ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠤᠤᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠲᠡᠷᠢᠭᠦᠯᠡᠭᠴᠢ ᠮᠠ ᠮᠢᠩ ᠰᠠᠬᠢᠯᠭ᠎ᠠ ᠪᠠᠲᠤ ᠬᠠᠤᠯᠢ ᠴᠠᠭᠠᠵᠠ ᠶᠢ ᠬᠦᠨᠳᠦ ᠨᠣᠴᠢᠲᠠᠶ ᠵᠥᠷᠢᠴᠡᠭᠡᠳ ᠨᠠᠮ ᠠᠴᠠ ᠬᠥᠭᠡᠭᠡᠭᠳᠡᠵᠦ ᠠᠯᠪᠠᠨ ᠲᠤᠰᠢᠶᠠᠯ ᠠᠴᠠ ᠪᠠᠨ ᠬᠥᠭᠡᠭᠡᠭᠳᠡᠪᠡ
ᠨᠡᠶᠢᠲᠡᠯᠡᠭᠰᠡᠨ ᠴᠠᠭ᠄
2020/12/31
     ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ      ᠤᠤᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠲᠡᠷᠢᠭᠦᠯᠡᠭᠴᠢ      ᠮᠠ ᠮᠢᠩ ᠰᠠᠬᠢᠯᠭ᠎ᠠ ᠪᠠᠲᠤ ᠬᠠᠤᠯᠢ ᠴᠠᠭᠠᠵᠠ ᠶᠢ ᠬᠦᠨᠳᠦ ᠨᠣᠴᠢᠲᠠᠶ ᠵᠥᠷᠢᠴᠡᠭᠡᠳ ᠨᠠᠮ ᠠᠴᠠ      ᠬᠥᠭᠡᠭᠡᠭᠳᠡᠵᠦ ᠠᠯᠪᠠᠨ ᠲᠤᠰᠢᠶᠠᠯ ᠠᠴᠠ ᠪᠠᠨ ᠬᠥᠭᠡᠭᠡᠭᠳᠡᠪᠡ      ᠲᠦᠷᠦᠭᠦᠬᠡᠨ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠵᠥᠪᠰᠢᠶᠡᠷᠡᠯ ᠢᠶᠠᠷ᠂ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠤᠯᠤᠰ ᠤᠨ ᠬᠢᠨᠠᠨ ᠪᠠᠶᠢᠴᠠᠭᠠᠬᠤ ᠵᠥᠪᠯᠡᠯ ᠤᠨ ᠬᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠤᠤᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠲᠡᠷᠢᠭᠦᠯᠡᠭᠴᠢ ᠮᠠ ᠮᠢᠩ ᠤᠨ ᠰᠠᠬᠢᠯᠭ᠎ᠠ ᠪᠠᠲᠤ ᠬᠠᠤᠯᠢ ᠴᠠᠭᠠᠵᠠ ᠶᠢ ᠬᠦᠨᠳᠦ ᠨᠣᠴᠢᠲᠠᠶ ᠵᠥᠷᠢᠴᠡᠭᠰᠡᠨ ᠠᠰᠠᠭᠤᠳᠠᠯ ᠢ ᠬᠡᠷᠡᠭ ᠪᠣᠯᠭᠠᠨ ᠳᠡᠩᠰᠡᠯᠡᠵᠦ ᠬᠢᠨᠠᠨ ᠪᠠᠶᠢᠴᠠᠭᠠᠪᠠ᠃      ᠪᠠᠶᠢᠴᠠᠭᠠᠭᠰᠠᠨ ᠢᠶᠠᠷ᠂ ᠮᠠ ᠮᠢᠩ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠠᠴᠠ ᠪᠠᠨ ᠲᠡᠷᠰᠯᠡᠵᠦ᠂ ᠰᠠᠬᠢᠯᠭ᠎ᠠ ᠪᠠᠲᠤ ᠬᠠᠤᠯᠢ ᠴᠠᠭᠠᠵᠠ ᠶᠢᠨ ᠬᠤᠷᠢᠭ᠎ᠠ ᠱᠤᠭᠤᠮ ᠢᠶᠠᠨ ᠠᠯᠳᠠᠵᠤ᠂ ᠲᠦᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠬᠠᠶᠢᠬᠤᠷᠬᠤ ᠦᠭᠡᠢ᠂ ᠶᠡᠭᠡ ᠲᠣᠭᠠᠨ ᠤ ᠪᠡᠯᠡᠭ ᠤᠨ ᠮᠥᠩᠭᠦ ᠬᠦᠯᠢᠶᠡᠨ ᠠᠪᠴᠤ᠂ ᠠᠯᠪᠠᠨ ᠶᠠᠪᠤᠳᠠᠯ ᠢ ᠭᠤᠣᠯᠴᠢ ᠪᠠᠷ ᠭᠦᠢᠴᠡᠳᠬᠡᠬᠦ ᠶᠢ ᠨᠥᠯᠥᠭᠡᠯᠡᠵᠦ ᠮᠡᠳᠡᠬᠦ ᠳᠠᠶᠢᠯᠠᠯᠭ᠎ᠠ ᠪᠠ ᠬᠤᠨᠤᠭ ᠪᠠᠭᠤᠳᠠᠯ ᠤᠨ ᠲᠣᠬᠢᠷᠠᠭᠤᠯᠤᠯᠲᠠ ᠶᠢ ᠬᠦᠯᠢᠶᠡᠨ ᠠᠪᠴᠤ᠂ ᠠᠯᠪᠠᠨ ᠶᠠᠪᠤᠳᠠᠯ ᠳᠤ ᠬᠡᠷᠡᠭᠯᠡᠬᠦ ᠲᠡᠷᠭᠡ ᠶᠢ ᠲᠣᠭᠲᠠᠭᠠᠯ ᠠᠴᠠ ᠵᠥᠷᠢᠴᠡᠨ ᠳᠣᠭᠢᠷᠠᠭᠤᠯᠤᠨ ᠬᠡᠷᠡᠭᠯᠡᠪᠠ︔ ᠬᠤᠪᠢ ᠬᠥᠮᠦᠨ ᠤ ᠬᠤᠯᠪᠣᠭᠳᠠᠯ ᠪᠦᠬᠦᠢ ᠤᠴᠢᠷ ᠶᠠᠪᠤᠳᠠᠯ ᠢᠶᠠᠨ ᠲᠣᠭᠲᠠᠭᠠᠯ ᠶᠣᠰᠣᠭᠠᠷ ᠮᠡᠳᠡᠭᠦᠯᠦᠭᠰᠡᠨ ᠦᠭᠡᠢ︔ ᠺᠠᠳ᠋ᠷ ᠢ ᠰᠢᠯᠢᠨ ᠳᠡᠪᠰᠢᠭᠦᠯᠵᠦ ᠲᠣᠮᠢᠯᠠᠨ ᠬᠡᠷᠡᠭᠯᠡᠬᠦ ᠲᠣᠭᠲᠠᠭᠠᠯ ᠢ ᠵᠥᠷᠢᠴᠡᠵᠦ᠂ ᠳᠤᠷ᠎ᠠ ᠪᠠᠷ ᠢᠶᠠᠨ ᠨᠣᠶᠠᠨ ᠵᠡᠷᠭᠡ ᠬᠤᠳᠠᠯᠳᠤᠭᠠᠯᠠᠵᠤ᠂ ᠲᠤᠰᠢᠶᠠᠯ ᠡᠭᠦᠷᠭᠡᠯᠡᠵᠦ ᠪᠠᠶᠢᠭ᠎ᠠ ᠭᠠᠵᠠᠷ ᠣᠷᠣᠨ᠂ ᠰᠢᠰᠲ᠋ᠧᠮ ᠤᠨ ᠢᠶᠠᠨ ᠤᠯᠤᠰ ᠲᠦᠷᠦ ᠶᠢᠨ ᠠᠮᠢ ᠠᠬᠤᠶ ᠶᠢ ᠬᠦᠨᠳᠦ ᠨᠣᠴᠢᠲᠠᠶ ᠡᠪᠳᠡᠪᠡ︔ ᠡᠳ᠋ ᠪᠣᠳᠠᠰ ᠤᠨ ᠬᠦᠷᠳᠡᠭᠡᠯ ᠢ ᠬᠥᠭᠡᠭᠡᠴᠡᠯᠳᠦᠵᠦ᠂ ᠨᠣᠶᠠᠨ ᠰᠠᠭᠤᠬᠤ ᠮᠥᠷᠲᠡᠭᠡᠨ ᠨᠠᠩ ᠴᠤ ᠪᠠᠶᠠᠵᠢᠬᠤ ᠶᠢ ᠪᠤᠳᠤᠵᠤ᠂ ᠬᠠᠤᠯᠢ ᠪᠤᠰᠤ ᠬᠤᠳᠠᠯᠳᠤᠭᠠᠴᠢᠨ ᠲᠠᠢ ᠡᠷᠬᠡ ᠮᠥᠩᠭᠦᠨ ᠤ ᠠᠷᠠᠯᠵᠢᠶ᠎ᠠ ᠶᠢ ᠶᠡᠬᠡᠪᠡᠷ ᠬᠢᠵᠦ᠂ ᠬᠡᠷᠡᠭ ᠰᠢᠢᠳᠪᠦᠷᠢᠯᠡᠬᠦ᠂ ᠠᠵᠤ ᠠᠬᠤᠶᠢᠯᠠᠯ ᠤᠨ ᠡᠵᠡᠩᠨᠡᠯᠲᠡ ᠵᠢᠴᠢ ᠪᠠᠷᠢᠯᠭ᠎ᠠ ᠳᠠᠭᠠᠭᠠᠴᠢᠯᠠᠬᠤ ᠵᠡᠷᠭᠡ ᠲᠠᠯ᠎ᠠ ᠪᠠᠷ ᠡᠷᠭᠡ ᠲᠤᠰᠢᠶᠠᠯ ᠤᠨ ᠢᠶᠠᠨ ᠳᠥᠭᠦᠮ ᠢ ᠠᠰᠢᠭᠯᠠᠨ ᠪᠤᠰᠤᠳ ᠲᠤ ᠠᠰᠢᠭ ᠣᠯᠭᠤᠬᠤ ᠶᠢᠨ ᠵᠠᠷᠭᠡᠪᠡᠷ ᠬᠠᠤᠯᠢ ᠪᠤᠰᠤ ᠪᠠᠷ ᠶᠡᠭᠡ ᠬᠡᠮᠵᠢᠶᠡᠨ ᠤ ᠡᠳ᠋ ᠪᠣᠳᠠᠰ ᠬᠦᠯᠢᠶᠡᠨ ᠠᠪᠤᠪᠠ᠃      ᠮᠠ ᠮᠢᠩ ᠨᠠᠮ ᠤᠨ ᠵᠣᠬᠢᠶᠠᠨ ᠪᠠᠶᠢᠭᠤᠯᠤᠯᠲᠠ ᠶᠢᠨ ᠰᠠᠬᠢᠯᠭ᠎ᠠ ᠪᠠᠲᠤ᠂ ᠠᠷᠢᠭᠤᠨ ᠴᠢᠬᠡᠴᠢ ᠶᠢᠨ ᠰᠠᠬᠢᠯᠭ᠎ᠠ ᠪᠠᠲᠤ ᠪᠠ ᠠᠵᠢᠯ ᠤᠨ ᠰᠠᠬᠢᠯᠭ᠎ᠠ ᠪᠠᠲᠤ ᠶᠢ ᠬᠦᠨᠳᠦ ᠨᠣᠴᠢᠲᠠᠶ ᠵᠥᠷᠢᠴᠡᠵᠦ᠂ ᠡᠷᠬᠡ ᠲᠤᠰᠢᠶᠠᠯ ᠢᠶᠠᠨ ᠠᠰᠢᠭᠯᠠᠠ ᠬᠠᠤᠯᠢ ᠶᠢ ᠬᠦᠨᠳᠦ ᠨᠣᠴᠢᠲᠠᠶ ᠵᠥᠷᠢᠴᠡᠭᠰᠡᠨ ᠪᠥᠭᠡᠳ ᠬᠡᠭᠡᠯᠢ ᠢᠳᠡᠭᠰᠡᠨ ᠰᠡᠵᠢᠭᠯᠡᠯᠲᠡᠶ ᠶᠠᠯᠠᠲᠤ ᠠᠵᠢᠯᠯᠠᠭ᠎ᠠ ᠪᠣᠯᠤᠨ ᠪᠦᠷᠢᠯᠳᠦᠵᠦ᠂ ᠲᠡᠷᠡᠴᠢᠯᠡᠨ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠳᠠᠷᠠᠭ᠎ᠠ ᠮᠦᠨ ᠬᠦ ᠭᠠᠷ ᠢᠶᠠᠨ ᠲᠠᠲᠠᠬᠰᠠᠨ ᠦᠭᠡᠢ᠂ ᠰᠢᠨᠵᠢ ᠴᠢᠨᠠᠷ ᠨᠢ ᠬᠦᠨᠳᠦ ᠨᠣᠴᠢᠲᠠᠶ᠂ ᠮᠠᠭᠤ ᠨᠥᠯᠥᠭᠡ ᠭᠠᠷᠭᠠᠭᠰᠠᠨ ᠪᠤᠯᠬᠤᠷ ᠴᠢᠩᠭ᠎ᠠ ᠰᠢᠳᠬᠡᠪᠡᠯ ᠵᠤᠬᠢᠨ᠎ᠡ᠃ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠳᠬᠡᠯ ᠥᠭᠬᠦ ᠳᠦᠷᠢᠮ︾᠂ ︽ᠪᠥᠬᠦᠳᠡ  ᠨᠠᠶᠢᠷᠠᠮᠳᠠᠬᠤ  ᠳᠤᠮᠳᠠᠳᠤ  ᠠᠷᠠᠳ  ᠤᠯᠤᠰ  ᠤᠨ  ᠬᠢᠨᠠᠨ  ᠪᠠᠶᠢᠴᠠᠭᠠᠬᠤ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠯᠪᠠᠨ ᠲᠤᠰᠢᠶᠠᠯᠲᠠᠨ ᠤ ᠵᠠᠰᠠᠭ ᠤᠨ ᠶᠠᠪᠤᠳᠠᠯ ᠤᠨ ᠰᠢᠳᠬᠡᠯ ᠥᠭᠬᠦ ᠬᠠᠤᠯᠢ︾ ᠵᠡᠷᠭᠡ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ᠂ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠢᠶᠠᠷ ᠰᠤᠳᠤᠯᠤᠨ ᠶᠠᠷᠢᠯᠴᠠᠵᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠳᠤ ᠮᠡᠳᠡᠭᠦᠯᠦᠨ ᠵᠥᠪᠰᠢᠶᠡᠷᠡᠭᠦᠯᠦᠭᠡᠳ ᠮᠠ ᠮᠢᠩ ᠳᠤ ᠨᠠᠮ ᠠᠴᠠ ᠬᠥᠭᠡᠭᠡᠬᠦ ᠰᠢᠳᠬᠡᠯ ᠥᠭᠬᠦ︔ ᠤᠯᠤᠰ ᠤᠨ ᠬᠢᠨᠠᠨ ᠪᠠᠶᠢᠴᠠᠭᠠᠬᠤ ᠵᠥᠪᠯᠡᠯ ᠠᠴᠠ ᠲᠡᠭᠦᠨ ᠳᠤ ᠠᠯᠪᠠᠨ ᠲᠤᠰᠢᠶᠠᠯ ᠠᠴᠠ ᠨᠢ ᠬᠥᠭᠡᠭᠡᠬᠦ ᠰᠢᠳᠬᠡᠯ ᠥᠭᠭᠦ︔ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠳᠤᠭᠠᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠬᠢᠷᠢ ᠬᠡᠮ ᠢ ᠨᠢ ᠬᠠᠰᠤᠬᠤ︔ ᠰᠠᠬᠢᠯᠭ᠎ᠠ ᠪᠠᠲᠤ ᠶᠢ ᠵᠥᠷᠢᠴᠡᠵᠦ ᠬᠠᠤᠯᠢ ᠴᠠᠭᠠᠵᠠ ᠶᠢ ᠵᠥᠷᠢᠴᠡᠭᠡᠳ ᠣᠯᠤᠭᠰᠠᠨ ᠣᠯᠵᠠ ᠠᠰᠢᠭ ᠢ ᠨᠢ ᠬᠤᠷᠢᠶᠠᠨ ᠠᠪᠬᠤ︔ ᠲᠡᠭᠦᠨ ᠤ ᠶᠠᠯ᠎ᠠ ᠬᠢᠭᠰᠡᠨ ᠰᠡᠵᠢᠭᠯᠡᠯᠲᠡᠶ ᠠᠰᠠᠭᠤᠳᠠᠯ ᠢ ᠪᠠᠶᠢᠴᠠᠭᠠᠬᠤ ᠪᠠᠶᠢᠭᠤᠯᠭ᠎ᠠ ᠳᠤ ᠰᠢᠯᠵᠢᠭᠦᠯᠦᠨ ᠦᠭᠴᠦ ᠬᠠᠤᠯᠢ ᠶᠣᠰᠣᠭᠠᠷ ᠬᠢᠨᠠᠨ ᠪᠠᠶᠢᠴᠠᠭᠠᠯᠭᠠᠵᠤ ᠵᠠᠭᠠᠯᠳᠤᠭᠤᠯᠤᠭᠠᠳ᠂ ᠬᠤᠯᠪᠣᠭᠳᠠᠭᠰᠠᠨ ᠵᠣᠭᠤᠰ ᠮᠥᠩᠭᠦ ᠡᠳ᠋ ᠪᠣᠳᠠᠰ ᠢ ᠬᠡᠷᠡᠭ ᠢ ᠰᠢᠢᠳᠪᠦᠷᠢᠯᠡᠬᠦ   ᠶᠢᠨ ᠲᠠᠭᠠᠤ ᠰᠢᠯᠵᠢᠬᠦᠯᠦᠨ ᠦᠭᠭᠦ ᠪᠠᠷ ᠲᠣᠭᠲᠠᠪᠠ᠃      ᠢᠷᠡᠯᠲᠡ᠄  http://mongol.people.com.cn/15830076.html
ᠢᠷᠡᠯᠲᠡ᠄ ᠠᠷᠠᠳ ᠤᠨ ᠡᠳᠦᠷ ᠤᠨ ᠰᠣᠨᠢᠨ
Baidu
map