ᠣᠶᠢᠷ᠎ᠠ ᠳᠤ᠂ ᠲᠦᠩᠯᠢᠶᠣᠤ ᠬᠤᠲᠠ ᠶᠢᠨ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠵᠢᠷᠭᠠᠯᠠᠩ | ᠪᠠᠯᠭᠠᠰᠤ ᠶᠢᠨ ᠬᠠᠷᠢᠶᠠᠲᠤ ᠣᠷᠣᠨ ᠤ ᠰᠠᠭᠤᠭᠠᠯᠢ ᠠᠷᠠᠳ ᠤᠨ ᠥᠪᠡᠷ ᠤᠨ ᠬᠤᠪᠴᠠᠰᠤᠨ ᠤ ᠬᠤᠷᠭᠤ ᠳᠠᠬᠢ ᠠᠯᠲᠠᠨ ᠪᠦᠯᠡᠵᠡᠭ᠂ ᠵᠣᠭᠤᠰᠣᠨ ᠴᠦᠩᠬᠦ ᠵᠡᠷᠭᠡ ᠡᠳ᠋ | ᠪᠣᠳᠠᠰ ᠨᠢ ᠬᠤᠯᠠᠭᠠᠶᠢᠯᠠᠭᠳᠠᠪᠠ ᠭᠡᠰᠡᠨ ᠬᠡᠷᠡᠭ ᠤᠨ ᠮᠡᠳᠡᠭᠦᠯᠦᠯᠲᠡ ᠶᠢ ᠲᠤᠰᠪᠠ᠃ | ᠬᠡᠷᠡᠭ ᠤᠨ ᠮᠡᠳᠡᠭᠦᠯᠦᠯᠲᠡ ᠶᠢ ᠲᠣᠰᠣᠭᠰᠠᠨ ᠤ ᠳᠠᠷᠠᠭ᠎ᠠ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ | ᠲᠡᠷᠡ ᠳᠠᠷᠤᠶ ᠳᠤ ᠨᠢ ︽ᠴᠢᠮᠡᠭᠡ ᠮᠡᠳᠡᠭᠡ᠂ ᠵᠢᠯᠤᠭᠤᠳᠤᠯᠭ᠎ᠠ᠂ ᠠᠵᠢᠯᠯᠠᠭ᠎ᠠ︾ ᠶᠢ ᠨᠢᠭᠡ ᠴᠤᠭᠴᠠᠵᠢᠭᠤᠯᠬᠤ ᠠᠵᠢᠯᠯᠠᠭᠠᠨ ᠤ ᠲᠣᠭᠲᠠᠴᠠ ᠶᠢ ᠡᠬᠢᠯᠡᠭᠦᠯᠵᠦ᠂ ᠴᠢᠮᠡᠭᠡ | ᠮᠡᠳᠡᠭᠡ ᠵᠢᠯᠣᠭᠤᠳᠬᠤ ᠲᠥᠪ ᠠᠴᠠ ᠵᠠᠷᠯᠢᠭ ᠪᠠᠭᠤᠯᠭᠠᠵᠤ᠂ ᠡᠷᠡᠭᠦᠤ ᠶᠢᠨ ᠬᠡᠷᠡᠭ ᠢ ᠲᠤᠷᠰᠢᠨ ᠪᠠᠶᠢᠴᠠᠭᠠᠬᠤ ᠮᠡᠷᠭᠡᠵᠢᠯᠲᠡᠨ ᠢ ᠲᠤᠬᠠᠶ ᠶᠢᠨ ᠲᠠᠯᠠᠪᠤᠷ ᠲᠤ ᠲᠣᠮᠢᠯᠠᠨ | ᠪᠠᠶᠢᠴᠠᠭᠠᠯᠲᠠ ᠬᠢᠵᠦ ᠭᠡᠷᠡᠴᠢ ᠠᠪᠬᠤ ᠠᠵᠢᠯ ᠢ ᠥᠷᠨᠢᠭᠦᠯᠵᠦ᠂ ᠴᠠᠭᠳᠠᠭᠠᠨ ᠤ ᠶᠠᠪᠤᠳᠠᠯ ᠢ ᠲᠤᠰᠠᠯᠠᠬᠤ ᠵᠡᠷᠭᠡ ᠰᠠᠯᠠᠭ᠎ᠠ ᠮᠥᠴᠢᠷ ᠤᠳ ᠰᠦᠯᠵᠢᠶᠡᠨ ᠳᠡᠭᠡᠷ᠎ᠡ ᠪᠠ | ᠰᠦᠯᠵᠢᠶᠡᠨ ᠭᠠᠳᠠᠨ᠎ᠠ ᠬᠠᠮᠲᠤᠷᠠᠭᠰᠠᠨ ᠪᠠᠶᠢᠯᠳᠤᠭᠠᠨ ᠬᠢᠵᠦ᠂ ᠲᠦᠩᠯᠢᠶᠣᠤ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠡᠷᠡᠭᠦᠤ ᠶᠢᠨ ᠬᠡᠷᠡᠭ ᠤᠨ | ᠮᠡᠷᠭᠡᠵᠢᠯ ᠤᠨ ᠰᠠᠯᠠᠭ᠎ᠠ ᠮᠥᠴᠢᠷ ᠤᠨ ᠬᠦᠴᠦᠲᠡᠶ ᠳᠡᠮᠵᠢᠯᠭᠡ ᠳᠣᠤᠷ᠎ᠠ ᠬᠠᠷᠠᠮᠥ᠋ᠷᠡᠨ ᠮᠤᠵᠢ ᠶᠢᠨ ᠳ᠋ᠠᠴᠢᠩ ᠬᠤᠲᠠ ᠶᠢᠨ ᠯᠢᠶᠠᠩ ᠣᠪᠣᠭᠲᠤ ᠶᠢᠨ ᠬᠡᠷᠡᠭ ᠬᠢᠭᠰᠡᠨ | ᠬᠦᠨᠳᠦ ᠶᠡᠭᠡ ᠰᠡᠵᠢᠭᠲᠡᠢ ᠪᠠᠶᠢᠬᠤ ᠶᠢ ᠳᠣᠲᠣᠯᠠᠨ ᠲᠣᠭᠲᠠᠭᠠᠵᠠᠶ᠃ | ᠠᠷᠠᠳ ᠤᠨ ᠴᠠᠭᠳᠠᠭ᠎ᠠ ᠲᠡᠭᠦᠨ ᠢ ᠪᠠᠷᠢᠪᠴᠢᠯᠠᠬᠤ ᠶᠠᠪᠤᠴᠠ ᠳᠤ ᠣᠯᠵᠤ ᠮᠡᠳᠡᠭᠰᠡᠨ ᠨᠢ᠂ ᠯᠢᠶᠠᠩ ᠣᠪᠣᠭᠲᠤ ᠬᠤᠯᠠᠭᠠᠶᠢᠯᠠᠭᠰᠠᠨ ᠶᠠᠯ᠎ᠠ ᠪᠠ ᠬᠥᠮᠦᠨ ᠢ | ᠵᠣᠷᠢᠭᠤᠳᠠ ᠰᠢᠷᠬᠠᠲᠤᠭᠤᠯᠵᠤ ᠦᠬᠦᠭᠦᠯᠦᠭᠰᠡᠨ ᠶᠠᠯ᠎ᠠ ᠬᠢᠭᠰᠡᠨ ᠠᠴᠠ ᠪᠣᠯᠵᠤ᠂ ᠬᠤᠷᠢᠨ ᠵᠢᠯ ᠵᠢᠷᠭᠤᠭᠠᠨ ᠰᠠᠷ᠎ᠠ ᠶᠢᠨ ᠬᠤᠭᠤᠴᠠᠭ᠎ᠠ ᠲᠠᠢ ᠡᠷᠡᠭᠦᠦ ᠶᠢᠨ ᠰᠢᠳᠭᠡᠯ ᠢ | ᠭᠦᠢᠴᠡᠳᠬᠡᠵᠡᠶ᠃ ᠲᠡᠭᠦᠨ ᠢ ᠡᠷᠲᠡᠬᠡᠨ ᠪᠠᠷᠢᠪᠴᠢᠯᠠᠬᠤ ᠪᠠ ᠨᠡᠶᠢᠭᠡᠮ ᠳᠠᠬᠢ ᠬᠤᠣᠷ ᠬᠦᠨᠦᠭᠡᠯᠳᠤ ᠴᠢᠨᠠᠷ ᠢ ᠴᠠᠭ ᠲᠤᠬᠠᠶ ᠳᠤ ᠨᠢ ᠠᠷᠢᠯᠭᠠᠬᠤ ᠶᠢᠨ ᠲᠥᠯᠥᠭᠡ᠂ ᠲᠡᠷᠡ | ᠳᠠᠷᠤᠶ ᠳᠤ ᠨᠢ ᠰᠦᠯᠵᠢᠶᠡᠨ ᠳᠡᠭᠡᠷ᠎ᠡ ᠨᠡᠬᠡᠮᠵᠢᠯᠡᠨ ᠪᠠᠷᠢᠪᠴᠢᠯᠠᠬᠤ ᠮᠡᠳᠡᠭᠳᠡᠯ ᠲᠠᠷᠬᠠᠭᠠᠪᠠ᠃ 6 ᠳ᠋ᠤᠭᠠᠷ ᠰᠠᠷ᠎ᠠ ᠶᠢᠨ 13 ᠤ ᠡᠳᠦᠷ ᠬᠠᠷᠠᠮᠥ᠋ᠷᠡᠨ ᠮᠤᠵᠢ ᠶᠢᠨ | ᠳ᠋ᠠᠴᠢᠩ ᠬᠤᠲᠠ ᠶᠢᠨ ᠴᠠᠭᠳᠠᠭᠠᠨ ᠤ ᠲᠠᠯ᠎ᠠ ᠶᠢᠨ ᠬᠦᠴᠦᠲᠡᠶ ᠳᠡᠮᠵᠢᠯᠭᠡ ᠳᠣᠣᠷ᠎ᠠ ᠯᠢᠶᠠᠩ ᠣᠪᠣᠭᠲᠤ ᠶᠢ ᠠᠮᠵᠢᠯᠲᠠ ᠲᠠᠢ ᠪᠠᠷ ᠪᠠᠷᠢᠪᠴᠢᠯᠠᠵᠠᠶ᠃ | | | | ᠶᠠᠯ᠎ᠠ ᠬᠢᠭᠰᠡᠨ ᠰᠡᠵᠢᠭᠳᠡᠨ ᠯᠢᠶᠠᠩ ᠣᠪᠣᠭᠲᠤ ᠶᠢ ᠰᠢᠭᠦᠨ ᠠᠰᠠᠭᠤᠬᠤ ᠪᠠᠷ ᠳᠡᠮᠵᠢᠨ᠂ ᠯᠢᠶᠠᠩ ᠣᠪᠣᠭᠲᠤ ᠬᠠᠷᠠᠮᠥ᠋ᠷᠡᠨ ᠮᠤᠵᠢ ᠶᠢᠨ ᠳ᠋ᠠᠴᠢᠩ ᠬᠤᠲᠠ ᠠᠴᠠ | ᠬᠤᠷᠴᠢᠨ ᠵᠡᠭᠦᠨ ᠭᠠᠷᠤᠨ ᠬᠤᠶᠢᠲᠤ ᠬᠤᠰᠢᠭᠤ᠂ ᠺᠠᠶᠢᠯᠦ ᠰᠢᠶᠠᠨ ᠵᠡᠷᠭᠡ ᠭᠠᠵᠠᠷ ᠲᠤ ᠬᠡᠰᠦᠵᠦ᠂ ᠴᠣᠩᠬᠤ ᠬᠦᠰᠢᠵᠦ ᠪᠤᠰᠤᠳ ᠤᠨ ᠡᠳ᠋ ᠬᠤᠭᠰᠢᠯ ᠢ | ᠬᠤᠯᠠᠭᠠᠶᠢᠯᠠᠭᠰᠠᠨ ᠶᠠᠯ᠎ᠠ ᠶᠢᠨ ᠪᠣᠳᠠᠲᠤ ᠬᠡᠷᠡᠭ ᠢᠶᠠᠨ ᠥᠴᠢᠭᠯᠡᠨ ᠮᠡᠳᠡᠷᠡᠵᠡᠶ᠃ | ᠣᠳᠣᠬᠠᠨ ᠳᠤ᠂ ᠶᠠᠯ᠎ᠠ ᠬᠢᠭᠰᠡᠨ ᠰᠡᠵᠢᠭᠳᠡᠨ ᠯᠢᠶᠠᠩ ᠣᠪᠣᠭᠲᠤ ᠶᠢ ᠨᠢᠭᠡᠨᠲᠡ ᠬᠠᠤᠯᠢ ᠶᠣᠰᠣᠭᠠᠷ ᠡᠷᠡᠭᠦᠦ ᠶᠢᠨ ᠬᠡᠷᠡᠭ ᠤᠨ ᠠᠯᠪᠠᠳᠠᠯᠭ᠎ᠠ ᠶᠢᠨ ᠠᠷᠭ᠎ᠠ | ᠬᠡᠮᠵᠢᠶ᠎ᠡ ᠠᠪᠴᠤ᠂ ᠬᠡᠷᠡᠭ ᠢ ᠶᠠᠭ ᠤᠯᠠᠮ ᠨᠢᠭᠡ ᠠᠯᠬᠤᠮ ᠳᠡᠩᠨᠡᠨ ᠰᠢᠢᠳᠪᠦᠷᠢᠯᠡᠵᠦ ᠪᠠᠶᠢᠨ᠎ᠠ᠃ |