— ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠤᠨ ᠪᠡᠭᠡᠵᠢᠩ ᠤᠨ ᠲᠦᠷᠦᠭᠦᠴᠦᠳ ᠤᠨ ᠬᠤᠷᠠᠯ ᠤᠨ ᠡᠬᠢᠯᠡᠯᠲᠡ ᠶᠢᠨ ᠶᠣᠰᠣᠯᠠᠯ ᠳᠡᠭᠡᠷᠡᠬᠢ ᠭᠤᠣᠯ ᠵᠣᠷᠢᠯᠲᠠᠲᠤ ᠶᠠᠷᠢᠶ᠎ᠠ
︵2024 ᠣᠨ ᠤ 9 ᠰᠠᠷ᠎ᠠ ᠶᠢᠨ 5 ᠤ ᠡᠳᠦᠷ ᠪᠡᠭᠡᠵᠢᠩ ᠳᠤ︶
ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠷᠢᠭᠦᠯᠡᠭᠴᠢ ᠰᠢ ᠶᠢᠨ ᠫᠢᠩ
ᠬᠦᠨᠳᠦᠲᠦ ᠶᠡᠷᠦᠩᠬᠡᠶᠢᠯᠡᠭᠴᠢ ᠹᠠᠶᠧ᠂
ᠬᠦᠨᠳᠦᠲᠦ ᠠᠹᠷᠢᠺᠠ ᠲᠢᠪ ᠤᠨ ᠤᠯᠤᠰ ᠤᠳ ᠤᠨ ᠬᠤᠯᠪᠣᠭ᠎ᠠ ᠶᠢᠨ ᠵᠢᠵᠢᠭᠦᠷ ᠲᠡᠷᠢᠭᠦᠯᠡᠭᠴᠢ ᠶᠡᠷᠦᠩᠬᠡᠶᠢᠯᠡᠭᠴᠢ ᠵᠢᠶᠠᠽᠸᠠᠨᠢ᠂
ᠬᠦᠨᠳᠦᠲᠦ ᠡᠯ᠎ᠡ ᠤᠯᠤᠰ ᠤᠨ ᠲᠡᠷᠢᠭᠦᠨ᠂ ᠵᠠᠰᠠᠭ ᠤᠨ ᠣᠷᠳᠣᠨ ᠤ ᠲᠦᠷᠦᠭᠦᠴᠦᠳ᠂ ᠲᠥᠯᠥᠭᠡᠯᠡᠭᠴᠢᠳ ᠤᠨ ᠪᠦᠯᠬᠦᠮ ᠤᠨ ᠳᠠᠷᠤᠭ᠎ᠠ ᠨᠠᠷ᠂
ᠬᠦᠨᠳᠦᠲᠦ ᠣᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠨᠠᠷᠢᠨ ᠪᠢᠴᠢᠭ ᠤᠨ ᠳᠠᠷᠤᠭ᠎ᠠ ᠭᠦᠲ᠋ᠧᠯᠧᠶᠢᠰ ᠠᠪᠤᠭᠠᠢ᠂
ᠬᠦᠨᠳᠦᠲᠦ ᠠᠹᠷᠢᠺᠠ ᠲᠢᠪ ᠤᠨ ᠤᠯᠤᠰ ᠤᠳ ᠤᠨ ᠬᠤᠯᠪᠣᠭ᠎ᠠ ᠶᠢᠨ ᠵᠥᠪᠯᠡᠯ ᠤᠨ ᠲᠡᠷᠢᠭᠦᠯᠡᠭᠴᠢ ᠹᠠᠵᠢ ᠠᠪᠤᠭᠠᠢ᠂
ᠨᠠᠶᠢᠵᠠ ᠨᠠᠷ ᠠ᠋᠂ ᠡᠷᠬᠢᠮ ᠵᠣᠴᠢᠳ ᠠ᠋᠄
ᠴᠡᠴᠡᠭ ᠳᠡᠯᠭᠡᠷᠡᠨ ᠦᠷ᠎ᠡ ᠰᠠᠭᠤᠵᠤ᠂ ᠠᠯᠢᠪᠠ ᠪᠥᠬᠦᠨ ᠡᠯᠪᠡᠭ ᠳᠡᠯᠪᠡᠭ᠃ ᠡᠨᠡ ᠬᠦ ᠡᠯᠪᠡᠭ ᠬᠤᠷᠢᠶᠠᠯᠲᠠ ᠶᠢᠨ ᠤᠯᠠᠷᠢᠯ ᠳᠤ ᠰᠢᠨ᠎ᠡ ᠬᠠᠭᠤᠴᠢᠨ ᠨᠠᠶᠢᠵᠠ ᠨᠠᠷ ᠲᠠᠢ ᠪᠠᠨ ᠪᠡᠭᠡᠵᠢᠩ ᠳᠤ ᠴᠤᠭᠯᠠᠷᠠᠵᠤ᠂ ᠰᠢᠨ᠎ᠡ ᠴᠠᠭ ᠦᠶ᠎ᠡ ᠶᠢᠨ ᠳᠤᠮᠳᠠᠳᠤ ᠠᠹᠷᠢᠺᠠ ᠶᠢᠨ ᠨᠥᠬᠦᠷᠰᠡᠭ ᠬᠠᠮᠲᠤᠷᠠᠯᠴᠠᠭᠠᠨ ᠤ ᠶᠡᠭᠡ ᠪᠣᠳᠣᠯᠭ᠎ᠠ ᠶᠢ ᠬᠠᠮᠲᠤ ᠪᠠᠷ ᠵᠥᠪᠳᠡᠯᠴᠡᠬᠦ ᠪᠣᠯᠣᠭᠰᠠᠨ ᠳᠠᠭᠠᠨ ᠮᠠᠰᠢ ᠪᠠᠶᠠᠷ ᠲᠠᠢ ᠪᠠᠶᠢᠨ᠎ᠠ᠃ ᠡᠩ ᠲᠡᠷᠢᠭᠦᠨ ᠳᠤ ᠪᠢ ᠳᠤᠮᠳᠠᠳᠤ ᠤᠯᠤᠰ ᠤᠨ ᠵᠠᠰᠠᠭ ᠤᠨ ᠣᠷᠳᠣᠨ ᠪᠣᠯᠣᠨ ᠳᠤᠮᠳᠠᠳᠤ ᠤᠯᠤᠰ ᠤᠨ ᠠᠷᠠᠳ ᠲᠦᠮᠡᠨ ᠤ ᠡᠮᠦᠨ᠎ᠡ ᠠᠴᠠ ᠲᠠ ᠣᠯᠠᠨ ᠤ ᠬᠦᠷᠦᠯᠴᠡᠨ ᠢᠷᠡᠭᠰᠡᠨ ᠢ ᠬᠠᠯᠠᠭᠤᠨ ᠢᠶᠠᠷ ᠤᠭᠲᠤᠵᠤ ᠪᠠᠶᠢᠬᠤ ᠪᠠᠨ ᠢᠯᠡᠳᠬᠡᠶ᠎ᠡ︕
ᠳᠤᠮᠳᠠᠳᠤ ᠠᠹᠷᠢᠺᠠ ᠶᠢᠨ ᠨᠥᠬᠦᠷᠯᠡᠯ ᠴᠠᠭ ᠣᠷᠣᠨ ᠵᠠᠢ ᠶᠢ ᠠᠯᠤᠰᠯᠠᠨ᠂ ᠠᠭᠤᠯᠠ ᠳᠠᠯᠠᠢ ᠶᠢ ᠳᠠᠪᠠᠵᠤ᠂ ᠦᠶ᠎ᠡ ᠶᠢᠨ ᠦᠶ᠎ᠡ ᠳᠤ ᠤᠯᠠᠮᠵᠢᠯᠠᠭᠳᠠᠨ᠎ᠠ᠃ 2000 ᠣᠨ ᠳᠤ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠪᠠᠶᠢᠭᠤᠯᠤᠭᠳᠠᠭᠰᠠᠨ ᠨᠢ ᠳᠤᠮᠳᠠᠳᠤ ᠠᠹᠷᠢᠺᠠ ᠶᠢᠨ ᠬᠠᠷᠢᠯᠴᠠᠭᠠᠨ ᠤ ᠲᠡᠦᠬᠡᠨ ᠳᠡᠭᠡᠷ᠎ᠡ ᠴᠢᠬᠤᠯᠠ ᠬᠥᠰᠢᠶ᠎ᠡ ᠳᠤᠷᠠᠰᠬᠠᠯ ᠤᠨ ᠠᠴᠢ ᠬᠤᠯᠪᠣᠭᠳᠠᠯ ᠲᠠᠢ ᠶᠤᠮ᠃ 24 ᠵᠢᠯ ᠤᠨ ᠲᠤᠷᠰᠢ ᠢᠯᠠᠩᠭᠤᠶ᠎ᠠ ᠰᠢᠨ᠎ᠡ ᠴᠠᠭ ᠦᠶ᠎ᠡ ᠶᠢᠨ ᠠᠴᠠ ᠨᠠᠭᠠᠰᠢ ᠳᠤᠮᠳᠠᠳᠤ ᠤᠯᠤᠰ ᠠᠹᠷᠢᠺᠠ ᠲᠢᠪ ᠤᠨ ᠠᠬ᠎ᠠ ᠡᠭᠡᠴᠢ ᠳᠡᠭᠦᠦ ᠨᠠᠷ ᠲᠠᠢ ᠦᠨᠡᠨ ᠪᠣᠳᠠᠲᠠᠢ ᠳᠣᠲᠣᠨᠣ ᠦᠨᠡᠨᠴᠢ ᠪᠠᠶᠢᠬᠤ ᠣᠶᠢᠯᠠᠭᠠᠭᠳᠠᠬᠤᠨ ᠢᠶᠠᠷ ᠭᠠᠷ ᠬᠤᠯᠪᠣᠨ ᠤᠷᠤᠭᠰᠢᠯᠠᠪᠠ᠃ ᠪᠢᠳᠡ ᠳᠡᠯᠡᠬᠡᠢ ᠶᠢᠨ ᠵᠠᠭᠤᠨ ᠵᠢᠯ ᠤᠨ ᠬᠤᠪᠢᠰᠤᠯᠲᠠ ᠶᠢᠨ ᠳᠤᠮᠳᠠ ᠮᠥᠷᠥ ᠵᠡᠷᠭᠡᠴᠡᠨ ᠭᠠᠷ ᠭᠠᠷ ᠢᠶᠠᠨ ᠬᠤᠯᠪᠣᠵᠤ᠂ ᠵᠦᠢ ᠶᠣᠰᠣᠨ ᠤ ᠡᠷᠬᠡ ᠠᠰᠢᠭ ᠢᠶᠠᠨ ᠬᠠᠷᠢᠯᠴᠠᠨ ᠡᠷᠡᠰ ᠬᠠᠮᠠᠭᠠᠯᠠᠪᠠ︔ ᠪᠢᠳᠡ ᠠᠵᠤ ᠠᠬᠤᠢ ᠶᠢᠨ ᠳᠡᠯᠡᠬᠡᠶᠢᠵᠢᠯᠲᠡ ᠶᠢᠨ ᠶᠡᠭᠡ ᠤᠷᠤᠰᠬᠠᠯ ᠳᠤᠮᠳᠠ ᠶᠠᠰᠤ ᠰᠢᠷᠪᠦᠰᠦ ᠪᠠᠨ ᠬᠠᠲᠠᠭᠤᠵᠢᠭᠤᠯᠵᠤ᠂ ᠪᠡᠶ᠎ᠡ ᠮᠠᠬᠠᠪᠤᠳ ᠢᠶᠠᠨ ᠴᠢᠭᠢᠷᠠᠭᠵᠢᠭᠤᠯᠵᠤ᠂ ᠡᠯᠪᠡᠭ ᠪᠠᠶᠠᠯᠢᠭ ᠦᠷ᠎ᠡ ᠪᠦᠲᠦᠭᠡᠯ ᠢᠶᠠᠷ ᠳᠤᠮᠳᠠᠳᠤ ᠠᠹᠷᠢᠺᠠ ᠶᠢᠨ ᠲᠦᠭ ᠲᠦᠮᠡᠨ ᠠᠷᠠᠳ ᠲᠦᠮᠡᠨ ᠳᠤ ᠠᠰᠢᠭ ᠬᠦᠷᠲᠡᠭᠡᠪᠡ︔ ᠪᠢᠳᠡ ᠶᠡᠭᠡ ᠭᠠᠮᠰᠢᠭ ᠶᠡᠭᠡ ᠬᠢᠵᠢᠭ ᠤᠨ ᠡᠮᠦᠨ᠎ᠡ ᠵᠢᠷᠭᠠᠯ ᠵᠣᠪᠠᠯᠠᠩ ᠢᠶᠠᠨ ᠬᠠᠮᠲᠤᠳᠬᠠᠵᠤ᠂ ᠬᠠᠮᠲᠤ ᠪᠠᠷ ᠲᠡᠮᠡᠴᠡᠵᠦ᠂ ᠳᠤᠮᠳᠠᠳᠤ ᠠᠹᠷᠢᠺᠠ ᠶᠢᠨ ᠨᠥᠬᠦᠷᠯᠡᠯ ᠤᠨ ᠰᠡᠳᠬᠢᠯ ᠬᠥᠳᠡᠯᠭᠡᠮ᠎ᠡ ᠦᠯᠢᠭᠡᠷ ᠤᠳ ᠢ ᠪᠢᠴᠢᠭᠯᠡᠪᠡ︔ ᠪᠢᠳᠡ ᠢᠮᠠᠭᠲᠠ ᠬᠠᠷᠢᠯᠴᠠᠨ ᠣᠶᠢᠯᠠᠭᠠᠯᠴᠠᠵᠤ᠂ ᠬᠠᠷᠢᠯᠴᠠᠨ ᠳᠡᠮᠵᠢᠵᠦ᠂ ᠰᠢᠨ᠎ᠡ ᠬᠡᠯᠪᠡᠷᠢ ᠶᠢᠨ ᠣᠯᠠᠨ ᠤᠯᠤᠰ ᠤᠨ ᠬᠠᠷᠢᠯᠴᠠᠭᠠᠨ ᠤ ᠬᠡᠪ ᠳᠠᠭᠤᠷᠢᠶᠠᠯ ᠢ ᠪᠣᠢ ᠪᠣᠯᠭᠠᠪᠠ᠃
70 ᠰᠢᠬᠠᠮ ᠵᠢᠯ ᠤᠨ ᠰᠢᠷᠭᠠᠭᠤ ᠬᠠᠲᠠᠭᠤᠵᠢᠯᠲᠠᠢ ᠴᠢᠷᠮᠠᠶᠢᠯᠭ᠎ᠠ ᠪᠠᠷ ᠳᠠᠮᠵᠢᠨ ᠳᠤᠮᠳᠠᠳᠤ ᠠᠹᠷᠢᠺᠠ ᠶᠢᠨ ᠬᠠᠷᠢᠯᠴᠠᠭ᠎ᠠ ᠲᠡᠦᠬᠡ ᠶᠢᠨ ᠬᠠᠮᠤᠭ ᠤᠨ ᠰᠠᠶᠢᠬᠠᠨ ᠴᠠᠭ ᠦᠶ᠎ᠡ ᠳᠡᠭᠡᠨ ᠬᠦᠷᠴᠦ ᠢᠷᠡᠯ᠎ᠡ᠃ ᠢᠷᠡᠭᠡᠳᠦᠢ ᠳᠤ ᠬᠠᠨᠳᠤᠵᠤ ᠪᠢ ᠳᠤᠮᠳᠠᠳᠤ ᠤᠯᠤᠰ ᠪᠣᠯᠣᠨ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ ᠠᠹᠷᠢᠺᠠ ᠲᠢᠪ ᠤᠨ ᠪᠦᠬᠦᠶᠢᠯᠡ ᠤᠯᠤᠰ ᠯᠤᠭ᠎ᠠ ᠶᠢᠨ ᠬᠤᠶᠠᠷ ᠲᠠᠯ᠎ᠠ ᠶᠢᠨ ᠬᠠᠷᠢᠯᠴᠠᠭ᠎ᠠ ᠶᠢ ᠪᠠᠶᠢᠯᠳᠤᠬᠤ ᠪᠣᠳᠣᠯᠭ᠎ᠠ ᠶᠢᠨ ᠬᠠᠷᠢᠯᠴᠠᠭᠠᠨ ᠤ ᠲᠦᠪᠰᠢᠨ ᠳᠤ ᠬᠦᠷᠲᠡᠯ᠎ᠡ ᠳᠡᠭᠡᠭᠰᠢᠯᠡᠭᠦᠯᠵᠦ᠂ ᠳᠤᠮᠳᠠᠳᠤ ᠠᠹᠷᠢᠺᠠ ᠶᠢᠨ ᠬᠠᠷᠢᠯᠴᠠᠭᠠᠨ ᠤ ᠪᠦᠬᠦᠯᠢ ᠴᠣᠭᠴᠠ ᠶᠢᠨ ᠪᠠᠶᠢᠷᠢ ᠲᠣᠭᠲᠠᠭᠠᠯᠲᠠ ᠶᠢ ᠰᠢᠨ᠎ᠡ ᠴᠠᠭ ᠦᠶ᠎ᠡ ᠶᠢᠨ ᠴᠠᠭ ᠮᠥᠴᠡ ᠪᠥᠬᠦᠨ ᠤ ᠳᠤᠮᠳᠠᠳᠤ ᠠᠹᠷᠢᠺᠠ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠳᠤ ᠬᠦᠷᠲᠡᠯ᠎ᠡ ᠳᠡᠭᠡᠭᠰᠢᠯᠡᠭᠦᠯᠬᠦ ᠶᠢ ᠰᠠᠨᠠᠭᠠᠴᠢᠯᠠᠵᠤ ᠪᠠᠶᠢᠨ᠎ᠠ︕
ᠨᠠᠶᠢᠵᠠ ᠨᠠᠷ ᠠ᠋᠂ ᠡᠷᠬᠢᠮ ᠵᠣᠴᠢᠳ ᠠ᠋︕
ᠣᠳᠣᠬᠢᠴᠢᠯᠠᠯᠲᠠ ᠶᠢ ᠪᠡᠶᠡᠯᠡᠭᠦᠯᠬᠦ ᠪᠣᠯ ᠳᠡᠯᠡᠬᠡᠢ ᠶᠢᠨ ᠡᠯ᠎ᠡ ᠤᠯᠤᠰ ᠤᠨ ᠪᠤᠯᠢᠶᠠᠵᠤ ᠪᠣᠯᠣᠰᠢ ᠦᠭᠡᠢ ᠡᠷᠬᠡ ᠮᠥᠨ᠃ ᠥᠷᠥᠨᠡᠳᠠᠬᠢᠨ ᠤ ᠣᠳᠣᠬᠢᠴᠢᠯᠠᠯᠲᠠ ᠶᠢᠨ ᠠᠬᠢᠴᠠ ᠨᠢ ᠥᠷᠭᠡᠨ ᠣᠯᠠᠨ ᠬᠥᠭᠵᠢᠵᠦ ᠪᠠᠶᠢᠭ᠎ᠠ ᠤᠯᠤᠰ ᠲᠤ ᠬᠦᠨᠳᠦ ᠨᠣᠴᠢᠲᠠᠢ ᠭᠠᠰᠠᠯᠠᠩ ᠵᠣᠪᠠᠯᠠᠩ ᠢ ᠠᠪᠴᠢᠷᠠᠭᠰᠠᠨ ᠶᠤᠮ᠃ ᠳᠡᠯᠡᠬᠡᠢ ᠶᠢᠨ ᠬᠤᠶᠠᠳᠤᠭᠠᠷ ᠳᠠᠶᠢᠨ ᠳᠠᠭᠤᠰᠤᠭᠰᠠᠨ ᠤ ᠳᠠᠷᠠᠭ᠎ᠠ ᠳᠤᠮᠳᠠᠳᠤ ᠤᠯᠤᠰ ᠪᠠ ᠠᠹᠷᠢᠺᠠ ᠲᠢᠪ ᠢᠶᠠᠷ ᠲᠥᠯᠥᠭᠡᠯᠡᠭᠦᠯᠦᠭᠰᠡᠨ ᠭᠤᠷᠪᠠᠳᠤᠭᠠᠷ ᠶᠢᠷᠲᠢᠨᠴᠦ ᠶᠢᠨ ᠤᠯᠤᠰ ᠤᠳ ᠵᠠᠯᠭᠠᠭ᠎ᠠ ᠪᠠᠷ ᠲᠤᠰᠠᠭᠠᠷ ᠲᠣᠭᠲᠠᠨᠢᠯ ᠪᠠ ᠬᠥᠭᠵᠢᠯᠲᠡ ᠪᠠᠨ ᠪᠡᠶᠡᠯᠡᠭᠦᠯᠵᠦ᠂ ᠣᠳᠣᠬᠢᠴᠢᠯᠠᠯᠲᠠ ᠶᠢᠨ ᠠᠬᠢᠴᠠ ᠳᠠᠬᠢ ᠲᠡᠦᠬᠡ ᠶᠢᠨ ᠭᠤᠣᠯᠴᠢ ᠪᠤᠰᠤ ᠪᠠᠶᠢᠳᠠᠯ ᠢ ᠲᠠᠰᠤᠷᠠᠯᠲᠠ ᠦᠭᠡᠢ ᠵᠠᠯᠠᠷᠠᠭᠤᠯᠪᠠ᠃ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠳᠠᠯ ᠦᠭᠡᠢ 75 ᠵᠢᠯ ᠤᠨ ᠣᠢ ᠪᠠᠨ ᠤᠭᠲᠤᠬᠤ ᠪᠣᠯᠣᠨ᠎ᠠ᠃ ᠶᠠᠭ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠡᠷᠡᠰ ᠭᠤᠶᠢᠪᠢᠰᠢ ᠦᠭᠡᠢ ᠪᠥᠬᠦ ᠲᠠᠯ᠎ᠠ ᠪᠠᠷ ᠠᠬᠢᠭᠤᠯᠵᠤ ᠪᠠᠶᠢᠨ᠎ᠠ᠃ ᠠᠹᠷᠢᠺᠠ ᠲᠢᠪ ᠴᠦ ᠰᠢᠨ᠎ᠡ ᠰᠡᠬᠡᠭᠡᠷᠡᠯᠲᠡ ᠶᠢ ᠶᠠᠭ ᠥᠩᠭᠡᠷᠡᠭᠡᠵᠦ᠂ ᠠᠹᠷᠢᠺᠠ ᠲᠢᠪ ᠤᠨ ᠤᠯᠤᠰ ᠤᠳ ᠤᠨ ᠬᠤᠯᠪᠣᠭ᠎ᠠ ᠶᠢᠨ ︽2063 ᠣᠨ ᠤ ᠵᠥᠪᠯᠡᠬᠦ ᠵᠦᠢᠯ︾ ᠳᠤ ᠵᠢᠷᠤᠭᠯᠠᠭᠰᠠᠨ ᠣᠳᠣᠬᠢᠴᠢᠯᠠᠯᠲᠠ ᠶᠢᠨ ᠬᠠᠷᠠᠯᠲᠠ ᠲᠡᠶᠢᠰᠢ ᠯᠠᠪᠳᠠᠭᠤᠨ ᠢᠶᠠᠷ ᠤᠷᠤᠭᠰᠢᠯᠠᠵᠤ ᠪᠠᠶᠢᠨ᠎ᠠ᠃ ᠳᠤᠮᠳᠠᠳᠤ ᠠᠹᠷᠢᠺᠠ ᠶᠢᠨ ᠬᠢᠨ ᠣᠳᠣᠬᠢᠴᠢᠯᠠᠯᠲᠠ ᠶᠢᠨ ᠬᠦᠰᠡᠯ ᠵᠡᠭᠦᠳᠦ ᠲᠡᠶᠢᠰᠢ ᠬᠠᠮᠲᠤ ᠪᠠᠷ ᠤᠷᠤᠭᠰᠢᠯᠠᠵᠤ ᠪᠠᠶᠢᠭ᠎ᠠ ᠶᠠᠪᠤᠳᠠᠯ ᠨᠢ ᠪᠥᠬᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠳ ᠤᠨ ᠣᠳᠣᠬᠢᠴᠢᠯᠠᠯᠲᠠ ᠶᠢᠨ ᠬᠠᠯᠠᠭᠤᠨ ᠥᠷᠨᠢᠯᠲᠡ ᠶᠢ ᠪᠣᠢ ᠪᠣᠯᠭᠠᠵᠤ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠴᠣ ᠰᠢᠨ᠎ᠡ ᠬᠠᠭᠤᠳᠠᠰᠤ ᠶᠢ ᠪᠢᠴᠢᠭᠯᠡᠬᠦ ᠨᠢ ᠯᠠᠪᠲᠠᠢ ᠶᠤᠮ᠃
— ᠲᠥᠪ ᠭᠤᠣᠯᠴᠢ ᠵᠦᠢ ᠵᠣᠬᠢᠰᠲᠠᠢ ᠣᠳᠣᠬᠢᠴᠢᠯᠠᠯᠲᠠ ᠶᠢ ᠭᠠᠷ ᠬᠤᠯᠪᠣᠯᠴᠠᠨ ᠠᠬᠢᠭᠤᠯᠤᠶ᠎ᠠ᠃ ᠤᠯᠤᠰ ᠤᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠳᠤ ᠣᠳᠣᠬᠢᠴᠢᠯᠠᠯᠲᠠ ᠶᠢᠨ ᠡᠩ ᠤᠨ ᠵᠢᠮ᠎ᠡ ᠶᠣᠰᠣ ᠶᠢ ᠵᠢᠷᠤᠮᠯᠠᠬᠤ ᠬᠡᠷᠡᠭᠲᠡᠢ ᠮᠥᠷᠲᠡᠭᠡᠨ ᠲᠣᠰ ᠤᠯᠤᠰ ᠤᠨ ᠢᠶᠠᠨ ᠪᠣᠳᠠᠲᠤ ᠪᠠᠶᠢᠳᠠᠯ ᠲᠠᠢ ᠨᠡᠶᠢᠴᠡᠭᠦᠯᠬᠦ ᠬᠡᠷᠡᠭᠲᠡᠢ᠃ ᠳᠤᠮᠳᠠᠳᠤ ᠤᠯᠤᠰ ᠳᠤᠷᠠᠲᠠᠶ᠎ᠠ ᠠᠹᠷᠢᠺᠠ ᠯᠤᠭ᠎ᠠ ᠲᠥᠷᠥ ᠶᠢ ᠵᠠᠰᠠᠵᠤ ᠵᠠᠰᠠᠭ ᠢ ᠡᠷᠬᠢᠯᠡᠬᠦ ᠲᠤᠷᠰᠢᠯᠭ᠎ᠠ ᠶᠢᠨ ᠰᠣᠯᠢᠯᠴᠠᠭ᠎ᠠ ᠪᠠᠨ ᠴᠢᠩᠭᠠᠳᠬᠠᠵᠤ᠂ ᠡᠯ᠎ᠡ ᠤᠯᠤᠰ ᠤᠨ ᠬᠢᠨ ᠲᠣᠰ ᠤᠯᠤᠰ ᠤᠨ ᠢᠶᠠᠨ ᠪᠠᠶᠢᠳᠠᠯ ᠳᠤ ᠵᠣᠬᠢᠴᠠᠬᠤ ᠣᠳᠣᠬᠢᠴᠢᠯᠠᠯᠲᠠ ᠶᠢᠨ ᠵᠠᠮ ᠢ ᠰᠦᠪᠡᠭᠴᠢᠯᠡᠬᠦ ᠶᠢ ᠳᠡᠮᠵᠢᠵᠦ᠂ ᠡᠯ᠎ᠡ ᠤᠯᠤᠰ ᠤᠨ ᠡᠷᠬᠡ ᠠᠰᠢᠭ ᠨᠢ ᠲᠥᠪ ᠭᠤᠣᠯᠴᠢ᠂ ᠠᠵᠠ ᠲᠣᠬᠢᠶᠠᠯ ᠨᠢ ᠲᠥᠪ ᠭᠤᠣᠯᠴᠢ ᠪᠠᠶᠢᠬᠤ ᠶᠢ ᠪᠠᠲᠤᠯᠠᠨ᠎ᠠ᠃
— ᠨᠡᠭᠡᠭᠡᠯᠲᠡ ᠬᠢᠵᠦ ᠬᠠᠮᠲᠤ ᠪᠠᠷ ᠠᠰᠢᠭ ᠬᠦᠷᠲᠡᠬᠦ ᠣᠳᠣᠬᠢᠴᠢᠯᠠᠯᠲᠠ ᠶᠢ ᠭᠠᠷ ᠬᠤᠯᠪᠣᠯᠴᠠᠨ ᠠᠬᠢᠭᠤᠯᠤᠶ᠎ᠠ᠃ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠪᠣᠯ ᠡᠯ᠎ᠡ ᠤᠯᠤᠰ ᠤᠨ ᠠᠯᠤᠰ ᠬᠡᠳᠦ ᠶᠢᠨ ᠪᠠ ᠦᠨᠳᠦᠰᠦᠨ ᠠᠰᠢᠭ ᠲᠤᠰᠠ ᠲᠠᠢ ᠨᠡᠶᠢᠴᠡᠬᠦ ᠰᠠᠷᠠᠭᠤᠯ ᠳᠠᠷᠳᠠᠩ ᠵᠠᠮ ᠮᠥᠨ᠃ ᠳᠤᠮᠳᠠᠳᠤ ᠤᠯᠤᠰ ᠳᠤᠷᠠᠲᠠᠶ᠎ᠠ ᠠᠹᠷᠢᠺᠠ ᠯᠤᠭ᠎ᠠ ᠠᠵᠤ ᠦᠢᠯᠡᠳᠪᠦᠷᠢ᠂ ᠬᠥᠳᠡᠭᠡ ᠠᠵᠤ ᠠᠬᠤᠢ᠂ ᠰᠠᠭᠤᠷᠢ ᠲᠥᠬᠦᠭᠡᠷᠦᠮᠵᠢ᠂ ᠠᠷᠠᠯᠵᠢᠶ᠎ᠠ ᠪᠡᠯᠡ ᠣᠷᠤᠭᠤᠯᠤᠯᠲᠠ ᠵᠡᠷᠭᠡ ᠬᠦᠷᠢᠶᠡᠨ ᠤ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠴᠢᠨᠠᠷ ᠰᠠᠶᠢᠲᠠᠢ ᠪᠦᠲᠦᠭᠡᠨ ᠪᠠᠶᠢᠭᠤᠯᠬᠤ ᠬᠡᠪ ᠳᠠᠭᠤᠷᠢᠶᠠᠯ ᠢ ᠪᠣᠢ ᠪᠣᠯᠭᠠᠵᠤ᠂ ᠪᠥᠬᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ ᠶᠢ ᠨᠠᠶᠢᠳᠠᠪᠤᠷᠢᠵᠢᠭᠤᠯᠬᠤ ᠬᠡᠪ ᠳᠠᠭᠤᠷᠢᠶᠠᠯ ᠢ ᠬᠠᠮᠲᠤ ᠪᠠᠷ ᠴᠣᠭᠴᠠᠯᠠᠨ᠎ᠠ᠃
— ᠠᠷᠠᠳ ᠲᠦᠮᠡᠨ ᠢ ᠳᠡᠭᠡᠳᠦᠯᠡᠬᠦ ᠣᠳᠣᠬᠢᠴᠢᠯᠠᠯᠲᠠ ᠶᠢ ᠭᠠᠷ ᠬᠤᠯᠪᠣᠯᠴᠠᠨ ᠠᠬᠢᠭᠤᠯᠤᠶ᠎ᠠ᠃ ᠬᠥᠮᠥᠨ ᠤ ᠡᠷᠬᠡ ᠴᠢᠯᠦᠭᠡ ᠲᠠᠢ ᠪᠥᠬᠦ ᠲᠠᠯ᠎ᠠ ᠶᠢᠨ ᠬᠥᠭᠵᠢᠯᠲᠡ ᠶᠢ ᠪᠡᠶᠡᠯᠡᠭᠦᠯᠬᠦ ᠪᠣᠯ ᠣᠳᠣᠬᠢᠴᠢᠯᠠᠯᠲᠠ ᠶᠢᠨ ᠡᠴᠦᠰ ᠤᠨ ᠬᠠᠷᠠᠯᠲᠠ ᠮᠥᠨ᠃ ᠳᠤᠮᠳᠠᠳᠤ ᠤᠯᠤᠰ ᠳᠤᠷᠠᠲᠠᠶ᠎ᠠ ᠠᠹᠷᠢᠺᠠ ᠯᠤᠭ᠎ᠠ ᠴᠢᠳᠠᠪᠤᠷᠢᠲᠠᠨ ᠬᠥᠮᠥᠵᠢᠭᠦᠯᠬᠦ᠂ ᠶᠠᠳᠠᠭᠤ ᠬᠦᠴᠢᠷᠳᠡᠯᠲᠡᠢ ᠬᠥᠮᠥᠨ ᠠᠮᠠ ᠶᠢ ᠴᠥᠭᠡᠳᠬᠡᠬᠦ᠂ ᠠᠵᠢᠯ ᠣᠯᠭᠤᠯᠲᠠ ᠵᠡᠷᠭᠡ ᠬᠦᠷᠢᠶᠡᠨ ᠤ ᠬᠠᠮᠲᠤᠷᠠᠯᠴᠠᠭ᠎ᠠ ᠶᠢ ᠢᠳᠡᠪᠬᠢᠲᠡᠢ ᠥᠷᠨᠢᠭᠦᠯᠵᠦ᠂ ᠠᠷᠠᠳ ᠲᠦᠮᠡᠨ ᠤ ᠣᠳᠣᠬᠢᠴᠢᠯᠠᠯᠲᠠ ᠶᠢᠨ ᠠᠬᠢᠴᠠ ᠳᠠᠬᠢ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠳᠡᠭᠡᠭᠰᠢᠯᠡᠭᠦᠯᠵᠦ᠂ ᠣᠳᠣᠬᠢᠴᠢᠯᠠᠯᠲᠠ ᠪᠠᠷ ᠪᠥᠬᠦ ᠠᠷᠠᠳ ᠲᠦᠮᠡᠨ ᠳᠤ ᠠᠰᠢᠭ ᠬᠦᠷᠲᠡᠭᠡᠬᠦ ᠶᠢ ᠠᠬᠢᠭᠤᠯᠤᠨ᠎ᠠ᠃
— ᠣᠯᠠᠨ ᠡᠰᠢᠲᠦ ᠪᠠᠭᠲᠠᠭᠠᠮᠵᠢᠲᠠᠢ ᠣᠳᠣᠬᠢᠴᠢᠯᠠᠯᠲᠠ ᠶᠢ ᠭᠠᠷ ᠬᠤᠯᠪᠣᠯᠴᠠᠨ ᠠᠬᠢᠭᠤᠯᠤᠶ᠎ᠠ᠃ ᠪᠣᠳᠠᠰ ᠤᠨ ᠪᠣᠯᠪᠠᠰᠤᠨ ᠪᠠ ᠤᠶᠤᠨ ᠤ ᠪᠣᠯᠪᠠᠰᠤᠨ ᠤ ᠵᠣᠬᠢᠴᠠᠩᠭᠤᠢ ᠬᠥᠭᠵᠢᠯᠲᠡ ᠶᠢ ᠪᠡᠶᠡᠯᠡᠭᠦᠯᠬᠦ ᠪᠣᠯ ᠣᠳᠣᠬᠢᠴᠢᠯᠠᠯᠲᠠ ᠶᠢᠨ ᠡᠷᠬᠢᠮ ᠳᠡᠭᠡᠳᠦ ᠬᠥᠭᠡᠭᠡᠴᠡᠯᠳᠦᠯ ᠮᠥᠨ᠃ ᠳᠤᠮᠳᠠᠳᠤ ᠤᠯᠤᠰ ᠳᠤᠷᠠᠲᠠᠶ᠎ᠠ ᠠᠹᠷᠢᠺᠠ ᠯᠤᠭ᠎ᠠ ᠰᠣᠶᠣᠯ ᠢᠷᠭᠡᠨᠰᠢᠯ ᠤᠨ ᠰᠣᠯᠢᠯᠴᠠᠭ᠎ᠠ ᠪᠠᠨ ᠨᠢᠭᠲᠠᠷᠠᠭᠤᠯᠵᠤ᠂ ᠣᠳᠣᠬᠢᠴᠢᠯᠠᠯᠲᠠ ᠶᠢᠨ ᠠᠬᠢᠴᠠ ᠳᠤᠮᠳᠠ ᠠᠳᠠᠯᠢ ᠪᠤᠰᠤ ᠪᠣᠯᠪᠠᠰᠤᠨ ᠤ ᠬᠠᠷᠢᠯᠴᠠᠨ ᠬᠦᠨᠳᠦᠳᠬᠡᠬᠦ᠂ ᠪᠠᠭᠲᠠᠭᠠᠮᠵᠢᠲᠠᠢ ᠬᠠᠮᠲᠤ ᠪᠠᠷ ᠣᠷᠣᠰᠢᠬᠤ ᠶᠢ ᠰᠠᠨᠠᠭᠠᠴᠢᠯᠠᠵᠤ᠂ ᠪᠦᠭᠦ ᠪᠥᠮᠪᠥᠷᠴᠡᠭ ᠤᠨ ᠪᠣᠯᠪᠠᠰᠤᠨ ᠤ ᠰᠠᠨᠠᠭᠠᠴᠢᠯᠠᠭ᠎ᠠ ᠶᠢᠨ ᠨᠡᠩ ᠤᠯᠠᠨ ᠦᠷ᠎ᠡ ᠪᠦᠲᠦᠭᠡᠯ ᠣᠯᠬᠤ ᠶᠢ ᠬᠠᠮᠲᠤ ᠪᠠᠷ ᠠᠬᠢᠭᠤᠯᠤᠨ᠎ᠠ᠃
— ᠠᠮᠢ ᠠᠬᠤᠢ ᠨᠥᠭᠦᠷᠰᠡᠭ ᠪᠠᠶᠢᠬᠤ ᠣᠳᠣᠬᠢᠴᠢᠯᠠᠯᠲᠠ ᠶᠢ ᠭᠠᠷ ᠬᠤᠯᠪᠣᠯᠴᠠᠨ ᠠᠬᠢᠭᠤᠯᠤᠶ᠎ᠠ᠃ ᠪᠣᠬᠢᠷᠳᠤᠯ ᠦᠭᠡᠢ ᠬᠥᠭᠵᠢᠯᠲᠡ ᠪᠣᠯ ᠰᠢᠨ᠎ᠡ ᠴᠠᠭ ᠦᠶ᠎ᠡ ᠶᠢᠨ ᠣᠳᠣᠬᠢᠴᠢᠯᠠᠯᠲᠠ ᠶᠢᠨ ᠢᠯᠡ ᠲᠣᠳᠣ ᠪᠡᠯᠭᠡ ᠲᠡᠮᠳᠡᠭ ᠮᠥᠨ᠃ ᠳᠤᠮᠳᠠᠳᠤ ᠤᠯᠤᠰ ᠳᠤᠷᠠᠲᠠᠶ᠎ᠠ ᠠᠹᠷᠢᠺᠠ ᠲᠢᠪ ᠢ ᠬᠠᠪᠰᠤᠷᠤᠨ ︽ᠪᠣᠬᠢᠷᠳᠤᠯ ᠦᠭᠡᠢ ᠨᠡᠮᠡᠭᠳᠡᠯ ᠤᠨ ᠬᠥᠳᠡᠯᠭᠡᠭᠦᠷ︾ ᠢ ᠴᠣᠭᠴᠠᠯᠠᠵᠤ᠂ ᠡᠨᠧᠷᠭᠢ ᠶᠢᠨ ᠬᠦᠷᠦᠯᠴᠡᠬᠦᠶᠢᠴᠡ ᠴᠢᠨᠠᠷ ᠤᠨ ᠵᠥᠷᠢᠶ᠎ᠡ ᠶᠢ ᠪᠠᠭᠠᠰᠬᠠᠨ᠂ ᠬᠠᠮᠲᠤ ᠪᠠᠷ ᠬᠠᠷᠢᠭᠤᠴᠠᠬᠤ ᠪᠤᠯᠪᠠᠴᠤ ᠢᠯᠭᠠᠭ᠎ᠠ ᠲᠠᠢ ᠪᠠᠶᠢᠬᠤ ᠬᠠᠷᠢᠭᠤᠴᠠᠯᠭ᠎ᠠ ᠶᠢᠨ ᠵᠠᠷᠴᠢᠮ ᠢ ᠪᠠᠷᠢᠮᠲᠠᠯᠠᠵᠤ᠂ ᠪᠦᠭᠦ ᠪᠥᠮᠪᠥᠷᠴᠡᠭ ᠤᠨ ᠪᠣᠬᠢᠷᠳᠤᠯ ᠦᠭᠡᠢ ᠨᠡᠭᠦᠷᠡᠰᠦᠲᠥ᠋ᠷᠥᠭᠴᠢ ᠪᠠᠭᠠᠲᠠᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠶᠢ ᠬᠠᠮᠲᠤ ᠪᠠᠷ ᠠᠬᠢᠭᠤᠯᠤᠨ᠎ᠠ᠃
— ᠡᠩᠬᠡ ᠲᠠᠶᠢᠪᠤᠩ ᠠᠮᠤᠷ ᠲᠦᠪᠰᠢᠨ ᠣᠳᠣᠬᠢᠴᠢᠯᠠᠯᠲᠠ ᠶᠢ ᠭᠠᠷ ᠬᠤᠯᠪᠣᠯᠴᠠᠨ ᠠᠬᠢᠭᠤᠯᠤᠶ᠎ᠠ᠃ ᠣᠳᠣᠬᠢᠴᠢᠯᠠᠯᠲᠠ ᠨᠢ ᠡᠩᠬᠡ ᠲᠠᠶᠢᠪᠤᠩ ᠲᠣᠭᠲᠠᠭᠤᠨ ᠬᠥᠭᠵᠢᠯᠲᠡ ᠶᠢᠨ ᠣᠷᠴᠢᠨ ᠨᠥᠬᠦᠴᠡᠯ ᠠᠴᠠ ᠰᠠᠯᠵᠤ ᠴᠢᠳᠠᠬᠤ ᠦᠭᠡᠢ ᠶᠤᠮ᠃ ᠳᠤᠮᠳᠠᠳᠤ ᠤᠯᠤᠰ ᠳᠤᠷᠠᠲᠠᠶ᠎ᠠ ᠠᠹᠷᠢᠺᠠ ᠲᠢᠪ ᠤᠨ ᠡᠩᠬᠡ ᠲᠠᠶᠢᠪᠤᠩ ᠲᠣᠭᠲᠠᠭᠤᠨ ᠢᠶᠠᠨ ᠪᠡᠶ᠎ᠡ ᠪᠠᠨ ᠳᠠᠭᠠᠭᠠᠵᠤ ᠬᠠᠮᠠᠭᠠᠯᠠᠬᠤ ᠴᠢᠳᠠᠪᠤᠷᠢ ᠶᠢ ᠬᠠᠪᠰᠤᠷᠤᠨ ᠳᠡᠭᠡᠭᠰᠢᠯᠡᠭᠦᠯᠵᠦ᠂ ᠪᠦᠭᠦ ᠪᠥᠮᠪᠥᠷᠴᠡᠭ ᠤᠨ ᠠᠮᠤᠷ ᠲᠦᠪᠰᠢᠨ ᠤ ᠰᠠᠨᠠᠭᠠᠴᠢᠯᠠᠭ᠎ᠠ ᠶᠢ ᠡᠩ ᠲᠡᠷᠢᠭᠦᠨ ᠳᠤ ᠠᠹᠷᠢᠺᠠ ᠲᠢᠪ ᠲᠤ ᠨᠠᠶᠢᠳᠠᠪᠤᠷᠢᠵᠢᠭᠤᠯᠬᠤ ᠶᠢ ᠠᠬᠢᠭᠤᠯᠵᠤ᠂ ᠴᠢᠨᠠᠷ ᠰᠠᠶᠢᠲᠠᠢ ᠬᠥᠭᠵᠢᠯᠲᠡ ᠪᠣᠯᠣᠨ ᠥᠨᠳᠥᠷ ᠲᠦᠪᠰᠢᠨ ᠪᠦᠬᠦᠢ ᠠᠮᠤᠷ ᠲᠦᠪᠰᠢᠨ ᠤ ᠰᠠᠶᠢᠨ ᠦᠢᠯᠡᠳᠦᠯᠴᠡᠯ ᠢ ᠠᠬᠢᠭᠤᠯᠵᠤ᠂ ᠳᠡᠯᠡᠬᠡᠢ ᠶᠢᠨ ᠡᠩᠬᠡ ᠲᠠᠶᠢᠪᠤᠩ ᠲᠣᠭᠲᠠᠭᠤᠨ ᠢ ᠬᠠᠮᠲᠤ ᠪᠠᠷ ᠬᠠᠮᠠᠭᠠᠯᠠᠨ᠎ᠠ᠃
ᠨᠠᠶᠢᠵᠠ ᠨᠠᠷ ᠠ᠋᠂ ᠡᠷᠬᠢᠮ ᠵᠣᠴᠢᠳ ᠠ᠋︕
ᠳᠤᠮᠳᠠᠳᠤ ᠤᠯᠤᠰ ᠪᠣᠯᠣᠨ ᠠᠹᠷᠢᠺᠠ ᠲᠢᠪ ᠳᠡᠯᠡᠬᠡᠢ ᠶᠢᠨ ᠪᠦᠭᠦ ᠬᠥᠮᠥᠨ ᠠᠮᠠ ᠶᠢᠨ ᠭᠤᠷᠪᠠᠨ ᠤ ᠨᠢᠭᠡ ᠶᠢ ᠡᠵᠡᠯᠡᠨ᠎ᠡ᠂ ᠳᠤᠮᠳᠠᠳᠤ ᠠᠹᠷᠢᠺᠠ ᠶᠢᠨ ᠣᠳᠣᠬᠢᠴᠢᠯᠠᠯᠲᠠ ᠪᠠᠶᠢᠬᠤ ᠦᠭᠡᠢ ᠪᠣᠯ ᠳᠡᠯᠡᠬᠡᠢ ᠶᠢᠨ ᠣᠳᠣᠬᠢᠴᠢᠯᠠᠯᠲᠠ ᠴᠦ ᠪᠠᠶᠢᠵᠤ ᠴᠢᠳᠠᠬᠤ ᠦᠭᠡᠢ᠃ ᠢᠷᠡᠭᠡᠳᠦᠢ ᠶᠢᠨ 3 ᠵᠢᠯ ᠳᠤ ᠳᠤᠮᠳᠠᠳᠤ ᠤᠯᠤᠰ ᠳᠤᠷᠠᠲᠠᠶ᠎ᠠ ᠠᠹᠷᠢᠺᠠ ᠶᠢᠨ ᠬᠢᠨ ᠲᠠᠢ ᠣᠳᠣᠬᠢᠴᠢᠯᠠᠯᠲᠠ ᠶᠢᠨ ᠠᠷᠪᠠᠨ ᠶᠡᠭᠡ ᠬᠠᠨᠢᠲᠠᠨ ᠤ ᠠᠵᠢᠯᠯᠠᠭ᠎ᠠ ᠶᠢ ᠭᠠᠷ ᠬᠤᠯᠪᠣᠨ ᠠᠬᠢᠭᠤᠯᠵᠤ᠂ ᠳᠤᠮᠳᠠᠳᠤ ᠠᠹᠷᠢᠺᠠ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠳ ᠤᠨ ᠣᠳᠣᠬᠢᠴᠢᠯᠠᠯᠲᠠ ᠶᠢ ᠬᠥᠲᠥᠯᠥᠨ ᠳᠠᠭᠠᠭᠤᠯᠤᠨ᠎ᠠ᠃
ᠨᠢᠭᠡᠳᠦᠭᠡᠷ ᠲᠤ᠂ ᠪᠣᠯᠪᠠᠰᠤᠨ ᠢᠶᠠᠨ ᠬᠠᠷᠢᠯᠴᠠᠨ ᠲᠣᠯᠢ ᠪᠤᠯᠭᠠᠬᠤ ᠬᠠᠨᠢᠲᠠᠨ ᠤ ᠠᠵᠢᠯᠯᠠᠭ᠎ᠠ᠃ ᠳᠤᠮᠳᠠᠳᠤ ᠤᠯᠤᠰ ᠳᠤᠷᠠᠲᠠᠶ᠎ᠠ ᠠᠹᠷᠢᠺᠠ ᠶᠢᠨ ᠬᠢᠨ ᠲᠠᠢ ᠳᠤᠮᠳᠠᠳᠤ ᠠᠹᠷᠢᠺᠠ ᠶᠢᠨ ᠲᠦᠷᠦ ᠶᠢ ᠵᠠᠰᠠᠵᠤ ᠵᠠᠰᠠᠭ ᠢ ᠡᠷᠭᠢᠯᠡᠭᠦ ᠲᠤᠷᠰᠢᠯᠭ᠎ᠠ ᠶᠢᠨ ᠰᠣᠯᠢᠯᠴᠠᠭᠠᠨ ᠤ ᠲᠠᠪᠴᠠᠩ ᠢ ᠪᠠᠶᠢᠭᠤᠯᠵᠤ᠂ ᠳᠤᠮᠳᠠᠳᠤ ᠠᠹᠷᠢᠺᠠ ᠶᠢᠨ ᠬᠥᠭᠵᠢᠯᠲᠡ ᠶᠢᠨ ᠮᠡᠳᠡᠯᠭᠡ ᠶᠢᠨ ᠰᠦᠯᠵᠢᠶ᠎ᠡ ᠪᠣᠯᠣᠨ 25 ᠳᠤᠮᠳᠠᠳᠤ ᠠᠹᠷᠢᠺᠠ ᠶᠢᠨ ᠰᠤᠳᠤᠯᠭᠠᠨ ᠤ ᠲᠥᠪ ᠢ ᠪᠠᠶᠢᠭᠤᠯᠤᠨ᠎ᠠ᠃ ᠠᠹᠷᠢᠺᠠ ᠲᠢᠪ ᠤᠨ ᠤᠳᠤᠷᠢᠳᠬᠤ ᠬᠦᠴᠦᠨ ᠤ ᠳᠡᠭᠡᠳᠦ ᠰᠤᠷᠭᠠᠭᠤᠯᠢ ᠳᠤ ᠲᠦᠰᠢᠭᠯᠡᠨ ᠲᠦᠷᠦ ᠶᠢ ᠵᠠᠰᠠᠵᠤ ᠵᠠᠰᠠᠭ ᠢ ᠡᠷᠭᠢᠯᠡᠭᠦ ᠴᠢᠳᠠᠪᠤᠷᠢᠲᠠᠨ ᠢ ᠬᠥᠮᠥᠵᠢᠭᠦᠯᠵᠦ᠂ ᠠᠹᠷᠢᠺᠠ ᠲᠢᠪ ᠤᠨ 1000 ᠲᠦᠷᠦ ᠶᠢᠨ ᠨᠠᠮ ᠤᠨ ᠬᠥᠮᠥᠰ ᠢ ᠤᠷᠢᠵᠤ ᠳᠤᠮᠳᠠᠳᠤ ᠤᠯᠤᠰ ᠲᠤ ᠢᠷᠡᠭᠦᠯᠦᠨ ᠰᠣᠯᠢᠯᠴᠠᠭ᠎ᠠ ᠭᠢᠯᠭᠡᠵᠤ᠂ ᠬᠤᠶᠠᠷ ᠲᠠᠯ᠎ᠠ ᠶᠢᠨ ᠨᠠᠮ ᠢ ᠵᠠᠰᠠᠵᠤ ᠲᠦᠷᠦ ᠶᠢ ᠵᠠᠰᠠᠬᠤ ᠲᠤᠷᠰᠢᠯᠭ᠎ᠠ ᠶᠢᠨ ᠰᠣᠯᠢᠯᠴᠠᠭ᠎ᠠ ᠶᠢ ᠭᠦᠨᠵᠡᠭᠡᠶᠢᠷᠡᠭᠦᠯᠦᠨ᠎ᠡ᠃
ᠬᠤᠶᠠᠳᠤᠭᠠᠷ ᠲᠤ᠂ ᠠᠷᠠᠯᠵᠢᠶ᠎ᠠ ᠴᠡᠴᠡᠭᠯᠡᠨ ᠬᠥᠭᠵᠢᠭᠰᠡᠨ ᠬᠠᠨᠢᠲᠠᠨ ᠤ ᠠᠵᠢᠯᠯᠠᠭ᠎ᠠ᠃ ᠳᠤᠮᠳᠠᠳᠤ ᠤᠯᠤᠰ ᠳᠤᠷᠠᠲᠠᠶ᠎ᠠ ᠵᠠᠬ᠎ᠠ ᠳᠡᠯᠭᠡᠭᠦᠷ ᠤᠨ ᠨᠡᠭᠡᠭᠡᠯᠲᠡ ᠶᠢ ᠰᠠᠨᠠᠭᠠᠴᠢᠯᠠᠭ᠎ᠠ ᠠᠴᠠ ᠪᠠᠨ ᠭᠠᠭᠴᠠ ᠲᠠᠯ᠎ᠠ ᠠᠴᠠ ᠥᠷᠭᠡᠳᠬᠡᠵᠦ᠂ ᠠᠹᠷᠢᠺᠠ ᠲᠢᠪ ᠤᠨ 33 ᠤᠯᠤᠰ ᠢ ᠪᠠᠭᠲᠠᠭᠠᠭᠰᠠᠨ ᠪᠤᠢ ᠪᠦᠬᠦᠢ ᠳᠤᠮᠳᠠᠳᠤ ᠤᠯᠤᠰ ᠯᠤᠭ᠎ᠠ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ ᠬᠠᠮᠤᠭ ᠤᠨ ᠬᠥᠭᠵᠢᠭᠡᠳᠦᠢ ᠤᠯᠤᠰ ᠤᠨ 100% ᠶᠢᠨ ᠭᠠᠶᠢᠯᠢ ᠶᠢᠨ ᠲᠦᠷᠦᠯ ᠤᠨ ᠪᠦᠲᠦᠭᠡᠭᠳᠡᠬᠦᠨ ᠳᠤ ᠪᠣᠭᠤᠮᠲᠠ ᠶᠢᠨ ᠭᠠᠶᠢᠯᠢ ᠲᠤᠰᠢᠶᠠᠬᠤ ᠦᠭᠡᠢ ᠬᠠᠷᠠᠭᠠᠯᠵᠠᠯ ᠦᠵᠡᠭᠦᠯᠭᠦ ᠪᠠᠷ ᠲᠣᠭᠲᠠᠵᠤ᠂ ᠡᠨᠡ ᠬᠦ ᠠᠷᠭ᠎ᠠ ᠬᠡᠮᠵᠢᠶ᠎ᠡ ᠶᠢ ᠬᠡᠷᠡᠭᠵᠢᠭᠦᠯᠦᠭᠰᠡᠨ ᠠᠩᠬᠠᠳᠠᠭᠴᠢ ᠬᠥᠭᠵᠢᠵᠦ ᠪᠠᠶᠢᠭ᠎ᠠ ᠲᠣᠮᠣ ᠤᠯᠤᠰ ᠪᠠ ᠳᠡᠯᠡᠬᠡᠢ ᠶᠢᠨ ᠭᠤᠣᠯ ᠪᠤᠯᠬᠤ ᠠᠵᠤ ᠠᠬᠤᠢ ᠶᠢᠨ ᠴᠣᠭᠴᠠ ᠪᠣᠯᠵᠤ᠂ ᠳᠤᠮᠳᠠᠳᠤ ᠤᠯᠤᠰ ᠤᠨ ᠲᠣᠮᠣ ᠵᠠᠬ᠎ᠠ ᠳᠡᠯᠭᠡᠭᠦᠷ ᠢ ᠠᠹᠷᠢᠺᠠ ᠲᠢᠪ ᠤᠨ ᠲᠣᠮᠣ ᠠᠵᠠ ᠲᠣᠭᠢᠶᠠᠯ ᠪᠤᠯᠭᠠᠬᠤ ᠶᠢ ᠠᠬᠢᠭᠤᠯᠤᠨ᠎ᠠ᠃ ᠠᠹᠷᠢᠺᠠ ᠲᠢᠪ ᠤᠨ ᠬᠥᠳᠡᠭᠡ ᠠᠵᠤ ᠠᠬᠤᠢ ᠶᠢᠨ ᠪᠦᠲᠦᠭᠡᠭᠳᠡᠬᠦᠨ ᠤ ᠵᠠᠬ᠎ᠠ ᠳᠡᠯᠭᠡᠭᠦᠷ ᠲᠤ ᠣᠷᠣᠬᠤ ᠵᠥᠪᠰᠢᠶᠡᠷᠡᠯ ᠢ ᠥᠷᠭᠡᠳᠬᠡᠵᠦ᠂ ᠡᠯᠧᠺᠲᠷᠣᠨ ᠬᠤᠳᠠᠯᠳᠤᠭ᠎ᠠ ᠵᠡᠷᠭᠡ ᠬᠦᠷᠢᠶᠡᠨ ᠳᠠᠬᠢ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠦᠨ᠂ ︽ᠳᠤᠮᠳᠠᠳᠤ ᠠᠹᠷᠢᠺᠠ ᠶᠢᠨ ᠶᠠᠰᠤ ᠴᠢᠨᠠᠷ ᠢ ᠳᠡᠭᠡᠭᠰᠢᠯᠡᠭᠦᠯᠭᠦ ᠲᠥᠯᠥᠪᠯᠡᠭᠡ︾ ᠶᠢ ᠬᠡᠷᠡᠭᠵᠢᠭᠦᠯᠦᠨ᠎ᠡ᠃ ᠳᠤᠮᠳᠠᠳᠤ ᠤᠯᠤᠰ ᠳᠤᠷᠠᠲᠠᠶ᠎ᠠ ᠠᠹᠷᠢᠺᠠ ᠲᠢᠪ ᠯᠦᠭᠡ ᠬᠠᠮᠲᠤ ᠪᠠᠷ ᠬᠥᠭᠵᠢᠬᠦ ᠠᠵᠤ ᠠᠬᠤᠢ ᠶᠢᠨ ᠬᠠᠨᠢᠲᠠᠨ ᠤ ᠬᠠᠷᠢᠯᠴᠠᠭ᠎ᠠ ᠶᠢᠨ ᠪᠦᠳᠦᠭᠦᠪᠴᠢ ᠬᠡᠯᠡᠯᠴᠡᠭᠡᠷ ᠢ ᠵᠥᠪᠳᠡᠯᠴᠡᠨ ᠲᠣᠭᠲᠠᠵᠤ᠂ ᠳᠤᠮᠳᠠᠳᠤ ᠠᠹᠷᠢᠺᠠ ᠶᠢᠨ ᠠᠷᠠᠯᠵᠢᠶᠠᠨ ᠤ ᠪᠡᠯᠡ ᠣᠷᠣᠭᠤᠯᠤᠯᠲᠠ ᠳᠤ ᠤᠷᠳᠤ ᠬᠤᠭᠤᠴᠠᠭᠠᠨ ᠤ᠂ ᠲᠣᠭᠲᠠᠭᠤᠨ᠂ ᠵᠢᠱᠢᠵᠦ ᠪᠣᠯᠬᠤᠶᠢᠴᠠ ᠳᠦᠷᠢᠮ ᠤᠨ ᠪᠠᠲᠤᠯᠠᠭ᠎ᠠ ᠬᠠᠩᠭᠠᠨ᠎ᠠ᠃
ᠭᠤᠷᠪᠠᠳᠤᠭᠠᠷ ᠲᠤ᠂ ᠠᠵᠤ ᠦᠢᠯᠡᠰ ᠤᠨ ᠬᠡᠯᠬᠢᠶ᠎ᠡ ᠶᠢᠨ ᠬᠠᠮᠲᠤᠷᠠᠯᠴᠠᠭᠠᠨ ᠤ ᠬᠠᠨᠢᠲᠠᠨ ᠤ ᠠᠵᠢᠯᠯᠠᠭ᠎ᠠ᠃ ᠳᠤᠮᠳᠠᠳᠤ ᠤᠯᠤᠰ ᠳᠤᠷᠠᠲᠠᠶ᠎ᠠ ᠠᠹᠷᠢᠺᠠ ᠲᠢᠪ ᠯᠦᠭᠡ ᠠᠵᠤ ᠦᠢᠯᠡᠰ ᠤᠨ ᠬᠠᠮᠲᠤᠷᠠᠯᠴᠠᠭᠠᠨ ᠤ ᠨᠡᠮᠡᠭᠳᠡᠯ ᠤᠨ ᠲᠣᠭᠤᠷᠢᠭ ᠢ ᠪᠠᠶᠢᠭᠤᠯᠵᠤ᠂ ᠳᠤᠮᠳᠠᠳᠤ ᠠᠹᠷᠢᠺᠠ ᠶᠢᠨ ᠠᠵᠤ ᠠᠬᠤᠢ ᠠᠷᠠᠯᠵᠢᠶᠠᠨ ᠤ ᠭᠦᠨᠵᠡᠭᠡᠢ ᠬᠠᠮᠲᠤᠷᠠᠯᠴᠠᠭᠠᠨ ᠤ ᠬᠤᠰᠢᠭᠤᠴᠢ ᠣᠷᠣᠨ ᠢ ᠬᠦᠴᠦᠯᠡᠨ ᠪᠠᠶᠢᠭᠤᠯᠵᠤ᠂ ︽ᠠᠹᠷᠢᠺᠠ ᠲᠢᠪ ᠤᠨ ᠳᠤᠮᠳᠠ ᠪᠠᠭ᠎ᠠ ᠠᠵᠤ ᠠᠬᠤᠶᠢᠯᠠᠯ ᠳᠤ ᠬᠦᠴᠦᠨ ᠴᠢᠳᠠᠯ ᠣᠯᠭᠤᠬᠤ ᠲᠥᠯᠥᠪᠯᠡᠭᠡ︾ ᠶᠢ ᠡᠬᠢᠯᠡᠭᠦᠯᠦᠨ᠎ᠡ᠃ ᠳᠤᠮᠳᠠᠳᠤ ᠠᠹᠷᠢᠺᠠ ᠶᠢᠨ ᠲᠣᠭᠠᠴᠢᠯᠠᠭᠰᠠᠨ ᠮᠡᠷᠭᠡᠵᠢᠯ ᠤᠨ ᠬᠠᠮᠲᠤᠷᠠᠯᠴᠠᠭᠠᠨ ᠤ ᠲᠥᠪ ᠢ ᠬᠠᠮᠲᠤ ᠪᠠᠷ ᠪᠠᠶᠢᠭᠤᠯᠵᠤ᠂ ᠲᠣᠭᠠᠴᠢᠯᠠᠭᠰᠠᠨ ᠵᠢᠱᠢᠶ᠎ᠡ ᠦᠵᠡᠭᠦᠯᠭᠦ 20 ᠲᠦᠷᠦᠯ ᠵᠦᠢᠯ ᠢ ᠪᠠᠶᠢᠭᠤᠯᠵᠤ᠂ ᠰᠢᠨ᠎ᠡ ᠨᠢᠭᠡ ᠡᠭᠡᠯᠵᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠤᠪᠢᠰᠬᠠᠯ ᠪᠣᠯᠣᠨ ᠠᠵᠤ ᠦᠢᠯᠡᠰ ᠤᠨ ᠬᠤᠪᠢᠰᠤᠯᠲᠠ ᠶᠢ ᠬᠠᠮᠲᠤ ᠪᠠᠷ ᠤᠭᠲᠤᠨ᠎ᠠ᠃
ᠳᠥᠷᠪᠡᠳᠦᠭᠡᠷ ᠲᠤ᠂ ᠬᠤᠯᠪᠣᠯᠳᠤᠨ ᠨᠡᠪᠲᠡᠷᠡᠯᠴᠡᠬᠦ ᠬᠠᠨᠢᠲᠠᠨ ᠤ ᠠᠵᠢᠯᠯᠠᠭ᠎ᠠ᠃ ᠳᠤᠮᠳᠠᠳᠤ ᠤᠯᠤᠰ ᠳᠤᠷᠠᠲᠠᠶ᠎ᠠ ᠠᠹᠷᠢᠺᠠ ᠲᠢᠪ ᠲᠤ ᠰᠠᠭᠤᠷᠢ ᠲᠥᠬᠦᠭᠡᠷᠦᠮᠵᠢ ᠶᠢᠨ ᠬᠤᠯᠪᠣᠯᠳᠤᠨ ᠨᠡᠪᠲᠡᠷᠡᠯᠴᠡᠬᠦ 30 ᠲᠥᠷᠥᠯ ᠵᠦᠢᠯ ᠢ ᠬᠡᠷᠡᠭᠵᠢᠭᠦᠯᠵᠦ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠴᠢᠨᠠᠷ ᠰᠠᠶᠢᠲᠠᠢ ᠪᠦᠲᠦᠭᠡᠨ ᠪᠠᠶᠢᠭᠤᠯᠬᠤ ᠶᠢ ᠭᠠᠷ ᠬᠤᠯᠪᠣᠨ ᠠᠬᠢᠭᠤᠯᠵᠤ᠂ ᠬᠠᠭᠤᠷᠠᠢ ᠲᠡᠯᠡᠶ ᠬᠤᠯᠪᠤᠭᠠᠯᠠᠨ ᠬᠥᠳᠡᠯᠦᠯᠴᠡᠭᠰᠡᠨ᠂ ᠬᠠᠮᠵᠢᠯᠴᠠᠨ ᠬᠥᠭᠵᠢᠭᠰᠡᠨ ᠳᠤᠮᠳᠠᠳᠤ ᠠᠹᠷᠢᠺᠠ ᠶᠢᠨ ᠬᠤᠯᠪᠣᠯᠳᠤᠨ ᠨᠡᠪᠲᠡᠷᠡᠯᠴᠡᠬᠦ ᠲᠣᠣᠷ ᠢ ᠪᠠᠶᠢᠭᠤᠯᠤᠨ᠎ᠠ᠃ ᠳᠤᠮᠳᠠᠳᠤ ᠤᠯᠤᠰ ᠳᠤᠷᠠᠲᠠᠶ᠎ᠠ ᠠᠹᠷᠢᠺᠠ ᠲᠢᠪ ᠤᠨ ᠡᠬᠡ ᠬᠠᠭᠤᠷᠠᠢ ᠶᠢᠨ ᠴᠢᠯᠦᠭᠡᠲᠦ ᠠᠷᠠᠯᠵᠢᠶᠠᠨ ᠤ ᠣᠷᠣᠨ ᠤ ᠪᠦᠲᠦᠭᠡᠨ ᠪᠠᠶᠢᠭᠤᠯᠤᠯᠲᠠ ᠳᠤ ᠬᠠᠪᠰᠤᠷᠤᠯᠭ᠎ᠠ ᠦᠵᠡᠭᠦᠯᠵᠦ᠂ ᠪᠠᠷᠠᠭᠠᠨ ᠤ ᠭᠦᠢᠯᠭᠡᠭᠡ ᠪᠣᠯᠣᠨ ᠮᠥᠩᠭᠦᠨ ᠭᠦᠢᠯᠭᠡᠭᠡ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠠᠹᠷᠢᠺᠠ ᠲᠢᠪ ᠤᠨ ᠣᠷᠣᠨ ᠪᠦᠰᠡ ᠠᠯᠤᠰᠯᠠᠭᠰᠠᠨ ᠬᠥᠭᠵᠢᠯᠲᠡ ᠳᠤ ᠬᠦᠴᠦᠨ ᠨᠡᠮᠡᠷᠢᠯᠡᠨ᠎ᠡ᠃
ᠲᠠᠪᠤᠳᠤᠭᠠᠷ ᠲᠤ᠂ ᠬᠥᠭᠵᠢᠯᠲᠡ ᠶᠢᠨ ᠬᠠᠮᠲᠤᠷᠠᠯᠴᠠᠭᠠᠨ ᠤ ᠬᠠᠨᠢᠲᠠᠨ ᠤ ᠠᠵᠢᠯᠯᠠᠭ᠎ᠠ᠃ ᠳᠤᠮᠳᠠᠳᠤ ᠤᠯᠤᠰ ᠳᠤᠷᠠᠲᠠᠶ᠎ᠠ ᠠᠹᠷᠢᠺᠠ ᠲᠢᠪ ᠲᠠᠢ ᠬᠠᠮᠲᠤ ᠪᠠᠷ ᠪᠦᠭᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ ᠶᠢᠨ ᠪᠣᠷᠣ ᠲᠥᠯᠥᠪ ᠤᠨ ᠳᠣᠲᠣᠷ᠎ᠠ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠬᠦ ᠬᠠᠮᠲᠤᠷᠠᠭᠰᠠᠨ ᠢᠯᠡᠷᠬᠡᠶᠢᠯᠡᠯᠲᠡ ᠶᠢ ᠨᠡᠶᠢᠲᠡᠯᠡᠵᠦ᠂ ︽ᠪᠠᠭ᠎ᠠ ᠮᠥᠷᠲᠡᠭᠡᠨ ᠨᠠᠷᠢᠯᠢᠭ ᠰᠠᠶᠢᠬᠠᠨ︾ ᠠᠷᠠᠳ ᠤᠨ ᠠᠮᠢᠳᠤᠷᠠᠯ ᠤᠨ 1000 ᠲᠦᠷᠦᠯ ᠵᠦᠢᠯ ᠢ ᠬᠡᠷᠡᠭᠵᠢᠭᠦᠯᠦᠨ᠎ᠡ᠃ ᠳᠤᠮᠳᠠᠳᠤ ᠤᠯᠤᠰ — ᠳᠡᠯᠡᠬᠡᠢ ᠶᠢᠨ ᠪᠠᠩᠬᠢ ᠶᠢᠨ ᠬᠠᠨᠢᠲᠠᠨ ᠤ ᠬᠠᠷᠢᠯᠴᠠᠭ᠎ᠠ ᠶᠢᠨ ᠰᠠᠭᠤᠷᠢ ᠮᠥᠩᠭᠦ ᠳᠤ ᠪᠡᠯᠡ ᠣᠷᠣᠭᠤᠯᠵᠤ᠂ ᠠᠹᠷᠢᠺᠠ ᠲᠢᠪ ᠤᠨ ᠬᠥᠭᠵᠢᠯᠲᠡ ᠳᠤ ᠬᠦᠴᠦᠨ ᠨᠡᠮᠡᠷᠢᠯᠡᠨ᠎ᠡ᠃ 2026 ᠣᠨ ᠤ ᠵᠠᠯᠠᠭᠤᠴᠤᠳ ᠤᠨ ᠣᠯᠢᠮᠫᠢᠺ ᠤᠨ ᠲᠠᠮᠢᠷ ᠤᠨ ᠴᠤᠭᠯᠠᠭᠠᠨ ᠪᠠ 2027 ᠣᠨ ᠤ ᠠᠹᠷᠢᠺᠠ ᠲᠢᠪ ᠬᠤᠨᠳᠠᠭᠠᠲᠤ ᠤᠷᠤᠯᠳᠤᠭᠠᠨ ᠢ ᠡᠷᠭᠢᠯᠡᠭᠦ ᠶᠢ ᠳᠡᠮᠵᠢᠵᠦ᠂ ᠬᠥᠭᠵᠢᠯᠲᠡ ᠶᠢᠨ ᠦᠷ᠎ᠡ ᠪᠦᠲᠦᠭᠡᠯ ᠢ ᠠᠬᠢᠭᠤᠯᠵᠤ ᠳᠤᠮᠳᠠᠳᠤ ᠠᠹᠷᠢᠺᠠ ᠶᠢᠨ ᠠᠷᠠᠳ ᠲᠦᠮᠡᠨ ᠳᠤ ᠨᠡᠩ ᠰᠠᠶᠢᠨ ᠠᠰᠢᠭ ᠬᠦᠷᠲᠡᠭᠡᠨ᠎ᠡ᠃
ᠵᠢᠷᠭᠤᠳᠤᠭᠠᠷ ᠲᠤ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠬᠠᠨᠢᠲᠠᠨ ᠤ ᠠᠵᠢᠯᠯᠠᠭ᠎ᠠ᠃ ᠳᠤᠮᠳᠠᠳᠤ ᠤᠯᠤᠰ ᠳᠤᠷᠠᠲᠠᠶ᠎ᠠ ᠠᠹᠷᠢᠺᠠ ᠶᠢᠨ ᠲᠠᠯ᠎ᠠ ᠲᠠᠢ ᠳᠤᠮᠳᠠᠳᠤ ᠠᠹᠷᠢᠺᠠ ᠶᠢᠨ ᠡᠮᠨᠡᠯᠭᠡ ᠶᠢᠨ ᠬᠤᠷᠢᠶ᠎ᠠ ᠶᠢᠨ ᠬᠤᠯᠪᠤᠭ᠎ᠠ ᠶᠢ ᠪᠠᠶᠢᠭᠤᠯᠵᠤ᠂ ᠬᠠᠮᠲᠤᠷᠠᠭᠰᠠᠨ ᠠᠨᠠᠭᠠᠬᠤ ᠤᠬᠠᠭᠠᠨ ᠤ ᠲᠥᠪ ᠢ ᠬᠠᠮᠲᠤ ᠪᠠᠷ ᠪᠠᠶᠢᠭᠤᠯᠤᠨ᠎ᠠ᠃ ᠠᠹᠷᠢᠺᠠ ᠲᠢᠪ ᠲᠤ 2000 ᠡᠮᠴᠢᠯᠡᠭᠡᠨ ᠤ ᠠᠵᠢᠯᠲᠠᠨ ᠲᠣᠮᠢᠯᠠᠵᠤ᠂ ᠡᠮᠴᠢᠯᠡᠭᠡ ᠡᠷᠡᠭᠦᠯ ᠬᠠᠮᠠᠭᠠᠯᠠᠯ ᠪᠣᠯᠣᠨ ᠰᠢᠯᠦᠬᠡᠢ ᠡᠪᠡᠳᠴᠢᠨ ᠢ ᠡᠰᠡᠷᠭᠦᠴᠡᠬᠦ 20 ᠲᠦᠷᠦᠯ ᠵᠦᠢᠯ ᠢ ᠬᠡᠷᠡᠭᠵᠢᠭᠦᠯᠵᠦ᠂ ᠳᠤᠮᠳᠠᠳᠤ ᠤᠯᠤᠰ ᠤᠨ ᠠᠵᠤ ᠠᠬᠤᠶᠢᠯᠠᠯ ᠤᠨ ᠡᠮ ᠲᠠᠩ ᠤᠨ ᠦᠢᠯᠡᠳᠪᠦᠷᠢᠯᠡᠯ ᠳᠤ ᠪᠡᠯᠡ ᠣᠷᠣᠭᠤᠯᠬᠤ ᠶᠢ ᠠᠬᠢᠭᠤᠯᠵᠤ᠂ ᠠᠹᠷᠢᠺᠠ ᠲᠢᠪ ᠲᠤ ᠲᠤᠯᠭᠠᠷᠠᠭᠰᠠᠨ ᠬᠢᠵᠢᠭ ᠤᠨ ᠪᠠᠶᠢᠳᠠᠯ ᠳᠤ ᠦᠷᠭᠦᠯᠵᠢᠯᠡᠨ ᠴᠢᠳᠠᠯ ᠤᠨ ᠬᠢᠷᠢ ᠪᠠᠷ ᠢᠶᠠᠨ ᠬᠠᠪᠰᠤᠷᠤᠯᠭ᠎ᠠ ᠦᠵᠡᠭᠦᠯᠦᠨ᠎ᠡ᠃ ᠠᠹᠷᠢᠺᠠ ᠲᠢᠪ ᠤᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠤᠨ ᠪᠦᠲᠦᠭᠡᠨ ᠪᠠᠶᠢᠭᠤᠯᠤᠯᠲᠠ ᠶᠢ ᠳᠡᠮᠵᠢᠵᠦ᠂ ᠠᠹᠷᠢᠺᠠ ᠲᠢᠪ ᠤᠨ ᠡᠯ᠎ᠡ ᠤᠯᠤᠰ ᠤᠨ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠴᠢᠳᠠᠪᠤᠷᠢ ᠶᠢ ᠳᠡᠭᠡᠭᠰᠢᠯᠡᠭᠦᠯᠦᠨ᠎ᠡ᠃
ᠳᠣᠯᠣᠳᠤᠭᠠᠷ ᠲᠤ᠂ ᠲᠠᠷᠢᠶᠠᠯᠠᠩ ᠢ ᠬᠥᠭᠵᠢᠭᠦᠯᠦᠨ ᠠᠷᠠᠳ ᠲᠤ ᠠᠰᠢᠭ ᠬᠦᠷᠲᠡᠭᠡᠬᠦ ᠬᠠᠨᠢᠲᠠᠨ ᠤ ᠠᠵᠢᠯᠯᠠᠭ᠎ᠠ᠃ ᠳᠤᠮᠳᠠᠳᠤ ᠤᠯᠤᠰ ᠠᠹᠷᠢᠺᠠ ᠲᠢᠪ ᠲᠤ 10 ᠳ᠋ᠦᠩᠰᠢᠭᠤᠷ ᠲᠥᠭᠦᠷᠢᠭ ᠠᠷᠠᠳ ᠤᠨ ᠵᠣᠭᠤᠰ ᠤᠨ ᠠᠮᠤ ᠪᠤᠳᠠᠭᠠᠨ ᠤ ᠪᠠᠴᠢᠮ ᠲᠤᠰᠠᠯᠠᠮᠵᠢ ᠬᠠᠩᠭᠠᠵᠤ᠂ 10 ᠲᠦᠮᠡᠨ ᠮᠦ ᠲᠠᠷᠢᠶᠠᠯᠠᠩ ᠤᠨ ᠪᠠᠷᠢᠮᠵᠢᠶᠠᠵᠢᠭᠤᠯᠤᠭᠰᠠᠨ ᠵᠢᠱᠢᠶ᠎ᠡ ᠦᠵᠡᠭᠦᠯᠭᠦ ᠣᠷᠣᠨ ᠢ ᠪᠠᠶᠢᠭᠤᠯᠵᠤ᠂ 500 ᠲᠠᠷᠢᠶᠠᠯᠠᠩ ᠤᠨ ᠲᠤᠰᠬᠠᠢ ᠮᠡᠷᠭᠡᠵᠢᠯᠲᠡᠨ ᠲᠣᠮᠢᠯᠠᠨ᠂ ᠳᠤᠮᠳᠠᠳᠤ ᠠᠹᠷᠢᠺᠠ ᠶᠢᠨ ᠲᠠᠷᠢᠶᠠᠯᠠᠩ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠬᠤᠯᠪᠤᠭ᠎ᠠ ᠶᠢ ᠪᠠᠶᠢᠭᠤᠯᠤᠨ᠎ᠠ᠃ ᠨᠡᠶᠢᠲᠡ ᠶᠢᠨ ᠠᠰᠠᠷᠠᠮᠵᠢ ᠶᠢᠨ 500 ᠲᠥᠷᠥᠯ ᠵᠦᠢᠯ ᠢ ᠬᠡᠷᠡᠭᠵᠢᠭᠦᠯᠦᠨ᠎ᠡ᠃ ᠳᠤᠮᠳᠠᠳᠤ ᠠᠹᠷᠢᠺᠠ ᠶᠢᠨ ᠠᠵᠤ ᠠᠬᠤᠶᠢᠯᠠᠯ ᠤᠨ ︽ᠥᠭᠡᠳᠡ ᠥᠭᠡᠳᠡ ᠠᠴᠠ ᠪᠠᠨ ᠲᠡᠮᠡᠦᠯᠵᠦ︾ ᠪᠡᠯᠡ ᠣᠷᠣᠭᠤᠯᠤᠨ ᠦᠢᠯᠡᠰ ᠪᠣᠰᠬᠠᠬᠤ ᠶᠢ ᠵᠣᠷᠢᠭᠵᠢᠭᠤᠯᠵᠤ᠂ ᠠᠵᠤ ᠦᠢᠯᠡᠰ ᠤᠨ ᠨᠡᠮᠡᠯᠲᠡ ᠦᠷᠳᠡᠭ ᠢ ᠠᠹᠷᠢᠺᠠ ᠲᠢᠪ ᠲᠤ ᠦᠯᠡᠳᠡᠭᠡᠵᠦ᠂ ᠠᠹᠷᠢᠺᠠ ᠲᠢᠪ ᠲᠤ 100 ᠲᠦᠮᠡ ᠠᠴᠠ ᠳᠡᠭᠡᠭᠰᠢ ᠠᠵᠢᠯ ᠤᠨ ᠪᠠᠶᠢᠷᠢ ᠡᠭᠦᠳᠴᠦ ᠥᠭᠭᠦᠨ᠎ᠡ᠃
ᠨᠠᠢᠮᠠᠳᠤᠭᠠᠷ ᠲᠤ᠂ ᠰᠣᠶᠣᠯ ᠢᠷᠭᠡᠨᠰᠢᠯ ᠤᠨ ᠰᠣᠯᠢᠯᠴᠠᠭᠠᠨ ᠤ ᠬᠠᠨᠢᠲᠠᠨ ᠤ ᠠᠵᠢᠯᠯᠠᠭ᠎ᠠ᠃ ᠳᠤᠮᠳᠠᠳᠤ ᠤᠯᠤᠰ ᠳᠤᠷᠠᠲᠠᠶ᠎ᠠ ᠠᠹᠷᠢᠺᠠ ᠯᠤᠭ᠎ᠠ ︽ᠢᠷᠡᠭᠡᠳᠦᠢ ᠶᠢᠨ ᠠᠹᠷᠢᠺᠠ ᠲᠢᠪ ᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ︾ ᠤᠨ ᠲᠥᠯᠥᠪᠯᠡᠭᠡ ᠶᠢ ᠭᠦᠨᠵᠡᠭᠡᠢ ᠠᠬᠢᠭᠤᠯᠵᠤ᠂ ᠢᠨᠵᠧᠨᠧᠷᠢᠩ ᠤᠨ ᠮᠡᠷᠭᠡᠵᠢᠯ ᠤᠨ ᠳᠡᠭᠡᠳᠦ ᠰᠤᠷᠭᠠᠭᠤᠯᠢ ᠶᠢ ᠬᠠᠮᠲᠤ ᠪᠠᠷ ᠪᠠᠶᠢᠭᠤᠯᠵᠤ᠂ ︽ᠯᠦ ᠪᠠᠨ ᠦᠢᠯᠡᠳᠬᠡᠯ ᠤᠨ ᠭᠠᠵᠠᠷ︾10 ᠶᠢ ᠪᠠᠶᠢᠭᠤᠯᠤᠨ᠎ᠠ᠃ ᠠᠹᠷᠢᠺᠠ ᠲᠢᠪ ᠤᠨ ᠡᠮᠡᠭᠲᠡᠶᠢᠴᠦᠳ ᠪᠣᠯᠣᠨ ᠵᠠᠯᠠᠭᠤᠴᠤᠳ ᠲᠤ ᠭᠤᠣᠯᠳᠠᠯᠭ᠎ᠠ ᠲᠠᠢ ᠬᠠᠨᠳᠤᠭᠤᠯᠤᠭᠰᠠᠨ ᠰᠤᠳᠤᠯᠤᠨ ᠰᠤᠷᠤᠯᠴᠠᠬᠤ ᠣᠷᠣᠨ ᠲᠤᠭ᠎ᠠ ᠶᠢ 6 ᠲᠦᠮᠡ ᠬᠠᠩᠭᠠᠨ᠎ᠠ᠃ ᠳᠤᠮᠳᠠᠳᠤ ᠠᠹᠷᠢᠺᠠ ᠶᠢᠨ ︽ᠰᠣᠶᠣᠯ ᠤᠨ ᠲᠣᠷᠭᠠᠨ ᠵᠠᠮ︾ ᠤᠨ ᠲᠥᠯᠥᠪᠯᠡᠭᠡ ᠪᠠ ︽ᠷᠠᠳᠢᠣ᠋ ᠺᠢᠨᠣ᠋ ᠲᠧᠯᠸᠢᠰ ᠤᠨ ᠬᠠᠷᠠᠭ᠎ᠠ ᠰᠣᠨᠣᠰᠬᠠᠯ ᠤᠨ ᠰᠢᠨ᠎ᠡ ᠶᠢ ᠡᠭᠦᠳᠬᠦ ᠬᠠᠮᠲᠤᠷᠠᠯᠴᠠᠭᠠᠨ ᠤ ᠲᠥᠯᠥᠪᠯᠡᠭᠡ︾ ᠶᠢ ᠬᠠᠮᠲᠤ ᠪᠠᠷ ᠬᠡᠷᠡᠭᠵᠢᠭᠦᠯᠦᠨ᠎ᠡ᠃ ᠬᠤᠶᠠᠷ ᠲᠠᠯ᠎ᠠ ᠪᠠᠷ ᠢᠶᠠᠨ 2026 ᠣᠨ ᠢ ︽ᠳᠤᠮᠳᠠᠳᠤ ᠠᠹᠷᠢᠺᠠ ᠶᠢᠨ ᠰᠣᠶᠣᠯ ᠢᠷᠭᠡᠨᠰᠢᠯ ᠤᠨ ᠰᠣᠯᠢᠯᠴᠠᠭᠠᠨ ᠤ ᠣᠨ︾ ᠢᠶᠠᠷ ᠲᠣᠭᠲᠠᠭᠠᠪᠠ᠃
ᠶᠢᠰᠦᠳᠦᠭᠡᠷ ᠲᠤ᠂ ᠪᠣᠬᠢᠷᠳᠤᠯ ᠦᠭᠡᠢ ᠬᠥᠭᠵᠢᠯᠲᠡ ᠶᠢᠨ ᠬᠠᠨᠢᠲᠠᠨ ᠤ ᠠᠵᠢᠯᠯᠠᠭ᠎ᠠ᠃ ᠳᠤᠮᠳᠠᠳᠤ ᠤᠯᠤᠰ ᠳᠤᠷᠠᠲᠠᠶ᠎ᠠ ᠠᠹᠷᠢᠺᠠ ᠲᠢᠪ ᠲᠤ 30 ᠴᠡᠪᠡᠷ ᠡᠨᠧᠷᠭᠢ ᠶᠢᠨ ᠲᠦᠷᠦᠯ ᠵᠦᠢᠯ ᠢ ᠬᠡᠷᠡᠭᠵᠢᠭᠦᠯᠵᠦ᠂ ᠡᠬᠢᠨ ᠤ ᠦᠶ᠎ᠡ ᠶᠢᠨ ᠤᠷᠢᠳᠴᠢᠯᠠᠨ ᠰᠡᠷᠡᠮᠵᠢᠯᠡᠭᠦᠯᠭᠦ ᠴᠠᠭ ᠠᠭᠤᠷ ᠤᠨ ᠲᠤᠬᠠᠶᠢᠯᠠᠭᠰᠠᠨ ᠠᠵᠢᠯ ᠤᠨ ᠲᠠᠪᠴᠠᠩ ᠢ ᠪᠠᠶᠢᠭᠤᠯᠵᠤ᠂ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠪᠠ ᠠᠮᠢᠳᠤ ᠪᠣᠳᠠᠰ ᠤᠨ ᠤᠯᠠᠨ ᠶᠠᠩᠵᠤᠲᠤ ᠴᠢᠨᠠᠷ ᠢ ᠬᠠᠮᠠᠭᠠᠯᠠᠬᠤ ᠬᠠᠮᠲᠤᠷᠠᠯᠴᠠᠭ᠎ᠠ ᠥᠷᠨᠢᠭᠦᠯᠦᠨ᠎ᠡ᠃ ᠳᠤᠮᠳᠠᠳᠤ ᠠᠹᠷᠢᠺᠠ ᠶᠢᠨ ᠴᠥᠮ᠎ᠡ ᠶᠢᠨ ᠮᠡᠷᠭᠡᠵᠢᠯ ᠢ ᠨᠠᠶᠢᠷᠠᠮᠳᠠᠯ ᠢᠶᠠᠷ ᠠᠰᠢᠭᠯᠠᠬᠤ ᠶᠠᠷᠢᠶᠠᠨ ᠤ ᠲᠠᠪᠴᠠᠩ ᠢ ᠪᠠᠶᠢᠭᠤᠯᠵᠤ᠂ 30 ᠬᠠᠮᠲᠤᠷᠠᠭᠰᠠᠨ ᠲᠤᠷᠰᠢᠯᠲᠠ ᠶᠢᠨ ᠲᠠᠰᠤᠭ ᠢ ᠬᠠᠮᠲᠤ ᠪᠠᠷ ᠪᠠᠶᠢᠭᠤᠯᠵᠤ᠂ ᠳᠠᠭᠠᠭᠤᠯᠢ ᠤᠳᠤᠨ ᠤ ᠠᠯᠤᠰ ᠰᠡᠷᠡᠯ᠂ ᠰᠠᠷᠠᠨ ᠪᠥᠮᠪᠥᠷᠴᠡᠭ ᠪᠠ ᠭᠦᠨ ᠣᠭᠲᠠᠷᠭᠤᠢ ᠶᠢ ᠬᠠᠶᠢᠨ ᠬᠡᠮᠵᠢᠬᠦ ᠬᠠᠮᠲᠤᠷᠠᠯᠴᠠᠭ᠎ᠠ ᠥᠷᠨᠢᠭᠦᠯᠵᠦ᠂ ᠠᠹᠷᠢᠺᠠ ᠲᠢᠪ ᠤᠨ ᠪᠣᠬᠢᠷᠳᠤᠯ ᠦᠭᠡᠢ ᠬᠥᠭᠵᠢᠯᠲᠡ ᠶᠢ ᠪᠡᠶᠡᠯᠡᠭᠦᠯᠬᠦ ᠳᠤ ᠬᠦᠴᠦᠨ ᠨᠡᠮᠡᠷᠢᠯᠡᠨ᠎ᠡ᠃
ᠠᠷᠪᠠᠳᠤᠭᠠᠷ ᠲᠤ᠂ ᠠᠮᠤᠷ ᠲᠦᠪᠰᠢᠨ ᠢ ᠬᠠᠮᠲᠤ ᠪᠠᠷ ᠴᠣᠭᠴᠠᠯᠠᠬᠤ ᠬᠠᠨᠢᠲᠠᠨ ᠤ ᠠᠵᠢᠯᠯᠠᠭ᠎ᠠ᠃ ᠳᠤᠮᠳᠠᠳᠤ ᠤᠯᠤᠰ ᠳᠤᠷᠠᠲᠠᠶ᠎ᠠ ᠠᠹᠷᠢᠺᠠ ᠲᠢᠪ ᠤᠨ ᠬᠢᠨ ᠲᠠᠢ ᠪᠦᠭᠦ ᠪᠥᠮᠪᠥᠷᠴᠡᠭ ᠤᠨ ᠠᠮᠤᠷ ᠲᠦᠪᠰᠢᠨ ᠤ ᠰᠠᠨᠠᠭᠠᠴᠢᠯᠠᠭ᠎ᠠ ᠶᠢᠨ ᠬᠠᠨᠢᠲᠠᠨ ᠤ ᠬᠠᠷᠢᠯᠴᠠᠭ᠎ᠠ ᠶᠢ ᠨᠠᠶᠢᠳᠠᠪᠤᠷᠢᠵᠢᠭᠤᠯᠵᠤ᠂ ᠬᠠᠮᠲᠤᠷᠠᠯᠴᠠᠭᠠᠨ ᠤ ᠵᠢᠱᠢᠶ᠎ᠡ ᠦᠵᠡᠭᠦᠯᠭᠦ ᠣᠷᠣᠨ ᠢ ᠪᠠᠶᠢᠭᠤᠯᠵᠤ᠂ ᠠᠹᠷᠢᠺᠠ ᠲᠢᠪ ᠤᠨ ᠬᠢᠨ ᠳᠤ 10 ᠳ᠋ᠦᠩᠰᠢᠭᠤᠷ ᠲᠥᠭᠦᠷᠢᠭ ᠠᠷᠠᠳ ᠤᠨ ᠵᠣᠭᠤᠰ ᠤᠨ ᠲᠥᠯᠥᠪᠦᠷᠢ ᠦᠭᠡᠢ ᠴᠡᠷᠢᠭ ᠤᠨ ᠶᠠᠪᠤᠳᠠᠯ ᠤᠨ ᠲᠤᠰᠠᠯᠠᠮᠵᠢ ᠬᠠᠩᠭᠠᠵᠤ᠂ ᠠᠹᠷᠢᠺᠠ ᠲᠢᠪ ᠤᠨ ᠬᠢᠨ ᠳᠤ 6000 ᠴᠡᠷᠢᠭ ᠠᠩᠭᠢ ᠶᠢᠨ ᠴᠢᠳᠠᠪᠤᠷᠢᠲᠠᠨ ᠪᠣᠯᠣᠨ 1000 ᠴᠠᠭᠳᠠᠭᠠᠨ ᠤ ᠶᠠᠪᠤᠳᠠᠯ ᠤᠨ ᠬᠠᠤᠯᠢ ᠬᠡᠷᠡᠭᠵᠢᠭᠦᠯᠬᠦ ᠠᠵᠢᠯᠲᠠᠨ ᠢ ᠪᠤᠯᠪᠠᠰᠤᠷᠠᠭᠤᠯᠵᠤ᠂ 500 ᠵᠠᠯᠠᠭᠤ ᠴᠡᠷᠢᠭ ᠤᠨ ᠳᠠᠷᠤᠭ᠎ᠠ ᠶᠢ ᠤᠷᠢᠵᠤ ᠳᠤᠮᠳᠠᠳᠤ ᠤᠯᠤᠰ ᠲᠤ ᠠᠶᠢᠯᠴᠢᠯᠠᠭᠤᠯᠤᠨ᠎ᠠ᠃ ᠳᠤᠮᠳᠠᠳᠤ ᠠᠹᠷᠢᠺᠠ ᠶᠢᠨ ᠴᠡᠷᠢᠭ ᠠᠩᠭᠢ ᠶᠢᠨ ᠬᠠᠮᠲᠤᠷᠠᠭᠰᠠᠨ ᠰᠣᠷᠢᠯᠲᠠ ᠬᠠᠮᠲᠤᠷᠠᠭᠰᠠᠨ ᠰᠤᠷᠭᠠᠭᠤᠯᠢᠯᠠᠯ ᠪᠠ ᠬᠠᠮᠲᠤᠷᠠᠭᠰᠠᠨ ᠴᠠᠭᠳᠠᠨ ᠪᠠᠶᠢᠴᠠᠭᠠᠯᠲᠠ ᠶᠢ ᠥᠷᠨᠢᠭᠦᠯᠵᠦ᠂ ︽ᠠᠹᠷᠢᠺᠠ ᠲᠢᠪ ᠤᠨ ᠠᠶᠤᠩᠭ᠎ᠠ ᠶᠢᠨ ᠠᠶᠤᠯ ᠠᠴᠠ ᠮᠤᠯᠲᠤᠷᠠᠬᠤ ᠳᠤ ᠲᠤᠰᠠᠯᠠᠬᠤ ᠠᠵᠢᠯᠯᠠᠭ᠎ᠠ︾ ᠶᠢ ᠬᠡᠷᠡᠭᠵᠢᠭᠦᠯᠵᠦ᠂ ᠠᠵᠢᠯᠲᠠᠨ ᠪᠠ ᠲᠦᠷᠦᠯ ᠵᠦᠢᠯ ᠤᠨ ᠠᠮᠤᠷ ᠲᠦᠪᠰᠢᠨ ᠢ ᠬᠠᠮᠲᠤ ᠪᠠᠷ ᠬᠠᠮᠠᠭᠠᠯᠠᠨ᠎ᠠ᠃
︽ᠠᠷᠪᠠᠨ ᠶᠡᠭᠡ ᠬᠠᠨᠢᠲᠠᠨ ᠤ ᠠᠵᠢᠯᠯᠠᠭ᠎ᠠ︾ ᠶᠢ ᠬᠡᠷᠡᠭᠵᠢᠭᠦᠯᠬᠦ ᠶᠢ ᠠᠬᠢᠭᠤᠯᠬᠤ ᠶᠢᠨ ᠲᠥᠯᠥᠭᠡ ᠢᠷᠡᠬᠦ 3 ᠵᠢᠯ ᠳᠤ ᠳᠤᠮᠳᠠᠳᠤ ᠤᠯᠤᠰ ᠤᠨ ᠵᠠᠰᠠᠭ ᠤᠨ ᠣᠷᠳᠣᠨ ᠳᠤᠷᠠᠲᠠᠶ᠎ᠠ 2100 ᠳ᠋ᠦᠩᠰᠢᠭᠤᠷ ᠲᠥᠭᠦᠷᠢᠭ ᠤᠨ ᠠᠷᠠᠳ ᠤᠨ ᠵᠣᠭᠤᠰ ᠤᠨ ᠢᠲᠡᠭᠡᠮᠵᠢᠲᠦ ᠵᠢᠭᠡᠯᠡᠯᠭᠡ ᠶᠢᠨ ᠪᠡᠯᠡ ᠮᠥᠩᠭᠦ ᠪᠣᠯᠣᠨ 800 ᠳ᠋ᠦᠩᠰᠢᠭᠤᠷ ᠲᠥᠭᠦᠷᠢᠭ ᠤᠨ ᠠᠷᠠᠳ ᠤᠨ ᠵᠣᠭᠤᠰ ᠤᠨ ᠡᠯ᠎ᠡ ᠲᠦᠷᠦᠯ ᠤᠨ ᠲᠤᠰᠠᠯᠠᠮᠵᠢ ᠶᠢ ᠬᠠᠩᠭᠠᠬᠤ᠂ ᠳᠤᠮᠳᠠᠳᠤ ᠤᠯᠤᠰ ᠤᠨ ᠠᠵᠤ ᠠᠬᠤᠶᠢᠯᠠᠯ ᠤᠨ ᠠᠹᠷᠢᠺᠠ ᠲᠢᠪ ᠲᠠᠬᠢ ᠪᠡᠯᠡ ᠣᠷᠣᠭᠤᠯᠤᠯᠲᠠ 700 ᠳ᠋ᠦᠩᠰᠢᠭᠤᠷ ᠲᠥᠭᠦᠷᠢᠭ ᠤᠨ ᠠᠷᠠᠳ ᠤᠨ ᠵᠣᠭᠤᠰ ᠠᠴᠠ ᠪᠠᠭ᠎ᠠ ᠦᠭᠡᠢ ᠪᠠᠶᠢᠬᠤ ᠶᠢ ᠠᠬᠢᠭᠤᠯᠬᠤ ᠶᠢ ᠪᠠᠭᠲᠠᠭᠠᠭᠰᠠᠨ 3600 ᠳ᠋ᠦᠩᠰᠢᠭᠤᠷ ᠲᠥᠭᠦᠷᠢᠭ ᠤᠨ ᠠᠷᠠᠳ ᠤᠨ ᠵᠣᠭᠤᠰ ᠤᠨ ᠪᠡᠯᠡ ᠮᠥᠩᠭᠦ ᠶᠢᠨ ᠳᠡᠮᠵᠢᠯᠭᠡ ᠬᠠᠩᠭᠠᠨ᠎ᠠ᠃ ᠳᠤᠮᠳᠠᠳᠤ ᠤᠯᠤᠰ ᠪᠠᠰᠠ ᠠᠹᠷᠢᠺᠠ ᠲᠢᠪ ᠤᠨ ᠬᠢᠨ ᠤ ᠳᠤᠮᠳᠠᠳᠤ ᠤᠯᠤᠰ ᠲᠤ ︽ᠮᠠᠯᠤᠷ ᠦᠳᠡᠭᠡ ᠵᠢᠭᠡᠯᠡᠯᠭᠡ ᠶᠢᠨ ᠲᠡᠮᠳᠡᠭᠲᠦ︾ ᠲᠠᠷᠬᠠᠭᠠᠬᠤ ᠶᠢ ᠵᠣᠷᠢᠭᠵᠢᠭᠤᠯᠤᠨ ᠳᠡᠮᠵᠢᠵᠦ᠂ ᠳᠤᠮᠳᠠᠳᠤ ᠠᠹᠷᠢᠺᠠ ᠶᠢᠨ ᠡᠯ᠎ᠡ ᠬᠦᠷᠢᠶᠡᠨ ᠤ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠳᠤ ᠬᠦᠴᠦᠲᠡᠢ ᠳᠡᠮᠵᠢᠯᠭᠡ ᠬᠠᠩᠭᠠᠨ᠎ᠠ᠃
ᠨᠠᠶᠢᠵᠠ ᠨᠠᠷ ᠠ᠋᠂ ᠡᠷᠬᠢᠮ ᠵᠣᠴᠢᠳ ᠠ᠋︕
ᠡᠨᠡ ᠵᠢᠯ ᠤᠨ 7 ᠰᠠᠷ᠎ᠠ ᠳᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠠᠮᠵᠢᠯᠲᠠ ᠲᠠᠢ ᠬᠤᠷᠠᠯᠳᠤᠵᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠲᠤᠬᠠᠢ ᠰᠢᠰᠲ᠋ᠧᠮ ᠲᠠᠢ ᠪᠠᠶᠢᠷᠢᠯᠠᠭᠤᠯᠤᠯᠲᠠ ᠬᠢᠪᠡ᠃ ᠡᠨᠡ ᠨᠢ ᠳᠤᠮᠳᠠᠳᠤ ᠤᠯᠤᠰ ᠢ ᠤᠯᠠᠮ ᠨᠢᠭᠡ ᠠᠯᠬᠤᠮ ᠭᠦᠨᠵᠡᠭᠡᠢ ᠬᠤᠪᠢᠷᠠᠭᠤᠯᠬᠤ ᠪᠥᠭᠡᠳ ᠠᠹᠷᠢᠺᠠ ᠲᠢᠪ ᠤᠨ ᠤᠯᠤᠰ ᠤᠳ ᠲᠤ ᠳᠤᠮᠳᠠᠳᠤ ᠠᠹᠷᠢᠺᠠ ᠶᠢᠨ ᠬᠠᠮᠲᠤ ᠪᠠᠷ ᠣᠳᠣᠬᠢᠴᠢᠯᠠᠯᠲᠠ ᠶᠢᠨ ᠵᠡᠭᠦᠳᠦ ᠶᠢ ᠬᠥᠭᠡᠭᠡᠴᠡᠯᠳᠦᠬᠦ ᠳᠤ ᠰᠢᠨ᠎ᠡ ᠠᠵᠠ ᠲᠣᠭᠢᠶᠠᠯ ᠬᠠᠩᠭᠠᠵᠤ᠂ ᠰᠢᠨ᠎ᠡ ᠬᠥᠳᠡᠯᠭᠡᠬᠦ ᠴᠢᠳᠠᠪᠤᠷᠢ ᠨᠡᠮᠡᠷᠢᠯᠡᠬᠦ ᠨᠢ ᠯᠠᠪᠲᠠᠢ᠃
ᠠᠹᠷᠢᠺᠠ ᠲᠢᠪ ᠲᠤ ︽ᠵᠠᠮ ᠨᠢᠭᠡᠲᠡᠨ ᠪᠣᠯ ᠰᠠᠶ᠋ᠢ ᠵᠢᠩᠬᠢᠨᠢ ᠨᠠᠶᠢᠵᠠ ᠮᠥᠨ︾ ᠭᠡᠰᠡᠨ ᠵᠦᠢᠷ ᠦᠭᠡ ᠪᠠᠶᠢᠳᠠᠭ᠃ ᠣᠳᠣᠬᠢᠴᠢᠯᠠᠯᠲᠠ ᠶᠢᠨ ᠵᠠᠮ ᠳᠡᠭᠡᠷ᠎ᠡ ᠨᠢᠭᠡ ᠶᠢ ᠴᠦ ᠣᠷᠬᠢᠭᠳᠠᠭᠤᠯᠵᠤ ᠪᠤᠯᠬᠤ ᠦᠭᠡᠢ᠂ ᠨᠢᠭᠡ ᠤᠯᠤᠰ ᠢ ᠴᠤ ᠬᠤᠴᠣᠷᠤᠭᠤᠯᠵᠤ ᠪᠤᠯᠬᠤ ᠦᠭᠡᠢ᠃ ᠪᠢᠳᠡ 28 ᠳ᠋ᠦᠩᠰᠢᠭᠤᠷ ᠭᠠᠷᠤᠢ ᠳᠤᠮᠳᠠᠳᠤ ᠠᠹᠷᠢᠺᠠ ᠶᠢᠨ ᠠᠷᠠᠳ ᠲᠦᠮᠡᠨ ᠤ ᠰᠦᠷ ᠳᠠᠯᠠᠶᠢᠴᠠᠲᠠᠢ ᠬᠦᠴᠦᠨ ᠢ ᠨᠢᠭᠲᠠᠷᠠᠭᠤᠯᠵᠤ᠂ ᠣᠳᠣᠬᠢᠴᠢᠯᠠᠯᠲᠠ ᠶᠢᠨ ᠠᠶᠠᠨ ᠳᠤ ᠭᠠᠷ ᠬᠤᠯᠪᠣᠨ ᠬᠠᠮᠲᠤ ᠪᠠᠷ ᠤᠷᠤᠭᠰᠢᠯᠠᠵᠤ᠂ ᠳᠤᠮᠳᠠᠳᠤ ᠠᠹᠷᠢᠺᠠ ᠶᠢᠨ ᠣᠳᠣᠬᠢᠴᠢᠯᠠᠯᠲᠠ ᠪᠠᠷ ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠳ ᠤᠨ ᠣᠳᠣᠬᠢᠴᠢᠯᠠᠯᠲᠠ ᠳᠤ ᠬᠦᠴᠦᠨ ᠨᠡᠮᠡᠷᠢᠯᠡᠵᠦ᠂ ᠬᠥᠮᠥᠨ ᠲᠥᠷᠥᠯᠬᠢᠲᠡᠨ ᠤ ᠬᠥᠭᠵᠢᠯᠲᠡ ᠶᠢᠨ ᠲᠡᠦᠬᠡᠨ ᠳᠡᠭᠡᠷᠡᠬᠢ ᠴᠣ ᠰᠢᠨ᠎ᠡ ᠵᠢᠷᠤᠭ ᠲᠥᠰᠥᠪ ᠢ ᠵᠢᠷᠤᠭᠯᠠᠵᠤ᠂ ᠳᠡᠯᠡᠬᠡᠢ ᠳ᠋ᠠᠬᠢᠨ ᠤ ᠡᠩᠬᠡ ᠲᠠᠶᠢᠪᠤᠩ᠂ ᠠᠮᠤᠷ ᠲᠦᠪᠰᠢᠨ᠂ ᠬᠥᠭᠵᠢᠯ ᠴᠡᠴᠡᠭᠯᠡᠯ᠂ ᠲᠠᠪᠰᠢᠯᠳᠠ ᠶᠢᠨ ᠭᠡᠭᠡᠨ ᠰᠠᠷᠠᠭᠤᠯ ᠢᠷᠡᠭᠡᠳᠦᠢ ᠲᠡᠶᠢᠰᠢ ᠤᠷᠤᠭᠰᠢᠯᠠᠬᠤ ᠶᠢ ᠬᠠᠮᠲᠤ ᠪᠠᠷ ᠠᠬᠢᠭᠤᠯᠵᠠᠭᠠᠶ᠎ᠠ︕
ᠪᠠᠶᠠᠷᠯᠠᠯ᠎ᠠ᠃