ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠦᠪ ᠬᠤᠷᠢᠶᠠᠨ ᠤ ᠲᠠᠪᠤᠳᠤᠭᠠᠷ ᠪᠦᠬᠦᠳᠡ ᠬᠤᠷᠠᠯ ᠲᠤᠮᠳᠠᠳᠦ | ᠤᠯᠤᠰ ᠤᠨ ᠬᠦᠭᠵᠢᠯᠳᠡ ᠶᠢᠨ ᠰᠢᠨ᠎ᠡ ᠲᠦᠰᠦᠪ ᠢ ᠵᠢᠷᠤᠭᠯᠠᠵᠦ᠂ ᠰᠢ ᠶᠢᠨ ᠫᠢᠩ ᠨᠦᠬᠦᠷ ᠢᠶᠠᠷ ᠭᠤᠤᠯ ᠪᠤᠯᠭᠠᠭᠰᠠᠨ | ᠨᠠᠮ ᠤᠨ ᠲᠦᠪ ᠬᠤᠷᠢᠶ᠎ᠡ ᠪᠦᠬᠦ ᠨᠠᠮ ᠪᠦᠬᠦ ᠤᠯᠤᠰ ᠤᠨ ᠦᠨᠳᠦᠰᠦᠳᠡᠨ ᠨᠦᠭᠦᠳ ᠤᠨ ᠠᠷᠠᠳ ᠲᠦᠮᠡᠨ ᠢ ᠲᠠᠶᠢᠴᠢᠯᠠᠨ ᠨᠢᠭᠡ | ᠰᠡᠳᠬᠢᠯ ᠭᠠᠭᠴᠠ ᠵᠤᠷᠢᠭ ᠢᠶᠠᠷ ᠰᠢᠷᠭᠠᠭᠤ ᠲᠡᠮᠡᠴᠡᠵᠦ᠂ ᠨᠡᠶᠢᠭᠡᠮ ᠵᠢᠷᠤᠮᠳᠦ ᠤᠳᠤᠬᠢᠴᠢᠯᠠᠭᠰᠠᠨ ᠤᠯᠤᠰ ᠢ ᠪᠦᠬᠦ ᠲᠠᠯ᠎ᠠ ᠪᠠᠷ | ᠪᠦᠳᠦᠭᠡᠨ ᠪᠠᠶᠢᠭᠤᠯᠬᠤ ᠰᠢᠨ᠎ᠡ ᠢᠯᠠᠯᠳᠠ ᠶᠢ ᠲᠡᠮᠡᠴᠡᠨ ᠤᠯᠬᠤ ᠡᠷᠡᠰ ᠪᠠᠳᠦ ᠵᠤᠷᠢᠭ ᠢ ᠢᠯᠡᠷᠡᠬᠦᠯᠪᠡ᠃ ᠡᠭᠦᠨ ᠳᠤ ᠮᠠᠨ ᠤ | ᠠᠶᠢᠮᠠᠭ ᠤᠨ ᠺᠠᠳ᠋ᠷ ᠤᠯᠠᠨ ᠲᠦᠮᠡᠨ ᠪᠦᠬᠦᠳᠡ ᠬᠤᠷᠠᠯ ᠤᠨ ᠵᠤᠷᠢᠭ ᠰᠠᠨᠠᠭ᠎ᠠ ᠶᠢ ᠬᠦᠨᠵᠡᠭᠡᠢ ᠤᠢᠢᠯᠠᠭᠠᠵᠦ᠂ ᠪᠦᠬᠦᠳᠡ | ᠬᠤᠷᠠᠯ ᠤᠨ ᠴᠢᠬᠤᠯᠠ ᠶᠡᠭᠡ ᠠᠴᠢ ᠬᠤᠯᠪᠤᠭᠳᠠᠯ ᠢ ᠬᠦᠢᠴᠡᠳ ᠲᠠᠨᠢᠵᠦ᠂ ᠦᠵᠡᠯ ᠰᠠᠨᠠᠭ᠎ᠠ ᠪᠤᠯᠤᠨ ᠦᠢᠯᠡ ᠠᠵᠢᠯᠯᠠᠭ᠎ᠠ ᠪᠠᠨ | ᠨᠠᠮ ᠤᠨ ᠲᠦᠪ ᠬᠤᠷᠢᠶᠠᠨ ᠤ ᠰᠢᠢᠳᠪᠦᠷᠢᠳᠦ ᠪᠤᠳᠤᠯᠭ᠎ᠠ ᠪᠠᠶᠢᠷᠢᠯᠠᠭᠤᠯᠤᠯᠳᠠ ᠲᠡᠭᠡᠷ᠎ᠠ ᠦᠨᠡᠨ ᠬᠦ ᠨᠢᠭᠡᠳᠭᠡᠵᠦ᠂ ᠪᠦᠬᠦᠳᠡ | ᠬᠤᠷᠠᠯ ᠤᠨ ᠵᠤᠷᠢᠭ ᠰᠠᠨᠠᠭ᠎ᠠ ᠶᠢ ᠲᠡᠭᠡᠳᠦ ᠬᠡᠮᠵᠢᠶᠡᠨ ᠤ ᠤᠯᠤᠰ ᠲᠦᠷᠦ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ᠂ | ᠦᠢᠯᠡ ᠠᠵᠢᠯᠯᠠᠭ᠎ᠠ ᠶᠢᠨ ᠤᠬᠠᠮᠰᠠᠷ ᠢᠶᠠᠷ ᠰᠠᠶᠢᠳᠤᠷ ᠰᠤᠷᠤᠯᠴᠠᠨ ᠤᠢᠢᠯᠠᠭᠠᠵᠦ᠂ ᠰᠠᠶᠢᠳᠤᠷ ᠲᠤᠭᠤᠰᠢᠯᠠᠭᠤᠯᠤᠨ | ᠨᠠᠶᠢᠳᠠᠪᠤᠷᠢᠵᠢᠭᠤᠯᠤᠨ᠎ᠠ ᠭᠡᠵᠦ ᠢᠯᠡᠷᠭᠡᠶᠢᠯᠡᠵᠦ ᠪᠠᠶᠢᠯ᠎ᠠ᠃ | ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠦᠪ ᠬᠤᠷᠢᠶᠠᠨ ᠤ ᠲᠠᠪᠤᠳᠤᠭᠠᠷ ᠪᠦᠬᠦᠳᠡ ᠬᠤᠷᠠᠯ ᠤᠨ ᠵᠤᠷᠢᠭ | ᠰᠨᠠᠭ᠎ᠠ ᠨᠢ ᠦᠨᠳᠦᠰᠦᠨ ᠱᠠᠳᠤᠨ ᠤ ᠺᠠᠳ᠋ᠷ ᠤᠯᠠᠨ ᠲᠦᠮᠡᠨ ᠤ ᠡᠷᠡᠮᠭᠡᠶᠢᠯᠡᠨ ᠤᠷᠤᠭᠰᠢᠯᠠᠬᠤ ᠳᠤ ᠰᠢᠨ᠎ᠡ ᠬᠦᠳᠡᠯᠭᠡᠭᠴᠢ | ᠬᠦᠴᠦᠨ ᠬᠠᠩᠭᠠᠪᠠ᠃ ᠲᠦᠴᠢᠤᠸᠠᠨ ᠰᠢᠶᠠᠨ ᠤ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠶᠢᠨ ᠲᠡᠷᠢᠬᠦᠯᠡᠭᠴᠢ ᠵᠠᠩ ᠯᠢ | ᠯᠢ᠄ ︽ᠨᠢᠭᠡᠨ ᠤᠯᠤᠰ ᠲᠦᠷᠦ ᠶᠢᠨ ᠵᠦᠪᠯᠡᠯᠭᠡᠨ ᠤ ᠭᠡᠰᠢᠬᠦᠨ ᠪᠤᠯᠤᠭᠰᠠᠨ ᠤ ᠬᠤᠪᠢ ᠳᠤ ᠨᠠᠮ ᠤᠨ ᠠᠷᠪᠠ ᠶᠢᠰᠦᠳᠦᠭᠡᠷ | ᠬᠤᠭᠤᠴᠠᠭᠠᠨ ᠤ ᠲᠦᠪ ᠬᠤᠷᠢᠶᠠᠨ ᠤ ᠲᠠᠪᠤᠳᠤᠭᠠᠷ ᠪᠦᠬᠦᠳᠡ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠬᠤ ᠪᠠᠷ ᠲᠠᠮᠵᠢᠨ | ᠮᠠᠰᠢ ᠬᠦᠨᠵᠡᠭᠡᠢ ᠤᠯᠤᠯᠳᠠ ᠲᠦᠷᠦᠭᠳᠡᠯ ᠲᠠᠢ ᠪᠤᠯᠵᠠᠢ᠃ ᠲᠠᠪᠤᠨ ᠵᠢᠯ ᠤᠨ ᠬᠤᠭᠤᠴᠠᠭᠠᠨ ᠳᠤ ᠲᠦᠴᠢᠤᠸᠠᠨ ᠰᠢᠶᠠᠨ ᠤ | ᠠᠵᠦ ᠠᠬᠤᠢ ᠶᠢᠨ ᠶᠡᠷᠦᠩᠭᠡᠶᠢᠯᠡᠭᠰᠠᠨ ᠪᠤᠳᠠᠳᠦ ᠬᠦᠴᠦᠨ ᠢᠯᠡᠷᠭᠡᠢ ᠲᠡᠭᠡᠭᠰᠢᠯᠡᠵᠦ᠂ ᠬᠤᠳᠠ ᠬᠦᠳᠡᠭᠡ ᠶᠢᠨ ᠲᠦᠷᠢ ᠲᠦᠷᠬᠦ | ᠤᠨᠴᠠᠭᠠᠢᠢᠯᠠᠨ ᠬᠦᠳᠡᠭᠡ ᠲᠤᠰᠬᠤᠨ ᠤ ᠬᠤᠪᠢᠷᠠᠯᠳᠠ ᠲᠦᠢᠯ ᠤᠨ ᠶᠡᠭᠡ᠃ ᠵᠠᠰᠠᠭ ᠵᠠᠬᠢᠷᠭᠠᠨ ᠤ 188 ᠲᠤᠰᠬᠤᠨ ᠪᠦᠷᠢ ᠳᠤ | ᠵᠠᠰᠠᠮᠠᠯ ᠵᠠᠮ ᠨᠡᠪᠳᠡᠷᠡᠵᠦ᠂ ᠪᠦᠬᠦ ᠰᠢᠶᠠᠨ ᠤ ᠨᠤᠷᠠᠬᠤ ᠠᠶᠤᠯᠳᠡᠢ ᠭᠡᠷ ᠪᠠᠶᠢᠰᠢᠩ ᠢ ᠪᠦᠬᠦᠨ ᠢᠶᠠᠷ ᠨᠢ ᠵᠠᠰᠠᠵᠦ ᠰᠢᠨᠡᠳᠭᠡᠨ᠂ | ᠶᠠᠳᠠᠭᠤ ᠬᠦᠴᠢᠷᠳᠡᠯ ᠲᠠᠢ ᠤᠯᠠᠨ ᠲᠦᠮᠡᠨ ᠤ ᠠᠮᠢᠳᠤᠷᠠᠯ ᠤᠨ ᠬᠢᠷᠢ ᠲᠦᠪᠰᠢᠨ ᠢ ᠢᠯᠡᠷᠭᠡᠢ ᠲᠡᠭᠡᠭᠰᠢᠯᠡᠭᠦᠯᠵᠡᠢ᠃ | ᠡᠬᠦᠨ ᠠᠴᠠ ᠬᠤᠶᠢᠰᠢᠳᠠ ᠪᠢ ᠡᠬᠦᠷᠭᠡ ᠬᠠᠷᠢᠭᠤᠴᠠᠯᠭ᠎ᠠ ᠪᠠᠨ ᠦᠷᠬᠦᠯᠵᠢᠯᠡᠨ ᠰᠠᠶᠢᠳᠤᠷ ᠬᠦᠢᠴᠡᠳᠭᠡᠵᠦ᠂ ᠦᠨᠳᠦᠰᠦᠨ | ᠱᠠᠳᠦ ᠪᠠᠷ ᠢᠯᠡᠬᠦᠦ ᠬᠦᠨᠵᠡᠭᠡᠶᠢᠷᠡᠨ᠂ ᠠᠷᠠᠳ ᠤᠯᠠᠨ ᠳᠤ ᠲᠤᠯᠭᠠᠷᠠᠭᠰᠠᠨ ᠬᠦᠴᠢᠷ ᠠᠰᠠᠭᠤᠳᠠᠯ ᠢ ᠲᠡᠭᠡᠳᠦ ᠱᠠᠳᠤᠨ ᠳᠤ | ᠴᠠᠭ ᠲᠤᠬᠠᠢ ᠳᠤ ᠨᠢ ᠲᠤᠰᠬᠠᠵᠦ᠂ ︿ᠠᠷᠪᠠᠨ ᠲᠦᠷᠪᠡᠳᠦᠭᠡᠷ ᠲᠠᠪᠤᠨ ᠵᠢᠯ﹀ ᠤᠨ ᠠᠵᠦ ᠠᠬᠤᠢ ᠨᠡᠶᠢᠭᠡᠮ ᠤᠨ ᠴᠢᠨᠠᠷ | ᠰᠠᠶᠢᠳᠠᠢ ᠬᠦᠭᠵᠢᠯᠳᠡ ᠳᠤ ᠰᠠᠨᠠᠯ ᠰᠠᠨᠠᠭᠤᠯᠭ᠎ᠠ ᠪᠠᠨ ᠢᠳᠡᠪᠬᠢᠳᠡᠢ ᠲᠡᠪᠰᠢᠬᠦᠯᠦᠨ᠎ᠡ︾ ᠭᠡᠵᠦ ᠢᠯᠡᠷᠭᠡᠶᠢᠯᠡᠵᠦ ᠪᠠᠶᠢᠯ᠎ᠠ᠃ | ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠦᠪ ᠬᠤᠷᠢᠶᠠᠨ ᠤ ᠲᠠᠪᠤᠳᠤᠭᠠᠷ ᠪᠦᠬᠦᠳᠡ ᠬᠤᠷᠠᠯ ᠤᠨ ᠵᠤᠷᠢᠭ | ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠭᠰᠠᠨ ᠬᠤᠷᠴᠢᠨ ᠪᠠᠷᠠᠭᠤᠨ ᠭᠠᠷᠤᠨ ᠡᠮᠦᠨᠡᠳᠦ ᠬᠤᠰᠢᠭᠤᠨ ᠤ ᠨᠡᠳᠦᠭᠡᠷ | ᠪᠠᠯᠭᠠᠰᠦ ᠶᠢᠨ ᠲᠤᠸᠠᠨ ᠵᠢᠶᠧ ᠲᠤᠰᠬᠤᠨ ᠤ ᠡᠮᠡᠭᠳᠡᠶᠢᠴᠤᠳ ᠤᠨ ᠬᠤᠯᠪᠤᠭ᠎ᠠ ᠶᠢᠨ ᠲᠡᠷᠢᠬᠦᠯᠡᠭᠴᠢ ᠱᠢ ᠰᠢᠦ ᠹᠠᠩ | ᠲᠦᠢᠯ ᠢᠶᠠᠷ ᠬᠦᠭᠰᠡᠨ ᠪᠠᠶᠠᠷᠯᠠᠵᠦ ᠪᠠᠶᠢᠯ᠎ᠠ᠃ ᠲᠡᠷᠡ᠄ ︽ᠮᠠᠨ ᠤ ᠡᠮᠡᠭᠳᠡᠶᠢᠴᠤᠳ ᠤᠨ ᠬᠤᠯᠪᠤᠭ᠎ᠠ᠂ ᠨᠠᠮ ᠤᠨ | ᠤᠳᠤᠷᠢᠳᠤᠯᠭ᠎ᠠ ᠲᠤᠤᠷᠠᠬᠢ ᠤᠯᠠᠨ ᠲᠦᠮᠡᠨᠴᠢ ᠪᠦᠯᠬᠦᠮ ᠪᠤᠯᠤᠭᠰᠠᠨ ᠤ ᠬᠤᠪᠢ ᠳᠤ ᠪᠦᠬᠦᠳᠡ ᠬᠤᠷᠠᠯ ᠤᠨ ᠵᠤᠷᠢᠭ | ᠰᠠᠨᠠᠭ᠎ᠠ ᠶᠢ ᠬᠦᠨᠵᠡᠭᠡᠢ ᠰᠤᠷᠤᠯᠴᠠᠨ ᠲᠤᠭᠤᠰᠢᠯᠠᠭᠤᠯᠵᠦ᠂ ᠡᠮᠡᠭᠳᠡᠶᠢᠴᠤᠳ ᠲᠤ ᠦᠢᠯᠡᠴᠢᠯᠡᠨ᠂ ᠦᠨᠳᠦᠰᠦᠨ ᠱᠠᠳᠤᠨ ᠳᠤ | ᠦᠢᠯᠡᠴᠢᠯᠡᠵᠦ᠂ ᠡᠮᠡᠭᠳᠡᠶᠢᠴᠤᠳ ᠤᠨ ᠠᠵᠢᠯ ᠪᠤᠯᠤᠨ ᠠᠵᠦ ᠠᠬᠤᠢ ᠨᠡᠶᠢᠭᠡᠮ ᠤᠨ ᠬᠦᠭᠵᠢᠯᠳᠡ ᠶᠢ ᠠᠬᠢᠭᠤᠯᠬᠤ ᠪᠠᠷ | ᠠᠵᠢᠯ ᠤᠨ ᠢᠶᠠᠨ ᠭᠤᠤᠯᠳᠠᠯᠭ᠎ᠠ ᠪᠤᠯᠭᠠᠬᠤ ᠬᠡᠷᠡᠭᠳᠠᠢ᠃ ᠪᠢᠳᠡ ᠪᠦᠬᠦᠳᠡ ᠬᠤᠷᠠᠯ ᠤᠨ ᠵᠤᠷᠢᠭ ᠰᠠᠨᠠᠭ᠎ᠠ ᠪᠠᠷ ᠵᠢᠯᠤᠭᠤᠳᠤᠯᠭ᠎ᠠ | ᠪᠤᠯᠭᠠᠨ᠂ ᠡᠮᠡᠭᠳᠡᠶᠢᠴᠤᠳ ᠲᠤ ᠤᠨᠤᠴᠠᠳᠠᠢ ᠦᠢᠯᠡᠴᠢᠯᠡᠭᠡᠨ ᠬᠠᠩᠭᠠᠬᠤ ᠲᠡᠭᠡᠷ᠎ᠠ ᠬᠦᠴᠦ ᠲᠠᠯᠪᠢᠵᠦ᠂ ᠡᠮᠡᠭᠳᠡᠶᠢᠴᠤᠳ ᠢ | ᠢᠳᠡᠪᠬᠢᠳᠡᠢ ᠲᠠᠶᠢᠴᠢᠯᠠᠨ ᠦᠨᠳᠦᠰᠦᠨ ᠱᠠᠳᠤᠨ ᠤ ᠨᠡᠶᠢᠭᠡᠮ ᠤᠨ ᠵᠠᠰᠠᠯᠳᠠ ᠳᠠᠬᠢ ᠰᠢᠨ᠎ᠡ ᠶᠢ ᠡᠬᠦᠳᠬᠦ ᠠᠵᠢᠯ ᠳᠤ | ᠤᠷᠤᠯᠴᠠᠭᠤᠯᠵᠦ᠂ ᠡᠮᠡᠭᠳᠡᠶᠢᠴᠤᠳ ᠤᠨ ᠵᠤᠬᠢᠶᠠᠨ ᠪᠠᠶᠢᠭᠤᠯᠤᠯᠳᠠ ᠶᠢ ᠨᠡᠩ ᠠᠮᠢᠵᠢᠷᠠᠯ ᠤᠨ ᠬᠦᠴᠦᠨ ᠲᠠᠢ ᠪᠤᠯᠭᠠᠬᠤ ᠪᠠᠷ | ᠴᠢᠷᠮᠠᠶᠢᠨ᠎ᠡ︾ ᠭᠡᠵᠦ ᠬᠡᠯᠡᠵᠦ ᠪᠠᠶᠢᠯ᠎ᠠ᠃ | ︽ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠦᠪ ᠬᠤᠷᠢᠶᠠᠨ ᠤ ᠲᠠᠪᠤᠳᠤᠭᠠᠷ ᠪᠦᠬᠦᠳᠡ ᠬᠤᠷᠠᠯ ᠠᠴᠠ ︿ | ᠠᠷᠪᠠᠨ ᠲᠦᠷᠪᠡᠳᠦᠭᠡᠷ ᠲᠠᠪᠤᠨ ᠵᠢᠯ﹀ ᠤᠨ ᠬᠤᠭᠤᠴᠠᠭᠠᠨ ᠤ ᠠᠵᠦ ᠠᠬᠤᠢ ᠨᠡᠶᠢᠭᠡᠮ ᠤᠨ ᠬᠦᠭᠵᠢᠯᠳᠡ ᠶᠢᠨ ᠵᠢᠯᠤᠭᠤᠳᠬᠤ | ᠦᠵᠡᠯ ᠰᠠᠨᠠᠭ᠎ᠠ ᠶᠢ ᠲᠤᠷᠠᠳᠤᠨ ᠭᠠᠷᠭᠠᠪᠠ᠂ ᠪᠢᠳᠡ ᠪᠠᠰᠠ ᠤᠯᠤᠰ ᠤᠨ ᠠᠯᠬᠤᠭ᠎ᠠ ᠶᠢ ᠴᠢᠩᠭ᠎ᠠ ᠲᠠᠭᠠᠵᠦ᠂ ᠰᠢᠨᠵᠢᠯᠡᠬᠦ | ᠤᠬᠠᠭᠠᠨ ᠮᠡᠷᠭᠡᠵᠢᠯ ᠢ ᠢᠯᠡᠬᠦᠦ ᠰᠤᠷᠤᠯᠴᠠᠨ᠂ ᠠᠵᠦ ᠦᠢᠯᠡᠰ ᠤᠨ ᠤᠳᠤᠬᠢᠴᠢᠯᠠᠭᠰᠠᠨ ᠬᠦᠭᠵᠢᠯᠳᠡ ᠶᠢᠨ ᠬᠢᠷᠢ ᠲᠦᠪᠰᠢᠨ ᠢ | ᠲᠡᠭᠡᠭᠰᠢᠯᠡᠬᠦᠯᠵᠦ᠂ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠳᠤ ᠬᠤᠪᠢ ᠨᠡᠮᠡᠷᠢ ᠦᠵᠡᠬᠦᠯᠬᠦ ᠪᠠᠷ ᠴᠢᠷᠮᠠᠶᠢᠨ᠎ᠠ᠃ | ᠡᠨᠡ ᠬᠡᠳᠦᠨ ᠵᠢᠯ ᠳᠠᠬᠢ ᠶᠠᠳᠠᠭᠤ ᠶᠢ ᠲᠡᠳᠬᠦᠬᠦ ᠠᠵᠢᠯ ᠢᠯᠡᠷᠭᠡᠢ ᠦᠷ᠎ᠠ ᠪᠦᠳᠦᠮᠵᠢ ᠤᠯᠵᠦ᠂ ᠮᠠᠯᠴᠢᠨ ᠲᠠᠷᠢᠶᠠᠴᠢᠳ ᠤᠨ | ᠤᠷᠤᠯᠭ᠎ᠠ ᠴᠦ ᠨᠡᠮᠡᠭᠳᠡᠯ᠎ᠠ᠂ ᠮᠠᠨ ᠤ ᠲᠤᠰᠬᠠᠢ ᠬᠤᠷᠰᠢᠶᠠᠵᠢᠯ ᠲᠡᠭᠡᠳᠦ ᠱᠠᠳᠤᠨ ᠤ ᠲᠡᠮᠵᠢᠯᠭᠡ ᠪᠠᠷ ᠡᠰᠢ ᠰᠦᠷᠡᠯ ᠢ ᠢᠰᠭᠡᠵᠦ | ᠪᠤᠷᠳᠤᠭᠤᠷ ᠪᠤᠯᠭᠠᠵᠦ᠂ ᠠᠷᠠᠳ ᠤᠯᠠᠨ ᠳᠤ ᠰᠠᠶᠢᠳᠤᠷ ᠦᠢᠯᠡᠴᠢᠯᠡᠵᠦ ᠪᠠᠶᠢᠨ᠎ᠠ︾ ᠭᠡᠵᠦ ᠲᠤᠮᠳᠠᠳᠦ ᠬᠤᠰᠢᠭᠤᠨ ᠤ | ᠰᠢᠨᠡᠵᠠᠮ ᠰᠤᠮᠦ ᠶᠢᠨ ᠲᠢᠶᠧ ᠹᠧᠩ ᠲᠡᠵᠢᠭᠡᠪᠦᠷᠢ ᠶᠢᠨ ᠲᠤᠰᠬᠠᠢ ᠬᠤᠷᠰᠢᠶᠠᠵᠢᠯ ᠤᠨ ᠬᠠᠷᠢᠭᠤᠴᠠᠯᠭᠠᠳᠠᠨ ᠴᠢ ᠲᠢᠶᠧ ᠹᠧᠩ | ᠶᠠᠷᠢᠵᠦ ᠪᠠᠶᠢᠯ᠎ᠠ᠃ |