ᠰᠢᠨᠬᠤᠸᠠ ᠬᠤᠷᠢᠶᠠᠨ ᠤ ᠪᠡᠭᠡᠵᠢᠩ ᠤᠨ 8 ᠳ᠋ᠤᠭᠠᠷ ᠰᠠᠷ᠎ᠠ ᠶᠢᠨ 19 ᠤ ᠴᠠᠬᠢᠯᠭᠠᠨ ᠮᠡᠳᠡᠭᠡ ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ 8 ᠳ᠋ᠤᠭᠠᠷ ᠰᠠᠷ᠎ᠠ ᠶᠢᠨ 19 ᠤ ᠡᠳᠦᠷ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯᠳᠤᠭᠠᠨ ᠢ ᠡᠷᠬᠢᠯᠡᠨ ᠬᠤᠷᠠᠯᠳᠤᠭᠤᠯᠵᠤ᠂ ︽ᠥᠨᠳᠥᠷ ᠲᠦᠪᠰᠢᠨ ᠪᠦᠬᠦᠢ ᠨᠡᠭᠡᠭᠡᠯᠲᠡ ᠪᠠᠷ ᠦᠢᠯᠡᠴᠢᠯᠡᠭᠡᠨ ᠤ ᠠᠷᠠᠯᠵᠢᠶᠠᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ ᠰᠠᠨᠠᠯ︾ ᠪᠠ ︽ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠤᠯᠲᠠ ᠶᠢ ᠵᠥᠪᠰᠢᠶᠡᠷᠡᠨ ᠣᠷᠣᠭᠤᠯᠬᠤ ᠣᠨᠴᠠᠭᠠᠢ ᠬᠠᠮᠢᠶᠠᠷᠤᠯᠲᠠ ᠶᠢᠨ ᠠᠷᠭ᠎ᠠ ᠬᠡᠮᠵᠢᠶ᠎ᠡ ︵ᠨᠠᠵᠠᠭᠠᠢ ᠲᠠᠯ᠎ᠠ ᠶᠢᠨ ᠨᠠᠷᠢᠨ ᠲᠠᠩᠰᠠ︶ ︵2024 ᠣᠨ ᠤ ᠬᠡᠪᠯᠡᠯ︶︾ ᠶᠢ ᠬᠢᠨᠠᠨ ᠵᠥᠪᠯᠡᠵᠦ ᠪᠠᠲᠤᠯᠠᠨ᠂ ︽ᠬᠠᠤᠯᠢ ᠲᠣᠭᠲᠠᠭᠠᠯ ᠳᠦᠷᠢᠮ ᠲᠣᠭᠲᠠᠭᠠᠯ ᠢ ᠪᠦᠷᠢᠳᠬᠡᠨ ᠳᠠᠩᠰᠠᠯᠠᠵᠤ ᠬᠢᠨᠠᠨ ᠪᠠᠶᠢᠴᠠᠭᠠᠬᠤ ᠲᠦᠷᠢᠮ ︵ᠡᠬᠡ ᠲᠥᠰᠦᠯ︶︾ ᠪᠠ ︽ᠬᠤᠳᠠ ᠶᠢᠨ ᠤᠯᠠᠨ ᠨᠡᠶᠢᠲᠡ ᠶᠢᠨ ᠵᠠᠮ ᠬᠠᠷᠢᠯᠴᠠᠭᠠᠨ ᠤ ᠲᠦᠷᠢᠮ ︵ᠡᠬᠡ ᠲᠥᠰᠦᠯ︶︾ ᠢ ᠬᠢᠨᠠᠨ ᠵᠥᠪᠯᠡᠵᠦ ᠪᠠᠲᠤᠯᠠᠨ᠂ ᠲᠤᠰᠬᠠᠢ ᠨᠠᠷᠢᠯᠢᠭ ᠣᠨᠴᠠ ᠰᠢᠨ᠎ᠡ ᠳᠤᠮᠳᠠ ᠵᠢᠵᠢᠭ ᠠᠵᠤ ᠠᠬᠤᠶᠢᠯᠠᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠦᠷᠦ ᠶᠢᠨ ᠪᠤᠳᠤᠯᠭ᠎ᠠ ᠶᠢᠨ ᠠᠷᠭ᠎ᠠ ᠬᠡᠮᠵᠢᠶ᠎ᠡ ᠶᠢ ᠰᠤᠳᠤᠯᠵᠤ᠂ ᠵᠢᠶᠠᠩᠰᠦ ᠶᠢᠨ ᠰᠢᠤᠢ ᠸᠧᠢ ᠶᠢᠨ ᠨᠢᠭᠡᠳᠦᠭᠡᠷ ᠬᠤᠭᠤᠴᠠᠭᠠᠨ ᠤ ᠢᠨᠵᠧᠨᠧᠷᠢᠩ ᠵᠡᠷᠭᠡ ᠴᠥᠮ᠎ᠡ ᠶᠢᠨ ᠴᠠᠬᠢᠯᠭᠠᠨ ᠤ ᠲᠠᠪᠤᠨ ᠲᠦᠷᠦᠯ ᠵᠦᠢᠯ ᠢ ᠬᠢᠨᠠᠨ ᠵᠥᠪᠰᠢᠶᠡᠷᠡᠬᠦ ᠪᠠᠷ ᠲᠣᠭᠲᠠᠪᠠ᠃
ᠬᠤᠷᠠᠯᠳᠤᠭᠠᠨ ᠢᠶᠠᠷ᠂ ᠦᠢᠯᠡᠴᠢᠯᠡᠭᠡᠨ ᠤ ᠠᠷᠠᠯᠵᠢᠶ᠎ᠠ ᠶᠢ ᠲᠦᠷᠭᠡᠳᠬᠡᠨ ᠬᠥᠭᠵᠢᠭᠦᠯᠬᠦ ᠪᠣᠯ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠳᠡ ᠶᠢ ᠥᠷᠭᠡᠳᠬᠡᠬᠦ᠂ ᠭᠠᠳᠠᠭᠠᠳᠤ ᠠᠷᠠᠯᠵᠢᠶᠠᠨ ᠤ ᠬᠥᠭᠵᠢᠯᠲᠡ ᠶᠢᠨ ᠰᠢᠨ᠎ᠡ ᠬᠥᠳᠡᠯᠭᠡᠬᠦ ᠬᠦᠴᠦᠨ ᠢ ᠪᠤᠶᠢᠵᠢᠭᠤᠯᠬᠤ ᠶᠢᠨ ᠵᠠᠶᠢᠯᠠᠰᠢ ᠦᠭᠡᠢ ᠱᠠᠭᠠᠷᠳᠠᠯᠭ᠎ᠠ ᠮᠥᠨ᠃ ᠦᠢᠯᠡᠴᠢᠯᠡᠭᠡᠨ ᠤ ᠠᠷᠠᠯᠵᠢᠶᠠᠨ ᠤ ᠴᠢᠯᠦᠭᠡᠵᠢᠬᠦ ᠳᠥᠭᠦᠮᠯᠡᠬᠦ ᠬᠢᠷᠢ ᠲᠦᠪᠰᠢᠨ ᠢ ᠳᠡᠭᠡᠭᠰᠢᠯᠡᠭᠦᠯᠵᠦ᠂ ᠬᠢᠯᠢ ᠠᠯᠤᠰᠯᠠᠭᠰᠠᠨ ᠦᠢᠯᠡᠴᠢᠯᠡᠭᠡᠨ ᠤ ᠠᠷᠠᠯᠵᠢᠶᠠᠨ ᠤ ᠨᠠᠵᠠᠭᠠᠢ ᠲᠠᠯ᠎ᠠ ᠶᠢᠨ ᠨᠠᠷᠢᠨ ᠲᠠᠩᠰᠠ ᠶᠢᠨ ᠬᠠᠮᠢᠶᠠᠷᠤᠯᠲᠠ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠦᠢᠯᠡᠴᠢᠯᠡᠭᠡᠨ ᠤ ᠦᠢᠯᠡᠰ ᠤᠨ ᠨᠡᠭᠡᠭᠡᠯᠳᠠ ᠪᠠᠨ ᠥᠷᠭᠡᠳᠬᠡᠬᠦ ᠶᠡᠷᠦᠩᠬᠡᠶᠢᠯᠡᠭᠰᠡᠨ ᠲᠤᠷᠰᠢᠯᠲᠠ ᠶᠢᠨ ᠴᠡᠭ ᠤᠨ ᠵᠢᠱᠢᠶ᠎ᠡ ᠦᠵᠡᠭᠦᠯᠬᠦ ᠶᠢ ᠠᠬᠢᠭᠤᠯᠵᠤ᠂ ᠴᠢᠳᠠᠪᠤᠷᠢᠲᠠᠨ᠂ ᠪᠡᠯᠡ ᠮᠥᠩᠭᠦ᠂ ᠮᠡᠷᠭᠡᠵᠢᠯ ᠤᠨ ᠦᠷ᠎ᠡ ᠪᠦᠲᠦᠭᠡᠯ᠂ ᠳ᠋ᠠᠶᠢᠲ᠋ᠠ ᠵᠡᠷᠭᠡ ᠡᠬᠢ ᠪᠠᠶᠠᠯᠢᠭ ᠤᠨ ᠬᠦᠴᠦᠨ ᠵᠦᠢᠯ ᠤᠨ ᠬᠢᠯᠢ ᠠᠯᠤᠰᠯᠠᠭᠰᠠᠨ ᠰᠢᠯᠵᠢᠯᠲᠡ ᠶᠢ ᠠᠬᠢᠭᠤᠯᠬᠤ ᠬᠡᠷᠡᠭᠲᠡᠢ᠃ ᠦᠢᠯᠡᠴᠢᠯᠡᠭᠡᠨ ᠤ ᠠᠷᠠᠯᠵᠢᠶᠠᠨ ᠤ ᠭᠤᠣᠯᠳᠠᠯᠭ᠎ᠠ ᠪᠣᠯᠬᠤ ᠬᠦᠷᠢᠶᠡᠨ ᠳᠠᠬᠢ ᠰᠢᠨ᠎ᠡ ᠡᠭᠦᠳᠦᠯᠲᠡ ᠲᠠᠢ ᠬᠥᠭᠵᠢᠯᠲᠡ ᠶᠢ ᠠᠬᠢᠭᠤᠯᠵᠤ᠂ ᠦᠢᠯᠡᠴᠢᠯᠡᠭᠡᠨ ᠤ ᠠᠷᠠᠯᠵᠢᠶ᠎ᠠ ᠬᠢᠭᠡᠳ ᠪᠠᠷᠠᠭᠠᠨ ᠤ ᠠᠷᠠᠯᠵᠢᠶᠠᠨ ᠤ ᠬᠠᠷᠢᠯᠴᠠᠨ ᠠᠭᠤᠰᠤᠯᠴᠠᠬᠤ ᠶᠢ ᠠᠬᠢᠭᠤᠯᠵᠤ᠂ ᠮᠥᠩᠭᠦᠨ ᠭᠦᠢᠯᠭᠡᠭᠡ᠂ ᠵᠥᠪᠯᠡᠯᠭᠡ ᠥᠭᠬᠦ᠂ ᠵᠢᠷᠤᠭᠯᠠᠵᠤ ᠲᠥᠯᠥᠪᠯᠡᠬᠦ᠂ ᠭᠡᠷᠡᠴᠢᠯᠡᠨ ᠮᠡᠳᠡᠷᠡᠬᠦ ᠵᠡᠷᠭᠡ ᠲᠤᠰᠬᠠᠢ ᠮᠡᠷᠭᠡᠵᠢᠯ ᠤᠨ ᠦᠢᠯᠡᠴᠢᠯᠡᠭᠡᠨ ᠤ ᠳᠡᠯᠡᠬᠡᠶᠢᠵᠢᠭᠰᠡᠨ ᠬᠥᠭᠵᠢᠯᠲᠡ ᠶᠢ ᠳᠡᠮᠵᠢᠵᠦ᠂ ᠦᠢᠯᠡᠴᠢᠯᠡᠭᠡᠨ ᠤ ᠠᠷᠠᠯᠵᠢᠶᠠᠨ ᠤ ᠰᠢᠨ᠎ᠡ ᠨᠡᠮᠡᠭᠳᠡᠯ ᠴᠡᠭ ᠢ ᠪᠤᠢ ᠪᠣᠯᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃
ᠬᠤᠷᠠᠯᠳᠤᠭᠠᠨ ᠢᠶᠠᠷ᠂ ᠭᠠᠳᠠᠭᠠᠳᠤ ᠪᠡᠯᠡ ᠶᠢ ᠵᠥᠪᠰᠢᠶᠡᠷᠡᠨ ᠣᠷᠣᠭᠤᠯᠬᠤ ᠪᠠᠨ ᠤᠯᠠᠮ ᠨᠢᠭᠡ ᠠᠯᠬᠤᠮ ᠠᠭᠤᠵᠢᠭᠤ ᠲᠠᠯᠪᠢᠵᠤ᠂ ᠦᠢᠯᠡᠳᠬᠦ ᠦᠢᠯᠡᠰ ᠤᠨ ᠬᠦᠷᠢᠶᠡᠨ ᠳᠠᠬᠢ ᠭᠠᠳᠠᠭᠠᠳᠤ ᠪᠡᠯᠡ ᠶᠢ ᠵᠥᠪᠰᠢᠶᠡᠷᠡᠨ ᠣᠷᠣᠭᠤᠯᠬᠤ ᠲᠠᠯ᠎ᠠ ᠪᠠᠷ ᠬᠢ ᠬᠢᠵᠠᠭᠠᠷᠯᠠᠬᠤ ᠠᠷᠭ᠎ᠠ ᠬᠡᠮᠵᠢᠶ᠎ᠡ ᠶᠢ ᠪᠦᠬᠦ ᠲᠠᠯ᠎ᠠ ᠪᠠᠷ ᠴᠤᠴᠠᠯᠵᠤ᠂ ᠴᠠᠬᠢᠯᠭᠠᠨ ᠬᠤᠯᠪᠣᠭ᠎ᠠ᠂ ᠰᠤᠷᠭᠠᠨ ᠬᠥᠮᠦᠵᠢᠯ᠂ ᠡᠮᠴᠢᠯᠡᠭᠡ ᠵᠡᠷᠭᠡ ᠦᠢᠯᠡᠴᠢᠯᠡᠭᠡᠨ ᠤ ᠬᠦᠷᠢᠶᠡᠨ ᠳᠠᠬᠢ ᠨᠡᠭᠡᠭᠡᠯᠳᠠ ᠶᠢ ᠰᠢᠮᠳᠠᠭᠤᠯᠤᠨ ᠠᠬᠢᠭᠤᠯᠬᠤ ᠬᠡᠷᠡᠭᠲᠡᠢ᠃ ᠰᠢᠨ᠎ᠡ ᠪᠠᠶᠢᠳᠠᠯ ᠳᠤ ᠵᠣᠬᠢᠴᠠᠭᠤᠯᠤᠨ ᠭᠠᠳᠠᠭᠠᠳᠤ ᠪᠡᠯᠡ ᠶᠢ ᠲᠠᠲᠠᠬᠤ ᠲᠦᠷᠦ ᠶᠢᠨ ᠪᠤᠳᠤᠯᠭ᠎ᠠ ᠶᠢ ᠰᠢᠯᠢᠳᠡᠭᠵᠢᠭᠦᠯᠵᠦ᠂ ᠭᠠᠳᠠᠭᠠᠳᠤ ᠶᠢᠨ ᠬᠤᠳᠠᠯᠳᠤᠭᠠᠴᠢᠨ ᠤ ᠵᠦᠢ ᠶᠣᠰᠣᠨ ᠤ ᠬᠦᠰᠡᠯ ᠱᠠᠭᠠᠷᠳᠠᠯᠭ᠎ᠠ ᠳᠤ ᠴᠠᠭ ᠲᠤᠬᠠᠢ ᠳᠤ ᠨᠢ ᠬᠠᠷᠢᠭᠤᠯᠲᠠ ᠥᠭᠴᠦ᠂ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ᠂ ᠦᠢᠯᠡᠴᠢᠯᠡᠭᠡ ᠪᠠᠲᠤᠯᠠᠭ᠎ᠠ ᠶᠢ ᠲᠡᠭᠦᠯᠳᠡᠷᠵᠢᠭᠦᠯᠬᠦ ᠵᠡᠷᠭᠡ ᠲᠠᠯ᠎ᠠ ᠪᠠᠷ ᠨᠡᠩ ᠤᠯᠠᠨ ᠪᠣᠳᠠᠲᠠᠢ ᠶᠢ ᠡᠷᠬᠢᠮᠯᠡᠭᠰᠡᠨ ᠠᠷᠭ᠎ᠠ ᠬᠡᠮᠵᠢᠶ᠎ᠡ ᠲᠣᠭᠲᠠᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃
ᠬᠤᠷᠠᠯᠳᠤᠭᠠᠨ ᠢᠶᠠᠷ᠂ ︽ᠬᠠᠤᠯᠢ ᠲᠣᠭᠲᠠᠭᠠᠯ ᠲᠦᠷᠢᠮ ᠲᠣᠭᠲᠠᠭᠠᠯ ᠢ ᠪᠦᠷᠢᠳᠬᠡᠨ ᠳᠡᠩᠰᠡᠯᠡᠵᠦ ᠬᠢᠨᠠᠨ ᠪᠠᠶᠢᠴᠠᠭᠠᠬᠤ ᠲᠦᠷᠢᠮ ︵ᠡᠬᠡ ᠲᠥᠰᠦᠯ︶︾ ᠢ ᠬᠢᠨᠠᠨ ᠵᠥᠪᠯᠡᠵᠦ ᠪᠠᠲᠤᠯᠠᠭᠠᠳ᠂ ︽ᠮᠠᠲ᠋ᠧᠷᠢᠶᠠᠯ ᠪᠠᠶᠢᠪᠠᠯ ᠵᠠᠪᠠᠯ ᠳᠠᠩᠰᠠᠯᠠᠬᠤ᠂ ᠳᠠᠩᠰᠠᠯᠠᠪᠠᠯ ᠵᠠᠪᠠᠯ ᠬᠢᠨᠠᠬᠤ᠂ ᠪᠤᠷᠤᠭᠤᠳᠠᠪᠠᠯ ᠵᠠᠪᠠᠯ ᠵᠠᠯᠠᠷᠠᠭᠤᠯᠬᠤ︾ ᠶᠢ ᠪᠠᠷᠢᠮᠲᠠᠯᠠᠵᠤ᠂ ᠣᠷᠣᠨ ᠨᠤᠲᠤᠭ ᠪᠠ ᠰᠠᠯᠠᠭ᠎ᠠ ᠮᠥᠴᠢᠷ ᠤᠳ ᠤᠨ ᠬᠠᠤᠯᠢ ᠲᠣᠭᠲᠠᠭᠠᠯᠲᠠ ᠨᠢ ᠳᠡᠭᠡᠳᠦ ᠪᠠᠶᠢᠷᠢ ᠶᠢᠨ ᠬᠠᠤᠯᠢ ᠯᠤᠭ᠎ᠠ ᠨᠢᠭᠡᠳᠦᠯ ᠦᠭᠡᠢ ᠪᠠᠶᠢᠬᠤ᠂ ᠪᠦᠬᠦ ᠤᠯᠤᠰ ᠤᠨ ᠨᠢᠭᠡᠳᠦᠯᠲᠡᠢ ᠲᠤᠮᠤ ᠵᠠᠬ᠎ᠠ ᠳᠡᠯᠭᠡᠭᠦᠷ ᠤᠨ ᠪᠠᠶᠢᠭᠤᠯᠤᠯᠲᠠ ᠶᠢ ᠨᠥᠯᠥᠭᠡᠯᠡᠬᠦ᠂ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠬᠤᠬᠢᠷᠠᠭᠤᠯᠬᠤ ᠵᠡᠷᠭᠡ ᠠᠰᠠᠭᠤᠳᠠᠯ ᠢ ᠭᠤᠣᠯᠳᠠᠯᠭ᠎ᠠ ᠲᠠᠢ ᠠᠩᠬᠠᠷᠴᠤ᠂ ᠪᠦᠷᠢᠳᠬᠡᠨ ᠳᠠᠩᠰᠠᠯᠠᠵᠤ ᠬᠢᠨᠠᠨ ᠪᠠᠶᠢᠴᠠᠭᠠᠬᠤ ᠠᠵᠢᠯ ᠢ ᠴᠢᠨᠠᠷ ᠰᠠᠶᠢᠲᠠᠢ ᠥᠨᠳᠥᠷ ᠪᠦᠲᠦᠮᠵᠢᠲᠡᠢ ᠰᠠᠶᠢᠲᠤᠷ ᠬᠢᠬᠦ ᠬᠡᠷᠡᠭᠲᠡᠢ ᠭᠡᠵᠦ ᠱᠠᠭᠠᠷᠳᠠᠪᠠ᠃ ᠬᠤᠷᠠᠯᠳᠤᠭᠠᠨ ᠢᠶᠠᠷ ︽ᠬᠤᠲᠠ ᠶᠢᠨ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠲᠦᠷᠢᠮ ︵ᠡᠬᠡ ᠲᠥᠰᠦᠯ︶︾ ᠢ ᠬᠢᠨᠠᠨ ᠵᠥᠪᠯᠡᠵᠦ ᠪᠠᠲᠤᠯᠠᠭᠠᠳ᠂ ᠲᠦᠷᠢᠮ ᠢ ᠨᠡᠶᠢᠲᠡᠯᠡᠨ ᠬᠡᠷᠡᠭᠵᠢᠭᠦᠯᠬᠦ ᠯᠦᠭᠡ ᠤᠶᠠᠯᠳᠤᠭᠤᠯᠵᠤ᠂ ᠬᠤᠲᠠ ᠶᠢᠨ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠦᠢᠯᠡᠴᠢᠯᠡᠭᠡᠨ ᠤ ᠶᠠᠰᠤ ᠴᠢᠨᠠᠷ ᠦᠷ᠎ᠡ ᠪᠦᠲᠦᠮᠵᠢ ᠪᠠ ᠠᠮᠤᠷ ᠲᠦᠪᠰᠢᠨ ᠤ ᠬᠠᠮᠢᠶᠠᠷᠤᠯᠲᠠ ᠶᠢᠨ ᠬᠢᠷᠢ ᠲᠦᠪᠰᠢᠨ ᠢ ᠦᠨᠡᠨ ᠬᠦ ᠳᠡᠭᠡᠭᠰᠢᠯᠡᠭᠦᠯᠬᠦ ᠬᠡᠷᠡᠭᠲᠡᠶ ᠭᠡᠵᠦ ᠱᠠᠭᠠᠷᠳᠠᠪᠠ᠃
ᠬᠤᠷᠠᠯᠳᠤᠭᠠᠨ ᠢᠶᠠᠷ᠂ ᠲᠤᠰᠬᠠᠢ ᠨᠠᠷᠢᠯᠢᠭ ᠣᠨᠴᠠ ᠰᠢᠨ᠎ᠡ ᠳᠤᠮᠳᠠ ᠵᠢᠵᠢᠭ ᠠᠵᠤ ᠠᠬᠤᠶᠢᠯᠠᠯ ᠢ ᠶᠡᠭᠡ ᠪᠠᠷ ᠪᠤᠶᠢᠵᠢᠭᠤᠯᠤᠨ ᠬᠥᠭᠵᠢᠭᠦᠯᠵᠦ᠂ ᠡᠳ᠋ ᠤᠨ ᠵᠠᠰᠠᠭ ᠭᠠᠶᠢᠯᠢ ᠲᠠᠲᠠᠪᠤᠷᠢ᠂ ᠮᠥᠩᠭᠦᠨ ᠭᠦᠢᠯᠭᠡᠭᠡ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠠᠵᠤ ᠦᠢᠯᠡᠰ᠂ ᠴᠢᠳᠠᠪᠤᠷᠢᠲᠠᠨ ᠵᠡᠷᠭᠡ ᠶᠢᠨ ᠲᠦᠷᠦ ᠶᠢᠨ ᠪᠤᠳᠤᠯᠭ᠎ᠠ ᠶᠢᠨ ᠬᠠᠮᠵᠢᠯᠴᠠᠭ᠎ᠠ ᠶᠢ ᠴᠢᠩᠭᠠᠳᠬᠠᠵᠤ᠂ ᠠᠵᠤ ᠠᠬᠤᠶᠢᠯᠠᠯ ᠤᠨ ᠰᠢᠨ᠎ᠡ ᠡᠭᠦᠳᠦᠯᠲᠡ ᠲᠠᠢ ᠬᠥᠭᠵᠢᠬᠦ ᠶᠢ ᠪᠦᠬᠦ ᠬᠡᠯᠬᠢᠶ᠎ᠡ ᠪᠠᠷ ᠳᠡᠮᠵᠢᠬᠦ ᠬᠡᠷᠡᠭᠲᠡᠢ᠃ ᠬᠥᠭᠵᠢᠯᠲᠡ ᠶᠢᠨ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ᠱᠠᠲᠤᠯᠢᠭ ᠪᠣᠶᠢᠵᠢᠭᠤᠯᠤᠯᠲᠠ᠂ ᠬᠦᠴᠦᠨ ᠵᠦᠢᠯ ᠤᠨ ᠪᠠᠲᠤᠯᠠᠭ᠎ᠠ᠂ ᠤᠯᠠᠨ ᠨᠡᠶᠢᠲᠡ ᠶᠢᠨ ᠦᠢᠯᠡᠴᠢᠯᠡᠭᠡ ᠵᠡᠷᠭᠡ ᠲᠣᠭᠲᠠᠴᠠ ᠶᠢ ᠲᠡᠭᠦᠯᠳᠡᠷᠵᠢᠭᠦᠯᠵᠦ᠂ ᠠᠵᠤ ᠠᠬᠤᠶᠢᠯᠠᠯ ᠤᠨ ᠪᠣᠳᠠᠲᠠᠢ ᠬᠦᠴᠢᠷᠳᠡᠯ ᠢ ᠨᠢ ᠬᠠᠪᠰᠤᠷᠴᠤ ᠰᠢᠢᠳᠪᠦᠷᠢᠯᠡᠵᠦ ᠥᠭᠬᠦ ᠬᠡᠷᠡᠭᠲᠡᠢ᠃ ᠶᠡᠭᠡ ᠬᠡᠪᠴᠢᠶᠡᠨ ᠤ ᠲᠤᠨᠤᠭ ᠲᠥᠬᠦᠭᠡᠷᠦᠮᠵᠢ ᠶᠢᠨ ᠰᠢᠨᠡᠴᠢᠯᠡᠯᠲᠡ ᠶᠢ ᠬᠡᠷᠡᠭᠵᠢᠭᠦᠯᠬᠦ ᠳᠤ ᠲᠣᠬᠢᠶᠠᠯᠳᠤᠭᠤᠯᠤᠨ᠂ ᠲᠤᠰᠬᠠᠢ ᠨᠠᠷᠢᠯᠢᠭ ᠣᠨᠴᠠ ᠰᠢᠨ᠎ᠡ ᠳᠤᠮᠳᠠ ᠵᠢᠵᠢᠭ ᠠᠵᠤ ᠠᠬᠤᠶᠢᠯᠠᠯ ᠤᠨ ᠳ᠋ᠢᠭᠢᠲ᠋ᠠᠯᠴᠢᠯᠠᠭᠰᠠᠨ᠂ ᠣᠶᠤᠨᠴᠢᠯᠠᠭᠰᠠᠨ᠂ ᠪᠣᠬᠢᠷᠲᠤᠯ ᠦᠭᠡᠢ ᠪᠠᠷ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠵᠤ᠂ ᠭᠤᠣᠯᠯᠠᠭᠴᠢ ᠦᠷᠢᠰᠦᠯᠳᠦᠬᠦ ᠬᠦᠴᠦᠨ ᠢ ᠨᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃
ᠬᠤᠷᠠᠯᠳᠤᠭᠠᠨ ᠢᠶᠠᠷ᠂ ᠠᠮᠤᠷ ᠲᠦᠪᠰᠢᠨ ᠪᠣᠯ ᠴᠥᠮ᠎ᠡ ᠶᠢᠨ ᠴᠠᠬᠢᠯᠭᠠᠨ ᠤ ᠬᠥᠭᠵᠢᠯᠲᠡ ᠶᠢᠨ ᠠᠮᠢᠨ ᠰᠤᠳᠠᠰᠤ ᠮᠥᠨ᠂ ᠴᠥᠮ᠎ᠡ ᠶᠢᠨ ᠴᠠᠬᠢᠯᠭᠠᠨ ᠤ ᠠᠮᠤᠷ ᠲᠦᠪᠰᠢᠨ ᠤ ᠮᠡᠷᠭᠡᠵᠢᠯ ᠤᠨ ᠬᠢᠷᠢ ᠲᠦᠪᠰᠢᠨ ᠪᠣᠯᠤᠨ ᠠᠶᠤᠯ ᠲᠦᠭᠰᠢᠭᠦᠷᠢ ᠶᠢ ᠰᠡᠷᠭᠡᠶᠢᠯᠡᠬᠦ ᠴᠢᠳᠠᠪᠤᠷᠢ ᠶᠢ ᠲᠠᠰᠤᠷᠠᠯᠳᠠ ᠦᠭᠡᠢ ᠳᠡᠭᠡᠭᠰᠢᠯᠡᠭᠦᠯᠵᠦ᠂ ᠪᠦᠬᠦ ᠬᠡᠯᠬᠢᠶ᠎ᠡ ᠪᠦᠬᠦ ᠬᠦᠷᠢᠶᠡᠨ ᠳᠠᠬᠢ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠴᠥᠮ᠎ᠡ ᠶᠢᠨ ᠴᠠᠬᠢᠯᠭᠠᠨ ᠤ ᠠᠮᠤᠷ ᠲᠦᠪᠰᠢᠨ ᠳᠤ ᠶᠠᠮᠠᠷ ᠴᠦ ᠠᠯᠳᠠᠰᠢ ᠭᠠᠷᠭᠠᠬᠤ ᠦᠭᠡᠢ ᠪᠠᠶᠢᠬᠤ ᠶᠢ ᠪᠠᠲᠤᠯᠠᠵᠤ᠂ ᠠᠵᠢᠯ ᠲᠦᠷᠦᠯ ᠤᠨ ᠤᠷᠳᠤ ᠬᠤᠭᠤᠴᠠᠭᠠᠨ ᠤ ᠡᠷᠡᠭᠦᠯ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
ᠬᠤᠷᠠᠯᠳᠤᠭᠠᠨ ᠢᠶᠠᠷ ᠪᠠᠰᠠ ᠪᠤᠰᠤᠳ ᠵᠦᠢᠯᠡᠰ ᠢ ᠰᠤᠳᠤᠯᠵᠠᠢ᠃