11 ᠰᠠᠷ᠎ᠠ ᠶᠢᠨ 27 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠤᠨ ᠲᠠᠶᠢᠯᠪᠤᠷᠢᠯᠠᠬᠤ | ᠪᠦᠯᠬᠦᠮ ᠤᠨ ᠪᠦᠷᠢᠯᠳᠦᠬᠦᠨ᠂ ᠬᠠᠤᠯᠢ ᠴᠠᠭᠠᠵᠠ ᠶᠢᠨ ᠲᠣᠪᠴᠢᠶᠠᠨ ᠤ ᠳᠡᠳ᠋ ᠳᠠᠷᠤᠭ᠎ᠠ ᠾᠧᠦ ᠵᠢᠶᠠᠨ ᠭᠠᠩ ᠣᠷᠣᠨ | ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠳᠤ ᠤᠬᠠᠭᠤᠯᠤᠨ ᠲᠠᠶᠢᠯᠪᠤᠷᠢᠯᠠᠬᠤ | ᠮᠡᠳᠡᠭᠦᠯᠦᠯᠲᠡ ᠬᠢᠵᠦ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠶᠢᠨ | ᠨᠠᠮ ᠤᠨ ᠭᠡᠰᠢᠭᠦᠨ ᠺᠠᠳ᠋ᠷᠴᠤᠳ ᠳᠤ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠠᠪᠤᠳᠤᠭᠠᠷ ᠪᠥᠬᠦᠳᠡ ᠬᠤᠷᠠᠯ ᠤᠨ | ᠵᠣᠷᠢᠭ ᠰᠠᠨᠠᠭ᠎ᠠ ᠶᠢ ᠲᠠᠶᠢᠯᠪᠤᠷᠢᠯᠠᠪᠠ᠃ | | | | | ᠡᠨᠡ ᠪᠣᠯ ︽ᠬᠤᠤᠰ ᠵᠠᠭᠤᠨ ᠵᠢᠯ︾ ᠤᠨ ᠲᠡᠤᠬᠡ ᠶᠢᠨ ᠠᠭᠤᠯᠵᠠᠷ ᠴᠡᠭ ᠲᠤ ᠬᠤᠷᠠᠯᠳᠤᠭᠰᠠᠨ ᠨᠢᠭᠡ ᠤᠳᠠᠭᠠᠨ ᠤ | ᠪᠦᠬᠦ ᠲᠠᠯ᠎ᠠ ᠶᠢᠨ ᠴᠢᠨᠠᠷᠲᠠᠶ᠂ ᠲᠡᠤᠬᠡᠲᠦ ᠴᠢᠨᠠᠷᠲᠠᠶ᠂ ᠵᠠᠩᠭᠢᠯᠠᠭ᠎ᠠ ᠶᠢᠨ ᠴᠢᠨᠠᠷᠲᠠᠶ ᠨᠢᠭᠡ ᠤᠳᠠᠭᠠᠨ ᠤ ᠬᠤᠷᠠᠯᠳᠤᠭᠠᠨ | ᠪᠤᠯᠤᠨ᠎ᠠ᠃ ᠮᠡᠳᠡᠭᠦᠯᠦᠯᠲᠡ ᠶᠢᠨ ᠬᠤᠷᠠᠯ ᠳᠡᠭᠡᠷ᠎ᠡ᠂ ᠾᠧᠦ ᠵᠢᠶᠠᠨ ᠭᠠᠩ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ | ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠮ ᠪᠣᠯᠤᠨ | ᠤᠯᠤᠰ ᠤᠨ ᠣᠯᠤᠭᠰᠠᠨ ᠲᠡᠤᠬᠡᠲᠦ ᠴᠢᠨᠠᠷᠲᠠᠶ ᠠᠮᠵᠢᠯᠲᠠ ᠪᠣᠯᠤᠨ ᠥᠭᠡᠷᠡᠴᠢᠯᠡᠯᠲᠡ ᠬᠥᠭᠵᠢᠯᠲᠡ ᠶᠢᠨ ᠶᠡᠭᠡ ᠬᠠᠨᠳᠤᠰᠢ ᠲᠠᠢ | ᠨᠢᠭᠲᠠ ᠤᠶᠠᠯᠳᠤᠭᠤᠯᠵᠤ᠂ ᠮᠠᠨ ᠤ ᠤᠯᠤᠰ ᠤᠨ ᠬᠥᠭᠵᠢᠯᠲᠡ ᠶᠢᠨ ᠣᠷᠴᠢᠨ ᠲᠣᠭᠤᠷᠢᠨ ᠳᠤ ᠲᠤᠯᠭᠠᠷᠠᠵᠤ ᠪᠠᠶᠢᠭ᠎ᠠ | ᠪᠤᠳᠤᠯᠢᠶᠠᠨᠲᠠᠶ ᠬᠤᠪᠢᠷᠠᠯᠲᠠ ᠪᠣᠯᠤᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠤ | ᠴᠢᠬᠤᠯᠠ ᠪᠠᠶᠢᠯᠳᠤᠬᠤ ᠪᠣᠳᠣᠯᠭ᠎ᠠ ᠶᠢᠨ ᠲᠣᠬᠢᠶᠠᠯ ᠤᠨ ᠰᠢᠨ᠎ᠡ ᠣᠨᠴᠠᠯᠢᠭ ᠢ ᠭᠦᠨᠵᠡᠭᠡᠶ ᠲᠠᠶᠢᠯᠪᠤᠷᠢᠯᠠᠵᠤ᠂ ᠰᠢᠨ᠎ᠡ | ᠬᠥᠭᠵᠢᠯᠲᠡ ᠶᠢᠨ ᠱᠠᠲᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ᠂ ᠰᠢᠨ᠎ᠡ ᠬᠥᠭᠵᠢᠯᠲᠡ ᠶᠢᠨ ᠪᠠᠶᠢᠷᠢᠰᠢᠯ ᠤᠨ | ᠰᠢᠨᠵᠢᠯᠡᠬᠦ ᠤᠬᠠᠭᠠᠨᠴᠢ ᠠᠭᠤᠯᠤᠭᠳᠠᠬᠤᠨ ᠪᠠ ᠣᠨᠤᠯ ᠦᠢᠯᠡᠳᠦᠯᠭᠡ ᠶᠢᠨ ᠯᠣᠭᠢᠭ ᠢ ᠰᠢᠰᠲ᠋ᠧᠮ ᠲᠠᠢ ᠲᠣᠳᠣᠷᠬᠠᠶᠢᠯᠠᠨ | ᠥᠭᠦᠯᠡᠵᠦ᠂ ᠭᠦᠨᠵᠡᠭᠡᠶ ᠲᠠᠶᠢᠯᠪᠤᠷᠢᠯᠠᠯᠲᠠ ᠬᠢᠵᠦ ᠣᠯᠠᠨ ᠢ ᠭᠦᠨ ᠲᠥᠷᠥᠭᠳᠡᠯ ᠲᠠᠢ ᠪᠤᠯᠭᠠᠪᠠ᠃ | | | | | ᠮᠡᠳᠡᠭᠦᠯᠦᠯᠲᠡ ᠶᠢ ᠰᠣᠨᠣᠰᠤᠭᠰᠠᠨ ᠤ ᠳᠠᠷᠠᠭ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠲᠣᠪᠴᠢᠶ᠎ᠠ ᠶᠢᠨ ᠳᠡᠳ᠋ ᠳᠠᠷᠤᠭ᠎ᠠ ᠯᠢ ᠹᠦ᠋ ᠴᠠᠩ ᠢᠯᠡᠷᠬᠡᠶᠢᠯᠡᠬᠦ ᠳᠡᠭᠡᠨ᠄ ᠬᠤᠰᠢᠭᠤᠨ ᠤ ᠨᠠᠮ ᠤᠨ | ᠬᠤᠷᠢᠶ᠎ᠠ ᠶᠢᠨ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶ᠎ᠠ ᠶᠢᠨ | ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠰᠢᠰᠲ᠋ᠧᠮ ᠲᠠᠢ ᠤᠬᠠᠭᠤᠯᠤᠨ ᠲᠠᠶᠢᠯᠪᠤᠷᠢᠯᠠᠬᠤ ᠪᠠᠷ | ᠳᠠᠮᠵᠢᠨ᠂ ᠪᠢᠳᠡᠨ ᠳᠤ ᠨᠡᠶᠢᠭᠡᠮ ᠤᠨ ᠬᠥᠭᠵᠢᠯᠲᠡ ᠶᠢᠨ ᠪᠠᠶᠢᠷᠢᠯᠠᠭᠤᠯᠤᠯᠲᠠ ᠶᠢ ᠭᠦᠨᠵᠡᠭᠡᠶ ᠲᠠᠨᠢᠭᠤᠯᠵᠤ᠂ ᠬᠤᠶᠢᠰᠢᠳᠠ ᠶᠢᠨ | ᠠᠵᠢᠯ ᠤᠨ ᠳᠤᠮᠳᠠ ᠪᠢᠳᠠ ᠲᠦᠷᠪᠡᠠ ᠦᠵᠡᠯ ᠤᠬᠠᠮᠰᠠᠷ ᠢᠶᠠᠨ ᠴᠢᠩᠭᠠᠳᠬᠠᠵᠤ᠂ ᠬᠤᠶᠠᠷ ᠢ ᠬᠠᠮᠠᠭᠠᠯᠠᠵᠤ᠂ ᠠᠷᠪᠠ | ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠲᠥᠰᠦᠪᠯᠡᠯ ᠢ ᠦᠨᠳᠦᠰᠦᠯᠡᠨ᠂ | ᠠᠵᠢᠯ ᠢᠶᠠᠨ ᠨᠠᠩ ᠰᠠᠶᠢᠨ ᠬᠢᠨ᠎ᠡ ᠭᠡᠪᠡ᠃ | ᠤᠬᠠᠭᠤᠯᠤᠨ ᠲᠠᠶᠢᠯᠪᠤᠷᠢᠯᠠᠯᠲᠠ ᠨᠢ ᠬᠤᠷᠠᠯ ᠳᠤ ᠣᠷᠣᠯᠴᠠᠭᠰᠠᠨ ᠨᠠᠮ ᠤᠨ ᠭᠡᠰᠢᠭᠦᠨ ᠺᠠᠳ᠋ᠷᠴᠤᠳ ᠤᠨ ᠳᠤᠮᠳᠠ | ᠴᠢᠩᠭ᠎ᠠ ᠲᠤᠰᠬᠠᠯ ᠭᠠᠷᠭᠠᠵᠤ᠂ ᠣᠯᠠᠨ ᠢᠶᠠᠷ ᠢᠶᠠᠨ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠨᠠᠮ ᠤᠨ | ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ | ᠰᠤᠷᠤᠯᠴᠠᠨ ᠲᠤᠤᠱᠯᠠᠭᠤᠯᠬᠤ ᠬᠠᠯᠠᠭᠤᠨ ᠥᠷᠨᠢᠯᠲᠡ ᠶᠢ ᠦᠳᠲᠡᠷ ᠲᠦᠷᠭᠡᠨ ᠪᠤᠢ ᠪᠣᠯᠭᠠᠵᠤ᠂ ᠦᠵᠡᠯ ᠰᠠᠨᠠᠭ᠎ᠠ ᠪᠠ ᠦᠢᠯᠡ | ᠠᠵᠢᠯᠯᠠᠭ᠎ᠠ ᠪᠠᠨ ᠪᠥᠬᠦᠳᠡ ᠬᠤᠷᠠᠯ ᠤᠨ ᠵᠣᠷᠢᠭ ᠰᠠᠨᠠᠭ᠎ᠠ ᠲᠠᠢ ᠨᠢᠭᠡᠳᠬᠡᠪᠡ᠃ |