ᠠᠷᠠᠳ ᠤᠨ ᠴᠠᠭᠳᠠᠭ᠎ᠠ ᠬᠠᠮᠲᠤ ᠶᠢᠨ ᠵᠡᠪᠰᠡᠭᠲᠦ ᠲᠡᠮᠡᠴᠡᠯᠳᠦᠭᠡᠨ ᠳᠤ ᠤᠴᠠᠷᠠᠪᠠᠯ ᠶᠠᠭᠠᠬᠢᠬᠤ ᠪᠤᠢ︖
ᠨᠡᠶᠢᠲᠡᠯᠡᠭᠰᠡᠨ ᠴᠠᠭ᠄
2022/1/4
           ᠠᠷᠠᠳ ᠤᠨ ᠴᠠᠭᠳᠠᠭ᠎ᠠ ᠬᠠᠮᠲᠤ ᠶᠢᠨ ᠵᠡᠪᠰᠡᠭᠲᠦ ᠲᠡᠮᠡᠴᠡᠯᠳᠦᠭᠡᠨ ᠳᠤ ᠤᠴᠠᠷᠠᠪᠠᠯ ᠶᠠᠭᠠᠬᠢᠬᠤ ᠪᠤᠢ︖          ︵ᠨᠢᠭᠡ︶ ᠴᠠᠭ ᠲᠤᠬᠠᠶ ᠳᠤ ᠨᠢ ᠮᠡᠳᠡᠭᠦᠯᠬᠦ᠄ ᠲᠤᠬᠠᠶ ᠶᠢᠨ ᠲᠠᠯᠠᠪᠠᠶ ᠶᠢᠨ ᠪᠠᠶᠢᠳᠠᠯ ᠢ ᠲᠡᠷᠡ ᠳᠠᠷᠤᠶ ᠳᠤ ᠨᠢ ᠵᠢᠯᠣᠭᠤᠳᠬᠤ ᠲᠥᠪ ᠲᠤ ᠮᠡᠳᠡᠭᠦᠯᠵᠦ᠂ ᠲᠤᠰᠠᠯᠠᠮᠵᠢ ᠭᠤᠶᠤᠴᠢᠯᠠᠨ᠎ᠠ᠃      ︵ᠬᠤᠶᠠᠷ︶ ᠬᠡᠷᠡᠭ ᠤᠨ ᠪᠠᠶᠢᠳᠠᠯ ᠢ ᠯᠠᠪᠳᠠᠭᠤᠨ ᠡᠵᠡᠮᠳᠡᠬᠦ᠄ ᠲᠤᠬᠠᠶ ᠶᠢᠨ ᠲᠠᠯᠠᠪᠠᠶ ᠳᠤ ᠬᠠᠰᠬᠢᠷᠤᠨ ᠶᠠᠷᠢᠵᠤ᠂ ᠵᠡᠪᠰᠡᠭᠲᠦ ᠲᠡᠮᠡᠴᠡᠯᠳᠦᠭᠡᠨ ᠤ ᠬᠠᠤᠯᠢ ᠠᠴᠠ ᠵᠥᠷᠢᠴᠡᠭᠰᠡᠨ ᠴᠢᠨᠠᠷ ᠵᠢᠴᠢ ᠦᠷ᠎ᠡ ᠳ᠋ᠦᠩ ᠢ ᠮᠡᠳᠡᠭᠳᠡᠵᠦ᠂ ᠬᠤᠶᠠᠷ ᠲᠠᠯ᠎ᠠ ᠶᠢᠨ ᠤᠷᠮ᠎ᠠ ᠰᠡᠳᠬᠢᠯᠭᠡ᠂ ᠲᠤᠰᠬᠠᠯ ᠢ ᠨᠢᠭᠲᠠ ᠠᠩᠬᠠᠷᠴᠤ᠂ ᠬᠥᠮᠦᠨ ᠬᠠᠷ᠎ᠠ ᠥᠭᠦᠵᠦ ᠰᠢᠷᠬᠠᠲᠤᠬᠤ ᠠᠴᠠ ᠰᠡᠷᠭᠡᠶᠢᠯᠡᠬᠦ ᠬᠡᠷᠡᠭᠲᠡᠶ᠃      ︵ᠭᠤᠷᠪᠠ︶ ᠭᠡᠷᠡᠴᠢ ᠪᠠᠷᠢᠮᠲᠠ ᠶᠢ ᠲᠤᠭᠳᠠᠪᠤᠷᠢᠵᠢᠭᠤᠯᠬᠤ᠄ ᠬᠠᠤᠯᠢ ᠬᠡᠷᠡᠭᠵᠢᠭᠦᠯᠬᠦ ᠲᠡᠮᠳᠡᠭᠯᠡᠭᠦᠷ ᠢ ᠬᠡᠷᠡᠭᠯᠡᠨ ᠲᠤᠬᠠᠢ ᠶᠢᠨ ᠲᠠᠯᠠᠪᠠᠢ ᠳᠤ ᠪᠦᠬᠦ ᠶᠠᠪᠤᠴᠠ ᠳᠤ ᠳᠠᠭᠤ ᠳᠦᠷᠰᠦ ᠰᠢᠩᠭᠡᠭᠡᠯᠲᠡ ᠬᠢᠨ᠎ᠡ᠃      ︵ᠳᠥᠷᠪᠡ︶ ᠴᠠᠭᠳᠠᠭᠠᠨ ᠤ ᠬᠦᠴᠦᠨ ᠢ ᠲᠥᠪᠯᠡᠷᠡᠭᠦᠯᠬᠦ᠄ ᠲᠤᠰᠠᠯᠠᠮᠵᠢ ᠢᠷᠡᠭᠰᠡᠨ ᠤ ᠳᠠᠷᠠᠭ᠎ᠠ᠂ ᠳᠠᠪᠠᠭᠤᠯᠢᠭ ᠴᠠᠭᠳᠠᠭᠠᠨ ᠤ ᠬᠦᠴᠦᠨ ᠢ ᠲᠥᠪᠯᠡᠷᠡᠭᠦᠯᠵᠦ᠂ ᠲᠤᠬᠠᠶ ᠶᠢᠨ ᠲᠠᠯᠠᠪᠠᠶ ᠳᠤ ᠥᠨᠳᠥᠷ ᠳᠠᠷᠤᠯᠲᠠ ᠦᠵᠡᠭᠦᠯᠬᠦ᠂ ᠰᠦᠷᠳᠡᠭᠦᠯᠬᠦ ᠪᠠᠶᠢᠳᠠᠯ ᠢ ᠪᠣᠶ ᠪᠣᠯᠭᠠᠵᠤ᠂ ᠵᠡᠪᠰᠡᠭ ᠢᠶᠠᠷ ᠲᠡᠮᠡᠴᠡᠬᠦ ᠬᠤᠶᠠᠷ ᠡᠲᠡᠭᠡᠳ ᠢ ᠠᠯᠪᠠᠳᠠᠵᠤ ᠪᠠᠶᠢᠭᠠᠳ ᠵᠡᠪᠰᠡᠭ ᠢᠶᠠᠷ ᠲᠡᠮᠡᠴᠡᠬᠦ ᠶᠢ ᠨᠢ ᠵᠣᠭᠰᠣᠭᠠᠨ᠎ᠠ᠃      ︵ᠲᠠᠪᠤ︶ ᠠᠯᠪᠡᠳᠡᠠ ᠰᠠᠯᠭᠠᠵᠤ ᠠᠪᠠᠴᠢᠬᠤ᠄ ᠴᠠᠭ ᠲᠤ ᠨᠢ ᠲᠤᠬᠢᠷᠡᠭᠤᠯᠦᠠ ᠠᠯᠪᠠᠳᠠᠯᠭ᠎ᠠ ᠶᠢᠨ ᠠᠷᠭ᠎ᠠ ᠬᠡᠮᠵᠢᠶ᠎ᠡ ᠠᠪᠴᠤ᠂ ᠵᠣᠬᠢᠶᠠᠨ ᠪᠠᠶᠢᠭᠤᠯᠤᠭᠴᠢ ᠪᠠ ᠥᠳᠥᠭᠡᠭᠴᠢ ᠶᠢ ᠲᠤᠬᠠᠢ ᠶᠢᠨ ᠭᠠᠵᠠᠷ ᠠᠴᠠ ᠠᠯᠪᠡᠳᠡᠠ ᠰᠠᠯᠭᠠᠵᠤ ᠠᠪᠠᠴᠢᠨ᠎ᠠ᠃
ᠢᠷᠡᠯᠲᠡ᠄ ᠲᠣᠳᠤᠭᠠᠳᠤ ᠶᠢ ᠬᠠᠮᠠᠭᠠᠯᠠᠬᠤ ᠲᠢᠩᠬᠢᠮ
Baidu
map