| ᠨᠠᠢᠮᠠᠨ ᠰᠠᠷ᠎ᠠ ᠶᠢᠨ ᠠᠷᠪᠠᠨ ᠲᠠᠪᠤᠨ᠂ ᠤᠯᠤᠰ ᠤᠨ ᠪᠠᠶᠠᠷ ᠤᠨ ᠬᠤᠭᠤᠴᠠᠭᠠᠨ ᠳᠠᠬᠢ ᠠᠮᠤᠷ ᠲᠣᠭᠲᠠᠭᠤᠨ ᠢ ᠬᠠᠮᠠᠭᠠᠯᠠᠬᠤ ᠠᠵᠢᠯ ᠤᠨ ᠡᠭᠦᠷᠭᠡ ᠪᠠᠨ ᠲᠡᠭᠦᠰ | ᠠᠮᠵᠢᠯᠲᠠ ᠲᠠᠢ ᠪᠡᠶᠡᠯᠡᠭᠦᠯᠵᠦ᠂ ᠪᠠᠶᠠᠷ ᠤᠨ ᠡᠳᠦᠷ ᠤᠨ ᠬᠤᠭᠤᠴᠠᠭᠠᠨ ᠳᠠᠬᠢ ᠵᠢᠱᠢᠶ᠎ᠡ ᠦᠵᠡᠭᠦᠯᠬᠦ ᠣᠷᠣᠨ ᠤ ᠨᠡᠶᠢᠭᠡᠮ ᠤᠨ ᠠᠮᠤᠷ ᠲᠦᠪᠰᠢᠨ ᠤ ᠶᠡᠭᠡ ᠲᠠᠯ᠎ᠠ ᠶᠢᠨ | ᠦᠷᠭᠦᠯᠵᠢᠯᠡᠨ ᠲᠣᠭᠲᠠᠭᠤᠨ ᠪᠠᠶᠢᠬᠤ ᠶᠢ ᠪᠥᠬᠦ ᠲᠠᠯ᠎ᠠ ᠪᠠᠷ ᠪᠠᠲᠤᠯᠠᠵᠤ ᠶᠢᠨ ᠲᠥᠯᠥᠭᠡ᠂ ᠠᠯᠠᠱᠠ ᠠᠶᠢᠮᠠᠭ ᠤᠨ ᠬᠤᠶᠠᠷᠬᠤᠳᠳᠤᠭ ᠤᠨ ᠬᠥᠳᠡᠭᠡ ᠠᠮᠢ ᠠᠬᠤᠢ | ᠨᠡᠭᠦᠳᠡᠯ ᠠᠷᠠᠳ ᠤᠨ ᠵᠢᠱᠢᠶ᠎ᠡ ᠦᠵᠡᠭᠦᠯᠬᠦ ᠣᠷᠣᠨ ᠤ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠬᠢᠨ ᠠᠶᠤᠯ ᠲᠦᠭᠰᠢᠭᠦᠷᠢ ᠶᠢᠨ ᠳᠠᠯᠳᠠ ᠬᠡᠮ ᠢ | ᠪᠠᠶᠢᠴᠠᠭᠠᠨ ᠴᠡᠭᠴᠡᠯᠡᠨ ᠵᠠᠰᠠᠬᠤ᠂ ᠨᠡᠶᠢᠭᠡᠮ ᠤᠨ ᠲᠠᠯ᠎ᠠ ᠶᠢᠨ ᠲᠣᠭᠤᠷᠢᠨ ᠴᠠᠭᠳᠠᠵᠤ ᠰᠡᠷᠭᠡᠶᠢᠯᠡᠨ ᠡᠵᠡᠮᠳᠡᠬᠦ᠂ ᠬᠠᠤᠯᠢ ᠴᠠᠭᠠᠵᠠ ᠶᠢ ᠲᠦᠭᠡᠮᠡᠯᠵᠢᠭᠦᠯᠬᠦ ᠤᠬᠠᠭᠤᠯᠭ᠎ᠠ | ᠬᠥᠮᠦᠵᠢᠯ ᠬᠢᠬᠦ᠂ ᠣᠯᠠᠨ ᠲᠦᠮᠡᠨ ᠳᠤ ᠦᠶᠯᠡᠴᠢᠯᠡᠬᠦ ᠵᠡᠷᠭᠡ ᠡᠯ᠎ᠡ ᠵᠦᠶᠯ ᠤᠨ ᠠᠵᠢᠯ ᠢ ᠯᠠᠪᠳᠠᠭᠤᠨ ᠪᠠᠲᠤᠲᠠᠶ ᠥᠷᠨᠢᠭᠦᠯᠵᠦ᠂ ᠵᠤᠭᠠᠴᠠᠭᠰᠠᠳ᠂ ᠣᠯᠠᠨ ᠲᠦᠮᠡᠨ ᠤ | ᠠᠮᠤᠷ ᠠᠮᠤᠭᠤᠯᠠᠩ᠂ ᠥᠯᠵᠡᠶ ᠪᠡᠯᠭᠡ ᠲᠠᠢ᠂ ᠪᠠᠶᠠᠷ ᠬᠥᠷ ᠲᠠᠢ ᠠᠮᠠᠷᠠᠯᠲᠠ ᠶᠢᠨ ᠬᠤᠭᠤᠴᠠᠭ᠎ᠠ ᠶᠢ ᠥᠩᠭᠡᠷᠡᠭᠦᠯᠬᠦ ᠶᠢ ᠪᠥᠬᠦ ᠬᠦᠴᠦᠨ ᠢᠶᠠᠷ ᠢᠶᠠᠨ ᠪᠠᠲᠤᠯᠠᠪᠠ᠃ | | | | ᠨᠢᠭᠡ ᠳᠤ᠂ ᠬᠤᠶᠠᠷᠬᠤᠳᠳᠤᠭ ᠤᠨ ᠬᠥᠳᠡᠭᠡ ᠠᠮᠢ ᠠᠬᠤᠢ ᠨᠡᠭᠦᠳᠡᠯ ᠠᠷᠠᠳ ᠤᠨ ᠵᠢᠱᠢᠶ᠎ᠡ ᠦᠵᠡᠭᠦᠯᠬᠦ ᠣᠷᠣᠨ ᠤ ᠳᠣᠲᠣᠭᠠᠳᠤ ᠶᠢ ᠬᠠᠮᠠᠭᠠᠯᠠᠬᠤ ᠬᠤᠪᠢᠶᠠᠷᠢ | ᠲᠣᠪᠴᠢᠶ᠎ᠠ ᠠᠮᠤᠷ ᠲᠦᠪᠰᠢᠨ ᠤ ᠶᠡᠭᠡ ᠪᠠᠶᠢᠴᠠᠭᠠᠯᠲᠠ ᠶᠢ ᠨᠠᠷᠢᠨ ᠬᠢᠨᠠᠮᠠᠭᠠᠶ ᠥᠷᠨᠢᠭᠦᠯᠵᠦ᠂ ᠴᠠᠭᠳᠠᠭᠠᠨ ᠤ ᠬᠦᠴᠦᠨ ᠢ ᠵᠣᠬᠢᠶᠠᠨ ᠪᠠᠶᠢᠭᠤᠯᠵᠤ ᠵᠣᠴᠢᠳ ᠤᠨ | ᠪᠠᠭᠤᠳᠠᠯ᠂ ᠠᠷᠢᠬᠢᠨ ᠮᠤᠬᠤᠯᠠᠭ᠂ KTV᠂ ᠲᠣᠰᠣ ᠨᠡᠮᠡᠬᠦ ᠥᠷᠲᠡᠭᠡ᠂ ᠠᠶᠤᠯᠲᠠᠶ ᠬᠢᠮᠢ ᠶᠢᠨ ᠠᠵᠤ ᠠᠬᠤᠶᠢᠯᠠᠯ᠂ ᠵᠢᠭᠤᠯᠴᠢᠯᠠᠯ ᠤᠨ ᠦᠵᠡᠮᠵᠢᠲᠦ ᠣᠷᠣᠨ ᠵᠡᠷᠭᠡ | ᠭᠤᠣᠯᠳᠠᠯᠭ᠎ᠠ ᠲᠠᠢ ᠲᠠᠯᠠᠪᠤᠷ ᠲᠤ ᠭᠦᠨᠵᠡᠭᠡᠶᠢᠷᠡᠭᠦᠯᠦᠨ᠂ ᠡᠯ᠎ᠡ ᠠᠵᠢᠯ ᠲᠥᠷᠥᠯ ᠤᠨ ᠭᠠᠵᠠᠷ ᠲᠠᠯᠠᠪᠤᠷ ᠤᠨ ᠠᠷᠠᠳ ᠤᠨ ᠠᠭᠠᠷ ᠤᠨ ᠰᠡᠷᠭᠡᠶᠢᠯᠡᠯᠲᠡ᠂ ᠪᠣᠳᠠᠰ ᠤᠨ | ᠰᠡᠷᠭᠡᠶᠢᠯᠡᠯᠲᠡ᠂ ᠮᠡᠷᠭᠡᠵᠢᠯ ᠤᠨ ᠰᠡᠷᠭᠡᠶᠢᠯᠡᠯᠲᠡ᠂ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ᠪᠡᠯᠡᠳᠬᠡᠮᠵᠢ᠂ ᠦᠨᠡᠨ ᠨᠡᠷ᠎ᠡ ᠪᠠᠷ ᠳᠠᠩᠰᠠᠯᠠᠭᠤᠯᠬᠤ ᠲᠥᠷᠢᠮ᠂ | ᠠᠶᠤᠯ ᠥᠭᠡᠢ ᠶᠢᠨ ᠬᠠᠮᠢᠶᠠᠷᠤᠯᠲᠠ ᠶᠢᠨ ᠲᠥᠷᠢᠮ ᠬᠢᠭᠡᠳ ᠡᠯ᠎ᠡ ᠵᠦᠢᠯ ᠤᠨ ᠠᠶᠤᠯ ᠥᠭᠡᠢ ᠶᠢᠨ ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ | ᠪᠠᠶᠢᠳᠠᠯ ᠢ ᠬᠢᠨᠠᠮᠠᠭᠠᠶ ᠪᠠᠶᠢᠴᠠᠭᠠᠵᠤ᠂ ᠡᠯ᠎ᠡ ᠲᠥᠷᠥᠯ ᠤᠨ ᠠᠶᠤᠯ ᠥᠭᠡᠢ ᠶᠢᠨ ᠲᠠᠯᠳᠠ ᠭᠡᠮ ᠪᠣᠯᠤᠨ ᠬᠠᠮᠢᠶᠠᠷᠤᠯᠲᠠ ᠶᠢᠨ ᠠᠯᠳᠠᠰᠢ ᠭᠠᠷᠬᠤ ᠶᠢ ᠴᠠᠭ ᠲᠤᠬᠠᠶ ᠳᠤ ᠨᠢ | ᠰᠢᠮᠳᠠᠭᠤᠯᠤᠨ ᠴᠡᠭᠴᠡᠯᠡᠨ ᠰᠠᠶᠢᠵᠢᠷᠠᠭᠤᠯᠵᠤ᠂ ᠡᠯ᠎ᠡ ᠠᠵᠤ ᠠᠬᠤᠶᠢᠯᠠᠯ ᠤᠨ ᠬᠠᠮᠢᠶᠠᠷᠤᠭᠴᠢ ᠲᠠᠢ ᠬᠠᠮᠲᠤᠷᠠᠨ ᠠᠮᠤᠷ ᠲᠦᠪᠰᠢᠨ ᠡᠶ᠎ᠡ ᠨᠠᠶᠢᠷᠠᠮᠳᠠᠭᠤ ᠨᠡᠶᠢᠭᠡᠮ ᠤᠨ | ᠠᠭᠤᠷ ᠠᠮᠢᠰᠬᠤᠯ ᠢ ᠬᠠᠮᠲᠤᠪᠠᠷ ᠪᠤᠢ ᠪᠣᠯᠭᠠᠪᠠ᠃ | | | | ᠬᠤᠶᠠᠷ ᠲᠤ᠂ ᠬᠤᠶᠠᠷᠬᠤᠳᠳᠤᠭ ᠤᠨ ᠬᠥᠳᠡᠭᠡ ᠠᠮᠢ ᠠᠬᠤᠢ ᠨᠡᠭᠦᠳᠡᠯ ᠠᠷᠠᠳ ᠤᠨ ᠵᠢᠱᠢᠶ᠎ᠡ ᠦᠵᠡᠭᠦᠯᠬᠦ ᠣᠷᠣᠨ ᠤ ᠳᠣᠲᠣᠭᠠᠳᠤ ᠶᠢ ᠬᠠᠮᠠᠭᠠᠯᠠᠬᠤ ᠬᠤᠪᠢᠶᠠᠷᠢ | ᠲᠣᠪᠴᠢᠶ᠎ᠠ ᠴᠠᠭᠳᠠᠭᠠᠨ ᠤ ᠬᠦᠴᠦᠨ ᠢ ᠰᠢᠨᠵᠢᠯᠡᠬᠦ ᠤᠬᠠᠭᠠᠨᠴᠢ ᠪᠠᠷ ᠪᠠᠶᠢᠷᠢᠯᠠᠭᠤᠯᠵᠤ ︽ᠲᠡᠷᠭᠡ ᠪᠠᠷ ᠲᠣᠭᠤᠷᠢᠨ ᠪᠠᠶᠢᠴᠠᠭᠠᠬᠤ + ᠶᠠᠪᠠᠭᠠᠨ ᠲᠣᠭᠤᠷᠢᠨ ᠪᠠᠶᠢᠴᠠᠭᠠᠬᠤ | ︾ ᠬᠡᠯᠪᠡᠷᠢ ᠪᠠᠷ ᠭᠤᠣᠯᠴᠢᠯᠠᠵᠤ ᠵᠡᠭᠡᠯᠢ ᠭᠤᠳᠤᠮᠵᠢ᠂ ᠭᠤᠣᠯᠳᠠᠯᠭ᠎ᠠ ᠲᠠᠢ ᠵᠠᠮ ᠤᠨ ᠬᠡᠰᠡᠭ᠂ ᠬᠤᠳᠠᠯᠳᠤᠭᠠᠨ ᠤ ᠵᠡᠭᠡᠯᠢ ᠲᠣᠭᠤᠷᠢᠭ᠂ ᠵᠤᠭᠠᠴᠠᠯ ᠤᠨ ᠦᠵᠡᠮᠵᠢ ᠶᠢᠨ | ᠣᠷᠣᠨ ᠵᠡᠷᠭᠡ ᠬᠥᠮᠦᠨ ᠤᠯᠠᠨ ᠴᠤᠭᠯᠠᠷᠠᠭᠰᠠᠨ ᠲᠠᠯᠠᠪᠤᠷ ᠢ ᠥᠨᠴᠥᠭ ᠪᠣᠯᠣᠩ ᠦᠯᠡᠳᠡᠭᠡᠬᠦ ᠦᠭᠡᠢ᠂ ᠥᠨᠳᠥᠷ ᠳᠠᠪᠲᠠᠮᠵᠢ ᠲᠠᠢ ᠲᠣᠭᠤᠷᠢᠨ ᠴᠠᠭᠳᠠᠵᠤ ᠬᠠᠮᠢᠶᠠᠷᠤᠨ | ᠡᠵᠡᠮᠳᠡᠵᠦ᠂ ᠴᠠᠭᠳᠠᠭ᠎ᠠ ᠶᠢᠨ ᠢᠯᠡᠷᠡᠬᠦ ᠨᠤᠷᠮ᠎ᠠ᠂ ᠬᠡᠷᠡᠭ ᠶᠠᠪᠤᠳᠠᠯ ᠢ ᠬᠠᠮᠢᠶᠠᠷᠬᠤ ᠨᠤᠷᠮ᠎ᠠ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠡᠯ᠎ᠡ ᠵᠦᠢᠯ ᠤᠨ | ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ ᠪᠦᠲᠦᠮᠵᠢᠲᠡᠢ ᠰᠦᠷᠳᠡᠭᠦᠯᠵᠦ᠂ ᠪᠦᠬᠦ ᠬᠦᠴᠦᠨ ᠢᠶᠠᠷ ᠢᠶᠠᠨ ᠤᠯᠠᠨ ᠲᠦᠮᠡᠨ ᠤ ᠪᠠᠶᠠᠷ ᠤᠨ ᠡᠳᠦᠷ ᠢ ᠪᠠᠶᠠᠷᠯᠠᠨ | ᠪᠡᠯᠭᠡᠯᠡᠬᠦ ᠶᠢ ᠬᠠᠮᠠᠭᠠᠯᠠᠪᠠ᠃ | | | | ᠭᠤᠷᠪᠠ ᠳᠤ᠂ ᠬᠤᠶᠠᠷᠬᠤᠳᠳᠤᠭ ᠤᠨ ᠬᠥᠳᠡᠭᠡ ᠠᠮᠢ ᠠᠬᠤᠢ ᠨᠡᠭᠦᠳᠡᠯ ᠠᠷᠠᠳ ᠤᠨ ᠵᠢᠱᠢᠶ᠎ᠡ ᠦᠵᠡᠭᠦᠯᠬᠦ ᠣᠷᠣᠨ ᠤ ᠳᠣᠲᠣᠭᠠᠳᠤ ᠶᠢ ᠬᠠᠮᠠᠭᠠᠯᠠᠬᠤ ᠬᠤᠪᠢᠶᠠᠷᠢ | ᠲᠣᠪᠴᠢᠶ᠎ᠠ ᠪᠠᠶᠠᠷ ᠤᠨ ᠡᠳᠦᠷ ᠤᠨ ᠬᠤᠭᠤᠴᠠᠭᠠᠨ ᠳᠤ ᠣᠯᠠᠨ ᠲᠦᠮᠡᠨ ᠤ ᠶᠠᠪᠤᠯᠴᠠᠭ᠎ᠠ ᠣᠯᠠᠰᠢᠷᠠᠵᠤ᠂ ᠬᠥᠮᠦᠨ ᠣᠯᠠᠨ ᠴᠤᠭᠯᠠᠷᠠᠭᠰᠠᠨ ᠲᠣᠬᠢᠶᠠᠯ ᠢ ᠠᠰᠢᠭᠯᠠᠨ᠂ | ᠠᠷᠭ᠎ᠠ ᠬᠡᠯᠪᠡᠷᠢ ᠶᠢᠨ ᠰᠢᠨ᠎ᠡ ᠶᠢ ᠡᠭᠦᠳᠴᠦ᠂ ᠨᠡᠭᠦᠳᠡᠯ ᠴᠠᠭᠳᠠᠭᠠᠨ ᠤ ᠶᠠᠪᠤᠳᠠᠯ ᠤᠨ ᠥᠷᠲᠡᠭᠡ ᠪᠣᠯᠤᠨ ᠨᠡᠶᠢᠭᠡᠮ ᠲᠣᠭᠤᠷᠢᠭ ᠤᠨ ᠴᠠᠭᠳᠠᠭᠠᠨ ᠤ ᠶᠠᠪᠤᠳᠠᠯ ᠤᠨ | ᠠᠷᠠᠳ ᠤᠨ ᠴᠠᠭᠳᠠᠭ᠎ᠠ ᠶᠢ ᠵᠣᠬᠢᠶᠠᠨ ᠪᠠᠶᠢᠭᠤᠯᠤᠨ ᠵᠠᠷᠯᠠᠯ ᠨᠠᠭᠠᠬᠤ᠂ ᠳᠡᠯᠭᠡᠨ ᠦᠵᠡᠭᠦᠯᠬᠦ ᠰᠠᠮᠪᠠᠷ᠎ᠠ ᠲᠠᠯᠪᠢᠬᠤ᠂ ᠮᠠᠲ᠋ᠧᠷᠢᠶᠠᠯ ᠲᠠᠷᠬᠠᠭᠠᠬᠤ᠂ ᠵᠥᠪᠯᠡᠯᠭᠡ ᠥᠭᠬᠦ | ᠲᠠᠪᠴᠠᠩ ᠭᠠᠷᠭᠠᠬᠤ ᠪᠠᠷ ᠳᠠᠮᠵᠢᠭᠤᠯᠤᠨ᠂ ᠨᠡᠶᠢᠲᠡᠯᠢᠭ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ ᠨᠠᠭᠠᠰᠢ ᠴᠠᠭᠠᠰᠢ ᠥᠩᠭᠡᠷᠡᠬᠦ ᠤᠯᠠᠨ ᠲᠦᠮᠡᠨ ᠳᠤ ᠭᠠᠵᠢᠭᠤ | ᠨᠣᠮᠯᠠᠯ ᠢ ᠡᠰᠡᠷᠭᠦᠴᠡᠬᠦ᠂ ᠰᠦᠷᠳᠡᠭᠦᠯᠦᠯ ᠢ ᠡᠰᠡᠷᠭᠦᠴᠡᠵᠦ ᠬᠦᠴᠦᠷᠬᠡᠭᠯᠡᠯ ᠢ ᠰᠡᠷᠭᠡᠶᠢᠯᠡᠬᠦ᠂ ᠭᠠᠯ ᠢ ᠰᠡᠷᠭᠡᠶᠢᠯᠡᠬᠦ᠂ ᠬᠤᠯᠠᠭᠠᠶ ᠳᠡᠭᠡᠷᠡᠮᠳᠡᠬᠦ ᠶᠢ ᠰᠡᠷᠭᠡᠶᠢᠯᠡᠬᠦ᠂ ᠴᠠᠬᠢᠯᠭᠠᠨ | ᠬᠤᠯᠪᠣᠭ᠎ᠠ ᠰᠦᠯᠵᠢᠶᠡᠨ ᠤ ᠮᠡᠬᠡᠯᠡᠯ ᠢ ᠰᠡᠷᠭᠡᠶᠢᠯᠡᠬᠦ ᠵᠢᠴᠢ ᠠᠮᠠᠷᠠᠯᠲᠠ ᠶᠢᠨ ᠬᠤᠭᠤᠴᠠᠭᠠᠨ ᠤ ᠵᠠᠮ ᠬᠠᠷᠢᠯᠴᠠᠭᠠᠨ ᠤ ᠠᠮᠤᠷ ᠲᠦᠪᠰᠢᠨ ᠵᠡᠷᠭᠡ ᠢᠯᠭᠠᠨ ᠲᠠᠨᠢᠵᠤ | ᠰᠡᠷᠭᠡᠶᠢᠯᠡᠬᠦ ᠤᠷ᠎ᠠ ᠮᠡᠷᠭᠡᠵᠢᠯ ᠪᠠ ᠪᠠᠶᠢᠩᠭᠤ ᠬᠡᠷᠡᠭᠯᠡᠬᠦ ᠬᠠᠤᠯᠢ ᠴᠠᠭᠠᠵᠠ ᠶᠢᠨ ᠮᠡᠳᠡᠯᠭᠡ ᠶᠢ ᠤᠬᠠᠭᠤᠯᠤᠨ ᠲᠠᠶᠢᠯᠪᠤᠷᠢᠯᠠᠵᠤ᠂ ᠤᠯᠠᠨ ᠲᠦᠮᠡᠨ ᠢ ᠦᠨᠡᠨ ᠬᠦ | ᠬᠠᠪᠰᠤᠷᠤᠨ ᠬᠠᠤᠯᠢ ᠴᠠᠭᠠᠵᠠ ᠶᠢᠨ ᠤᠬᠠᠮᠰᠠᠷ ᠪᠠ ᠠᠮᠤᠷ ᠲᠦᠪᠰᠢᠨ ᠤ ᠰᠡᠷᠭᠡᠶᠢᠯᠡᠯᠲᠡ ᠶᠢᠨ ᠤᠬᠠᠮᠰᠠᠷ ᠢ ᠨᠢ ᠳᠡᠭᠡᠭᠰᠢᠯᠡᠭᠦᠯᠪᠡ᠃ | | | | ᠳᠥᠷᠪᠡ ᠳᠤ᠂ ᠬᠤᠶᠠᠷᠬᠤᠳᠳᠤᠭ ᠤᠨ ᠬᠥᠳᠡᠭᠡ ᠠᠮᠢ ᠠᠬᠤᠢ ᠨᠡᠭᠦᠳᠡᠯ ᠠᠷᠠᠳ ᠤᠨ ᠵᠢᠱᠢᠶ᠎ᠡ ᠦᠵᠡᠭᠦᠯᠬᠦ ᠣᠷᠣᠨ ᠤ ᠳᠣᠲᠣᠭᠠᠳᠤ ᠶᠢ ᠬᠠᠮᠠᠭᠠᠯᠠᠬᠤ ᠬᠤᠪᠢᠶᠠᠷᠢ | ᠲᠣᠪᠴᠢᠶ᠎ᠠ ᠪᠠᠶᠠᠷ ᠤᠨ ᠡᠳᠦᠷ ᠤᠨ ᠬᠤᠭᠤᠴᠠᠭᠠᠨ ᠳᠤ ᠳᠣᠲᠣᠭᠠᠳᠤ ᠶᠢ ᠬᠠᠮᠠᠭᠠᠯᠠᠬᠤ ᠦᠢᠯᠡᠴᠢᠯᠡᠭᠡ ᠪᠠᠨ ᠵᠣᠭᠰᠣᠬᠤ ᠥᠬᠡᠶ ᠪᠠᠶᠢᠬᠤ ᠶᠢ ᠪᠠᠷᠢᠮᠲᠠᠯᠠᠵᠤ᠂ 24 | ᠴᠠᠭ ᠢᠶᠠᠷ ᠠᠵᠢᠯ ᠤᠨ ᠪᠠᠶᠢᠷᠢ ᠳᠤ ᠪᠠᠨ ᠪᠠᠶᠢᠯ᠎ᠠ᠃ ᠡᠯ᠎ᠡ ᠴᠠᠭᠳᠠᠭᠠᠨ ᠤ ᠲᠦᠷᠦᠯ ᠤᠨ ᠬᠢᠨ ᠤᠯᠠᠨ ᠲᠦᠮᠡᠨ ᠤ ᠪᠠᠴᠢᠮ ᠲᠤᠯᠭᠠᠮ᠎ᠠ ᠵᠣᠪᠠᠵᠤ ᠪᠠᠶᠢᠭ᠎ᠠ ᠠᠰᠠᠭᠤᠳᠠᠯ ᠢ | ᠴᠢᠩᠭ᠎ᠠ ᠠᠩᠬᠠᠷᠴᠤ᠂ ᠠᠷᠠᠳ ᠤᠨ ᠲᠦᠯᠦᠭᠡ ᠭᠡᠬᠦ ᠤᠭ ᠰᠠᠨᠠᠭ᠎ᠠ ᠪᠣᠯᠤᠨ ᠦᠢᠯᠡᠳᠦᠯᠭᠡ ᠪᠠᠷ ᠤᠯᠠᠨ ᠲᠦᠮᠡᠨ ᠢ ᠰᠠᠬᠢᠨ ᠬᠠᠮᠠᠭᠠᠯᠠᠪᠠ᠃ | | | | ᠪᠠᠶᠠᠷ ᠤᠨ ᠡᠳᠦᠷ ᠤᠨ ᠠᠮᠠᠷᠠᠯᠲᠠ ᠶᠢᠨ ᠬᠤᠭᠤᠴᠠᠭᠠᠨ ᠳᠤ᠂ ᠬᠤᠶᠠᠷᠬᠤᠳᠳᠤᠭ ᠤᠨ ᠬᠥᠳᠡᠭᠡ ᠠᠮᠢ ᠠᠬᠤᠢ ᠨᠡᠭᠦᠳᠡᠯ ᠠᠷᠠᠳ ᠤᠨ ᠵᠢᠱᠢᠶ᠎ᠡ ᠦᠵᠡᠭᠦᠯᠬᠦ | ᠣᠷᠣᠨ ᠤ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠪᠦᠬᠦ ᠴᠠᠭᠳᠠᠭ᠎ᠠ ᠠᠵᠢᠯ ᠤᠨ ᠪᠠᠶᠢᠷᠢ ᠪᠠᠨ ᠪᠠᠲᠤ ᠰᠠᠬᠢᠵᠤ᠂ ᠪᠦᠭᠦᠳᠡᠭᠡᠷ ᠢᠶᠠᠨ | ᠬᠥᠳᠡᠯᠦᠯᠴᠡᠵᠦ᠂ ᠵᠢᠱᠢᠶ᠎ᠡ ᠦᠵᠡᠭᠦᠯᠬᠦ ᠣᠷᠣᠨ ᠤ ᠠᠮᠤᠷ ᠲᠦᠪᠰᠢᠨ ᠲᠣᠭᠲᠠᠭᠤᠨ ᠢ ᠪᠦᠬᠦ ᠬᠦᠴᠦᠨ ᠢᠶᠠᠷ ᠢᠶᠠᠨ ᠬᠠᠮᠠᠭᠠᠯᠠᠵᠤ᠂ ᠠᠵᠢᠯ ᠤᠨ ᠪᠠᠶᠢᠷᠢ ᠪᠠᠨ ᠪᠠᠲᠤ | ᠰᠠᠬᠢᠬᠤ ᠪᠠ ᠰᠢᠷᠭᠠᠭᠤ ᠬᠠᠲᠠᠭᠤᠵᠢᠯᠲᠠᠢ ᠴᠢᠷᠮᠠᠶᠢᠯᠭ᠎ᠠ ᠪᠠᠷ ᠢᠶᠠᠨ ᠵᠢᠱᠢᠶ᠎ᠡ ᠦᠵᠡᠭᠦᠯᠬᠦ ᠣᠷᠣᠨ ᠤ ᠬᠠᠮᠤᠭ ᠤᠨ ᠰᠠᠶᠢᠨ ︽ᠠᠮᠤᠷ ᠠᠮᠤᠭᠤᠯᠠᠩ ᠤᠨ ᠵᠢᠷᠤᠭ︾ ᠢ | ᠵᠢᠷᠤᠭᠯᠠᠵᠠᠢ᠃ |