ᠰᠢᠨᠬᠤᠸᠠ ᠬᠤᠷᠢᠶ᠎ᠠ ᠶᠢᠨ ᠪᠡᠭᠡᠵᠢᠩ ᠤᠨ 9 ᠰᠠᠷ᠎ᠠ ᠶᠢᠨ 4 ᠤ ᠴᠠᠭᠢᠯᠭᠠᠨ ᠮᠡᠳᠡᠭᠡ 9 ᠰᠠᠷ᠎ᠠ ᠶᠢᠨ 4 ᠤ ᠣᠷᠣᠢ᠂ ᠤᠯᠤᠰ ᠤᠨ ᠲᠡᠷᠢᠭᠦᠯᠡᠭᠴᠢ ᠰᠢ ᠶᠢᠨ ᠫᠢᠩ ᠬᠠᠳᠤᠨ ᠫᠧᠩ ᠯᠢ ᠶᠤᠸᠠᠨ ᠲᠠᠢ ᠪᠠᠨ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠳᠠᠶᠢᠯᠠᠯᠭ᠎ᠠ ᠬᠢᠵᠦ᠂ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠤᠨ ᠪᠡᠭᠡᠵᠢᠩ ᠤᠨ ᠲᠦᠷᠦᠭᠦᠴᠦᠳ ᠤᠨ ᠬᠤᠷᠠᠯ ᠳᠤ ᠣᠷᠤᠯᠴᠠᠬᠤ ᠪᠠᠷ ᠳᠤᠮᠳᠠᠳᠤ ᠤᠯᠤᠰ ᠲᠤ ᠢᠷᠡᠭᠰᠡᠨ ᠠᠹᠷᠢᠺᠠ ᠲᠢᠪ ᠤᠨ ᠲᠠᠯ᠎ᠠ ᠶᠢᠨ ᠬᠢᠨ ᠵᠢᠴᠢ ᠤᠯᠠᠨ ᠤᠯᠤᠰ ᠤᠨ ᠡᠷᠬᠢᠮ ᠵᠣᠴᠢᠳ ᠢ ᠤᠭᠲᠤᠪᠠ᠃

9 ᠰᠠᠷ᠎ᠠ ᠶᠢᠨ 4 ᠤ ᠣᠷᠣᠢ᠂ ᠤᠯᠤᠰ ᠤᠨ ᠲᠡᠷᠢᠭᠦᠯᠡᠭᠴᠢ ᠰᠢ ᠶᠢᠨ ᠫᠢᠩ ᠬᠠᠳᠤᠨ ᠫᠧᠩ ᠯᠢ ᠶᠤᠸᠠᠨ ᠲᠠᠢ ᠪᠠᠨ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠳᠠᠶᠢᠯᠠᠯᠭ᠎ᠠ ᠬᠢᠵᠦ᠂ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠤᠨ ᠪᠡᠭᠡᠵᠢᠩ ᠤᠨ ᠲᠦᠷᠦᠭᠦᠴᠦᠳ ᠤᠨ ᠬᠤᠷᠠᠯ ᠳᠤ ᠣᠷᠤᠯᠴᠠᠬᠤ ᠪᠠᠷ ᠳᠤᠮᠳᠠᠳᠤ ᠤᠯᠤᠰ ᠲᠤ ᠢᠷᠡᠭᠰᠡᠨ ᠠᠹᠷᠢᠺᠠ ᠲᠢᠪ ᠤᠨ ᠲᠠᠯ᠎ᠠ ᠵᠢᠴᠢ ᠤᠯᠠᠨ ᠤᠯᠤᠰ ᠤᠨ ᠡᠷᠬᠢᠮ ᠵᠣᠴᠢᠳ ᠢ ᠤᠭᠲᠤᠪᠠ᠃ ᠵᠢᠷᠤᠭ ᠪᠣᠯ ᠰᠢ ᠶᠢᠨ ᠫᠢᠩ ᠪᠠᠶᠠᠷ ᠤᠨ ᠦᠭᠡ ᠬᠡᠯᠡᠵᠦ ᠪᠠᠶᠢᠭ᠎ᠠ ᠨᠢ᠃
ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠶᠣᠣ ᠳ᠋ᠠ ᠸᠧᠢ ᠰᠡᠭᠦᠳᠡᠷᠯᠡᠪᠡ
ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ ᠯᠢ ᠴᠢᠶᠠᠩ᠂ ᠵᠤᠤ ᠯᠧ ᠵᠢᠢ᠂ ᠸᠠᠩ ᠬᠤ᠋ ᠨᠢᠩ᠂ ᠼᠠᠢ ᠴᠢ᠂ ᠳ᠋ᠢᠩ ᠰᠢᠤᠸᠠᠢ ᠰᠢᠶᠠᠩ᠂ ᠯᠢ ᠰᠢ ᠣᠷᠣᠯᠴᠠᠪᠠ᠃

9 ᠰᠠᠷ᠎ᠠ ᠶᠢᠨ 4 ᠤ ᠣᠷᠣᠢ᠂ ᠤᠯᠤᠰ ᠤᠨ ᠲᠡᠷᠢᠭᠦᠯᠡᠭᠴᠢ ᠰᠢ ᠶᠢᠨ ᠫᠢᠩ ᠬᠠᠳᠤᠨ ᠫᠧᠩ ᠯᠢ ᠶᠤᠸᠠᠨ ᠲᠠᠢ ᠪᠠᠨ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠳᠠᠶᠢᠯᠠᠯᠭ᠎ᠠ ᠬᠢᠵᠦ᠂ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠤᠨ ᠪᠡᠭᠡᠵᠢᠩ ᠤᠨ ᠲᠦᠷᠦᠭᠦᠴᠦᠳ ᠤᠨ ᠬᠤᠷᠠᠯ ᠳᠤ ᠣᠷᠤᠯᠴᠠᠬᠤ ᠪᠠᠷ ᠳᠤᠮᠳᠠᠳᠤ ᠤᠯᠤᠰ ᠲᠤ ᠢᠷᠡᠭᠰᠡᠨ ᠠᠹᠷᠢᠺᠠ ᠲᠢᠪ ᠤᠨ ᠲᠠᠯ᠎ᠠ ᠵᠢᠴᠢ ᠤᠯᠠᠨ ᠤᠯᠤᠰ ᠤᠨ ᠡᠷᠬᠢᠮ ᠵᠣᠴᠢᠳ ᠢ ᠤᠭᠲᠤᠪᠠ᠃ ᠵᠢᠷᠤᠭ ᠪᠣᠯ ᠳᠠᠶᠢᠯᠠᠯᠭ᠎ᠠ ᠠᠴᠠ ᠡᠮᠦᠨ᠎ᠡ ᠰᠢ ᠶᠢᠨ ᠫᠢᠩ ᠪᠣᠯᠣᠨ ᠫᠧᠩ ᠯᠢ ᠶᠤᠸᠠᠨ ᠡᠷᠬᠢᠮ ᠵᠣᠴᠢᠳ ᠲᠠᠢ ᠬᠠᠮᠲᠤ ᠭᠡᠷᠡᠯ ᠵᠢᠷᠤᠭ ᠲᠠᠲᠠᠭᠤᠯᠵᠤ ᠳᠤᠷᠠᠰᠬᠠᠯ ᠦᠯᠡᠳᠡᠭᠡᠵᠦ ᠪᠠᠶᠢᠭ᠎ᠠ ᠨᠢ᠃
ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠳ᠋ᠢᠩ ᠯᠢᠨ ᠰᠡᠭᠦᠳᠡᠷᠯᠡᠪᠡ
9 ᠰᠠᠷ᠎ᠠ ᠶᠢᠨ ᠪᠡᠭᠡᠵᠢᠩ ᠳᠤ ᠨᠠᠮᠤᠷ ᠤᠨ ᠠᠭᠤᠷ ᠠᠮᠢᠰᠬᠤᠯ ᠰᠡᠷᠢᠭᠦᠨ ᠲᠠᠭᠠᠯᠠᠮᠵᠢᠲᠠᠢ ᠪᠠᠶᠢᠯ᠎ᠠ᠃ ᠰᠦᠷ ᠵᠢᠪᠬᠤᠯᠠᠩᠲᠤ ᠠᠷᠠᠳ ᠤᠨ ᠶᠡᠭᠡ ᠬᠤᠷᠠᠯ ᠤᠨ ᠲᠠᠩᠬᠢᠮ ᠳᠤ᠂ ᠳᠤᠮᠳᠠᠳᠤ ᠤᠯᠤᠰ ᠤᠨ ᠤᠯᠤᠰ ᠤᠨ ᠲᠤᠭ ᠪᠣᠯᠣᠨ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠤᠨ ᠪᠦᠷᠢᠯᠳᠦᠭᠦᠨ ᠤᠯᠤᠰ ᠤᠳ ᠤᠨ ᠤᠯᠤᠰ ᠤᠨ ᠲᠤᠭ ᠵᠢᠴᠢ ᠠᠹᠷᠢᠺᠠ ᠲᠢᠪ ᠤᠨ ᠤᠯᠤᠰ ᠤᠳ ᠤᠨ ᠬᠤᠯᠪᠤᠭ᠎ᠠ ᠶᠢᠨ ᠲᠤᠭ ᠥᠩᠭᠡ ᠢᠯᠭᠠᠷᠠᠨ ᠰᠣᠯᠣᠩᠭᠠᠷᠠᠪᠠ᠃
ᠶᠠᠷᠢᠶᠠᠨ ᠤ ᠲᠠᠪᠴᠠᠩ ᠤᠨ ᠲᠦᠷᠦᠭᠦᠴᠦᠳ ᠤᠨ ᠬᠤᠷᠠᠯ ᠳᠤ ᠣᠷᠤᠯᠴᠠᠬᠤ 51 ᠨᠡᠷᠡᠰ ᠠᠹᠷᠢᠺᠠ ᠲᠢᠪ ᠤᠨ ᠤᠯᠤᠰ ᠤᠳ ᠤᠨ ᠲᠡᠷᠢᠭᠦᠨ᠂ ᠵᠠᠰᠠᠭ ᠤᠨ ᠣᠷᠳᠣᠨ ᠤ ᠲᠦᠷᠦᠭᠦᠴᠦᠳ ᠵᠢᠴᠢ ᠲᠡᠭᠦᠨ ᠤ ᠬᠠᠨᠢ ᠨᠥᠬᠦᠷ ᠶᠡᠷᠦᠩᠬᠡᠶᠢᠯᠡᠭᠴᠢ ᠶᠢᠨ 2 ᠲᠥᠯᠥᠭᠡᠯᠡᠭᠴᠢ᠂ ᠠᠹᠷᠢᠺᠠ ᠲᠢᠪ ᠤᠨ ᠤᠯᠤᠰ ᠤᠳ ᠤᠨ ᠬᠤᠯᠪᠤᠭ᠎ᠠ ᠶᠢᠨ ᠵᠥᠪᠯᠡᠯ ᠤᠨ ᠲᠡᠷᠢᠭᠦᠯᠡᠭᠴᠢ ᠪᠣᠯᠣᠨ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠨᠠᠷᠢᠨ ᠪᠢᠴᠢᠭ ᠤᠨ ᠳᠠᠷᠤᠭ᠎ᠠ ᠵᠡᠷᠭᠡ ᠡᠷᠬᠢᠮ ᠵᠣᠴᠢᠳ ᠤᠷᠢᠳ ᠬᠤᠵᠢᠳ ᠠᠷᠠᠳ ᠤᠨ ᠶᠡᠭᠡ ᠬᠤᠷᠠᠯ ᠤᠨ ᠲᠠᠩᠬᠢᠮ ᠳᠤ ᠭᠦᠷᠪᠡ᠃ ᠰᠢ ᠶᠢᠨ ᠫᠢᠩ ᠪᠣᠯᠣᠨ ᠫᠧᠩ ᠯᠢ ᠶᠤᠸᠠᠨ ᠬᠠᠯᠠᠭᠤᠨ ᠢᠶᠠᠷ ᠤᠭᠲᠤᠵᠤ᠂ ᠲᠡᠳᠡᠨ ᠲᠠᠢ ᠲᠤᠰ ᠲᠤᠰ ᠭᠠᠷ ᠠᠳᠬᠤᠵᠤ ᠮᠡᠨᠳᠦᠴᠢᠯᠡᠭᠰᠡᠨ ᠪᠥᠭᠡᠳ ᠬᠠᠮᠲᠤ ᠶᠢᠨ ᠰᠡᠭᠦᠳᠡᠷ ᠲᠠᠲᠠᠭᠤᠯᠵᠤ ᠳᠤᠷᠠᠰᠬᠠᠯ ᠦᠯᠡᠳᠡᠭᠡᠪᠡ᠃
ᠴᠣᠪᠣᠭᠤ ᠬᠥᠭᠡᠷᠦᠬᠦᠨ ᠪᠠᠭᠠᠴᠤᠳ ᠬᠡᠦᠬᠡᠳ ᠢᠷᠠᠭᠤ ᠰᠠᠶᠢᠬᠠᠨ ᠳᠠᠭᠤᠤ ᠪᠠᠨ ᠳᠠᠭᠤᠯᠠᠵᠤ᠂ ᠠᠹᠷᠢᠺᠠ ᠲᠢᠪ ᠤᠨ ᠬᠡᠩᠭᠡᠷᠭᠡ ᠳᠡᠯᠡᠳᠴᠦ᠂ ᠳᠠᠭᠤᠯᠠᠨ ᠪᠥᠵᠢᠭᠯᠡᠵᠦ᠂ ᠠᠯᠤᠰ ᠠᠴᠠ ᠬᠦᠷᠦᠯᠴᠡᠨ ᠢᠷᠡᠭᠰᠡᠨ ᠤᠯᠠᠨ ᠤᠯᠤᠰ ᠤᠨ ᠡᠷᠬᠢᠮ ᠵᠣᠴᠢᠳ ᠢ ᠬᠠᠯᠠᠭᠤᠨ ᠢᠶᠠᠷ ᠤᠭᠲᠤᠵᠤ ᠪᠠᠶᠢᠬᠤ ᠪᠠᠨ ᠢᠯᠡᠳᠬᠡᠪᠡ᠃
ᠢᠷᠠᠭᠤ ᠰᠠᠶᠢᠬᠠᠨ ᠤᠭᠲᠤᠯᠭ᠎ᠠ ᠶᠢᠨ ᠠᠶᠠᠰ ᠬᠥᠭᠵᠢᠮ ᠤᠨ ᠳᠤᠮᠳᠠ᠂ ᠰᠢ ᠶᠢᠨ ᠫᠢᠩ ᠪᠣᠯᠣᠨ ᠫᠧᠩ ᠯᠢ ᠶᠤᠸᠠᠨ ᠡᠷᠬᠢᠮ ᠵᠣᠴᠢᠳ ᠲᠠᠢ ᠬᠠᠮᠲᠤ ᠳᠠᠶᠢᠯᠠᠯᠭ᠎ᠠ ᠶᠢᠨ ᠲᠢᠩᠬᠢᠮ ᠳᠤ ᠠᠯᠬᠤᠨ ᠣᠷᠣᠪᠠ᠃
ᠰᠢ ᠶᠢᠨ ᠫᠢᠩ ᠪᠠᠶᠠᠷ ᠤᠨ ᠦᠭᠡ ᠬᠡᠯᠡᠵᠦ᠂ ᠳᠤᠮᠳᠠᠳᠤ ᠤᠯᠤᠰ ᠤᠨ ᠵᠠᠰᠠᠭ ᠤᠨ ᠣᠷᠳᠣᠨ ᠪᠣᠯᠣᠨ ᠳᠤᠮᠳᠠᠳᠤ ᠤᠯᠤᠰ ᠤᠨ ᠠᠷᠠᠳ ᠲᠦᠮᠡᠨ ᠤ ᠡᠮᠦᠨ᠎ᠡ ᠠᠴᠠ ᠡᠷᠬᠢᠮ ᠵᠣᠴᠢᠳ ᠢ ᠪᠠᠶᠠᠷᠯᠠᠨ ᠤᠭᠲᠤᠪᠠ᠃
ᠰᠢ ᠶᠢᠨ ᠫᠢᠩ᠂ ᠠᠹᠷᠢᠺᠠ ᠲᠢᠪ ᠤᠨ ᠨᠠᠶᠢᠵᠠ ᠨᠠᠷ ᠲᠠᠢ ᠠᠭᠤᠯᠵᠠᠬᠤ ᠪᠦᠷᠢ ᠨᠠᠳᠠᠳᠤ ᠲᠤᠩ ᠳᠣᠲᠣᠨᠣ ᠰᠠᠨᠠᠭᠳᠠᠳᠠᠭ᠂ ᠢᠯᠠᠩᠭᠤᠶ᠎ᠠ ᠳᠤᠮᠳᠠᠳᠤ ᠠᠹᠷᠢᠺᠠ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢᠨ ᠰᠠᠭᠤᠷᠢ ᠪᠠᠲᠤ᠂ ᠡᠭᠢᠯᠡᠯᠲᠡ ᠶᠢᠨ ᠴᠡᠭ ᠥᠨᠳᠥᠷ᠂ ᠠᠯᠤᠰ ᠢᠷᠡᠭᠡᠳᠦᠢ ᠥᠷᠭᠡᠨ ᠠᠭᠤᠳᠠᠮ ᠪᠠᠶᠢᠵᠤ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠳᠤ ᠭᠡᠷᠡᠯ ᠰᠠᠴᠤᠷᠠᠩᠭᠤᠢ ᠬᠡᠪ ᠳᠠᠭᠤᠷᠢᠶᠠᠯ ᠦᠵᠡᠭᠦᠯᠦᠭᠰᠡᠨ ᠢ ᠭᠦᠨᠵᠡᠭᠡᠢ ᠮᠡᠳᠡᠷᠡᠵᠦ ᠣᠯᠳᠠᠭ᠃ ᠳᠤᠮᠳᠠᠳᠤ ᠠᠹᠷᠢᠺᠠ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠤᠯᠠᠮᠵᠢᠯᠠᠯᠲᠤ ᠨᠥᠬᠦᠷᠯᠡᠯ ᠳᠤ ᠦᠨᠳᠦᠰᠦᠯᠡᠵᠦ᠂ ᠬᠠᠮᠲᠤᠷᠠᠯᠴᠠᠵᠤ ᠬᠠᠮᠲᠤ ᠪᠠᠷ ᠠᠰᠢᠭ ᠭᠦᠷᠳᠡᠭᠦ ᠳᠡᠭᠡᠷ᠎ᠡ ᠢᠯᠡᠷᠡᠵᠦ᠂ ᠴᠠᠭ ᠦᠶ᠎ᠡ ᠲᠠᠢ ᠵᠡᠷᠭᠡ ᠪᠠᠷ ᠤᠷᠤᠭᠰᠢᠯᠠᠬᠤ ᠳᠤᠮᠳᠠ ᠪᠤᠵᠠᠭᠠᠶᠢᠷᠠᠪᠠ᠃ ᠳᠤᠮᠳᠠᠳᠤ ᠤᠯᠤᠰ ᠠᠹᠷᠢᠺᠠ ᠲᠢᠪ ᠤᠨ ᠤᠯᠤᠰ ᠤᠳ ᠲᠠᠢ ᠡᠵᠡᠷᠬᠡᠭ ᠲᠦᠷᠢᠮᠡᠬᠡᠶᠢᠲᠡᠨ ᠢ ᠡᠰᠡᠷᠭᠦᠴᠡᠬᠦ ᠺᠣᠯᠣᠨᠢᠴᠢᠯᠠᠯ ᠢ ᠡᠰᠡᠷᠭᠦᠴᠡᠬᠦ ᠡᠵᠡᠷᠬᠡᠬᠦ ᠦᠵᠡᠯ ᠢ ᠡᠰᠡᠷᠭᠦᠴᠡᠬᠦ ᠲᠡᠮᠡᠴᠡᠯ ᠳᠤᠮᠳᠠ ᠮᠥᠷᠥ ᠵᠡᠷᠭᠡᠴᠡᠨ ᠲᠡᠮᠡᠴᠡᠵᠦ᠂ ᠬᠥᠭᠵᠢᠨ ᠮᠠᠨᠳᠤᠬᠤ᠂ ᠬᠦᠰᠡᠯ ᠵᠡᠭᠦᠳᠦ ᠪᠠᠨ ᠲᠡᠷᠭᠡᠯᠰᠢᠭᠦᠯᠬᠦ ᠣᠳᠣᠬᠢᠴᠢᠯᠠᠯᠲᠠ ᠶᠢᠨ ᠵᠠᠮ ᠢᠶᠠᠷ ᠭᠠᠷ ᠬᠤᠯᠪᠣᠨ ᠤᠷᠤᠭᠰᠢᠯᠠᠵᠤ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠲᠠᠢ ᠲᠡᠮᠡᠴᠡᠬᠦ ᠳᠤᠮᠳᠠ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠳᠡᠯᠡᠬᠡᠢ ᠶᠢᠨ ᠪᠠ ᠭᠠᠵᠠᠷ ᠣᠷᠣᠨ ᠤ ᠴᠢᠬᠤᠯᠠ ᠶᠡᠭᠡ ᠠᠰᠠᠭᠤᠳᠠᠯ ᠳᠡᠭᠡᠷ᠎ᠡ ᠬᠦᠴᠦ ᠪᠠᠨ ᠬᠠᠮᠲᠤᠳᠬᠠᠨ ᠬᠠᠮᠵᠢᠯᠴᠠᠪᠠ᠃ ᠳᠡᠯᠡᠬᠡᠢ ᠶᠢᠨ ᠪᠠᠶᠢᠳᠠᠯ ᠶᠠᠭᠠᠬᠢᠵᠤ ᠬᠤᠪᠢᠷᠠᠭᠰᠠᠨ ᠴᠤ᠂ ᠳᠤᠮᠳᠠᠳᠤ ᠠᠹᠷᠢᠺᠠ ᠶᠢᠨ ᠨᠥᠬᠦᠷᠯᠡᠯ ᠦᠷᠭᠦᠯᠵᠢᠯᠡᠨ ᠤᠯᠠᠮᠵᠢᠯᠠᠭᠳᠠᠵᠤ ᠶᠠᠪᠤᠬᠤ ᠲᠤᠳᠤᠮ ᠪᠠᠬᠢᠵᠢᠪᠡ ᠭᠡᠵᠦ ᠵᠢᠭᠠᠵᠤ ᠭᠠᠷᠭᠠᠪᠠ᠃
ᠰᠢ ᠶᠢᠨ ᠫᠢᠩ᠂ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠪᠣᠯ ᠬᠥᠮᠥᠨ ᠲᠥᠷᠥᠯᠬᠢᠲᠡᠨ ᠤ ᠬᠠᠮᠲᠤ ᠶᠢᠨ ᠬᠦᠰᠡᠯ ᠵᠡᠭᠦᠳᠦ ᠮᠥᠨ᠂ ᠣᠳᠣᠬᠢᠴᠢᠯᠠᠯᠲᠠ ᠪᠣᠯ ᠬᠦᠰᠡᠯ ᠵᠡᠭᠦᠳᠦ ᠶᠢ ᠪᠣᠳᠠᠲᠤ ᠠᠬᠤᠢ ᠲᠠᠢ ᠬᠤᠯᠪᠣᠬᠤ ᠵᠠᠶᠢᠯᠠᠰᠢ ᠦᠭᠡᠢ ᠵᠠᠮ ᠮᠥᠨ᠃ ᠥᠩᠭᠡᠷᠡᠭᠰᠡᠨ ᠪᠠ ᠤᠳᠤ ᠭᠡᠰᠡᠨ ᠦᠭᠡᠢ᠂ ᠳᠤᠮᠳᠠᠳᠤ ᠠᠹᠷᠢᠺᠠ ᠪᠣᠯ ᠴᠥᠮ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢᠨ ᠬᠤᠰᠢᠭᠤᠴᠢ ᠮᠥᠨ᠂ ᠢᠷᠡᠭᠡᠳᠦᠢ ᠳᠤ ᠪᠠᠰᠠ ᠯᠠᠪᠲᠠᠢ ᠭᠠᠷ ᠬᠤᠯᠪᠣᠨ ᠣᠳᠣᠬᠢᠴᠢᠯᠠᠯᠲᠠ ᠶᠢᠨ ᠠᠬᠢᠴᠠ ᠶᠢᠨ ᠡᠮᠦᠨ᠎ᠡ ᠡᠩᠨᠡᠭᠡᠨ ᠳᠤ ᠶᠠᠪᠤᠬᠤ ᠪᠣᠯᠣᠨ᠎ᠠ᠃ 28 ᠳ᠋ᠦᠩᠰᠢᠭᠤᠷ ᠭᠠᠷᠤᠢ ᠳᠤᠮᠳᠠᠳᠤ ᠠᠹᠷᠢᠺᠠ ᠶᠢᠨ ᠠᠷᠠᠳ ᠲᠦᠮᠡᠨ ᠨᠢᠭᠡ ᠰᠡᠳᠬᠢᠯ ᠨᠢᠭᠡ ᠴᠢᠭᠯᠡᠯ ᠢᠶᠠᠷ ᠤᠷᠤᠭᠰᠢᠯᠠᠳᠠᠭ ᠯᠠ ᠶᠤᠮ ᠪᠣᠯ ᠣᠳᠣᠬᠢᠴᠢᠯᠠᠯᠲᠠ ᠶᠢᠨ ᠵᠠᠮ ᠳᠡᠭᠡᠷ᠎ᠡ ᠯᠠᠪᠲᠠᠢ ᠭᠡᠷᠡᠯ ᠰᠠᠴᠤᠷᠠᠩᠭᠤᠢ ᠠᠮᠵᠢᠯᠲᠠ ᠶᠢ ᠬᠠᠮᠲᠤ ᠪᠠᠷ ᠡᠭᠦᠳᠴᠦ᠂ ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠳ ᠤᠨ ᠣᠳᠣᠬᠢᠴᠢᠯᠠᠯᠲᠠ ᠶᠢᠨ ᠦᠢᠯᠡᠰ ᠤᠨ ᠥᠷᠨᠢᠨ ᠬᠥᠭᠵᠢᠬᠦ ᠶᠢ ᠬᠥᠲᠥᠯᠥᠨ ᠳᠠᠭᠠᠭᠤᠯᠵᠤ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠳᠤ ᠨᠡᠩ ᠶᠡᠭᠡ ᠬᠤᠪᠢ ᠨᠡᠮᠡᠷᠢ ᠦᠵᠡᠭᠦᠯᠭᠦ ᠪᠣᠯᠣᠨ᠎ᠠ ᠭᠡᠳᠡᠭ ᠢ ᠪᠢ ᠢᠲᠡᠭᠡᠵᠦ ᠪᠠᠶᠢᠨ᠎ᠠ ᠭᠡᠵᠦ ᠴᠢᠬᠤᠯᠠᠴᠢᠯᠠᠪᠠ᠃ ︵ ᠪᠦᠭᠦ ᠠᠭᠤᠯᠭ᠎ᠠ ᠶᠢ ᠠᠰ ᠲᠤᠨᠢ ᠨᠡᠶᠢᠲᠡᠯᠡᠨ᠎ᠡ ︶
ᠶᠠᠷᠢᠶᠠᠨ ᠤ ᠲᠠᠪᠴᠠᠩ ᠤᠨ ᠬᠠᠮᠲᠤ ᠶᠢᠨ ᠲᠡᠷᠢᠭᠦᠯᠡᠭᠴᠢ ᠤᠯᠤᠰ ᠰᠧᠨᠧᠭᠠᠯ ᠤᠨ ᠶᠡᠷᠦᠩᠬᠡᠶᠢᠯᠡᠭᠴᠢ ᠹᠠᠶᠧ ᠠᠹᠷᠢᠺᠠ ᠶᠢᠨ ᠲᠠᠯ᠎ᠠ ᠶᠢᠨ ᠤᠳᠤᠷᠢᠳᠬᠤ ᠬᠥᠮᠥᠰ ᠢ ᠲᠥᠯᠥᠭᠡᠯᠡᠨ ᠨᠥᠭᠦᠷᠰᠡᠭ ᠳᠤᠮᠳᠠᠳᠤ ᠤᠯᠤᠰ ᠤᠨ ᠠᠷᠠᠳ ᠲᠦᠮᠡᠨ ᠤ ᠬᠠᠯᠠᠭᠤᠮᠰᠤᠭ ᠵᠣᠴᠢᠯᠠᠭ᠎ᠠ ᠪᠠ ᠨᠢᠮᠪᠠᠢ ᠲᠣᠬᠢᠷᠠᠭᠤᠯᠤᠯᠲᠠ ᠳᠤ ᠲᠠᠯᠠᠷᠬᠠᠵᠤ᠂ ᠠᠹᠷᠢᠺᠠ ᠳᠤᠮᠳᠠᠳᠤ ᠶᠢᠨ ᠨᠥᠬᠦᠷᠯᠡᠯ ᠤᠨ ᠰᠠᠭᠤᠷᠢ ᠭᠦᠨ ᠵᠤᠵᠠᠭᠠᠨ᠂ ᠥᠨᠢ ᠤᠳᠠᠭᠠᠨ ᠤᠯᠠᠮᠵᠢᠯᠠᠯ ᠲᠠᠢ᠂ ᠬᠤᠶᠠᠷ ᠲᠠᠯ᠎ᠠ ᠶᠢᠨ ᠣᠶᠢᠯᠠᠭᠠᠭᠳᠠᠬᠤᠨ ᠠᠳᠠᠯᠢᠪᠲᠤᠷ᠂ ᠡᠷᠬᠡ ᠲᠡᠭᠰᠢ ᠪᠠᠷ ᠬᠠᠨᠳᠤᠯᠴᠠᠵᠤ᠂ ᠬᠠᠷᠢᠯᠴᠠᠨ ᠭᠦᠨᠳᠦᠳᠭᠡᠵᠦ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ ᠬᠦᠷᠲᠡᠵᠦ᠂ ᠪᠦᠯᠬᠦᠮᠳᠡᠨ ᠬᠠᠮᠲᠤᠷᠠᠯᠴᠠᠵᠤ᠂ ᠨᠡᠩ ᠡᠷᠬᠡ ᠲᠡᠭᠰᠢ ᠡᠮᠬᠢ ᠳᠢᠭᠯᠢᠮ ᠲᠠᠢ᠂ ᠲᠦᠭᠡᠮᠡᠯ ᠬᠠᠷᠠᠭᠠᠯᠵᠠᠯ ᠲᠠᠢ ᠪᠠᠭᠲᠠᠭᠠᠮᠵᠢᠲᠠᠢ ᠪᠠᠶᠢᠬᠤ ᠳᠡᠯᠡᠬᠡᠢ ᠶᠢᠷᠲᠢᠨᠴᠦ ᠶᠢ ᠪᠦᠲᠦᠭᠡᠨ ᠪᠠᠶᠢᠭᠤᠯᠬᠤ ᠶᠢ ᠰᠠᠨᠠᠭᠠᠴᠢᠯᠠᠨ᠎ᠠ᠃ ᠲᠡᠷᠢᠭᠦᠯᠡᠭᠴᠢ ᠰᠢ ᠶᠢᠨ ᠫᠢᠩ ᠤᠨ ᠤᠳᠤᠷᠢᠳᠤᠯᠭ᠎ᠠ ᠳᠣᠣᠷ᠎ᠠ᠂ ᠳᠤᠮᠳᠠᠳᠤ ᠤᠯᠤᠰ ᠲᠤᠰ ᠪᠡᠶ᠎ᠡ ᠶᠢᠨ ᠲᠦᠷᠭᠡᠨ ᠬᠥᠭᠵᠢᠯᠲᠡ ᠪᠠᠨ ᠪᠡᠶᠡᠯᠡᠭᠦᠯᠦᠭᠰᠡᠨ ᠢᠶᠠᠷ ᠪᠠᠷᠠᠬᠤ ᠦᠭᠡᠢ ᠪᠠᠰᠠ ᠳᠡᠯᠡᠬᠡᠢ ᠶᠢᠨ ᠡᠩᠬᠡ ᠲᠠᠶᠢᠪᠤᠩ ᠪᠣᠯᠣᠨ ᠨᠡᠮᠡᠭᠳᠡᠯ ᠢ ᠠᠬᠢᠭᠤᠯᠬᠤ ᠳᠤ ᠴᠢᠬᠤᠯᠠ ᠬᠤᠪᠢ ᠨᠡᠮᠡᠷᠢ ᠦᠵᠡᠭᠦᠯᠪᠡ᠃ ᠠᠹᠷᠢᠺᠠ ᠲᠢᠪ ᠤᠨ ᠬᠢᠨ ᠲᠡᠷᠢᠭᠦᠯᠡᠭᠴᠢ ᠰᠢ ᠶᠢᠨ ᠫᠢᠩ ᠤᠨ ᠳᠤᠷᠠᠳᠤᠭᠰᠠᠨ ᠰᠢᠷᠢᠰ ᠴᠢᠬᠤᠯᠠ ᠰᠠᠨᠠᠭᠠᠴᠢᠯᠠᠭ᠎ᠠ ᠵᠢᠴᠢ ᠶᠠᠷᠢᠶᠠᠨ ᠤ ᠲᠠᠪᠴᠠᠩ ᠤᠨ ᠲᠣᠭᠲᠠᠴᠠ ᠶᠢᠨ ᠪᠠᠶᠢᠭᠤᠯᠤᠯᠲᠠ ᠶᠢ ᠪᠠᠭᠲᠠᠭᠠᠭᠰᠠᠨ ᠳᠤᠮᠳᠠᠳᠤ ᠠᠹᠷᠢᠺᠠ ᠶᠢᠨ ᠬᠠᠮᠲᠤᠷᠠᠯᠴᠠᠭ᠎ᠠ ᠶᠢ ᠠᠬᠢᠭᠤᠯᠬᠤ ᠳᠤ ᠦᠵᠡᠭᠦᠯᠦᠭᠰᠡᠨ ᠴᠢᠬᠤᠯᠠ ᠬᠤᠪᠢ ᠨᠡᠮᠡᠷᠢ ᠶᠢ ᠳᠡᠭᠡᠳᠦ ᠬᠡᠮᠵᠢᠶ᠎ᠡ ᠪᠠᠷ ᠮᠠᠭᠲᠠᠨ ᠰᠠᠶᠢᠰᠢᠶᠠᠵᠤ᠂ ᠳᠤᠷᠠᠲᠠᠶ᠎ᠠ ᠳᠤᠮᠳᠠᠳᠤ ᠤᠯᠤᠰ ᠯᠤᠭ᠎ᠠ ᠪᠦᠯᠬᠦᠮᠳᠡᠯ ᠬᠠᠮᠲᠤᠷᠠᠯᠴᠠᠭ᠎ᠠ ᠪᠠᠨ ᠴᠢᠩᠭᠠᠳᠬᠠᠵᠤ᠂ ᠠᠹᠷᠢᠺᠠ ᠳᠤᠮᠳᠠᠳᠤ ᠶᠢᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠬᠠᠨᠢᠲᠠᠨ ᠤ ᠬᠠᠷᠢᠯᠴᠠᠭ᠎ᠠ ᠶᠢ ᠭᠦᠨᠵᠡᠭᠡᠶᠢᠷᠡᠭᠦᠯᠵᠦ᠂ ᠬᠠᠮᠲᠤ ᠶᠢᠨ ᠠᠰᠢᠭ ᠲᠤᠰᠠ ᠶᠢ ᠨᠡᠩ ᠰᠠᠶᠢᠲᠤᠷ ᠬᠠᠮᠠᠭᠠᠯᠠᠨ᠎ᠠ ᠭᠡᠵᠦ ᠢᠯᠡᠳᠬᠡᠪᠡ᠃
ᠳᠠᠶᠢᠯᠠᠯᠭ᠎ᠠ ᠶᠢᠨ ᠳᠠᠷᠠᠭ᠎ᠠ ᠰᠢ ᠶᠢᠨ ᠫᠢᠩ ᠪᠣᠯᠣᠨ ᠫᠧᠩ ᠯᠢ ᠶᠤᠸᠠᠨ ᠡᠷᠬᠢᠮ ᠵᠣᠴᠢᠳ ᠲᠠᠢ ᠬᠠᠮᠲᠤ ︽ ᠭᠠᠷ ᠬᠤᠯᠪᠣᠨ ᠬᠠᠮᠲᠤ ᠪᠠᠷ ᠤᠷᠤᠭᠰᠢᠯᠠᠵᠤ ᠢᠷᠡᠭᠡᠳᠦᠢ ᠪᠠᠨ ᠬᠠᠮᠲᠤ ᠪᠠᠷ ᠴᠣᠭᠴᠠᠯᠠᠶ᠎ᠠ ︾ ᠭᠡᠬᠦ ᠤᠷᠠᠨ ᠰᠠᠶᠢᠬᠠᠨ ᠤ ᠲᠣᠬᠯᠠᠯᠲᠠ ᠶᠢ ᠰᠣᠨᠢᠷᠬᠠᠪᠠ᠃ ᠲᠣᠬᠯᠠᠯᠲᠠ ᠨᠢ ᠳᠤᠮᠳᠠᠳᠤ ᠠᠹᠷᠢᠺᠠ ᠶᠢᠨ ᠲᠠᠩᠰᠤᠭ ᠰᠠᠶᠢᠬᠠᠨ ᠪᠣᠯᠪᠠᠰᠤᠨ ᠤ ᠬᠠᠮᠲᠤ ᠶᠢᠨ ᠠᠵᠢᠯᠯᠠᠭ᠎ᠠ᠂ ᠳᠤᠮᠳᠠᠳᠤ ᠠᠹᠷᠢᠺᠠ ᠶᠢᠨ ᠠᠷᠠᠳ ᠲᠦᠮᠡᠨ ᠤ ᠳᠣᠲᠣᠨᠣ ᠬᠠᠶᠢᠷ᠎ᠠ ᠰᠡᠳᠬᠢᠯᠭᠡ ᠶᠢ ᠢᠯᠡᠷᠡᠭᠦᠯᠵᠦ᠂ ᠬᠠᠯᠠᠭᠤᠨ ᠠᠯᠠᠭ᠎ᠠ ᠲᠡᠰᠢᠯᠲᠡ ᠶᠢᠨ ᠳᠤᠮᠳᠠ ᠶᠠᠪᠤᠭᠳᠠᠪᠠ᠃
ᠸᠠᠩ ᠢ᠂ ᠶᠢᠨ ᠯᠢ᠂ ᠯᠢ ᠱᠤ᠋ ᠯᠧᠢ᠂ ᠾᠧ ᠯᠢ ᠹᠧᠩ᠂ ᠸᠠᠩ ᠰᠢᠶᠣᠣ ᠬᠤᠩ ᠨᠠᠷ ᠳᠡᠭᠡᠷᠡᠬᠢ ᠠᠵᠢᠯᠯᠠᠭ᠎ᠠ ᠳᠤ ᠣᠷᠣᠯᠴᠠᠵᠠᠢ᠃