ᠰᠢᠨᠬᠤᠸᠠ ᠬᠤᠷᠢᠶ᠎ᠠ ᠶᠢᠨ ᠪᠡᠭᠡᠵᠢᠩ ᠤᠨ 9 ᠰᠠᠷ᠎ᠠ ᠶᠢᠨ 25 ᠤ ᠴᠠᠭᠢᠯᠭᠠᠨ ᠮᠡᠳᠡᠭᠡ ᠣᠶᠢᠷ᠎ᠠ ᠳᠤ ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠫᠦ᠋ ᠡᠯ ᠤᠨ ᠦᠨᠳᠦᠰᠦᠲᠡᠨ ᠤ ᠪᠦᠯᠬᠦᠮᠳᠡᠯ ᠤᠨ ᠲᠠᠩᠭᠠᠷᠢᠭ ᠤᠨ ᠬᠥᠰᠢᠶ᠎ᠡ ᠳᠤ ᠲᠠᠩᠭᠠᠷᠢᠭᠯᠠᠭᠰᠠᠳ ᠤᠨ ᠲᠥᠯᠥᠭᠡᠯᠡᠭᠴᠢᠳ ᠤᠨ ᠬᠤᠶᠢᠴᠢ ᠦᠶ᠎ᠡ ᠶᠢᠨ ᠬᠢᠨ ᠳᠤ ᠬᠠᠷᠢᠭᠤ ᠵᠠᠬᠢᠳᠠᠯ ᠢᠯᠡᠭᠡᠵᠦ᠂ ᠳᠣᠲᠣᠨᠣ ᠪᠠᠷ ᠵᠣᠷᠢᠭᠵᠢᠭᠤᠯᠬᠤ ᠶᠢᠨ ᠬᠠᠮᠲᠤ ᠳᠡᠳᠡᠨᠤᠰ ᠲᠤ ᠴᠢᠩ ᠰᠡᠳᠬᠢᠯ ᠤᠨ ᠬᠦᠰᠡᠯ ᠨᠠᠶᠢᠳᠠᠯᠭ᠎ᠠ ᠳᠤᠷᠠᠳᠴᠠᠢ᠃
ᠰᠢ ᠶᠢᠨ ᠫᠢᠩ᠂ 1951 ᠣᠨ ᠳᠤ ᠲᠠᠨ ᠤ ᠠᠬᠠᠮᠠᠳ ᠦᠶ᠎ᠡ ᠶᠢᠨ ᠬᠢᠨ ᠢ ᠪᠠᠭᠲᠠᠭᠠᠭᠰᠠᠨ ᠦᠨᠳᠦᠰᠦᠲᠡᠨ ᠨᠦᠭᠦᠳ ᠤᠨ ᠲᠥᠯᠥᠭᠡᠯᠡᠭᠴᠢᠳ ᠬᠥᠰᠢᠶ᠎ᠡ ᠪᠣᠰᠬᠠᠨ ᠲᠠᠩᠭᠠᠷᠢᠭᠯᠠᠵᠤ᠂ ᠨᠢᠭᠡ ᠰᠡᠳᠬᠢᠯ ᠨᠢᠭᠡ ᠵᠣᠷᠢᠭ ᠢᠶᠠᠷ ᠨᠠᠮ ᠢᠶᠠᠨ ᠲᠠᠭᠠᠵᠤ ᠶᠠᠪᠤᠬᠤ ᠲᠠᠩᠭᠠᠷᠢᠭ ᠢᠶᠠᠨ ᠲᠥᠪ ᠴᠢᠩᠭ᠎ᠠ ᠪᠠᠷ ᠢᠯᠡᠳᠬᠡᠪᠡ᠃ 70 ᠭᠠᠷᠤᠢ ᠵᠢᠯ ᠤᠨ ᠲᠤᠷᠰᠢ᠂ ᠦᠨᠳᠦᠰᠦᠲᠡᠨ ᠨᠦᠭᠦᠳ ᠤᠨ ᠤᠯᠠᠨ ᠲᠦᠮᠡᠨ ᠨᠢᠭᠡ ᠰᠡᠳᠬᠢᠯ ᠢᠶᠠᠷ ᠨᠠᠮ ᠢᠶᠠᠨ ᠬᠦᠷᠢᠶᠡᠯᠡᠵᠦ᠂ ᠪᠦᠯᠬᠦᠮᠳᠡᠨ ᠲᠡᠮᠡᠴᠡᠵᠦ᠂ ᠬᠢᠯᠢ ᠬᠢᠵᠠᠭᠠᠷ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠲᠡᠦᠬᠡᠲᠦ ᠴᠢᠨᠠᠷᠲᠠᠢ ᠠᠮᠵᠢᠯᠲᠠ ᠣᠯᠬᠤ ᠶᠢ ᠠᠬᠢᠭᠤᠯᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠠᠮᠢᠳᠤᠯᠢᠭ ᠬᠠᠭᠤᠳᠠᠰᠤ ᠶᠢ ᠪᠢᠴᠢᠭᠯᠡᠵᠡᠢ ᠭᠡᠵᠦ ᠵᠢᠭᠠᠵᠤ ᠭᠠᠷᠭᠠᠪᠠ᠃
ᠰᠢ ᠶᠢᠨ ᠫᠢᠩ᠂ ᠳᠤᠮᠳᠠᠳᠤ ᠶᠢᠨ ᠦᠨᠳᠦᠰᠦᠲᠡᠨ ᠪᠣᠯ ᠨᠢᠭᠡᠨ ᠶᠡᠭᠡ ᠭᠡᠷ ᠪᠦᠯᠢ ᠮᠥᠨ᠂ ᠲᠠᠪᠢᠨ ᠵᠢᠷᠭᠤᠭᠠᠨ ᠦᠨᠳᠦᠰᠦᠲᠡᠨ ᠪᠣᠯ ᠳᠠᠷᠤᠢ ᠬᠠᠷᠢᠯᠴᠠᠨ ᠬᠠᠶᠢᠷᠠᠯᠠᠵᠤ ᠬᠠᠯᠠᠮᠵᠢᠯᠠᠬᠤ ᠨᠢᠭᠡ ᠭᠡᠷ ᠤᠨ ᠬᠥᠮᠥᠨ ᠮᠥᠨ᠃ ᠲᠠ ᠨᠠᠷ ᠤᠨ ᠠᠬᠠᠮᠠᠳ ᠦᠶ᠎ᠡ ᠶᠢᠨ ᠢᠷᠠᠭᠤ ᠠᠯᠳᠠᠷᠲᠤ ᠤᠯᠠᠮᠵᠢᠯᠠᠯ ᠢᠶᠠᠨ ᠪᠠᠳᠠᠷᠠᠭᠤᠯᠵᠤ᠂ ᠲᠠᠩᠭᠠᠷᠢᠭ ᠤᠨ ᠬᠥᠰᠢᠶ᠎ᠡ ᠶᠢᠨ ᠥᠯᠢᠭᠡᠷ ᠢ ᠨᠠᠩ ᠰᠠᠶᠢᠲᠤᠷ ᠦᠷᠭᠦᠯᠵᠢᠯᠡᠨ ᠪᠢᠴᠢᠭᠯᠡᠵᠦ᠂ ᠦᠨᠳᠦᠰᠦᠲᠡᠨ ᠤ ᠪᠦᠯᠬᠦᠮᠳᠡᠯ ᠤᠨ ᠢᠷᠠᠭᠤ ᠳᠠᠭᠤᠷᠢᠰᠬᠠᠯ ᠢ ᠦᠶ᠎ᠡ ᠶᠢᠨ ᠦᠶ᠎ᠡ ᠳᠤ ᠤᠯᠠᠮᠵᠢᠯᠠᠬᠤ ᠶᠢ ᠬᠦᠰᠡᠵᠦ ᠪᠠᠶᠢᠨ᠎ᠠ᠃ ᠦᠨᠳᠦᠰᠦᠲᠡᠨ ᠨᠦᠭᠦᠳ ᠤᠨ ᠠᠷᠠᠳ ᠲᠦᠮᠡᠨ ᠴᠥᠮ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠡᠭᠡᠵᠢᠯᠡᠵᠦ᠂ ᠴᠢᠰᠤᠨ ᠳᠠᠭᠠᠨ ᠠᠭᠤᠰᠬᠠᠵᠤ᠂ ᠡᠬᠡ ᠤᠯᠤᠰ ᠤᠨ ᠨᠤᠲᠤᠭ ᠳᠡᠪᠢᠰᠬᠡᠷ ᠢᠶᠠᠨ ᠬᠠᠮᠲᠤ ᠪᠠᠷ ᠰᠠᠬᠢᠨ ᠬᠠᠮᠠᠭᠠᠯᠠᠵᠤ᠂ ᠰᠠᠶᠢᠨ ᠰᠠᠶᠢᠬᠠᠨ ᠭᠡᠷ ᠣᠷᠣᠨ ᠢᠶᠠᠨ ᠬᠠᠮᠲᠤ ᠪᠠᠷ ᠪᠦᠲᠦᠭᠡᠨ ᠪᠠᠶᠢᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠴᠡᠴᠡᠭ ᠢ ᠤᠯᠠᠮ ᠪᠠᠳᠠᠷᠠᠨ ᠳᠡᠯᠭᠡᠷᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃
1950 ᠣᠨ ᠳᠤ ᠶᠦᠨᠨᠠᠨ ᠤ ᠫᠦ᠋ ᠡᠯ ᠲᠤᠰᠬᠠᠢ ᠣᠷᠣᠨ ᠤ ᠦᠨᠳᠦᠰᠦᠲᠡᠨ ᠨᠦᠭᠦᠳ ᠤᠨ ᠲᠥᠯᠥᠭᠡᠯᠡᠭᠴᠢᠳ ᠤᠷᠢᠯᠭ᠎ᠠ ᠪᠠᠷ ᠪᠡᠭᠡᠵᠢᠩ ᠳᠤ ᠬᠦᠷᠴᠦ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ ᠨᠢᠭᠡ ᠵᠢᠯ ᠤᠨ ᠤᠢ ᠶᠢ ᠪᠡᠯᠭᠡᠯᠡᠬᠦ ᠠᠵᠢᠯᠯᠠᠭ᠎ᠠ ᠳᠤ ᠣᠷᠣᠯᠴᠠᠵᠤ᠂ ᠮᠠᠤ ᠽᠧ ᠳ᠋ᠦᠩ ᠵᠡᠷᠭᠡ ᠨᠠᠮ ᠪᠣᠯᠣᠨ ᠲᠦᠷᠦ ᠶᠢᠨ ᠤᠳᠤᠷᠢᠳᠬᠤ ᠬᠥᠮᠥᠰ ᠳᠣᠲᠣᠨᠣ ᠪᠠᠷ ᠭᠥᠯᠢᠶᠡᠨ ᠠᠪᠴᠤ ᠠᠭᠤᠯᠵᠠᠪᠠ᠃ 1951 ᠣᠨ ᠤ ᠰᠢᠨ᠎ᠡ ᠣᠨ ᠤ ᠰᠢᠨ᠎ᠡ ᠶᠢᠨ ᠨᠢᠭᠡᠨ ᠳᠤ᠂ ᠫᠦ᠋ ᠡᠯ ᠲᠤᠰᠬᠠᠢ ᠣᠷᠣᠨ ᠤ ᠦᠨᠳᠦᠰᠦᠲᠡᠨ ᠨᠦᠭᠦᠳ ᠤᠨ ᠤᠯᠠᠨ ᠲᠦᠮᠡᠨ ᠲᠠᠩᠭᠠᠷᠢᠭᠯᠠᠬᠤ ᠶᠡᠭᠡ ᠬᠤᠷᠠᠯ ᠬᠢᠵᠦ᠂ ᠴᠥᠭᠡᠨ ᠲᠣᠭᠠᠲᠤ ᠦᠨᠳᠦᠰᠦᠲᠡᠨ ᠤ ᠵᠠᠩ ᠳᠠᠳᠬᠠᠯ ᠢᠶᠠᠷ ᠲᠠᠩᠭᠠᠷᠢᠭ ᠤᠨ ᠬᠥᠰᠢᠶ᠎ᠡ ᠪᠣᠰᠬᠠᠵᠤ᠂ ︽ᠨᠢᠭᠡ ᠰᠡᠳᠬᠢᠯ ᠨᠢᠭᠡ ᠵᠣᠷᠢᠭ ᠢᠶᠠᠷ᠂ ᠡᠴᠦᠰ ᠲᠤᠨᠢ ᠲᠤᠯᠲᠠᠯ᠎ᠠ ᠪᠦᠯᠬᠦᠮᠳᠡᠵᠦ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠳᠣᠣᠷ᠎ᠠ᠂ ᠡᠷᠬᠡ ᠲᠡᠭᠰᠢ ᠡᠷᠬᠡ ᠴᠢᠯᠦᠭᠡᠲᠡᠢ ᠵᠣᠯ ᠵᠢᠷᠭᠠᠯᠲᠤ ᠶᠡᠭᠡ ᠭᠡᠷ ᠪᠦᠯᠢ ᠶᠢ ᠪᠠᠶᠢᠭᠤᠯᠬᠤ ᠶᠢᠨ ᠲᠥᠯᠥᠭᠡ ᠲᠡᠮᠡᠴᠡᠨ᠎ᠡ︕︾ ᠭᠡᠵᠦ ᠲᠠᠩᠭᠠᠷᠢᠭᠯᠠᠵᠤ ᠦᠨᠳᠦᠰᠦᠲᠡᠨ ᠨᠦᠭᠦᠳ ᠤᠨ 48 ᠲᠥᠯᠥᠭᠡᠯᠡᠭᠴᠢ ᠬᠥᠰᠢᠶᠡᠨ ᠳᠡᠭᠡᠷ᠎ᠡ ᠭᠠᠷ ᠤᠨ ᠦᠰᠦᠭ ᠵᠢᠷᠤᠪᠠ᠃ ᠣᠶᠢᠷ᠎ᠠ ᠶᠢᠨ ᠡᠳᠦᠷ᠂ ᠫᠦ᠋ ᠡᠯ ᠤᠨ ᠦᠨᠳᠦᠰᠦᠲᠡᠨ ᠤ ᠪᠦᠯᠬᠦᠮᠳᠡᠯ ᠤᠨ ᠲᠠᠩᠭᠠᠷᠢᠭ ᠤᠨ ᠬᠥᠰᠢᠶ᠎ᠡ ᠳᠤ ᠲᠠᠩᠭᠠᠷᠢᠭᠯᠠᠭᠰᠠᠳ ᠤᠨ ᠲᠥᠯᠥᠭᠡᠯᠡᠭᠴᠢᠳ ᠤᠨ ᠬᠤᠶᠢᠴᠢ ᠦᠶ᠎ᠡ ᠶᠢᠨ ᠬᠢᠨ ᠶᠡᠷᠦᠩᠬᠡᠢ ᠱᠦᠵᠢ ᠰᠢ ᠶᠢᠨ ᠫᠢᠩ ᠳᠤ ᠵᠠᠬᠢᠳᠠᠯ ᠪᠢᠴᠢᠵᠦ᠂ ᠲᠤᠬᠠᠢ ᠶᠢᠨ ᠭᠠᠵᠠᠷ ᠤᠨ ᠦᠨᠳᠦᠰᠦᠲᠡᠨ ᠨᠦᠭᠦᠳ ᠤᠨ ᠤᠯᠠᠨ ᠲᠦᠮᠡᠨ ᠤ ᠨᠠᠮ ᠤᠨ ᠤᠳᠤᠷᠢᠳᠤᠯᠭ᠎ᠠ ᠳᠣᠣᠷ᠎ᠠ ᠵᠣᠯ ᠵᠢᠷᠭᠠᠯ ᠲᠠᠢ ᠠᠮᠢᠳᠤᠷᠠᠵᠤ ᠪᠠᠶᠢᠭ᠎ᠠ ᠪᠠᠶᠢᠳᠠᠯ ᠢᠶᠠᠨ ᠬᠠᠷᠢᠭᠤ ᠮᠡᠳᠡᠭᠦᠯᠵᠦ᠂ ᠲᠠᠩᠭᠠᠷᠢᠭ ᠢᠶᠠᠨ ᠪᠠᠲᠤ ᠴᠡᠭᠡᠵᠢᠯᠡᠵᠦ ᠨᠠᠮ ᠢᠶᠠᠨ ᠲᠠᠭᠠᠵᠤ᠂ ᠦᠨᠳᠦᠰᠦᠲᠡᠨ ᠤ ᠪᠦᠯᠬᠦᠮᠳᠡᠯ ᠪᠣᠯᠣᠨ ᠬᠢᠯᠢ ᠬᠢᠵᠠᠭᠠᠷ ᠤᠨ ᠬᠥᠭᠵᠢᠯ ᠴᠡᠴᠡᠭᠯᠡᠯ ᠳᠤ ᠬᠦᠴᠦᠨ ᠴᠢᠳᠠᠯ ᠢᠶᠠᠨ ᠡᠷᠭᠦᠬᠦ ᠵᠣᠷᠢᠭ ᠢᠶᠠᠨ ᠢᠯᠡᠳᠬᠡᠵᠡᠭᠡᠪᠡ᠃