ᠠᠷᠠᠳ ᠤᠨ ᠴᠠᠭᠳᠠᠭ᠎ᠠ ᠠᠮᠢᠲᠠᠨ ᠤ ᠳᠠᠭᠠᠷᠢᠯᠲᠠ ᠬᠢᠵᠦ ᠪᠠᠶᠢᠭ᠎ᠠ ᠲᠠᠢ ᠲᠠᠭᠠᠷᠠᠯᠳᠤᠪᠠᠯ᠂ ᠶᠠᠭᠠᠬᠢᠬᠤ ᠪᠤᠢ
ᠨᠡᠶᠢᠲᠡᠯᠡᠭᠰᠡᠨ ᠴᠠᠭ᠄
2022/1/4
          ᠠᠷᠠᠳ ᠤᠨ ᠴᠠᠭᠳᠠᠭ᠎ᠠ ᠠᠮᠢᠲᠠᠨ ᠤ ᠳᠠᠭᠠᠷᠢᠯᠲᠠ ᠬᠢᠵᠦ ᠪᠠᠶᠢᠭ᠎ᠠ ᠲᠠᠢ ᠲᠠᠭᠠᠷᠠᠯᠳᠤᠪᠠᠯ᠂ ᠶᠠᠭᠠᠬᠢᠬᠤ ᠪᠤᠢ          ︵ᠨᠢᠭᠡ︶ ᠬᠡᠷᠡᠭ ᠤᠨ ᠪᠠᠶᠢᠳᠠᠯ ᠢ ᠡᠵᠡᠮᠳᠡᠬᠦ᠄ ᠲᠤᠬᠠᠶ ᠶᠢᠨ ᠲᠠᠯᠠᠪᠠᠶ ᠶᠢᠨ ᠪᠠᠶᠢᠳᠠᠯ ᠢ ᠦᠨᠳᠦᠰᠦᠯᠡᠨ ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠳᠠᠭᠠᠷᠢᠯᠲᠠ ᠶᠢᠨ ᠠᠵᠢᠯᠯᠠᠭ᠎ᠠ ᠶᠢ ᠬᠤᠷᠢᠭᠯᠠᠨ ᠵᠣᠭᠰᠣᠭᠠᠵᠤ᠂ ᠬᠥᠮᠦᠨ ᠢ ᠰᠢᠷᠬᠠᠳᠤᠭᠤᠯᠵᠤ ᠪᠠᠶᠢᠭ᠎ᠠ ᠠᠮᠢᠲᠠᠨ ᠢ ᠲᠤᠬᠠᠶ ᠶᠢᠨ ᠭᠠᠵᠠᠷ ᠲᠤ ᠨᠢ ᠠᠩᠨᠠᠵᠤ ᠪᠣᠯᠤᠨ᠎ᠠ᠃      ︵ᠬᠤᠶᠠᠷ︶ ᠭᠡᠷᠡᠴᠢ ᠪᠠᠷᠢᠮᠲᠠ ᠶᠢ ᠲᠤᠭᠳᠠᠪᠤᠷᠢᠵᠢᠭᠤᠯᠬᠤ᠄ ᠲᠤᠬᠠᠢ ᠶᠢᠨ ᠲᠠᠯᠠᠪᠤᠷ ᠤᠨ ᠪᠠᠶᠢᠳᠠᠯ ᠢ ᠮᠡᠳᠡᠬᠦ ᠬᠥᠮᠦᠨ ᠢ ᠪᠠᠶᠢᠴᠠᠭᠠᠨ ᠰᠤᠷᠪᠤᠯᠵᠢᠯᠠᠵᠤ᠂ ᠬᠡᠷᠡᠭ ᠤᠨ ᠰᠢᠨᠵᠢ ᠴᠢᠨᠠᠷ ᠢ ᠠᠩᠬ᠎ᠠ ᠠᠯᠬᠤᠮ ᠮᠠᠭᠠᠳᠯᠠᠨ ᠲᠣᠭᠲᠠᠭᠠᠨ᠎ᠠ᠃      ︵ᠭᠤᠷᠪᠠ︶ ᠠᠮᠢᠲᠠᠨ ᠢ ᠰᠢᠢᠳᠪᠦᠷᠢᠯᠡᠬᠦ᠄ ᠠᠮᠢᠲᠠᠨ ᠳᠤ ᠡᠵᠡᠨ ᠲᠠᠢ ᠪᠠᠶᠢᠪᠠᠯ᠂ ᠬᠤᠬᠢᠷᠠᠯ ᠠᠮᠰᠠᠭᠴᠢ ᠶᠢᠨ ᠰᠢᠷᠬᠠᠲᠤᠭᠰᠠᠨ ᠪᠠᠶᠢᠳᠠᠯ ᠢ ᠦᠨᠳᠦᠰᠦᠯᠡᠨ᠂ ᠠᠮᠢᠲᠠᠨ ᠤ ᠡᠵᠡᠨ ᠢ ᠵᠠᠷᠯᠢᠭᠳᠠᠨ ᠴᠢᠩᠭ᠎ᠠ ᠬᠠᠮᠢᠶᠠᠷᠤᠭᠤᠯᠬᠤ᠂ ᠬᠤᠬᠢᠷᠠᠯ ᠠᠮᠰᠠᠭᠴᠢ ᠶᠢ ᠬᠦᠷᠭᠡᠵᠦ ᠡᠮᠨᠡᠭᠦᠯᠬᠦ ᠵᠡᠷᠭᠡ᠃ ᠡᠵᠡᠨ ᠦᠭᠡᠢ ᠠᠮᠢᠲᠠᠨ ᠢ ᠠᠮᠢᠲᠠᠨ ᠤ ᠦᠯᠡᠳᠡᠭᠡᠨ ᠠᠪᠴᠤ ᠪᠠᠶᠢᠴᠠᠭᠠᠬᠤ ᠲᠠᠯᠠᠪᠤᠷ ᠲᠤ ᠬᠦᠷᠭᠡᠨ᠎ᠡ᠃ ᠤᠯᠤᠰ ᠤᠨ ᠬᠠᠮᠠᠭᠠᠯᠠᠯᠲᠠ ᠶᠢᠨ ᠠᠮᠢᠲᠠᠨ ᠢ ᠤᠢ ᠰᠢᠭᠤᠢ ᠶᠢᠨ ᠰᠠᠯᠠᠭ᠎ᠠ ᠮᠥᠴᠢᠷ ᠲᠤ ᠮᠡᠳᠡᠭᠳᠡᠵᠦ ᠰᠢᠢᠳᠪᠦᠷᠢᠯᠡᠭᠦᠯᠦᠨ᠎ᠡ᠃
ᠢᠷᠡᠯᠲᠡ᠄ ᠲᠣᠳᠤᠭᠠᠳᠤ ᠶᠢ ᠬᠠᠮᠠᠭᠠᠯᠠᠬᠤ ᠲᠢᠩᠬᠢᠮ
Baidu
map