︽ᠪᠥᠬᠦ ᠣᠷᠣᠨ ᠳᠤ ᠨᠡᠶᠢᠳᠡᠮ ᠭᠦᠢᠴᠡᠳᠬᠡᠬᠦ ᠴᠣᠩᠬᠤᠪᠴᠢ ᠨᠢ ᠣᠨᠴᠠᠭᠠᠶ ᠳᠥᠬᠦᠮ ᠂ ᠡᠮᠨᠡᠯᠭᠡ ᠳᠤ ᠰᠠᠭᠤᠭᠰᠠᠨ ᠵᠠᠷᠤᠳᠠᠯ ᠤᠨ ᠲᠠᠩᠰᠠ ᠶᠢ ᠲᠠᠶᠢᠯᠬᠤ ᠳᠤ ᠬᠤᠶᠠᠷ ᠭᠠᠵᠠᠷ ᠤᠨ ᠬᠤᠭᠤᠷᠤᠨᠳᠤ ᠨᠠᠭᠠᠰᠢ ᠴᠠᠭᠠᠰᠢ ᠭᠦᠶᠦᠬᠦ ᠴᠢᠬᠤᠯᠠ ᠦᠭᠡᠢ᠂ ᠡᠨᠡ ᠨᠢ ᠲᠣᠰ ᠭᠠᠵᠠᠷ ᠲᠤ ᠪᠠᠨ ᠳᠠᠭᠠᠳᠬᠠᠯ ᠳᠤ ᠣᠷᠣᠯᠴᠠᠭᠰᠠᠨ ᠦᠭᠡᠢ ᠮᠠᠨᠤᠰ ᠲᠤ ᠠᠪᠴᠤ ᠬᠡᠯᠡᠪᠡᠯ ᠦᠨᠡᠬᠡᠷ ᠲᠥᠬᠦᠮ ᠪᠣᠯᠪᠠ᠃ ︾ ᠨᠢᠳᠤᠨᠤᠨ ᠤ 7 ᠳ᠋ᠤᠭᠠᠷ ᠰᠠᠷ᠎ᠠ ᠳᠤ᠂ ᠤᠯᠠᠭᠠᠢ ᠬᠠᠮᠢᠶᠠᠷᠤᠯᠲᠠ ᠶᠢᠨ ᠣᠷᠣᠨ ᠳᠤ ᠰᠠᠭᠤᠭ᠎ᠠ ᠸᠠᠩ ᠠᠪᠤᠭᠠᠢ ︽ᠪᠥᠬᠦ ᠣᠷᠣᠨ ᠳᠤ ᠨᠡᠶᠢᠳᠡᠮ ᠭᠦᠢᠴᠡᠳᠬᠡᠬᠦ︾ ᠲᠤᠬᠠᠶᠢᠯᠠᠭᠰᠠᠨ ᠠᠵᠢᠯ ᠢ ᠭᠦᠢᠴᠡᠳᠬᠡᠬᠦ ᠳᠠᠷᠠᠭᠠᠯᠠᠯ ᠢᠶᠠᠷ ᠳᠡᠮᠵᠢᠨ᠂ ᠬᠢᠩᠭᠠᠨ ᠠᠶᠢᠮᠠᠭ ᠲᠤ ᠳᠠᠭᠠᠳᠬᠠᠯ ᠳᠤ ᠣᠷᠣᠯᠴᠠᠭᠰᠠᠨ ᠡᠬᠡᠨᠡᠷ ᠤᠨ ᠢᠶᠠᠨ ᠡᠮᠨᠡᠯᠭᠡ ᠳᠤ ᠰᠠᠭᠤᠭᠰᠠᠨ ᠵᠠᠷᠤᠳᠠᠯ ᠤᠨ ᠲᠠᠩᠰᠠ ᠲᠠᠶᠢᠯᠬᠤ ᠲᠤᠬᠠᠶᠢᠯᠠᠭᠰᠠᠨ ᠠᠵᠢᠯ ᠢ ᠠᠮᠵᠢᠯᠲᠠᠲᠠᠢ ᠭᠤᠶᠤᠴᠢᠯᠠᠨ ᠭᠦᠢᠴᠡᠳᠬᠡᠵᠡᠢ᠃
︽ᠮᠤᠵᠢ ᠠᠯᠤᠰᠯᠠᠨ ᠨᠡᠶᠢᠳᠡᠮ ᠭᠦᠢᠴᠡᠳᠬᠡᠬᠦ ︾ ᠪᠠ ᠰᠦᠯᠵᠢᠶᠡᠨ ᠠᠴᠠ ᠭᠠᠳᠠᠭᠤᠷᠬᠢ ︽ᠪᠥᠬᠦ ᠣᠷᠣᠨ ᠳᠤ ᠨᠡᠶᠢᠳᠡᠮ ᠭᠦᠢᠴᠡᠳᠬᠡᠬᠦ ︾ ᠠᠵᠢᠯ ᠢ ᠭᠥᠯᠢᠶᠡᠨ ᠠᠪᠤᠭᠰᠠᠨ ᠠᠴᠠ ᠨᠠᠭᠠᠰᠢ ᠂ ᠰᠢᠯᠢ ᠶᠢᠨ ᠭᠤᠣᠯ ᠠᠶᠢᠮᠠᠭ ︽ᠬᠤᠶᠠᠷ ᠨᠡᠶᠢᠳᠡᠮ ᠭᠦᠢᠴᠡᠳᠬᠡᠬᠦ ︾ ᠶᠢ ᠤᠶᠠᠯᠳᠤᠭᠤᠯᠤᠨ ᠭᠦᠢᠴᠡᠳᠬᠡᠬᠦ ᠶᠢ ᠢᠳᠡᠪᠬᠢᠲᠡᠢ ᠠᠬᠢᠭᠤᠯᠵᠤ᠂ ᠡᠯ᠎ᠡ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ︽ᠮᠤᠵᠢ ᠠᠯᠤᠰᠯᠠᠨ ᠨᠡᠶᠢᠳᠡᠮ ᠭᠦᠢᠴᠡᠳᠬᠡᠬᠦ ︾ ᠴᠣᠩᠬᠤᠪᠴᠢ ᠳᠤ ︽ᠪᠥᠬᠦ ᠣᠷᠣᠨ ᠳᠤ ᠨᠡᠶᠢᠳᠡᠮ ᠭᠦᠢᠴᠡᠳᠬᠡᠬᠦ ︾ ᠱᠣᠰᠢᠭ᠎ᠠ ᠶᠢ ᠨᠡᠮᠡᠵᠦ ᠡᠯᠭᠦᠭᠡᠳ ᠂ ᠶᠡᠷᠦᠩᠬᠡᠶᠢᠯᠡᠭᠰᠡᠨ ᠴᠣᠩᠬᠤᠪᠴᠢ ᠶᠢᠨ ᠨᠢᠭᠡᠳᠦᠯᠲᠡᠢ ᠬᠠᠮᠢᠶᠠᠷᠤᠯᠲᠠ ᠳᠤ ᠣᠷᠣᠭᠤᠯᠵᠠᠢ ᠃ ᠰᠢᠯᠢ ᠶᠢᠨ ᠭᠤᠣᠯ ᠠᠶᠢᠮᠠᠭ ᠨᠢ ᠨᠢᠭᠡ ᠴᠣᠭᠴᠠᠵᠢᠭᠤᠯᠤᠭᠰᠠᠨ ᠲᠠᠪᠴᠠᠩ ᠵᠢᠴᠢ ᠡᠯ᠎ᠡ ᠰᠠᠯᠠᠭ᠎ᠠ ᠮᠥᠴᠢᠷ ᠤᠨ ᠲᠤᠰᠬᠠᠢ ᠮᠡᠷᠭᠡᠵᠢᠯ ᠤᠨ ᠲᠠᠪᠴᠠᠩ ᠳᠤ ᠳᠤᠯᠳᠤᠶᠢᠳᠴᠤ ᠂ ᠪᠥᠬᠦ ᠶᠠᠪᠤᠴᠠ ᠶᠢ ᠰᠦᠯᠵᠢᠶᠡᠨ ᠳᠡᠭᠡᠷ᠎ᠡ ᠭᠦᠢᠴᠡᠳᠬᠡᠬᠦ᠂ ᠣᠨᠳᠣᠣ ᠭᠠᠵᠠᠷ ᠤᠨ ᠬᠢ ᠣᠷᠣᠯᠠᠨ ᠬᠤᠷᠢᠶᠠᠵᠤ ᠣᠷᠣᠯᠠᠨ ᠭᠦᠢᠴᠡᠳᠬᠡᠬᠦ᠂ ᠣᠯᠠᠨ ᠭᠠᠵᠠᠷ ᠬᠠᠮᠲᠤᠷᠠᠨ ᠭᠦᠢᠴᠡᠳᠬᠡᠬᠦ ᠪᠠ ᠶᠡᠷᠦᠩᠬᠡᠶᠢᠯᠡᠭᠰᠡᠨ ᠴᠣᠩᠬᠤᠪᠴᠢ ᠪᠠᠷ ᠭᠦᠢᠴᠡᠳᠬᠡᠬᠦ ᠵᠡᠷᠭᠡ ᠵᠠᠭᠪᠤᠷ ᠤᠳ ᠢ ᠬᠡᠷᠡᠭᠯᠡᠨ ᠂ ︽ᠬᠤᠶᠠᠷ ᠨᠡᠶᠢᠳᠡᠮ ᠭᠦᠢᠴᠡᠳᠬᠡᠬᠦ︾ ᠵᠦᠢᠯᠡᠰ ᠢ ᠰᠦᠯᠵᠢᠶᠡᠨ ᠳᠡᠭᠡᠷ᠎ᠡ ᠪᠠ ᠰᠦᠯᠵᠢᠶᠡᠨ ᠠᠴᠠ ᠭᠠᠳᠠᠭᠤᠷᠬᠢ ᠣᠯᠠᠨ ᠠᠷᠭ᠎ᠠ ᠵᠠᠮ᠂ ᠣᠯᠠᠨ ᠠᠷᠭ᠎ᠠ ᠮᠠᠶ᠋ᠢᠭ ᠢᠶᠠᠷ ᠤᠶᠠᠯᠳᠤᠭᠤᠯᠤᠨ ᠭᠦᠢᠴᠡᠳᠬᠡᠬᠦ ᠶᠢ ᠪᠡᠶᠡᠯᠡᠭᠦᠯᠦᠭᠰᠡᠨ ᠪᠠᠶᠢᠨ᠎ᠠ ᠃ ᠨᠢᠳᠤᠨᠤᠨ ᠤ ᠵᠢᠯ ᠤᠨ ᠡᠴᠦᠰ ᠪᠣᠯᠲᠠᠯ᠎ᠠ᠂ ᠰᠢᠯᠢ ᠶᠢᠨ ᠭᠤᠣᠯ ᠠᠶᠢᠮᠠᠭ ᠨᠢ ᠨᠢᠭᠡᠨᠲᠡ ᠨᠢᠭᠡ ᠴᠣᠭᠴᠠᠵᠢᠭᠤᠯᠤᠭᠰᠠᠨ ᠲᠠᠪᠴᠠᠩ ᠤᠨ ᠪᠥᠬᠦ ᠣᠷᠣᠨ ᠳᠤ ᠨᠡᠶᠢᠳᠡᠮ ᠭᠦᠢᠴᠡᠳᠬᠡᠬᠦ ᠲᠤᠰᠬᠠᠢ ᠲᠣᠭᠤᠷᠢᠭ ᠢᠶᠠᠷ ᠳᠠᠮᠵᠢᠭᠤᠯᠤᠨ ︽ᠪᠥᠬᠦ ᠣᠷᠣᠨ ᠳᠤ ᠨᠡᠶᠢᠳᠡᠮ ᠭᠦᠢᠴᠡᠳᠬᠡᠬᠦ ︾ ᠲᠤᠬᠠᠶᠢᠯᠠᠭᠰᠠᠨ ᠠᠵᠢᠯ ᠢ 78 ᠭᠥᠯᠢᠶᠡᠨ ᠠᠪᠴᠤ ᠰᠢᠯᠵᠢᠭᠦᠯᠦᠨ ᠭᠦᠢᠴᠡᠳᠬᠡᠵᠦ᠂ 68 ᠵᠦᠢᠯ ᠢ ᠭᠥᠯᠢᠶᠡᠨ ᠠᠪᠴᠤ ᠰᠢᠯᠵᠢᠭᠦᠯᠦᠨ ᠭᠦᠢᠴᠡᠳᠬᠡᠵᠦ᠂ 68 ᠵᠦᠢᠯ ᠢ ᠬᠢᠨᠠᠨ ᠵᠥᠪᠰᠢᠶᠡᠷᠡᠵᠦ ᠭᠦᠢᠴᠡᠳᠬᠡᠨ ᠲᠠᠭᠤᠰᠬᠠᠵᠠᠢ᠃ ᠲᠣᠭᠲᠠᠭᠰᠠᠨ ᠬᠤᠭᠤᠴᠠᠭᠠᠨ ᠳᠤ ᠰᠢᠯᠵᠢᠭᠦᠯᠦᠨ ᠭᠦᠢᠴᠡᠳᠬᠡᠬᠦ ᠪᠠ ᠬᠢᠨᠠᠨ ᠵᠥᠪᠰᠢᠶᠡᠷᠡᠬᠦ ᠶᠢ ᠭᠦᠢᠴᠡᠳᠬᠡᠨ ᠳᠠᠭᠤᠰᠬᠠᠭᠰᠠᠨ ᠨᠣᠷᠮ᠎ᠠ 100% ᠳᠤ ᠬᠥᠷᠪᠡ᠃
︽ᠬᠤᠶᠠᠷ ᠨᠡᠶᠢᠳᠡᠮ ᠭᠦᠢᠴᠡᠳᠬᠡᠬᠦ ︾ ᠨᠢ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ ᠡᠮᠴᠢᠯᠡᠭᠡᠨ ᠤ ᠪᠠᠲᠤᠯᠠᠭ᠎ᠠ ᠂ ᠠᠷᠠᠳ ᠤᠨ ᠶᠠᠪᠤᠳᠠᠯ᠂ ᠪᠠᠶᠢᠭᠠᠯᠢ ᠶᠢᠨ ᠡᠬᠢ ᠪᠠᠶᠠᠯᠢᠭ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠵᠡᠷᠭᠡ 14 ᠰᠠᠯᠠᠭ᠎ᠠ ᠮᠥᠴᠢᠷ ᠲᠤ ᠬᠤᠯᠪᠣᠭᠳᠠᠨ᠎ᠠ᠃ ᠰᠢᠯᠢ ᠶᠢᠨ ᠭᠤᠣᠯ ᠠᠶᠢᠮᠠᠭ ᠤᠨ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠨᠢ ᠥᠪᠡᠷᠲᠡᠭᠡᠨ ᠵᠠᠰᠠᠬᠤ ᠣᠷᠣᠨ ᠤ ᠠᠵᠢᠯ ᠲᠥᠷᠥᠯ ᠤᠨ ᠳᠡᠭᠡᠳᠦ ᠱᠠᠲᠤᠨ ᠤ ᠰᠠᠯᠠᠭ᠎ᠠ ᠮᠥᠴᠢᠷ ᠤᠳ ᠲᠠᠢ ᠪᠠᠨ ᠢᠳᠡᠪᠬᠢᠲᠡᠢ ᠵᠣᠯᠭᠠᠯᠳᠤᠵᠤ ᠂ ᠲᠣᠰ ᠰᠢᠰᠲ᠋ᠧᠮ᠂ ᠲᠣᠰ ᠬᠦᠷᠢᠶᠡᠨ ᠤ ᠵᠦᠢᠯᠡᠰ ᠢ ᠲᠠᠨᠢᠵᠤ ᠠᠪᠬᠤ᠂ ᠨᠠᠶᠢᠷᠠᠭᠤᠯᠤᠨ ᠲᠤᠭᠤᠷᠪᠢᠬᠤ᠂ ᠬᠢᠨᠠᠨ ᠬᠠᠷᠭᠤᠭᠤᠯᠬᠤ᠂ ᠨᠡᠶᠢᠲᠡᠯᠡᠬᠦ ᠵᠡᠷᠭᠡ ᠲᠠᠯ᠎ᠠ ᠶᠢᠨ ᠠᠵᠢᠯ ᠤᠳ ᠢᠶᠠᠨ ᠦᠨᠡᠨ ᠬᠦ ᠰᠠᠶᠢᠲᠤᠷ ᠬᠢᠵᠦ ᠪᠠᠶᠢᠨ᠎ᠠ᠃ ᠡᠭᠦᠨ ᠤ ᠬᠠᠮᠲᠤ᠂ ᠵᠢᠯᠤᠳᠤᠭᠤᠯᠭ᠎ᠠ ᠪᠣᠯᠪᠠᠰᠤᠷᠠᠯ ᠢ ᠢᠳᠡᠪᠬᠢᠲᠡᠢ ᠥᠷᠨᠢᠭᠦᠯᠦᠨ ᠂ ᠭᠥᠯᠢᠶᠡᠨ ᠠᠪᠴᠤ ᠭᠦᠢᠴᠡᠳᠬᠡᠬᠦ ᠂ ᠰᠢᠯᠵᠢᠭᠦᠯᠦᠨ ᠭᠦᠢᠴᠡᠳᠬᠡᠬᠦ ᠴᠣᠩᠬᠤᠪᠴᠢ ᠶᠢᠨ ᠠᠵᠢᠯᠲᠠᠳ ᠢ ᠲᠥᠷᠥ ᠶᠢᠨ ᠪᠣᠳᠣᠯᠭ᠎ᠠ᠂ ᠲᠤᠬᠠᠶᠢᠯᠠᠭᠰᠠᠨ ᠠᠵᠢᠯ᠂ ᠠᠯᠬᠤᠮ ᠳᠠᠷᠠᠭ᠎ᠠ ᠳᠤ ᠪᠣᠯᠪᠠᠰᠤᠷᠠᠩᠭᠤᠢ ᠪᠣᠯᠭᠠᠵᠤ᠂ ᠣᠷᠣᠯᠠᠨ ᠬᠤᠷᠢᠶᠠᠵᠤ ᠰᠢᠯᠵᠢᠭᠦᠯᠦᠨ ᠭᠦᠢᠴᠡᠳᠬᠡᠬᠦ ᠵᠦᠢᠯᠡᠰ ᠢ ᠨᠢᠭᠡ ᠯᠡ ᠤᠳᠠᠭ᠎ᠠ ᠳᠤ ᠲᠤᠰᠢᠶᠠᠬᠤ᠂ ᠨᠢᠭᠡ ᠯᠡ ᠴᠣᠩᠬᠤᠪᠴᠢ ᠪᠠᠷ ᠰᠢᠯᠵᠢᠭᠦᠯᠦᠨ ᠭᠦᠢᠴᠡᠳᠬᠡᠬᠦ ᠶᠢ ᠪᠡᠶᠡᠯᠡᠭᠦᠯᠬᠦ ᠳᠤ ᠬᠦᠴᠦᠲᠡᠢ ᠪᠠᠲᠤᠯᠠᠭ᠎ᠠ ᠬᠠᠩᠭᠠᠭᠰᠠᠨ ᠪᠠᠶᠢᠨ᠎ᠠ᠃
ᠲᠠᠷᠠᠭᠠᠴᠢ ᠪᠠᠷ᠂ ᠰᠢᠯᠢ ᠶᠢᠨ ᠭᠤᠣᠯ ᠠᠶᠢᠮᠠᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠨᠢ ᠠᠶᠢᠮᠠᠭ ᠤᠨ ᠰᠢᠭᠤᠳ ᠬᠠᠷᠢᠶ᠎ᠠ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠪᠠ ᠡᠯ᠎ᠡ ᠭᠠᠵᠠᠷ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠠᠯᠠᠭ᠎ᠠ ᠮᠥᠴᠢᠷ ᠯᠦᠭᠡ ᠶᠢᠨ ᠣᠶᠢᠯᠠᠭᠠᠯᠴᠠᠭ᠎ᠠ ᠬᠠᠷᠢᠯᠴᠠᠭ᠎ᠠ ᠪᠠᠨ ᠴᠢᠨᠠᠭᠰᠢᠳᠠ ᠤᠯᠠᠮ ᠴᠢᠩᠭᠠᠳᠬᠠᠵᠤ᠂ ᠬᠥᠭᠵᠢᠯᠲᠡ ᠶᠢᠨ ᠬᠡᠷᠡᠭᠴᠡᠭᠡ ᠪᠠ ᠠᠵᠤ ᠠᠬᠤᠶᠢᠯᠠᠯ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠳᠤ ᠨᠡᠶᠢᠴᠡᠭᠰᠡᠨ ︽ᠣᠷᠣᠨ ᠪᠦᠰᠡ ᠠᠯᠤᠰᠯᠠᠨ ᠨᠡᠶᠢᠳᠡᠮ ᠭᠦᠢᠴᠡᠳᠬᠡᠬᠦ︾ ᠦᠢᠯᠡᠴᠢᠯᠡᠭᠡ ᠬᠠᠩᠭᠠᠨ᠎ᠠ᠃ ᠡᠭᠦᠨ ᠤ ᠬᠠᠮᠲᠤ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠰᠦᠯᠵᠢᠶᠡᠨ ᠳᠡᠭᠡᠷ᠎ᠡ ᠴᠠᠭ ᠢᠮᠠᠭᠲᠠ ᠭᠦᠢᠴᠡᠳᠬᠡᠬᠦ᠂ ᠪᠥᠬᠦ ᠬᠦᠷᠢᠶᠡᠨ ᠤ ᠣᠶᠢᠷ᠎ᠠ ᠬᠠᠪᠢ ᠳᠤ ᠨᠢ ᠭᠦᠢᠴᠡᠳᠬᠡᠬᠦ᠂ ᠬᠢᠯᠪᠠᠷ ᠲᠦᠷᠭᠡᠨ ᠭᠦᠢᠴᠡᠳᠬᠡᠬᠦ ᠶᠢ ᠦᠷᠭᠦᠯᠵᠢᠯᠡᠨ ᠰᠢᠯᠢᠳᠡᠭᠵᠢᠭᠦᠯᠵᠦ᠂︽ᠲᠣᠰ ᠭᠠᠵᠠᠷ ᠪᠠ ᠣᠨᠳᠣᠣ ᠭᠠᠵᠠᠷ ᠤᠨ ᠬᠢ ᠵᠡᠷᠭᠡ ᠪᠠᠷ ᠭᠦᠢᠴᠡᠳᠬᠡᠬᠦ ︾ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠠᠭᠪᠤᠷ ᠢ ᠲᠠᠰᠤᠷᠠᠯᠲᠠ ᠦᠭᠡᠢ ᠭᠦᠨᠵᠡᠭᠡᠶᠢᠷᠡᠭᠦᠯᠦᠨ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠴᠢᠨᠠᠷ ᠢ ᠳᠡᠭᠡᠭᠰᠢᠯᠡᠭᠦᠯᠦᠨ ᠠᠰᠢᠭ ᠢ ᠨᠡᠮᠡᠭᠳᠡᠭᠦᠯᠬᠦ ᠶᠢ ᠴᠢᠷᠮᠠᠶᠢᠨ ᠪᠡᠶᠡᠯᠡᠭᠦᠯᠵᠦ᠂ ᠰᠢᠯᠢ ᠶᠢᠨ ᠭᠤᠣᠯ ᠠᠶᠢᠮᠠᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠦᠪᠰᠢᠨ ᠢ ᠬᠦᠴᠦᠯᠡᠨ ᠳᠡᠭᠡᠭᠰᠢᠯᠡᠭᠦᠯᠦᠨ᠎ᠡ᠃