9 ᠳ᠋ᠦ᠋ᠭᠡᠷ ᠰᠠᠷ᠎ᠠ ᠶᠢᠨ 29 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠨᠠᠮ ᠤᠨ ᠬᠤᠷᠢᠶ᠎ᠠ | ᠲᠤᠰᠬᠠᠶ ᠰᠡᠳᠦᠪᠲᠦ ᠬᠤᠷᠠᠯ ᠬᠤᠷᠠᠯᠳᠤᠭᠤᠯᠵᠤ᠂ ᠨᠢᠭᠡᠳᠦᠭᠡᠷ ᠵᠥᠪᠯᠡᠬᠦ ᠰᠡᠳᠦᠪ ᠲᠤ ᠶᠡᠷᠦᠩᠬᠡᠶ ᠱᠦᠵᠢ ᠰᠢ ᠶᠢᠨ ᠫᠢᠩ ᠤᠨ ᠳᠤᠮᠳᠠᠳᠤ ᠤᠯᠤᠰ ᠤᠨ ᠠᠷᠠᠳ ᠤᠨ | ᠳᠣᠲᠣᠭᠠᠳᠤ ᠶᠢ ᠬᠠᠮᠠᠭᠠᠯᠠᠬᠤ ᠶᠡᠭᠡ ᠰᠤᠷᠭᠠᠭᠤᠯᠢ ᠶᠢᠨ ᠦᠷᠡᠭᠳᠡᠭᠰᠡᠨ ᠪᠠᠭᠠᠲᠤᠷᠴᠤᠳ ᠤᠨ ᠦᠷ᠎ᠡ ᠬᠡᠤᠬᠡᠳ ᠲᠤ ᠥᠭᠭᠦᠭᠰᠡᠨ ᠴᠢᠬᠤᠯᠠ ᠬᠠᠷᠢᠭᠤ ᠵᠠᠬᠢᠳᠠᠯ ᠤᠨ | ᠵᠣᠷᠢᠭ ᠰᠠᠨᠠᠭ᠎ᠠ ᠪᠠ ᠳᠣᠲᠣᠭᠠᠳᠤ ᠶᠢ ᠬᠠᠮᠠᠭᠠᠯᠠᠬᠤ ᠶᠠᠮᠤᠨ ᠤ ᠲᠤᠰᠬᠠᠶ ᠰᠡᠳᠦᠪᠲᠦ ᠸᠢᠳᠢᠣ᠋ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ | ᠲᠤᠭᠤᠰᠢᠯᠠᠭᠤᠯᠤᠨ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠰᠠᠨᠠᠯ ᠢ ᠰᠤᠳᠤᠯᠪᠠ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ᠂ ᠳᠣᠲᠣᠭᠠᠳᠤ ᠶᠢ | ᠬᠠᠮᠠᠭᠠᠯᠠᠬᠤ ᠲᠢᠩᠬᠢᠮ ᠤᠨ ᠨᠠᠮ ᠤᠨ ᠬᠤᠷᠢᠶ᠎ᠠ ᠶᠢᠨ ᠱᠦᠵᠢ᠂ ᠲᠢᠩᠬᠢᠮ ᠤᠨ ᠳᠠᠷᠤᠭ᠎ᠠ ᠵᠧᠩ ᠭᠤᠸᠠᠩ ᠵᠣᠤ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠤ᠂ | ᠲᠢᠩᠬᠢᠮ ᠤᠨ ᠨᠠᠮ ᠤᠨ ᠬᠤᠷᠢᠶ᠎ᠠ ᠶᠢᠨ ᠬᠡᠰᠢᠭᠦᠨ ᠬᠤᠷᠠᠯ ᠳᠤ ᠣᠷᠣᠯᠴᠠᠵᠤ᠂ ᠲᠢᠩᠬᠢᠮ ᠤᠨ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠭᠤᠤᠯ | ᠬᠠᠷᠢᠭᠤᠴᠠᠯᠭᠠᠲᠠᠨ ᠨᠥᠬᠦᠳ ᠬᠤᠷᠠᠯ ᠳᠤ ᠰᠤᠯᠠ ᠣᠷᠣᠯᠴᠠᠪᠠ᠃ | ᠬᠤᠷᠠᠯ ᠠᠴᠠ᠂ ᠡᠨᠡ ᠤᠳᠠᠭ᠎ᠠ ᠶᠢᠨ ᠴᠢᠬᠤᠯᠠ ᠬᠠᠷᠢᠭᠤ ᠵᠠᠬᠢᠳᠠᠯ ᠨᠢ ᠶᠡᠷᠦᠩᠬᠡᠢ ᠱᠦᠵᠢ ᠰᠢ ᠶᠢᠨ ᠫᠢᠩ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ᠂ | ᠳᠣᠲᠣᠭᠠᠳᠤ ᠶᠢ ᠬᠠᠮᠠᠭᠠᠯᠠᠬᠤ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠶᠢ ᠨᠠᠷᠢᠨ ᠨᠢᠮᠪᠠᠢ ᠬᠠᠯᠠᠮᠵᠢᠯᠠᠨ ᠬᠠᠶᠢᠷᠠᠯᠠᠵᠤ ᠪᠠᠶᠢᠭ᠎ᠠ ᠶᠢ ᠳᠠᠬᠢᠨᠲᠠ ᠬᠠᠷᠠᠭᠤᠯᠵᠠᠢ᠃ | ᠪᠦᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠢᠨ ᠰᠢ ᠶᠢᠨ ᠫᠢᠩ ᠶᠡᠷᠦᠩᠬᠡᠢ ᠱᠦᠵᠢ ᠶᠢᠨ ᠰᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ | ᠪᠣᠯᠤᠨ ᠴᠢᠬᠤᠯᠠ ᠬᠠᠷᠢᠭᠤ ᠵᠠᠬᠢᠳᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠴᠢᠬᠤᠯᠠ ᠬᠠᠷᠢᠭᠤ ᠵᠠᠬᠢᠳᠠᠯ ᠤᠨ ᠴᠢᠬᠤᠯᠠ ᠶᠡᠭᠡ ᠠᠴᠢ | ᠬᠤᠯᠪᠣᠭᠳᠠᠯ ᠢ ᠭᠦᠨᠵᠡᠭᠡᠢ ᠲᠠᠨᠢᠵᠤ᠂ ᠦᠨᠡᠨ ᠬᠦ ︽ᠲᠦᠷᠪᠡᠨ ᠤᠬᠠᠮᠰᠠᠷ︾ ᠢᠶᠠᠨ ᠴᠢᠩᠭᠠᠳᠬᠠᠵᠤ᠂ ︽ᠲᠦᠷᠪᠡᠨ ᠢᠲᠡᠭᠡᠯ︾ ᠢᠶᠠᠨ ᠪᠠᠳᠤᠳᠬᠠᠨ᠂ ︽ᠬᠤᠶᠠᠷ ᠢ | ᠬᠠᠮᠠᠭᠠᠯᠠᠬᠤ︾ ᠶᠢ ᠪᠡᠶᠡᠯᠡᠭᠦᠯᠵᠦ᠂ ᠪᠦᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠬᠠᠯᠠᠭᠤᠨ | ᠥᠷᠨᠢᠯᠲᠡ ᠶᠢ ᠲᠦᠷᠭᠡᠨ ᠥᠷᠨᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ᠂ ᠪᠦᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠢᠨ ︽ᠲᠠᠪᠤᠨ ᠶᠡᠭᠡ ᠭᠠᠷᠳᠠᠴᠠ︾ ᠶᠢᠨ ᠵᠠᠭᠤᠨ ᠡᠳᠦᠷ ᠤᠨ ᠪᠣᠭᠤᠮᠲᠠ | ᠰᠢᠪᠲᠤᠯᠬᠤ ᠠᠵᠢᠯ ᠢ ᠭᠦᠨᠵᠡᠭᠡᠢ ᠥᠷᠨᠢᠭᠦᠯᠵᠦ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠬᠠᠷᠢᠭᠤ ᠵᠠᠬᠢᠳᠠᠯ ᠤᠨ ᠵᠣᠷᠢᠭ ᠰᠠᠨᠠᠭ᠎ᠠ ᠶᠢ ᠠᠮᠤᠷ | ᠲᠣᠭᠲᠠᠭᠤᠨ ᠢ ᠬᠠᠮᠠᠭᠠᠯᠠᠬᠤ ᠪᠣᠳᠠᠲᠠᠢ ᠠᠵᠢᠯᠯᠠᠭ᠎ᠠ ᠳᠡᠭᠡᠷ᠎ᠡ ᠦᠨᠡᠨ ᠬᠦ ᠨᠠᠶᠢᠳᠠᠪᠤᠷᠢᠵᠢᠭᠤᠯᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ︽ᠬᠤᠶᠠᠷ ᠶᠡᠭᠡ | ᠶᠠᠪᠤᠳᠠᠯ︾ ᠢ ᠪᠠᠲᠤᠯᠠᠬᠤ ᠳᠤ ᠦᠢᠯᠡᠴᠢᠯᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠡᠭᠦᠷᠭᠡ ᠴᠢᠳᠠᠪᠬᠢ ᠳᠤ | ᠰᠠᠭᠤᠷᠢᠯᠠᠵᠤ᠂ ᠪᠦᠬᠦ ᠤᠯᠤᠰ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠸᠢᠳᠢᠣ᠋ ᠬᠤᠷᠠᠯ ᠤᠨ ᠵᠣᠷᠢᠭ ᠰᠠᠨᠠᠭ᠎ᠠ ᠪᠣᠯᠤᠨ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠨᠠᠷᠢᠨ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠥᠷᠪᠡᠳᠦᠭᠡᠷ | ᠤᠯᠠᠷᠢᠯ ᠤᠨ ︽ᠲᠠᠪᠤᠨ ᠶᠡᠭᠡ ᠭᠠᠷᠳᠠᠴᠠ︾ ᠶᠢᠨ ᠵᠠᠭᠤᠨ ᠡᠳᠦᠷ ᠤᠨ ᠪᠣᠭᠤᠮᠲᠠ ᠰᠢᠪᠲᠤᠯᠬᠤ ᠶᠢ ᠪᠠᠶᠢᠷᠢᠯᠠᠭᠤᠯᠤᠨ ᠥᠷᠨᠢᠭᠦᠯᠵᠦ᠂ ᠬᠦᠨᠳᠦ ᠶᠡᠭᠡ ᠠᠶᠤᠯ | ᠲᠦᠭᠰᠢᠭᠦᠷᠢ ᠶᠢ ᠠᠷᠢᠯᠭᠠᠬᠤ᠂ ᠭᠤᠤᠯᠳᠠᠯᠭ᠎ᠠ ᠲᠠᠢ ᠬᠡᠷᠡᠭ ᠢ ᠶᠡᠬᠡᠪᠡᠷ ᠰᠢᠢᠳᠪᠦᠷᠢᠯᠡᠬᠦ᠂ ᠴᠢᠬᠤᠯᠠ ᠥᠭᠡᠷᠡᠴᠢᠯᠡᠯᠲᠡ ᠶᠢ ᠶᠡᠬᠡᠪᠡᠷ ᠠᠬᠢᠭᠤᠯᠬᠤ᠂ ᠰᠤᠷᠲᠠᠯ ᠢ ᠶᠡᠬᠡᠪᠡᠷ | ᠬᠤᠪᠢᠷᠠᠭᠤᠯᠬᠤ ᠶᠢ ᠴᠢᠩᠭ᠎ᠠ ᠠᠳᠬᠤᠬᠤ᠂ ᠪᠥᠬᠦ ᠵᠢᠯ ᠤᠨ ᠬᠠᠷᠠᠯᠲᠠ ᠶᠢ ᠶᠡᠬᠡᠪᠡᠷ ᠨᠠᠶᠢᠳᠠᠪᠤᠷᠢᠵᠢᠭᠤᠯᠬᠤ ᠶᠢ ᠠᠬᠢᠭᠤᠯᠵᠤ᠂ ︽ᠵᠣᠨ ᠤ ᠤᠯᠠᠷᠢᠯ ᠤᠨ ᠠᠵᠢᠯᠯᠠᠭ᠎ᠠ︾ | ᠶᠢᠨ ᠦᠷ᠎ᠡ ᠪᠦᠳᠦᠮᠵᠢ ᠶᠢ ᠪᠠᠬᠢᠵᠢᠭᠦᠯᠦᠨ ᠥᠷᠭᠡᠳᠬᠡᠵᠦ᠂ ᠣᠨ ᠤ ᠡᠯ᠎ᠡ ᠵᠦᠢᠯ ᠤᠨ ᠠᠵᠢᠯ ᠤᠨ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠪᠡ᠃ ᠨᠢᠳᠤᠨᠤᠨ ᠤ | 8 ᠳ᠋ᠤᠭᠠᠷ ᠰᠠᠷ᠎ᠠ ᠶᠢᠨ ᠳᠣᠲᠣᠭᠠᠳᠤ ᠶᠢ ᠬᠠᠮᠠᠭᠠᠯᠠᠬᠤ ᠶᠠᠮᠤᠨ ᠤ ᠳᠣᠲᠣᠭᠠᠳᠤ ᠶᠢ ᠬᠠᠮᠠᠭᠠᠯᠠᠬᠤ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠢ | ᠠᠬᠢᠭᠤᠯᠬᠤ ᠬᠤᠷᠠᠯ ᠤᠨ ᠵᠣᠷᠢᠭ ᠰᠠᠨᠠᠭ᠎ᠠ ᠶᠢ ᠦᠨᠡᠨ ᠪᠤᠳᠠᠳᠠᠢ ᠨᠠᠶᠢᠳᠠᠪᠤᠷᠢᠵᠢᠭᠤᠯᠵᠤ᠂ ︽ᠮᠤᠵᠢ ᠶᠢᠨ ᠱᠠᠲᠤᠨ ᠤ ᠭᠤᠣᠯᠯᠠᠨ ᠬᠠᠷᠢᠭᠤᠴᠠᠬᠤ᠂ ᠬᠤᠲᠠ ᠰᠢᠶᠠᠨ ᠤ | ᠭᠤᠣᠯᠯᠠᠨ ᠪᠠᠶᠢᠯᠳᠤᠬᠤ ᠲᠣᠮᠢᠯᠠᠭᠰᠠᠨ ᠰᠠᠯᠪᠤᠷᠢ ᠭᠤᠣᠯᠯᠠᠨ ᠰᠡᠷᠭᠡᠶᠢᠯᠡᠬᠦ︾ ᠡᠭᠦᠷᠭᠡ ᠴᠢᠳᠠᠪᠤᠷᠢ ᠶᠢᠨ ᠰᠢᠰᠲ᠋ᠧᠮ᠂ ︽ᠴᠢᠮᠡᠭᠡ ᠮᠡᠳᠡᠭᠡ᠂ ᠵᠢᠯᠤᠭᠤᠳᠤᠯᠭ᠎ᠠ᠂ | ᠠᠵᠢᠯᠯᠠᠭ᠎ᠠ︾ ᠶᠢ ᠨᠢᠭᠡ ᠴᠤᠭᠴᠠᠵᠢᠭᠤᠯᠤᠭᠰᠠᠨ ᠠᠵᠢᠯᠯᠠᠭᠠᠨ ᠤ ᠲᠣᠭᠲᠠᠴᠠ᠂ ᠰᠢᠨᠵᠢᠯᠡᠬᠦ ᠤᠬᠠᠭᠠᠨ ᠮᠡᠷᠭᠡᠵᠢᠯ ᠢᠶᠠᠷ ᠴᠠᠭᠳᠠᠭ᠎ᠠ ᠶᠢ ᠬᠦᠴᠦᠷᠭᠡᠭᠵᠢᠭᠦᠯᠬᠦ ᠭᠤᠷᠪᠠᠨ | ᠵᠢᠯ ᠤᠨ ᠠᠵᠢᠯᠯᠠᠭᠠᠨ ᠤ ᠲᠥᠯᠥᠪᠯᠡᠭᠡ᠂ ᠬᠠᠤᠯᠢ ᠪᠠᠷ ᠵᠠᠰᠠᠬᠤ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠲᠠ᠂ ︽ᠵᠢᠷᠭᠤᠭ᠎ᠠ ᠶᠢ ᠰᠡᠷᠭᠡᠶᠢᠯᠡᠬᠦ ᠲᠠᠪᠤ ᠶᠢ ᠡᠵᠡᠮᠳᠡᠬᠦ | ᠳᠥᠷᠪᠡ ᠶᠢ ᠠᠬᠢᠭᠤᠯᠬᠤ︾ ᠰᠠᠭᠤᠷᠢ ᠶᠢ ᠴᠢᠩᠭᠠᠳᠬᠠᠬᠤ ᠢᠨᠵᠧᠨᠧᠷᠢᠩ᠂ ᠳᠣᠲᠣᠭᠠᠳᠤ ᠶᠢ ᠬᠠᠮᠠᠭᠠᠯᠠᠬᠤ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠦᠢᠯᠡᠴᠢᠯᠡᠭᠡ | ᠵᠡᠷᠭᠡ ᠭᠤᠣᠯᠳᠠᠯᠭ᠎ᠠ ᠲᠠᠢ ᠥᠭᠡᠷᠡᠴᠢᠯᠡᠯᠲᠡ ᠶᠢᠨ ᠡᠭᠦᠷᠭᠡ ᠶᠢ ᠶᠡᠭᠡ ᠪᠠᠷ ᠠᠬᠢᠭᠤᠯᠵᠤ᠂ ᠳᠣᠲᠣᠭᠠᠳᠤ ᠶᠢ ᠬᠠᠮᠠᠭᠠᠯᠠᠬᠤ ᠠᠵᠢᠯ ᠤᠨ ᠣᠳᠣᠬᠢᠴᠢᠯᠠᠯᠲᠠ ᠶᠢᠨ ᠲᠦᠪᠰᠢᠨ ᠢ | ᠬᠦᠴᠦᠯᠡᠨ ᠳᠡᠭᠡᠭᠰᠢᠯᠡᠭᠦᠯᠵᠦ᠂ ᠡᠬᠡ ᠤᠯᠤᠰ ᠤᠨ ︽ᠤᠮᠠᠷᠠᠲᠤ ᠶᠡᠭᠡ ᠬᠠᠭᠠᠯᠭ᠎ᠠ︾ ᠶᠢ ᠪᠠᠲᠤ ᠰᠠᠬᠢᠵᠤ᠂ ᠨᠡᠶᠢᠰᠯᠡᠯ ᠤᠨ ︽ᠰᠠᠬᠢᠭᠤᠯ ᠭᠤᠣᠯ︾ ᠢ ᠪᠠᠲᠤ | ᠴᠤᠭᠴᠠᠯᠠᠬᠤ ᠬᠡᠷᠡᠭᠳᠡᠢ ᠭᠡᠵᠦ ᠱᠠᠭᠠᠷᠳᠠᠪᠠ᠃ | ᠬᠤᠷᠠᠯ ᠠᠴᠠ᠂ ᠪᠦᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠢᠨ ᠪᠦᠬᠦ ᠲᠠᠯ᠎ᠠ ᠪᠠᠷ ᠨᠠᠮ ᠢ ᠴᠢᠩᠭ᠎ᠠ ᠬᠠᠮᠢᠶᠠᠷᠴᠤ ᠴᠠᠭᠳᠠᠭ᠎ᠠ ᠶᠢ ᠴᠢᠩᠭ᠎ᠠ | ᠵᠠᠰᠠᠬᠤ ᠠᠷᠭ᠎ᠠ ᠬᠡᠮᠵᠢᠶ᠎ᠡ ᠶᠢ ᠡᠷᠡᠰ ᠨᠠᠶᠢᠳᠠᠪᠤᠷᠢᠵᠢᠭᠤᠯᠵᠤ᠂ ᠴᠠᠭ ᠦᠶ᠎ᠡ ᠶᠢᠨ ᠬᠦᠨᠳᠦ ᠡᠭᠦᠷᠭᠡ ᠶᠢ ᠡᠭᠦᠷᠭᠡᠯᠡᠵᠦ ᠳᠡᠶᠢᠯᠬᠦ ︽ᠲᠦᠷᠪᠡᠨ ᠲᠡᠮᠤᠷ ᠮᠡᠲᠦ︾ ᠡᠩᠨᠡᠭᠡ ᠶᠢ | ᠦᠨᠡᠨ ᠬᠦ ᠳᠠᠪᠲᠠᠨ ᠪᠣᠯᠪᠠᠰᠤᠷᠠᠭᠤᠯᠬᠤ ᠬᠡᠷᠡᠭᠲᠡᠢ᠃ ᠰᠢᠨ᠎ᠡ ᠴᠠᠭ ᠦᠶ᠎ᠡ ᠶᠢᠨ ᠴᠠᠭᠳᠠᠭ᠎ᠠ ᠶᠢ ᠪᠠᠶᠢᠭᠤᠯᠬᠤ ᠴᠠᠭᠳᠠᠭ᠎ᠠ ᠶᠢ ᠵᠠᠰᠠᠬᠤ ᠴᠢᠭᠯᠡᠯᠳᠡ ᠶᠢ ᠪᠠᠷᠢᠮᠲᠠᠯᠠᠵᠤ᠂ | ᠰᠢᠨ᠎ᠡ ᠴᠠᠭ ᠦᠶ᠎ᠡ ᠶᠢᠨ ᠤᠯᠤᠰ ᠲᠦᠷᠦ ᠬᠠᠤᠯᠢ ᠴᠠᠭᠠᠵᠠ ᠶᠢᠨ ᠺᠠᠳ᠋ᠷ ᠴᠠᠭᠳᠠᠭ᠎ᠠ ᠶᠢᠨ ︽ᠠᠷᠪᠠ ᠶᠢ ᠴᠢᠩᠭ᠎ᠠ ᠴᠠᠭᠠᠵᠠᠯᠠᠬᠤ︾ ᠶᠢ ᠴᠢᠩᠭ᠎ᠠ ᠬᠡᠷᠡᠭᠵᠢᠭᠦᠯᠵᠦ᠂ | ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠤᠨ ᠢᠯᠵᠢᠷᠡᠯ ᠢ ᠡᠰᠡᠷᠭᠦᠴᠡᠬᠦ ᠲᠡᠮᠡᠴᠡᠯ ᠢ ᠤᠷᠳᠤ ᠬᠤᠭᠤᠴᠠᠭ᠎ᠠ ᠪᠠᠷ | ᠠᠬᠢᠭᠤᠯᠵᠤ᠂ ᠭᠤᠣᠯ ᠰᠡᠳᠦᠪᠲᠦ ᠬᠥᠮᠦᠵᠢᠯ ᠤᠨ ᠦᠷᠭᠦᠯᠵᠢᠯᠡᠨ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠢ᠃ ᠳᠣᠲᠣᠭᠠᠳᠤ ᠶᠢ ᠬᠠᠮᠠᠭᠠᠯᠠᠬᠤ | ᠪᠠᠶᠢᠭᠤᠯᠭ᠎ᠠ ᠶᠢᠨ ᠦᠷᠡᠭᠳᠡᠭᠰᠡᠨ ᠪᠠᠭᠠᠲᠤᠷᠴᠤᠳ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠪᠠᠭᠠᠲᠤᠷ ᠵᠢᠱᠢᠶᠡᠴᠢ ᠶᠢᠨ ᠦᠢᠯᠡ ᠠᠵᠢᠯᠯᠠᠭ᠎ᠠ ᠶᠢ ᠤᠬᠠᠭᠤᠯᠤᠨ | ᠲᠠᠶᠢᠯᠪᠤᠷᠢᠯᠠᠬᠤ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠦᠷᠡᠭᠳᠡᠭᠰᠡᠨ ᠪᠠᠭᠠᠲᠤᠷᠴᠤᠳ ᠤᠨ ᠳᠤᠷᠠᠰᠬᠠᠯ ᠤᠨ ᠡᠳᠦᠷ ᠤᠨ ᠡᠯ᠎ᠡ ᠵᠦᠢᠯ ᠤᠨ ᠠᠵᠢᠯᠯᠠᠭ᠎ᠠ ᠶᠢ | ᠰᠠᠶᠢᠲᠤᠷ ᠬᠢᠵᠦ᠂ ᠪᠠᠭᠠᠲᠤᠷ ᠵᠢᠱᠢᠶᠡᠴᠢ ᠠᠴᠠ ᠰᠤᠷᠤᠯᠴᠠᠬᠤ᠂ ᠪᠠᠭᠠᠲᠤᠷ ᠵᠢᠱᠢᠶᠡᠴᠢ ᠶᠢ ᠡᠷᠬᠢᠮᠯᠡᠬᠦ᠂ ᠪᠠᠭᠠᠲᠤᠷ ᠵᠢᠱᠢᠶᠡᠴᠢ ᠪᠣᠯᠬᠤ ᠪᠠᠷ ᠴᠢᠷᠮᠠᠶᠢᠬᠤ ᠭᠦᠨ ᠵᠤᠵᠠᠭᠠᠨ | ᠠᠭᠤᠷ ᠠᠮᠢᠰᠬᠤᠯ ᠢ ᠬᠦᠴᠦᠯᠡᠨ ᠪᠤᠢ ᠪᠣᠯᠭᠠᠵᠤ᠂ ᠲᠡᠮᠡᠴᠡᠯ ᠤᠨ ᠵᠣᠷᠢᠭ ᠢ ᠤᠯᠠᠮ ᠴᠢᠨᠠᠭᠰᠢᠳᠠ ᠬᠥᠭᠵᠢᠭᠡᠵᠦ᠂ ᠴᠠᠭᠳᠠᠭ᠎ᠠ ᠶᠢᠨ ᠰᠡᠳᠬᠢᠯ ᠢ ᠨᠢᠭᠲᠠᠷᠠᠭᠤᠯᠬᠤ ᠬᠡᠷᠡᠭᠲᠡᠢ᠃ | ︽ᠰᠤᠷᠭᠠᠭᠤᠯᠢ ᠪᠠᠨ ᠬᠦᠴᠦᠷᠬᠡᠭᠵᠢᠭᠦᠯᠵᠦ ᠲᠡᠰ ᠳᠡᠭᠡᠭᠰᠢᠯᠡᠭᠦᠯᠬᠦ︾ ᠢᠨᠵᠧᠨᠧᠷᠢᠩ ᠢ ᠶᠡᠭᠡ ᠪᠠᠷ ᠠᠬᠢᠭᠤᠯᠵᠤ᠂ ᠴᠠᠭᠳᠠᠭ᠎ᠠ ᠶᠢᠨ ᠳᠡᠭᠡᠲᠦ ᠰᠤᠷᠭᠠᠭᠤᠯᠢ ᠵᠡᠷᠭᠡ | ᠳᠣᠲᠣᠭᠠᠳᠤ ᠶᠢ ᠬᠠᠮᠠᠭᠠᠯᠠᠬᠤ ᠬᠥᠮᠦᠵᠢᠯ ᠪᠣᠯᠪᠠᠰᠤᠷᠠᠯ ᠤᠨ ᠰᠠᠯᠠᠭ᠎ᠠ ᠮᠥᠴᠢᠷ ᠤᠨ ᠬᠢᠨ ᠨᠠᠮ ᠳᠤ ᠬᠥᠮᠦᠨ ᠬᠥᠮᠦᠵᠢᠭᠦᠯᠬᠦ᠂ ᠤᠯᠤᠰ ᠲᠤ ᠪᠠᠨ ᠴᠢᠳᠠᠪᠤᠷᠢᠲᠠᠨ | ᠬᠥᠮᠦᠵᠢᠭᠦᠯᠬᠦ ᠢᠷᠠᠭᠤ ᠠᠯᠳᠠᠷᠲᠤ ᠡᠭᠦᠷᠭᠡ ᠪᠠᠨ ᠦᠨᠡᠨᠴᠢ ᠪᠠᠷ ᠭᠦᠢᠴᠡᠳᠬᠡᠵᠦ᠂ ᠶᠡᠷᠦᠩᠬᠡᠢ ᠱᠦᠵᠢ ᠶᠢᠨ ᠴᠢᠬᠤᠯᠠ ᠬᠠᠷᠢᠭᠤ ᠵᠠᠬᠢᠳᠠᠯ ᠤᠨ ᠵᠣᠷᠢᠭ ᠰᠠᠨᠠᠭ᠎ᠠ ᠶᠢ | ᠵᠢᠭᠠᠬᠤ ᠮᠠᠲ᠋ᠧᠷᠢᠶᠠᠯ ᠳᠤ ᠣᠷᠣᠭᠤᠯᠬᠤ᠂ ᠬᠢᠴᠢᠶᠡᠯ ᠤᠨ ᠲᠠᠩᠬᠢᠮ ᠳᠤ ᠲᠠᠶᠢᠯᠪᠤᠷᠢᠯᠠᠬᠤ᠂ ᠲᠠᠷᠢᠬᠢ ᠲᠣᠯᠣᠭᠠᠢ ᠳᠤ ᠰᠢᠩᠭᠡᠭᠡᠬᠦ ᠶᠢ ᠠᠬᠢᠭᠤᠯᠵᠤ᠂ ᠳᠣᠲᠣᠭᠠᠳᠤ ᠶᠢ | ᠬᠠᠮᠠᠭᠠᠯᠠᠬᠤ ᠠᠵᠢᠯ ᠤᠨ ᠦᠷᠡᠭᠳᠡᠭᠰᠡᠨ ᠪᠠᠭᠠᠲᠤᠷᠴᠤᠳ᠂ ᠠᠯᠪᠠᠨ ᠶᠠᠪᠤᠳᠠᠯ ᠢᠶᠠᠷ ᠪᠡᠶ᠎ᠡ ᠦᠷᠡᠭᠳᠡᠭᠰᠡᠨ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠶᠢᠨ ᠦᠷ᠎ᠡ | ᠬᠡᠦᠬᠡᠳ ᠢ ᠬᠥᠮᠦᠵᠢᠭᠦᠯᠬᠦ ᠪᠠ ᠬᠠᠯᠠᠮᠵᠢᠯᠠᠬᠤ ᠪᠠᠨ ᠴᠢᠩᠭᠠᠳᠬᠠᠵᠤ᠂ ︽ᠲᠦᠷᠪᠡᠨ ᠲᠡᠮᠤᠷ ᠮᠡᠲᠦ︾ ᠥᠪᠥᠷ ᠮᠣᠩᠭᠤᠯ ᠤᠨ ᠳᠣᠲᠣᠭᠠᠳᠤ ᠶᠢ ᠬᠠᠮᠠᠭᠠᠯᠠᠬᠤ ᠲᠡᠮᠤᠷ | ᠴᠡᠷᠢᠭ ᠢ ᠴᠢᠷᠮᠠᠶᠢᠨ ᠬᠥᠮᠦᠵᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ | |