲᠦᠷᠭᠡᠳᠭᠡᠬᠦ ᠪᠦᠬᠦ ᠶᠠᠪᠤᠴᠠ ᠶᠢᠨ ᠡᠯ᠎ᠡ ᠲᠠᠯ᠎ᠠ ᠳᠤ ᠦᠨᠡᠨ ᠬᠦ ᠨᠠᠶᠢᠳᠠᠪᠤᠷᠢᠵᠢᠭᠤᠯᠤᠨ᠂ ᠨᠠᠩ ᠢᠯᠡᠭᠦᠦ ᠬᠦᠴᠦᠯᠡᠨ ᠴᠢᠷᠮᠠᠶᠢᠬᠤ ᠣᠶᠤᠨ ᠰᠠᠨᠠᠭᠠᠨ ᠤ ᠪᠠᠶᠢᠳᠠᠯ ᠢᠶᠠᠷ᠂ ᠨᠠᠩ ᠯᠠᠪᠳᠠᠭᠤᠨ ᠪᠠᠲᠤᠲᠠᠶ ᠪᠦᠲᠦᠮᠵᠢᠲᠡᠶ ᠠᠵᠢᠯ ᠤᠨ ᠠᠷᠭ᠎ᠠ ᠬᠡᠮᠵᠢᠶ᠎ᠡ ᠪᠠᠷ᠂ ᠮᠠᠯ ᠠᠵᠤ ᠠᠬᠤᠶ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠤ ᠣᠳᠣᠬᠢᠴᠢᠯᠠᠯᠲᠠ ᠶᠢᠨ ᠰᠢᠨ᠎ᠡ ᠪᠠᠶᠢᠳᠠᠯ ᠢ ᠴᠢᠷᠮᠠᠶᠢᠨ ᠪᠤᠢ ᠪᠣᠯᠭᠠᠬᠤ ᠬᠡᠷᠡᠭᠲᠡᠶ ᠭᠡᠪᠡ᠃      ᠭᠦᠨᠵᠡᠭᠡᠶ ᠰᠤᠷᠤᠯᠴᠠᠬᠤ ᠪᠠᠷ ᠳᠠᠮᠵᠢᠭᠠᠳ᠂ ᠲᠠᠷᠢᠶᠠᠯᠠᠩ ᠮᠠᠯ ᠠᠵᠤ ᠠᠬᠤᠢ ᠪᠠ  ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ ᠤᠨ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠪᠣᠯ ᠮᠠᠨ ᠤ ᠤᠯᠤᠰ ᠤᠨ ᠰᠢᠨ᠎ᠡ ᠬᠥᠭᠵᠢᠯᠲᠡ ᠶᠢᠨ ᠱᠠᠲᠤᠨ ᠳᠤ ᠣᠷᠣᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠵᠠᠩᠭᠢᠯᠠᠭ᠎ᠠ ᠶᠢᠨ ᠬᠤᠭᠤᠴᠠᠭᠠᠨ ᠳᠤ ᠬᠤᠷᠠᠯᠳᠤᠭᠤᠯᠤᠭᠰᠠᠨ ᠨᠢᠭᠡ ᠤᠳᠠᠭᠠᠨ ᠤ ᠣᠨᠴᠠ ᠴᠢᠬᠤᠯᠠ ᠬᠤᠷᠠᠯ ᠪᠣᠯᠤᠨ᠎ᠠ᠂ ᠬᠢᠨᠠᠨ ᠵᠦᠪᠯᠡᠭᠡᠳ ᠪᠠᠲᠤᠯᠠᠭᠰᠠᠨ ︽ᠰᠠᠨᠠᠭᠤᠯᠭ᠎ᠠ︾ ᠪᠣᠯ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠰᠢᠨ᠎ᠡ ᠢᠯᠠᠯᠲᠠ ᠶᠢ ᠲᠡᠮᠡᠴᠡᠨ ᠤᠯᠬᠤ ᠬᠥᠲᠥᠯᠪᠦᠷᠢ ᠶᠢᠨ ᠴᠢᠨᠠᠷᠲᠠᠶ ᠪᠢᠴᠢᠭ ᠮᠠᠲ᠋ᠧᠷᠢᠶᠠᠯ ᠪᠣᠯᠣᠨ᠎ᠠ᠂ ᠲᠤᠰ ᠣᠳᠠᠭ᠎ᠠ ᠶᠢᠨ ᠬᠤᠷᠠᠯ ᠨᠢ ᠬᠤᠶᠠᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢᠨ ᠲᠡᠤᠬᠡᠨ ᠠᠭᠤᠯᠵᠠᠷ ᠤᠨ ᠴᠡᠭ ᠲᠤ ᠵᠤᠭᠰᠤᠵᠤ᠂ ᠳᠤᠮᠳᠠᠳᠤ ᠤᠯᠤᠰ ᠤᠨ ᠢᠷᠡᠭᠡᠳᠦᠶ ᠶᠢᠨ ᠲᠠᠪᠤᠨ ᠵᠢᠯ ᠵᠢᠴᠢ ᠠᠷᠪᠠᠨ ᠲᠠᠪᠤᠨ ᠵᠢᠯ ᠤᠨ ᠬᠥᠭᠵᠢᠯᠲᠡ ᠶᠢᠨ ᠵᠢᠷᠤᠭ ᠲᠦᠯᠦᠪᠯᠡᠭᠡ ᠶᠢ ᠵᠢᠷᠤᠭᠯᠠᠨ᠂ ᠤᠷᠤᠭᠰᠢᠯᠠᠬᠤ ᠴᠢᠭᠯᠡᠯ ᠪᠣᠯᠤᠨ ᠲᠡᠮᠡᠴᠡᠬᠦ ᠬᠠᠷᠠᠯᠲᠠ ᠶᠢ ᠲᠣᠳᠣᠷᠬᠠᠶᠢᠯᠠᠵᠤ᠂ ᠪᠦᠬᠦ ᠨᠠᠮ ᠪᠦᠬᠦ ᠤᠯᠤᠰ ᠤᠨ ᠦᠨᠳᠦᠰᠦᠲᠡᠨ ᠤ ᠠᠷᠠᠳ ᠲᠦᠮᠡᠨ ᠤ ᠤᠷᠤᠭᠰᠢᠯᠠᠯᠲᠠ ᠶᠢᠨ ᠵᠠᠮ ᠳᠡᠭᠡᠷᠡᠬᠢ ᠲᠦᠭᠰᠢᠭᠦᠷᠢ ᠪᠠ ᠦᠷᠢᠰᠦᠯᠳᠦᠭᠡᠨ ᠢ ᠢᠯᠠᠨ ᠳᠠᠪᠠᠭ᠋ᠤ ᠶᠢ ᠵᠣᠷᠢᠭᠵᠢᠭᠤᠯᠤᠨ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠡᠬᠢᠯᠡᠯᠲᠡ ᠶᠢᠨ ᠠᠯᠬᠤᠮ ᠢ ᠰᠠᠶᠢᠲᠤᠷ ᠠᠯᠬᠤᠬᠤ ᠳᠤ ᠮᠠᠰᠢ ᠴᠢᠬᠤᠯᠠ ᠠᠴᠢ ᠬᠤᠯᠪᠣᠭᠳᠠᠯ ᠲᠠᠢ ᠶᠣᠮ᠂ ᠡᠷᠬᠡᠪᠰᠢ ᠭᠦᠨᠵᠡᠭᠡᠶ ᠲᠠᠨᠢᠵᠤ ᠵᠥᠪ ᠡᠵᠡᠮᠰᠢᠬᠦ ᠬᠡᠷᠡᠭᠲᠡᠶ ᠭᠡᠰᠡᠨ ᠢ ᠭᠦᠢᠴᠡᠳ ᠲᠠᠨᠢᠵᠤ ᠣᠯᠪᠠ᠃ ᠤᠯᠠᠨ ᠢᠶᠠᠷ ᠢᠶᠠᠨ᠂ ᠲᠠᠷᠢᠶᠠᠯᠠᠩ ᠮᠠᠯ ᠠᠵᠤ ᠠᠬᠤᠶ ᠶᠢᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠳᠤ ᠮᠠᠯ ᠠᠵᠤ ᠠᠬᠤᠶ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠤ ᠠᠵᠢᠯ ᠢ ᠲᠥᠯᠥᠪᠯᠡᠬᠦ ᠳᠤ ᠪᠠᠨ ᠵᠠᠪᠠᠯ ᠰᠢᠨ᠎ᠡ ᠬᠥᠭᠵᠢᠯᠲᠡ ᠶᠢᠨ ᠱᠠᠲᠤᠨ ᠳᠤ ᠰᠠᠭᠤᠷᠢᠯᠠᠵᠤ᠂ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠪᠦᠬᠦ ᠲᠠᠯ᠎ᠠ ᠶᠢᠨ ᠴᠢᠨᠠᠷ᠂ ᠲᠡᠦᠬᠡᠲᠦ ᠴᠢᠨᠠᠷᠲᠠᠶ ᠠᠴᠢ ᠬᠤᠯᠪᠤᠭᠳᠠᠯ ᠢ ᠭᠦᠨᠵᠡᠭᠡᠶ ᠲᠠᠨᠢᠵᠤ᠂ ᠪᠥᠬᠦᠳᠡ ᠬᠤᠷᠠᠯ ᠤᠨ ᠮᠠᠯ ᠠᠵᠤ ᠠᠬᠤᠶ ᠲᠠᠷᠢᠶᠠᠯᠠᠩ ᠮᠠᠯᠵᠢᠬᠤ  ᠲᠠᠷᠢᠶᠠᠯᠠᠬᠤ ᠣᠷᠣᠨ ᠤ ᠠᠵᠢᠯ ᠤᠨ ᠲᠤᠬᠠᠶ ᠲᠤᠬᠢᠷᠠᠭᠤᠯᠤᠯᠲᠠ ᠪᠠᠶᠢᠷᠢᠯᠠᠭᠤᠯᠤᠯᠲᠠ ᠶᠢ ᠣᠨᠣᠪᠴᠢᠲᠠᠶ ᠡᠵᠡᠮᠳᠡᠵᠦ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠳᠠᠬᠢ ᠶᠢᠨ ᠮᠠᠯ ᠠᠵᠤ ᠠᠬᠤᠶ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠤ ᠠᠵᠢᠯ ᠢ ᠰᠠᠶᠢᠲᠤᠷ ᠬᠢᠨ᠎ᠡ ᠭᠡᠵᠦ ᠢᠯᠡᠳᠭᠡᠵᠡᠭᠡᠪᠡ᠃ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠠᠴᠠ ︽ᠲᠠᠷᠢᠶᠠᠯᠠᠩ ᠬᠥᠳᠡᠭᠡ ᠲᠣᠰᠬᠤᠨ ᠲᠠᠷᠢᠶᠠᠴᠢᠨ︾ ᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ︽ᠰᠠᠨᠠᠭᠤᠯᠭ᠎ᠠ︾ ᠳᠤ ᠲᠤᠰᠬᠠᠶ ᠪᠦᠯᠦᠭ ᠪᠠᠶᠢᠷᠢᠯᠠᠭᠤᠯᠵᠤ ᠲᠤᠬᠢᠷᠠᠭᠤᠯᠤᠭᠰᠠᠨ ᠶᠠᠪᠤᠳᠠᠯ ᠨᠢ ︽ᠲᠠᠷᠢᠶᠠᠯᠠᠩ ᠬᠥᠳᠡᠭᠡ ᠲᠣᠰᠬᠤᠨ ᠲᠠᠷᠢᠶᠠᠴᠢᠨ︾ ᠤ ᠪᠦᠬᠦ ᠨᠠᠮ ᠤᠨ ᠠᠵᠢᠯ ᠳᠤ ᠴᠢᠬᠤᠯᠠ ᠠᠴᠠ ᠴᠢᠬᠤᠯᠠ ᠪᠠᠶᠢᠯᠳᠤᠬᠤ ᠪᠤᠳᠤᠯᠭ᠎ᠠ ᠶᠢᠨ ᠪᠠᠶᠢᠷᠢ ᠰᠠᠭᠤᠷᠢ ᠲᠠᠢ ᠪᠠᠶᠢᠬᠤ ᠶᠢ ᠭᠦᠢᠴᠡᠳ ᠢᠯᠡᠷᠡᠭᠦᠯᠪᠡ᠃ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠳᠤ ᠲᠠᠷᠢᠶᠠᠯᠠᠩ ᠬᠥᠳᠡᠭᠡ ᠲᠣᠰᠬᠤᠨ ᠤ ᠠᠵᠢᠯ ᠤᠨ ᠭᠤᠣᠯᠳᠠᠯᠭ᠎ᠠ ᠨᠢ ᠲᠦᠷᠪᠡᠨ ᠶᠡᠭᠡ ᠶᠠᠪᠤᠳᠠᠯ ᠢ ᠰᠠᠶᠢᠲᠤᠷ ᠠᠳᠬᠤᠬᠤ ᠬᠡᠷᠡᠭᠲᠡᠢ᠄ ᠨᠢᠭᠡ ᠳᠤ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠠᠵᠢᠯ ᠤᠨ ᠦᠷ᠎ᠡ ᠪᠦᠲᠦᠭᠡᠯ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠬᠤ ᠶᠢ ᠠᠬᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠪᠦᠬᠦ ᠲᠠᠯ᠎ᠠ ᠪᠠᠷ ᠬᠡᠷᠡᠭᠵᠢᠭᠦᠯᠦᠨ᠂ ᠲᠦᠭ ᠲᠦᠮᠡᠨ ᠲᠠᠷᠢᠶᠠᠴᠢᠳ ᠢ ᠨᠡᠩ ᠰᠠᠶᠢᠨ ᠰᠠᠶᠢᠬᠠᠨ ᠠᠮᠢᠳᠤᠷᠠᠯ ᠲᠡᠶᠢᠰᠢ ᠬᠠᠮᠲᠤ ᠪᠠᠷ ᠤᠷᠤᠭᠰᠢᠯᠠᠭᠤᠯᠬᠤ ᠬᠡᠷᠡᠭᠲᠡᠢ᠃ ᠬᠤᠶᠠᠷ ᠲᠤ ᠲᠠᠷᠢᠶᠠᠯᠠᠩ ᠤᠨ ᠣᠳᠣᠬᠢᠴᠢᠯᠠᠯᠲᠠ ᠶᠢ ᠠᠬᠢᠭᠤᠯᠵᠤ᠂ ᠨᠢᠭᠡ ᠲᠠᠯ᠎ᠠ ᠪᠠᠷ ᠬᠠᠩᠭᠠᠯᠭ᠎ᠠ ᠶᠢ ᠠᠳᠬᠤᠨ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠢ ᠬᠡᠷᠡᠭᠵᠢᠭᠦᠯᠵᠦ᠂ ᠲᠠᠷᠢᠶᠠᠯᠠᠩ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠳᠡᠮᠵᠢᠯᠭᠡ ᠪᠠ ᠲᠤᠨᠤᠭ ᠲᠦᠬᠦᠭᠡᠷᠦᠮᠵᠢ ᠶᠢᠨ ᠲᠤᠯᠭᠠᠭᠤᠷᠢᠯᠠᠯ ᠢ ᠴᠢᠩᠭᠠᠳᠬᠠᠨ᠂ ᠰᠠᠶᠢᠨ ᠦᠷ᠎ᠡ ᠡᠭᠦᠯᠳᠡᠷ ᠤᠨ ᠨᠤᠷᠮ᠎ᠠ ᠶᠢ ᠳᠡᠭᠡᠭᠰᠢᠯᠡᠭᠦᠯᠵᠦ᠂ ᠠᠮᠤ ᠪᠤᠳᠠᠭᠠᠨ ᠤ ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠴᠢᠳᠠᠪᠤᠷᠢ ᠶᠢ ᠦᠷᠭᠦᠯᠵᠢᠯᠡᠨ ᠳᠡᠭᠡᠭᠰᠢᠯᠡᠭᠦᠯᠬᠦ ᠬᠡᠷᠡᠭᠲᠡᠢ︔ ᠨᠦᠭᠦᠭᠡ ᠲᠠᠯ᠎ᠠ ᠪᠠᠷ ᠶᠠᠰᠤ ᠴᠢᠨᠠᠷ ᠢ ᠠᠳᠬᠤᠨ᠂ ᠪᠣᠬᠢᠷᠲᠤᠯ ᠥᠬᠡᠶ ᠪᠠᠷ ᠤᠳᠤᠷᠢᠳᠤᠮᠵᠢ ᠪᠣᠯᠭᠠᠬᠤ᠂ ᠪᠠᠷᠢᠮᠵᠢᠶ᠎ᠠ ᠪᠠᠷ ᠬᠥᠲᠥᠯᠥᠨ ᠳᠠᠭᠠᠭᠤᠯᠬᠤ ᠪᠠ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠲᠠᠷᠢᠶᠠᠯᠠᠩ ᠤᠨ ᠶᠠᠰᠤ ᠴᠢᠨᠠᠷ ᠦᠷ᠎ᠡ ᠠᠰᠢᠭ ᠪᠠ ᠥᠷᠢᠰᠦᠯᠳᠦᠬᠦ ᠬᠦᠴᠦᠨ ᠢ ᠦᠷᠭᠦᠯᠵᠢᠯᠡᠨ ᠳᠡᠭᠡᠭᠰᠢᠯᠡᠭᠦᠯᠬᠦ ᠬᠡᠷᠡᠭᠲᠡᠢ᠃ ᠭᠤᠷᠪᠠ ᠳᠤ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠠᠵᠢᠯᠯᠠᠭ᠎ᠠ ᠶᠢ ᠬᠡᠷᠡᠭᠵᠢᠭᠦᠯᠦᠨ᠂ ᠬᠥᠳᠡᠭᠡ ᠲᠤᠰᠬᠤᠨ ᠤ ᠰᠠᠭᠤᠷᠢ ᠪᠡᠯᠡᠳᠭᠡᠮᠵᠢ ᠪᠠ ᠣᠯᠠᠨ ᠨᠡᠶᠢᠲᠡ ᠶᠢᠨ ᠦᠢᠯᠡᠴᠢᠯᠡᠭᠡᠨ ᠤ ᠢᠯᠡᠳᠲᠡ ᠳᠠᠪᠰᠢᠯᠲᠠ ᠲᠠᠢ ᠪᠣᠯᠬᠤ ᠶᠢ ᠲᠦᠯᠬᠢᠨ ᠠᠬᠢᠭᠤᠯᠵᠤ᠂ ᠰᠢᠶᠠᠩ ᠪᠠᠯᠭᠠᠰᠤ ᠶᠢ ᠲᠠᠷᠢᠶᠠᠴᠢᠳ ᠲᠤ ᠦᠢᠯᠡᠴᠢᠯᠡᠬᠦ ᠣᠷᠣᠨ ᠪᠦᠰᠡ ᠶᠢᠨ ᠲᠥᠪ ᠪᠣᠯᠭᠠᠨ ᠪᠦᠲᠦᠭᠡᠨ ᠪᠠᠶᠢᠭᠤᠯᠤᠨ᠂ ᠲᠠᠷᠢᠶᠠᠴᠢᠳ ᠲᠤ ᠨᠠᠩ ᠣᠯᠠᠨ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠲᠠᠢ ᠪᠣᠯᠭᠠᠬᠤ ᠬᠡᠷᠡᠭᠲᠡᠢ᠃ ᠳᠥᠷᠪᠡ ᠳᠤ ᠬᠥᠳᠡᠭᠡ ᠲᠣᠰᠬᠤᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠭᠠᠵᠠᠷ ᠰᠢᠷᠣᠶ ᠶᠢᠨ ᠳᠠᠭᠠᠭᠠᠴᠢᠯᠠᠯᠲᠠ ᠶᠢ ᠳᠠᠬᠢᠨ ᠭᠤᠴᠢᠨ ᠵᠢᠯ ᠤᠷᠲᠤᠳᠬᠠᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠂ ᠨᠡᠶᠢᠭᠡᠮᠴᠢᠯᠡᠭᠰᠡᠨ ᠦᠢᠯᠡᠴᠢᠯᠡᠭᠡᠨ ᠤ ᠰᠢᠰᠲ᠋ᠧᠮᠵᠢ ᠶᠢ ᠪᠦᠷᠢᠨᠰᠢᠭᠦᠯᠵᠦ᠂ ᠬᠠᠮᠲᠤ ᠶᠢᠨ ᠡᠵᠡᠩᠨᠡᠯᠲᠡ ᠶᠢᠨ ᠴᠢᠨᠠᠷᠲᠠᠢ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠵᠠᠬ᠎ᠠ ᠳᠡᠯᠭᠡᠭᠦᠷ ᠲᠤ ᠣᠷᠣᠭᠤᠯᠬᠤ ᠳᠦᠷᠢᠮ ᠪᠠ ᠣᠷᠣᠨ ᠰᠠᠭᠤᠴᠠ ᠶᠢᠨ ᠭᠠᠵᠠᠷ ᠤᠨ ᠭᠤᠷᠪᠠᠨ ᠡᠷᠬᠡ ᠶᠢ ᠰᠠᠯᠭᠠᠨ ᠲᠣᠬᠢᠷᠠᠭᠤᠯᠵᠤ ᠪᠡᠶᠡᠯᠡᠭᠦᠯᠬᠦ ᠠᠷᠭ᠎ᠠ ᠬᠡᠯᠪᠡᠷᠢ ᠶᠢ ᠬᠠᠶᠢᠨ ᠰᠦᠪᠡᠭᠴᠢᠯᠡᠨ᠂ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠶ ᠶᠢ ᠬᠥᠭᠵᠢᠭᠦᠯᠵᠦ᠂ ᠬᠤᠳᠠ ᠬᠥᠳᠡᠭᠡ ᠶᠢᠨ ᠡᠯᠧᠮᠧᠨ᠋ᠲ ᠤᠨ ᠡᠷᠬᠡ ᠲᠡᠭᠰᠢ ᠰᠣᠯᠢᠯᠴᠠᠬᠤ᠂ ᠬᠤᠤᠰ ᠴᠢᠭᠯᠡᠯ ᠢᠶᠠᠷ ᠰᠢᠯᠵᠢᠬᠦ ᠶᠢ ᠲᠦᠯᠬᠢᠨ ᠠᠬᠢᠭᠤᠯᠵᠤ᠂ ᠲᠠᠷᠢᠶᠠᠯᠠᠩ ᠬᠥᠳᠡᠭᠡ ᠲᠣᠰᠬᠤᠨ ᠤ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠦᠷᠭᠦᠯᠵᠢᠯᠡᠨ ᠴᠢᠩᠭᠠᠷᠠᠭᠤᠯᠬᠤ ᠬᠡᠷᠡᠭᠲᠡᠢ᠃      ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠠᠴᠠ ᠨᠠᠭᠠᠰᠢ᠂ ᠥᠪᠥᠷ ᠮᠣᠩᠭᠤᠯ ᠤᠨ ᠡᠯ᠎ᠡ ᠱᠠᠲᠤᠨ ᠤ ᠲᠠᠷᠢᠶᠠᠯᠠᠩ ᠮᠠᠯ ᠠᠵᠤ ᠠᠬᠤᠶ ᠶᠢᠨ ᠰᠠᠯᠠᠭ᠎ᠠ ᠮᠥᠴᠢᠷ ᠤᠳ ᠨᠠᠮ ᠤᠨ ᠲᠥᠪ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ︽ᠮᠠᠯ ᠠᠵᠤ ᠠᠬᠤᠶ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠨ︾ ᠤ ᠠᠵᠢᠯ ᠤᠨ ᠲᠤᠬᠠᠶ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠳᠤᠭᠤᠰᠢᠯᠠᠭᠤᠯᠤᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠯᠠᠪᠳᠠᠭᠤᠨ ᠪᠠᠲᠤᠲᠠᠶ ᠲᠦᠯᠬᠢᠨ  ᠠᠬᠢᠭᠤᠯᠵᠤ᠂ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠤᠷᠤᠯᠭ᠎ᠠ ᠵᠢᠯ ᠳᠠᠷᠠᠭᠠᠯᠠᠨ ᠨᠡᠮᠡᠭᠳᠡᠨ᠂ ᠮᠠᠯᠴᠢᠨ ᠲᠠᠷᠢᠶᠠᠴᠢᠳ ᠤᠨ ᠣᠷᠣᠯᠭ᠎ᠠ ᠦᠷᠭᠦᠯᠵᠢᠯᠡᠨ ᠨᠡᠮᠡᠭᠳᠡᠵᠦ᠂ ᠮᠠᠯᠵᠢᠬᠤ ᠲᠠᠷᠢᠶᠠᠯᠠᠬᠤ ᠣᠷᠣᠨ ᠤ ᠳᠦᠷᠰᠦ ᠪᠠᠶᠢᠳᠠᠯ ᠯᠤᠲᠤ ᠶᠡᠭᠡ ᠬᠤᠪᠢᠷᠠᠯᠲᠠ ᠭᠠᠷᠪᠠ᠃ ᠲᠠᠷᠠᠭᠠᠴᠢ ᠶᠢᠨ ᠠᠯᠬᠤᠮ ᠳᠤ᠂ ᠪᠥᠬᠦ ᠣᠷᠣᠨ ᠤ ᠡᠯ᠎ᠡ ᠱᠠᠲᠤᠨ ᠤ ᠲᠠᠷᠢᠶᠠᠯᠠᠩ ᠮᠠᠯ ᠠᠵᠤ ᠠᠬᠤᠶ ᠶᠢᠨ ᠰᠠᠯᠠᠭ᠎ᠠ ᠮᠦᠴᠢᠷ ᠤᠳ ᠰᠤᠷᠤᠯᠴᠠᠬᠤ᠂ ᠰᠤᠳᠤᠯᠬᠤ ᠪᠠ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠵᠤ᠂  ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠳᠤᠭᠤᠰᠢᠯᠠᠭᠤᠯᠬᠤ ᠥᠷᠨᠢᠯᠲᠡ ᠭᠠᠷᠭᠠᠬᠤ ᠪᠠᠷ ᠪᠣᠢ᠃ ᠨᠢᠭᠡ ᠳᠤ ᠰᠤᠷᠤᠯᠴᠠᠯᠭ᠎ᠠ ᠶᠢ ᠠᠳᠬᠤᠨ᠂ ᠪᠠᠶᠢᠭᠤᠯᠭ᠎ᠠ ᠶᠢᠨ ᠨᠠᠮ ᠤᠨ ᠬᠤᠷᠢᠶ᠎ᠠ ᠭᠠᠵᠠᠷ ᠤᠨ ᠲᠡᠰ ᠤᠨ ᠺᠠᠳ᠋ᠷ ᠢ ᠵᠣᠬᠢᠶᠠᠨ ᠪᠠᠶᠢᠭᠤᠯᠤᠨ ᠡᠭᠡᠯᠵᠢᠯᠡᠨ ᠪᠣᠯᠪᠠᠰᠤᠷᠠᠭᠤᠯᠵᠤ᠂ ᠲᠢᠩᠬᠢᠮ ᠤᠨ ᠰᠢᠰᠲ᠋ᠧᠮ ᠤᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠨᠠᠮ ᠤᠨ ᠭᠡᠰᠢᠭᠦᠨ ᠺᠠᠳ᠋ᠷᠴᠤᠳ ᠢᠶᠠᠨ ᠵᠣᠬᠢᠶᠠᠨ ᠪᠠᠶᠢᠭᠤᠯᠤᠨ ᠥᠪᠡᠷ ᠢᠶᠠᠨ ᠰᠤᠷᠤᠯᠴᠠᠬᠤ ᠶᠢ ᠦᠷᠨᠢᠭᠦᠯᠦᠨ᠂ ᠪᠥᠬᠦᠳᠡ ᠬᠤᠷᠠᠯ ᠤᠨ ᠪᠢᠴᠢᠭ ᠮᠠᠲ᠋ᠧᠷᠢᠶᠡᠯ ᠢ ᠲᠡᠷᠡ ᠬᠡᠪ ᠢᠶᠠᠷ ᠨᠢ ᠰᠤᠷᠤᠯᠴᠠᠵᠤ᠂ ᠤᠨᠤᠯ ᠤᠨ ᠭᠤᠤᠯ ᠳᠤᠭᠤᠶᠢᠯᠠᠩ᠂ ᠲᠤᠰᠬᠠᠶ ᠰᠡᠳᠦᠪᠲᠦ ᠪᠣᠯᠪᠠᠰᠤᠷᠠᠭᠤᠯᠤᠯ᠂ ᠬᠠᠪᠰᠤᠷᠤᠨ ᠵᠢᠯᠣᠭᠤᠳᠬᠤ ᠮᠡᠳᠡᠭᠦᠯᠦᠯᠲᠡ ᠶᠢᠨ ᠬᠤᠷᠠᠯ᠂ ᠰᠤᠯᠢᠯᠴᠠᠨ ᠶᠠᠷᠢᠯᠴᠠᠬᠤ ᠵᠡᠷᠭᠡ ᠳᠡᠰ ᠳᠠᠪᠬᠤᠷᠭ᠎ᠠ ᠬᠤᠪᠢᠶᠠᠨ᠂ ᠣᠯᠠᠨ ᠬᠡᠯᠪᠡᠷᠢ ᠶᠢᠨ ᠰᠤᠷᠤᠯᠴᠠᠬᠤ ᠠᠵᠢᠯᠯᠠᠭ᠎ᠠ ᠶᠢ ᠰᠠᠶᠢᠲᠤᠷ ᠵᠣᠬᠢᠶᠠᠨ ᠪᠠᠶᠢᠭᠤᠯᠵᠤ᠂ ᠭᠦᠨᠵᠡᠭᠡᠶ ᠰᠤᠷᠤᠯᠴᠠᠨ ᠨᠡᠪᠲᠡᠷᠡᠲᠡᠯ᠎ᠡ ᠣᠶᠢᠯᠠᠭᠠᠵᠤ᠂ ᠲᠠᠷᠢᠬᠢ ᠲᠣᠯᠣᠭᠠᠶ ᠳᠤ ᠨᠢ ᠬᠠᠳᠠᠩᠰᠢᠭᠤᠯᠬᠤ ᠶᠢ ᠦᠨᠡᠨ ᠬᠦ ᠪᠡᠶᠡᠯᠡᠭᠦᠯᠦᠨ᠎ᠡ᠃ ᠬᠤᠶᠠᠷ ᠲᠤ ᠰᠤᠳᠤᠯᠤᠯ ᠢ  ᠠᠳᠬᠤᠨ᠂ ᠪᠦᠬᠦ ᠲᠠᠯ᠎ᠠ ᠶᠢᠨ ᠬᠠᠷᠠᠭᠠᠰᠤ ᠪᠠ ᠤᠯᠤᠰ ᠲᠦᠷᠦ ᠶᠢ ᠡᠷᠬᠢᠮᠯᠡᠬᠦ ᠦᠨᠳᠦᠷᠴᠡ ᠠᠴᠠ ᠮᠠᠨ ᠤ ᠣᠷᠣᠨ ᠤ ︽ᠠᠷᠪᠠᠨ ᠳᠦᠷᠪᠡᠳᠦᠭᠡᠷ ᠲᠠᠪᠤᠨ ᠵᠢᠯ︾ ᠤᠨ ᠲᠦᠯᠦᠪᠵᠢᠭᠦᠯᠭᠡ ᠶᠢᠨ ᠬᠤᠭᠤᠴᠠᠭᠠᠨ ᠳᠠᠬᠢ ᠮᠠᠯ ᠠᠵᠤ ᠠᠬᠤᠢ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠤ ᠤᠳᠤᠬᠢᠴᠢᠯᠠᠯᠲᠠ ᠶᠢ ᠠᠬᠢᠭᠤᠯᠬᠤ ᠰᠡᠳᠬᠢᠴᠡ ᠠᠷᠭ᠎ᠠ ᠬᠡᠮᠵᠢᠶ᠎ᠡ ᠶᠢ ᠰᠠᠶᠢᠲᠤᠷ ᠲᠦᠯᠦᠪᠵᠢᠭᠦᠯᠦᠨ᠎ᠡ᠃ ᠭᠤᠷᠪᠠ ᠳᠤ ᠨᠠᠶᠢᠳᠠᠪᠤᠷᠢᠵᠢᠭᠤᠯᠤᠯᠲᠠ ᠶᠢ ᠠᠳᠬᠤᠵᠤ᠂ ᠵᠢᠯ ᠤᠨ ᠡᠬᠢᠨ ᠳᠤ ᠲᠣᠭᠲᠠᠭᠠᠭᠰᠠᠨ ᠡᠯ᠎ᠡ ᠵᠦᠢᠯ ᠤᠨ ᠬᠠᠷᠠᠯᠲᠠ ᠡᠭᠦᠷᠭᠡ ᠶᠢᠨ ᠲᠣᠭᠤᠷᠢᠨ ᠳᠤ᠂ ᠠᠵᠢᠯ ᠢᠶᠠᠨ ᠪᠡᠶᠡᠯᠡᠭᠦᠯᠦᠭᠰᠡᠨ ᠪᠠᠶᠢᠳᠠᠯ ᠢ ᠪᠦᠬᠦ ᠲᠠᠯ᠎ᠠ ᠪᠠᠷ ᠡᠮᠬᠢᠯᠡᠨ ᠲᠢᠭᠯᠡᠵᠦ᠂ ᠣᠷᠬᠢᠭᠳᠠᠯ ᠢ ᠪᠠᠶᠢᠴᠠᠭᠠᠨ ᠳᠤᠲᠠᠭᠤ ᠶᠢ ᠨᠥᠬᠦᠪᠥᠷᠢᠯᠡᠵᠦ᠂ ᠳᠠᠩᠰᠠ ᠶᠢ ᠲᠤᠯᠭᠠᠨ ᠬᠠᠰᠤᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ︽ᠮᠠᠯ ᠠᠵᠤ ᠠᠬᠤᠶ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠨ︾ ᠤ ᠬᠠᠲᠠᠭᠤ ᠡᠭᠦᠷᠭᠡ ᠶᠢ ᠡᠷᠡᠰ ᠪᠡᠶᠡᠯᠡᠭᠦᠯᠵᠦ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠰᠡᠭᠦᠯ ᠬᠤᠷᠢᠶᠠᠬᠤ ᠵᠢᠯ ᠢ ᠲᠡᠭᠦᠰ ᠠᠮᠵᠢᠯᠲᠠ ᠲᠠᠢ ᠲᠡᠭᠦᠰᠭᠡᠬᠦ ᠪᠠᠷ ᠪᠣᠢ᠃
 
ᠢᠷᠡᠯᠲᠡ᠄ ᠦᠪᠦᠷ ᠮᠤᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠡᠮ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号
Baidu
map