10 ᠳ᠋ᠤᠭᠠᠷ ᠰᠠᠷ᠎ᠠ ᠶᠢᠨ 1 ᠤ ᠡᠳᠦᠷ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ᠂ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠨᠠᠮ ᠤᠨ | ᠬᠤᠷᠢᠶ᠎ᠠ ᠶᠢᠨ ᠱᠦᠵᠢ᠂ ᠲᠢᠩᠬᠢᠮ ᠤᠨ ᠳᠠᠷᠤᠭ᠎ᠠ ᠵᠧᠩ ᠭᠤᠸᠠᠩ ᠵᠣᠣ ᠬᠥᠬᠡᠬᠤᠲᠠ ᠳᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠦᠷᠡᠭᠳᠡᠭᠰᠡᠨ ᠪᠠᠭᠠᠲᠤᠷ | ᠢᠦᠶ ᠯᠠᠨ ᠮᠧᠶ᠂ ᠯᠢᠦ ᠴᠢᠩ ᠳ᠋ᠢ ᠶᠢᠨ ᠭᠡᠷ ᠪᠦᠯᠢ ᠶᠢᠨ ᠬᠢᠨ ᠢ ᠪᠣᠯᠭᠤᠭᠠᠨ ᠲᠣᠬᠤᠨᠢᠭᠤᠯᠵᠤ᠂ ᠬᠥᠬᠡᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ | 110 ᠲᠥᠭᠰᠢᠭᠦᠷᠢ ᠮᠡᠳᠡᠭᠦᠯᠦᠯᠳᠡ ᠶᠢ ᠬᠦᠯᠢᠶᠡᠨ ᠠᠪᠬᠤ ᠲᠥᠪ᠂ ᠬᠠᠮᠲᠤᠷᠠᠭᠰᠠᠨ ᠪᠠᠶᠢᠯᠳᠤᠭᠠᠨ ᠤ ᠲᠥᠪ᠂ ᠵᠠᠮ ᠬᠠᠷᠢᠯᠴᠠᠭᠠᠨ ᠤ ᠴᠠᠭᠳᠠᠭ᠎ᠠ ᠶᠢᠨ ᠰᠠᠯᠪᠤᠷᠢ | ᠠᠩᠭᠢ ᠶᠢᠨ ᠰᠠᠶᠢᠬᠠᠨ ᠶᠡᠭᠡ ᠠᠩᠭᠢ ᠶᠢᠨ ᠶᠢᠰᠦᠳᠦᠭᠡᠷ ᠳᠤᠮᠳᠠ ᠠᠩᠭᠢ ᠪᠣᠯᠤᠨ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠴᠢᠮᠡᠭᠡ ᠮᠡᠳᠡᠭᠡ ᠵᠢᠯᠤᠭᠤᠳᠬᠤ ᠲᠥᠪ᠂ | ᠰᠦᠯᠵᠢᠶᠡᠨ ᠤ ᠠᠮᠤᠷ ᠲᠦᠪᠰᠢᠨ ᠤ ᠶᠡᠷᠦᠩᠬᠡᠶ ᠠᠩᠭᠢ᠂ ᠲᠢᠩᠬᠢᠮ ᠳᠤ ᠰᠠᠭᠤᠭ᠎ᠠ ᠵᠡᠪᠰᠡᠭᠲᠦ ᠴᠠᠭᠳᠠᠭ᠎ᠠ ᠶᠢᠨ ᠳᠤᠮᠳᠠ ᠠᠩᠭᠢ᠂ ᠪᠠᠶᠢᠭᠤᠯᠭ᠎ᠠ ᠶᠢᠨ ᠬᠤᠭᠤᠯᠠᠨ ᠭᠡᠷ | ᠵᠡᠷᠭᠡ ᠭᠠᠵᠠᠷ ᠲᠤ ᠭᠦᠨᠵᠡᠭᠡᠶᠢᠷᠡᠵᠦ᠂ ᠨᠠᠢᠮᠠᠨ ᠰᠠᠷ᠎ᠠ ᠶᠢᠨ ᠲᠡᠷᠭᠡᠯ ᠪᠠᠶᠠᠷ ᠤᠯᠤᠰ ᠤᠨ ᠪᠠᠶᠠᠷ ᠤᠨ ᠠᠮᠠᠷᠠᠯᠲᠠ ᠶᠢᠨ ᠡᠳᠦᠷ ᠤᠨ ᠠᠮᠤᠷ ᠢ ᠬᠠᠮᠠᠭᠠᠯᠠᠬᠤ ᠠᠵᠢᠯ ᠪᠣᠯᠤᠨ | ᠵᠢᠵᠢᠭᠦᠷᠯᠡᠨ ᠰᠠᠬᠢᠵᠤ ᠪᠠᠶᠢᠭ᠎ᠠ ᠪᠠᠶᠢᠳᠠᠯ ᠢ ᠬᠢᠨᠠᠨ ᠵᠢᠯᠣᠭᠤᠳᠴᠤ ᠪᠠᠶᠢᠴᠠᠭᠠᠵᠤ᠂ ᠠᠵᠢᠯ ᠤᠨ ᠪᠠᠶᠢᠷᠢ ᠳᠤ ᠪᠠᠶᠢᠭ᠎ᠠ ᠠᠷᠠᠳ ᠤᠨ ᠴᠠᠭᠳᠠᠭ᠎ᠠ ᠬᠠᠪᠰᠤᠷᠤᠭᠴᠢ | ᠴᠠᠭᠳᠠᠭ᠎ᠠ᠂ ᠵᠡᠪᠰᠡᠭᠲᠦ ᠴᠠᠭᠳᠠᠭ᠎ᠠ ᠶᠢᠨ ᠵᠢᠯᠤᠭᠤᠳᠤᠬᠴᠢ ᠪᠠᠶᠢᠯᠳᠤᠭᠴᠢ᠂ ᠠᠷᠤ ᠲᠠᠯ᠎ᠠ ᠶᠢᠨ ᠦᠢᠯᠡᠴᠢᠯᠡᠭᠡᠨ ᠤ ᠪᠠᠲᠤᠯᠠᠭ᠎ᠠ ᠶᠢᠨ ᠬᠥᠮᠦᠰ ᠲᠤ ᠪᠠᠶᠠᠷ ᠤᠨ ᠡᠳᠦᠷ ᠤᠨ | ᠮᠡᠨᠳᠦᠴᠢᠯᠡᠯ ᠲᠣᠬᠤᠨᠢᠭᠤᠯᠤᠯ ᠢᠶᠠᠨ ᠳᠡᠪᠰᠢᠭᠦᠯᠪᠡ᠃ | | | | ᠵᠧᠩ ᠭᠤᠸᠠᠩ ᠵᠣᠤ ᠠᠴᠠ ᠦᠷᠡᠭᠳᠡᠭᠰᠡᠨ ᠪᠠᠭᠠᠲᠤᠷ ᠢᠦᠢ ᠯᠠᠨ ᠮᠧᠢ ᠶᠢᠨ ᠥᠬᠢᠨ ᠯᠢᠦ ᠫᠢᠩ᠂ ᠯᠢᠦ ᠴᠢᠩ ᠳ᠋ᠢ ᠶᠢᠨ ᠡᠬᠡᠨᠡᠷ ᠯᠢ ᠶᠠᠨ ᠤ ᠬᠡᠷ ᠪᠦᠯᠢ ᠵᠢᠴᠢ | ᠠᠵᠢᠯ ᠤᠨ ᠪᠠᠶᠢᠳᠠᠯ ᠢ ᠨᠠᠷᠢᠨ ᠠᠰᠠᠭᠤᠬᠤ ᠶᠢᠨ ᠬᠠᠮᠲᠤ ᠲᠣᠬᠤᠨᠢᠭᠤᠯᠬᠤ ᠮᠥᠩᠭᠦ ᠬᠦᠷᠭᠡᠵᠦ᠂ ᠬᠤᠶᠠᠷ ᠦᠷᠡᠭᠳᠡᠭᠰᠡᠨ ᠪᠠᠭᠠᠲᠤᠷ ᠪᠣᠯ ᠮᠠᠨ ᠤ ᠣᠷᠣᠨ ᠤ | ᠳᠣᠲᠣᠭᠠᠳᠤ ᠶᠢ ᠬᠠᠮᠠᠭᠠᠯᠠᠬᠤ ᠠᠷᠠᠳ ᠤᠨ ᠴᠠᠭᠳᠠᠭ᠎ᠠ ᠶᠢᠨ ᠭᠠᠷᠮᠠᠭᠠᠢ ᠲᠥᠯᠥᠭᠡᠯᠡᠭᠴᠢ ᠪᠣᠯᠤᠨ᠎ᠠ ᠭᠡᠵᠦ ᠮᠠᠭᠲᠠᠨ ᠰᠠᠶᠢᠰᠢᠶᠠᠪᠠ᠃ ᠲᠡᠳᠡ ᠨᠠᠷ ᠤᠨ ᠠᠮᠢ ᠪᠡᠶ᠎ᠡ ᠪᠠᠨ | ᠴᠦᠯᠡᠨ ᠤᠯᠠᠨ ᠲᠦᠮᠡᠨ ᠢ ᠬᠠᠮᠠᠭᠠᠯᠠᠵᠤ᠂ ᠡᠷᠡᠯᠬᠡᠭ ᠪᠠᠭᠠᠲᠤᠷᠯᠢᠭ ᠠᠮᠤᠷ ᠠᠮᠤᠭᠤᠯᠠᠩ ᠢ ᠬᠠᠮᠠᠭᠠᠯᠠᠭᠰᠠᠨ ᠪᠠᠭᠠᠲᠤᠷᠯᠢᠭ ᠦᠢᠯᠡ ᠠᠵᠢᠯᠯᠠᠭ᠎ᠠ ᠨᠢ ᠥᠪᠥᠷ | ᠮᠣᠩᠭᠤᠯ ᠤᠨ ᠳᠣᠲᠣᠭᠠᠳᠤ ᠶᠢ ᠬᠠᠮᠠᠭᠠᠯᠠᠬᠤ ᠲᠡᠦᠬᠡᠨ ᠬᠠᠭᠤᠳᠠᠰᠤᠨ ᠳᠤ ᠥᠨᠢᠳᠡ ᠲᠡᠮᠳᠡᠭᠯᠡᠭᠳᠡᠵᠡᠢ᠃ ᠵᠧᠩ ᠭᠤᠸᠠᠩ ᠵᠣᠤ᠂ ᠪᠠᠭᠠᠲᠤᠷ ᠪᠣᠯ ᠦᠨᠳᠦᠰᠦᠲᠡᠨ ᠤ | ᠨᠢᠷᠤᠭᠤ ᠲᠤᠯᠭᠠᠭᠤᠷᠢ᠂ ᠤᠯᠤᠰ ᠭᠡᠷ ᠤᠨ ᠰᠦᠭ ᠰᠦᠨᠡᠰᠦ ᠮᠥᠨ᠃ ᠪᠦᠬᠦ ᠣᠷᠣᠨ ᠤ ᠡᠯ᠎ᠡ ᠱᠠᠲᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠢᠨ | ᠶᠡᠷᠦᠩᠬᠡᠢ ᠱᠦᠵᠢ ᠰᠢ ᠶᠢᠨ ᠫᠢᠩ ᠤᠨ ᠤᠢᠢᠷ᠎ᠠ ᠶᠢᠨ ᠡᠳᠦᠷ ᠳᠤᠮᠳᠠᠳᠤ ᠤᠯᠤᠰ ᠤᠨ ᠠᠷᠠᠳ ᠤᠨ ᠳᠣᠲᠣᠭᠠᠳᠤ ᠶᠢ ᠬᠠᠮᠠᠭᠠᠯᠠᠬᠤ ᠶᠡᠭᠡ ᠰᠤᠷᠭᠠᠭᠤᠯᠢ ᠶᠢᠨ | ᠦᠷᠡᠭᠳᠡᠭᠰᠡᠨ ᠪᠠᠭᠠᠲᠤᠷᠴᠤᠳ ᠤᠨ ᠦᠷ᠎ᠡ ᠬᠡᠦᠬᠡᠳ ᠲᠤ ᠢᠯᠡᠭᠡᠭᠰᠡᠨ ᠴᠢᠬᠤᠯᠠ ᠬᠠᠷᠢᠭᠤ ᠵᠠᠬᠢᠳᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ | ᠲᠤᠭᠤᠰᠢᠯᠠᠭᠤᠯᠵᠤ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠦᠷᠡᠭᠳᠡᠭᠰᠡᠨ ᠪᠠᠭᠠᠲᠤᠷᠴᠤᠳ ᠤᠨ ᠪᠠᠭᠠᠲᠤᠷᠯᠢᠭ ᠦᠢᠯᠡ ᠠᠵᠢᠯᠯᠠᠭ᠎ᠠ ᠶᠢ ᠰᠠᠶᠢᠲᠤᠷ ᠶᠠᠷᠢᠵᠤ᠂ | ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠨᠥᠭᠴᠢᠭᠰᠡᠨ ᠪᠠᠭᠠᠲᠤᠷᠴᠤᠳ ᠤᠨ ᠭᠡᠷ ᠪᠦᠯᠢ ᠶᠢᠨ ᠬᠢᠨ ᠢ ᠲᠣᠭᠲᠠᠮᠠᠯ ᠬᠤᠭᠤᠴᠠᠭ᠎ᠠ ᠲᠠᠢ ᠪᠠᠷ ᠰᠤᠷᠪᠤᠯᠵᠢᠯᠠᠨ | ᠲᠣᠬᠤᠨᠢᠭᠤᠯᠬᠤ ᠲᠦᠷᠢᠮ ᠢ ᠪᠦᠷᠢᠨᠰᠢᠬᠦᠯᠵᠤ᠂ ᠵᠣᠬᠢᠶᠠᠨ ᠪᠠᠶᠢᠭᠤᠯᠤᠯᠲᠠ ᠶᠢᠨ ᠬᠠᠯᠠᠮᠵᠢᠯᠠᠯ ᠢ ᠦᠨᠡᠨ ᠰᠡᠳᠬᠢᠯ ᠠᠴᠠ ᠪᠠᠨ ᠪᠣᠳᠠᠲᠠᠶᠢᠵᠢᠭᠤᠯᠤᠨ ᠨᠠᠷᠢᠯᠢᠬᠵᠢᠭᠤᠯᠵᠤ᠂ | ᠠᠷᠭ᠎ᠠ ᠪᠦᠬᠦᠨ ᠢ ᠰᠦᠪᠡᠭᠴᠢᠯᠡᠨ ᠲᠡᠭᠦᠨ ᠤ ᠬᠦᠴᠢᠷ ᠵᠣᠪᠠᠭᠤᠷᠢ ᠶᠢ ᠨᠢ ᠰᠢᠢᠳᠪᠦᠷᠢᠯᠡᠵᠦ᠂ ᠨᠥᠭᠴᠢᠭᠰᠡᠨ ᠪᠠᠭᠠᠲᠤᠷᠴᠤᠳ ᠤᠨ ᠭᠡᠷ ᠪᠦᠯᠢ ᠶᠢᠨ ᠬᠢᠨ ᠤ ᠠᠵᠢᠯ ᠤᠨ | ᠲᠠᠯ᠎ᠠ ᠪᠠᠷ ᠰᠠᠨᠠᠭ᠎ᠠ ᠠᠮᠤᠷ᠂ ᠠᠮᠢᠳᠤᠷᠠᠯ ᠤᠨ ᠲᠠᠯ᠎ᠠ ᠪᠠᠷ ᠤᠷᠤᠭᠰᠢᠲᠠᠢ ᠪᠠᠶᠢᠬᠤ ᠶᠢ ᠪᠠᠲᠤᠯᠠᠬᠤ ᠬᠡᠷᠡᠭᠲᠡᠢ ᠭᠡᠪᠡ᠃ | | | | ᠬᠥᠬᠡᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ 110 ᠲᠥᠭᠰᠢᠭᠦᠷᠢ ᠮᠡᠳᠡᠭᠦᠯᠦᠯᠳᠡ ᠶᠢ ᠬᠦᠯᠢᠶᠡᠨ ᠠᠪᠬᠤ ᠲᠥᠪ ᠲᠤ᠂ ᠵᠧᠩ ᠭᠤᠸᠠᠩ | ᠵᠣᠤ ᠠᠮᠠᠷᠠᠯᠲᠠ ᠶᠢᠨ ᠡᠳᠦᠷ ᠤᠨ ᠴᠠᠭᠳᠠᠭ᠎ᠠ ᠶᠢᠨ ᠪᠠᠶᠢᠳᠠᠯ᠂ ᠬᠠᠮᠲᠤᠷᠠᠨ ᠵᠢᠵᠢᠭᠦᠷᠯᠡᠬᠦ᠂ ᠰᠢᠢᠳᠪᠦᠷᠢᠯᠡᠬᠦ ᠲᠥᠰᠦᠯ ᠵᠡᠷᠭᠡ ᠠᠵᠢᠯ ᠢ ᠨᠠᠷᠢᠨ ᠠᠰᠠᠭᠤᠬᠤ ᠶᠢᠨ ᠬᠠᠮᠲᠤ᠂ | 110 ᠲᠥᠭᠰᠢᠭᠦᠷᠢ ᠮᠡᠳᠡᠭᠦᠯᠦᠯᠳᠡ ᠶᠢ ᠭᠥᠯᠢᠶᠡᠨ ᠠᠪᠬᠤ ᠲᠥᠪ ᠪᠣᠯ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠲᠦᠷᠭᠡᠨ ᠡᠰᠡᠷᠭᠦᠴᠡᠬᠦ ᠲᠣᠭᠲᠠᠴᠠ ᠶᠢᠨ | ᠪᠠᠶᠢᠭᠤᠯᠤᠯᠲᠠ ᠶᠢᠨ ᠬᠦᠳᠦᠯᠦᠭᠴᠢ ᠪᠠ ᠬᠦᠢᠰᠦ᠂ ᠪᠠᠰᠠ ᠴᠤ ᠠᠷᠠᠳ ᠲᠦᠮᠡᠨ ᠳᠤ ᠦᠢᠯᠡᠴᠢᠯᠡᠬᠦ ᠴᠢᠬᠤᠯᠠ ᠲᠠᠪᠴᠠᠩ ᠮᠥᠨ᠃ ᠪᠥᠬᠦ ᠣᠷᠣᠨ ᠤ ᠳᠣᠲᠣᠭᠠᠳᠤ ᠶᠢ | ᠬᠠᠮᠠᠭᠠᠯᠠᠬᠤ ᠪᠠᠶᠢᠭᠤᠯᠭ᠎ᠠ ᠢᠯᠠᠩᠭᠤᠶ᠎ᠠ ᠡᠯ᠎ᠡ ᠭᠠᠵᠠᠷ ᠤᠨ ᠲᠥᠭᠰᠢᠭᠦᠷᠢ ᠮᠡᠳᠡᠭᠦᠯᠦᠯᠳᠡ ᠶᠢ ᠭᠥᠯᠢᠶᠡᠨ ᠠᠪᠬᠤ ᠬᠥᠮᠦᠰ ᠲᠥᠭᠰᠢᠭᠦᠷᠢ ᠮᠡᠳᠡᠭᠦᠯᠦᠯᠳᠡ ᠶᠢᠨ ᠪᠠᠶᠢᠳᠠᠯ | ᠨᠢᠭᠡᠪᠦᠷᠢ ᠳᠤ ᠬᠢᠨᠠᠮᠠᠭᠠᠶ ᠬᠠᠨᠳᠤᠵᠤ᠂ ᠲᠥᠭᠰᠢᠭᠦᠷᠢ ᠮᠡᠳᠡᠭᠦᠯᠦᠯᠳᠡ ᠪᠠᠶᠢᠪᠠᠯ ᠵᠠᠪᠠᠯ ᠲᠤᠰᠴᠤ᠂ ᠲᠥᠭᠰᠢᠭᠦᠷᠢ ᠮᠡᠳᠡᠭᠦᠯᠦᠯᠳᠡ ᠶᠢ ᠭᠥᠯᠢᠶᠡᠨ ᠠᠪᠤᠪᠠᠯ ᠵᠠᠪᠠᠯ | ᠰᠢᠢᠳᠪᠦᠷᠢᠯᠡᠬᠦ ᠶᠢ ᠡᠷᠡᠰ ᠪᠡᠶᠡᠯᠡᠭᠦᠯᠵᠦ᠂ ᠲᠥᠭᠰᠢᠭᠦᠷᠢ ᠮᠡᠳᠡᠭᠦᠯᠦᠯᠳᠡ ᠶᠢ ᠭᠥᠯᠢᠶᠡᠨ ᠠᠪᠴᠤ ᠰᠢᠢᠳᠪᠦᠷᠢᠯᠡᠬᠦ ᠠᠵᠢᠯ ᠤᠨ ᠴᠢᠨᠠᠷ ᠴᠢᠨᠰᠠᠭ᠎ᠠ ᠦᠷ᠎ᠡ ᠪᠦᠲᠦᠮᠵᠢ ᠶᠢ | ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ᠃ ᠲᠥᠭᠰᠢᠭᠦᠷᠢ ᠮᠡᠳᠡᠭᠦᠯᠦᠯᠳᠡ ᠶᠢ ᠬᠦᠯᠢᠶᠡᠨ ᠠᠪᠬᠤ᠂ ᠴᠠᠭᠳᠠᠭ᠎ᠠ ᠲᠤᠮᠢᠯᠠᠬᠤ᠂ ᠰᠢᠢᠳᠪᠦᠷᠢᠯᠡᠬᠦ᠂ ᠬᠠᠷᠢᠭᠤ | ᠲᠤᠰᠬᠠᠬᠤ ᠵᠡᠷᠭᠡ ᠭᠤᠣᠯᠳᠠᠯᠭ᠎ᠠ ᠲᠠᠢ ᠭᠤᠭᠴᠤᠭ᠎ᠠ ᠶᠢ ᠴᠢᠩᠭ᠎ᠠ ᠠᠩᠬᠠᠷᠴᠤ᠂ ᠲᠥᠭᠰᠢᠭᠦᠷᠢ ᠮᠡᠳᠡᠭᠦᠯᠦᠯᠳᠡ ᠶᠢ ᠬᠦᠯᠢᠶᠡᠨ ᠠᠪᠴᠤ ᠰᠢᠢᠳᠪᠦᠷᠢᠯᠡᠬᠦ ᠠᠵᠢᠯ ᠤᠨ | ᠪᠠᠷᠢᠮᠵᠢᠶᠠᠵᠢᠭᠤᠯᠬᠤ᠂ ᠵᠢᠷᠤᠮᠵᠢᠭᠤᠯᠬᠤ᠂ ᠲᠤᠰᠬᠠᠶᠢᠵᠢᠭᠤᠯᠬᠤ ᠪᠠᠶᠢᠭᠤᠯᠤᠯᠲᠠ ᠶᠢ ᠭᠦᠨᠵᠡᠭᠡᠢ ᠠᠬᠢᠭᠤᠯᠵᠤ᠂ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ | ᠴᠣᠬᠢᠯᠲᠠ ᠥᠭᠬᠦ᠂ ᠨᠡᠶᠢᠭᠡᠮ ᠤᠨ ᠠᠮᠤᠷ ᠲᠦᠪᠰᠢᠨ ᠢ ᠬᠠᠮᠠᠭᠠᠯᠠᠬᠤ᠂ ᠠᠷᠠᠳ ᠤᠯᠠᠨ ᠳᠤ ᠦᠢᠯᠡᠴᠢᠯᠡᠬᠦ ᠵᠡᠷᠭᠡ ᠲᠠᠯ᠎ᠠ ᠪᠠᠷ ᠨᠡᠩ ᠶᠡᠭᠡ ᠦᠢᠯᠡᠳᠦᠯ ᠢᠶᠠᠨ | ᠪᠠᠳᠠᠷᠠᠭᠤᠯᠬᠤ ᠪᠠᠷ ᠴᠢᠷᠮᠠᠶᠢᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠥᠬᠡᠬᠤᠲᠠ ᠶᠢᠨ ᠵᠠᠮ ᠬᠠᠷᠢᠯᠴᠠᠭᠠᠨ ᠤ ᠴᠠᠭᠳᠠᠭ᠎ᠠ ᠶᠢᠨ ᠰᠠᠯᠪᠤᠷᠢ ᠠᠩᠭᠢ ᠶᠢᠨ ᠰᠠᠶᠢᠬᠠᠨ ᠶᠡᠭᠡ ᠠᠩᠭᠢ ᠶᠢᠨ ᠶᠢᠰᠦᠳᠦᠭᠡᠷ ᠳᠤᠮᠳᠠ ᠠᠩᠭᠢ ᠳᠤ᠂ ᠵᠧᠩ | ᠭᠤᠸᠠᠩ ᠵᠣᠤ ᠨᠠᠢᠮᠠᠨ ᠰᠠᠷ᠎ᠠ ᠶᠢᠨ ᠲᠡᠷᠭᠡᠯ ᠪᠠᠶᠠᠷ ᠪᠠ ᠤᠯᠤᠰ ᠤᠨ ᠪᠠᠶᠠᠷ ᠤᠨ ᠠᠮᠠᠷᠠᠯᠲᠠ ᠶᠢᠨ ᠬᠤᠭᠤᠴᠠᠭᠠᠨ ᠳᠠᠬᠢ ᠣᠷᠣᠨ ᠤ ᠲᠥᠪ ᠤᠨ ᠵᠠᠮ ᠬᠠᠷᠢᠯᠴᠠᠭᠠᠨ ᠤ | ᠠᠮᠤᠷ ᠲᠦᠪᠰᠢᠨ ᠤ ᠬᠠᠮᠢᠶᠠᠷᠤᠯᠲᠠ᠂ ᠡᠭᠦᠷᠭᠡ ᠭᠦᠢᠴᠡᠳᠭᠡᠬᠦ ᠠᠮᠤᠷ ᠲᠦᠪᠰᠢᠨ ᠤ ᠬᠠᠮᠠᠭᠠᠯᠠᠯᠲᠠ ᠵᠡᠷᠭᠡ ᠠᠵᠢᠯ ᠤᠨ ᠪᠠᠶᠢᠳᠠᠯ ᠢ ᠯᠠᠪᠯᠠᠨ ᠠᠰᠠᠭᠤᠬᠤ ᠶᠢᠨ ᠬᠠᠮᠲᠤ᠂ | ᠣᠯᠠᠨ ᠲᠦᠮᠡᠨ ᠤ ᠪᠠᠶᠠᠷ ᠤᠨ ᠡᠳᠦᠷ ᠤᠨ ᠠᠮᠤᠷ ᠲᠦᠪᠰᠢᠨ ᠪᠣᠯ ᠲᠡᠷᠢᠭᠦᠨ ᠴᠢᠬᠤᠯᠠ ᠶᠠᠪᠤᠳᠠᠯ᠂ ᠠᠷᠢᠬᠢ ᠤᠤᠭᠤᠵᠤ ᠰᠣᠭᠲᠣᠭᠤ ᠪᠠᠷ ᠲᠡᠷᠭᠡ ᠵᠢᠯᠣᠭᠤᠳᠬᠤ ᠵᠡᠷᠭᠡ | ᠬᠠᠤᠯᠢ ᠶᠢ ᠵᠥᠷᠢᠴᠡᠭᠰᠡᠨ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠵᠤ᠂ ᠵᠠᠮ ᠳᠡᠭᠡᠷᠡᠬᠢ ᠲᠡᠷᠭᠡᠨ ᠤ ᠤᠷᠤᠰᠴᠠ ᠶᠢ ᠴᠠᠭ ᠲᠤᠬᠠᠶ ᠳᠤ ᠨᠢ ᠬᠢᠨᠠᠨ ᠪᠠᠶᠢᠴᠠᠭᠠᠵᠤ᠂ | ᠲᠡᠷᠭᠡ ᠬᠥᠰᠬᠡ ᠨᠢᠭᠲᠠᠷᠠᠭᠰᠠᠨ ᠭᠤᠤᠯᠳᠠᠯᠭ᠎ᠠ ᠲᠠᠢ ᠵᠠᠮ ᠤᠨ ᠬᠡᠰᠡᠭ ᠲᠤ ᠴᠠᠭᠳᠠᠭᠠᠨ ᠤ ᠬᠦᠴᠦᠨ ᠢ ᠨᠡᠮᠡᠵᠦ ᠬᠥᠲᠥᠯᠥᠨ ᠵᠢᠯᠣᠭᠤᠳᠬᠤ ᠪᠠᠨ ᠴᠢᠩᠭᠠᠳᠬᠠᠨ᠂ | ᠣᠷᠳᠣ ᠬᠤᠭᠤᠴᠠᠭ᠎ᠠ ᠪᠠᠷ᠂ ᠶᠡᠭᠡ ᠬᠡᠪᠴᠢᠶ᠎ᠡ ᠪᠠᠷ ᠲᠦᠭᠵᠢᠷᠡᠬᠦ ᠶᠢ ᠰᠡᠷᠭᠡᠶᠢᠯᠡᠬᠦ ᠬᠡᠷᠡᠭᠲᠡᠶ ᠭᠡᠵᠡᠶ᠃ ᠡᠭᠦᠷᠭᠡ ᠭᠦᠢᠴᠡᠳᠬᠡᠬᠦ ᠠᠮᠤᠷ ᠲᠦᠪᠰᠢᠨ ᠤ ᠬᠠᠮᠠᠭᠠᠯᠠᠯᠲᠠ ᠶᠢ | ᠴᠢᠩᠭᠠᠳᠬᠠᠵᠤ᠂ ᠠᠮᠤᠷ ᠲᠦᠪᠰᠢᠨ ᠤ ᠬᠠᠮᠠᠭᠠᠯᠠᠯᠲᠠ ᠶᠢᠨ ᠲᠤᠨᠤᠭ ᠲᠥᠬᠦᠭᠡᠷᠦᠮᠵᠢ ᠶᠢ ᠪᠦᠷᠢᠨ ᠭᠦᠢᠴᠡᠳ ᠲᠤᠬᠢᠷᠠᠭᠤᠯᠵᠤ᠂ ᠡᠭᠦᠷᠭᠡ ᠭᠦᠢᠴᠡᠳᠬᠡᠬᠦ ᠠᠷᠠᠳ ᠤᠨ | ᠴᠠᠭᠳᠠᠭ᠎ᠠ ᠬᠠᠪᠰᠤᠷᠤᠭᠴᠢ ᠴᠠᠭᠳᠠᠭ᠎ᠠ ᠶᠢᠨ ᠪᠡᠶ᠎ᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠢ᠃ ᠬᠠᠤᠯᠢ ᠬᠡᠷᠡᠭᠵᠢᠭᠦᠯᠬᠦ ᠠᠷᠭ᠎ᠠ ᠮᠠᠶ᠋ᠢᠭ ᠢ | ᠴᠢᠩᠭᠠᠳᠬᠠᠨ ᠰᠠᠶᠢᠵᠢᠷᠠᠭᠤᠯᠵᠤ᠂ ᠳᠠᠷᠤᠤ ᠨᠤᠮᠤᠬᠠᠨ ᠣᠪᠣᠷ ᠪᠠᠶᠢᠳᠠᠯ᠂ ᠨᠡᠩ ᠬᠥᠮᠥᠡᠯᠢᠭ ᠠᠷᠭ᠎ᠠ ᠬᠡᠮᠵᠢᠶ᠎ᠡ ᠪᠠᠷ ᠬᠠᠤᠯᠢ ᠬᠡᠷᠡᠭᠵᠢᠭᠦᠯᠬᠦ ᠶᠢ ᠪᠠᠷᠢᠮᠲᠠᠯᠠᠵᠤ᠂ ᠬᠠᠤᠯᠢ | ᠬᠡᠷᠡᠭᠵᠢᠭᠦᠯᠦᠯᠲᠡ ᠶᠢ ᠡᠷᠴᠢᠮ ᠲᠠᠢ ᠮᠥᠷᠲᠡᠭᠡᠨ ᠬᠠᠯᠠᠭᠤᠮᠰᠤᠭ ᠪᠠᠶᠢᠯᠭᠠᠵᠤ᠂ ᠬᠠᠤᠯᠢ ᠶᠤᠰᠤ ᠪᠠ ᠪᠠᠶᠢᠳᠠᠯ ᠢ ᠬᠠᠷᠢᠯᠴᠠᠨ ᠨᠢᠭᠡᠳᠦᠭᠦᠯᠬᠦ ᠶᠢ ᠦᠨᠡᠨ ᠬᠦ ᠪᠡᠶᠡᠯᠡᠭᠦᠯᠬᠦ | ᠬᠡᠷᠡᠭᠲᠡᠶ ᠭᠡᠵᠦ ᠴᠢᠬᠤᠯᠠᠴᠢᠯᠠᠪᠠ᠃ | | | | ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠴᠢᠮᠡᠭᠡ ᠮᠡᠳᠡᠭᠡ ᠵᠢᠯᠤᠭᠤᠳᠬᠤ ᠲᠥᠪ᠂ ᠰᠦᠯᠵᠢᠶᠡᠨ ᠤ ᠠᠮᠤᠷ ᠲᠦᠪᠰᠢᠨ ᠤ ᠶᠡᠷᠦᠩᠬᠡᠶ ᠠᠩᠭᠢ ᠪᠣᠯᠤᠨ ᠵᠡᠪᠰᠡᠭᠲᠦ | ᠴᠠᠭᠳᠠᠭ᠎ᠠ ᠶᠢᠨ ᠳᠤᠮᠳᠠ ᠠᠩᠭᠢ ᠳᠤ᠂ ᠵᠧᠩ ᠭᠤᠸᠠᠩ ᠵᠣᠤ ᠠᠴᠠ᠂ ᠪᠦᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠢᠨ ᠠᠷᠠᠳ ᠲᠦᠮᠡᠨ ᠢᠶᠠᠷ | ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠢᠮᠠᠭᠲᠠ ᠪᠠᠷᠢᠮᠲᠠᠯᠠᠵᠤ᠂ ︽ᠣᠯᠠᠨ ᠲᠦᠮᠡᠨ ᠪᠠᠶᠠᠷ ᠤᠨ ᠡᠳᠦᠷ ᠢ ᠥᠩᠭᠡᠷᠡᠭᠡᠵᠦ᠂ ᠴᠠᠭᠳᠠᠭ᠎ᠠ ᠬᠠᠷᠠᠭᠤᠯ | ᠵᠣᠭᠰᠣᠬᠤ︾ ᠰᠢᠯᠢᠳᠡᠭ ᠰᠤᠷᠲᠠᠯ ᠢ ᠭᠦᠢᠴᠡᠳ ᠪᠠᠳᠠᠷᠠᠭᠤᠯᠵᠤ᠂ ᠡᠯ᠎ᠡ ᠵᠦᠢᠯ ᠤᠨ ᠠᠮᠤᠷ ᠲᠣᠭᠲᠠᠭᠤᠨ ᠢ ᠬᠠᠮᠠᠭᠠᠯᠠᠬᠤ ᠠᠵᠢᠯ ᠤᠨ ᠠᠷᠭ᠎ᠠ ᠬᠡᠮᠵᠢᠶ᠎ᠡ ᠶᠢ ᠥᠨᠳᠥᠷ | ᠪᠠᠷᠢᠮᠵᠢᠶ᠎ᠠ ᠪᠠᠷ ᠴᠢᠨᠠᠷ ᠰᠠᠶᠢᠲᠠᠶ ᠨᠠᠶᠢᠳᠠᠪᠤᠷᠢᠵᠢᠭᠤᠯᠵᠤ᠂ ︽ᠵᠤᠨ ᠤ ᠤᠯᠠᠷᠢᠯ ᠤᠨ ᠠᠵᠢᠯᠯᠠᠭ᠎ᠠ︾ ᠶᠢᠨ ᠦᠷ᠎ᠡ ᠪᠦᠳᠦᠮᠵᠢ ᠶᠢ ᠲᠠᠰᠤᠷᠠᠯᠲᠠ ᠦᠭᠡᠶ | ᠭᠦᠨᠵᠡᠭᠡᠶᠢᠷᠡᠭᠦᠯᠦᠨ ᠪᠠᠬᠢᠵᠢᠭᠦᠯᠦᠨ ᠥᠷᠭᠡᠳᠬᠡᠵᠦ᠂ ᠠᠮᠠᠷᠠᠯᠲᠠ ᠶᠢᠨ ᠬᠤᠭᠤᠴᠠᠭᠠᠨ ᠳᠠᠬᠢ ᠵᠢᠯᠣᠭᠤᠳᠤᠨ ᠲᠣᠬᠢᠷᠠᠭᠤᠯᠬᠤ ᠠᠵᠢᠯ ᠢ ᠪᠦᠬᠦ ᠲᠠᠯ᠎ᠠ ᠪᠠᠷ ᠴᠢᠩᠭᠠᠳᠬᠠᠨ᠂ | ᠳᠣᠲᠣᠭᠠᠳᠤ ᠶᠢ ᠬᠠᠮᠠᠭᠠᠯᠠᠬᠤ ᠪᠠ ᠵᠡᠪᠰᠡᠭᠲᠦ ᠴᠠᠭᠳᠠᠭ᠎ᠠ ᠶᠢᠨ ᠬᠠᠮᠲᠤᠷᠠᠭᠰᠠᠨ ᠦᠢᠯᠡᠴᠢᠯᠡᠭᠡᠨ ᠤ ᠵᠡᠪᠰᠡᠭᠲᠦ ᠴᠠᠭᠳᠠᠯᠭᠠ ᠶᠢᠨ ︽ᠳᠥᠷᠪᠡᠨ ᠵᠦᠢᠯ ᠤᠨ ᠲᠣᠭᠲᠠᠴᠠ︾ | ᠪᠠ ︽1· 3·5︾ ᠮᠢᠨᠦ᠋ᠲ ᠤᠨ ᠲᠦᠷᠭᠡᠨ ᠬᠦᠳᠡᠯᠦᠯᠴᠡᠨ ᠲᠤᠰᠬᠠᠬᠤ ᠲᠣᠭᠲᠠᠴᠠ ᠶᠢ ᠴᠢᠩᠭ᠎ᠠ ᠬᠡᠷᠡᠭᠵᠢᠭᠦᠯᠵᠦ᠂ ᠨᠡᠶᠢᠭᠡᠮ ᠤᠨ ᠠᠮᠤᠷ ᠲᠦᠪᠰᠢᠨ ᠤ ᠪᠦᠬᠦ | ᠲᠠᠯ᠎ᠠ ᠶᠢᠨ ᠰᠡᠷᠭᠡᠶᠢᠯᠡᠨ ᠡᠵᠡᠮᠳᠡᠬᠦ ᠡᠷᠴᠢᠮ ᠢ ᠴᠢᠩᠭᠠᠷᠠᠭᠤᠯᠤᠨ᠂ ᠴᠠᠭᠳᠠᠭ᠎ᠠ ᠶᠢ ᠣᠯᠵᠤ ᠦᠵᠡᠬᠦ ᠨᠣᠷᠮ᠎ᠠ᠂ ᠬᠡᠷᠡᠭ ᠶᠠᠪᠤᠳᠠᠯ ᠢ ᠬᠠᠮᠢᠶᠠᠷᠬᠤ ᠨᠣᠷᠮ᠎ᠠ ᠶᠢ ᠲᠠᠰᠤᠷᠠᠯᠲᠠ | ᠥᠬᠡᠶ ᠴᠢᠩᠭᠠᠷᠠᠭᠤᠯᠵᠤ᠂ ᠳᠣᠲᠣᠭᠠᠳᠤ ᠶᠢ ᠬᠠᠮᠠᠭᠠᠯᠠᠬᠤ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠶᠢᠨ ︽ᠵᠦᠳᠡᠷᠡᠯ ᠤᠨ ᠵᠢᠭᠠᠯᠲᠠ ᠲᠤᠭ᠎ᠠ︾ ᠪᠠᠷ ᠪᠥᠬᠦ | ᠣᠷᠣᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠤ ︽ᠠᠮᠤᠷ ᠲᠦᠪᠰᠢᠨ ᠤ ᠵᠢᠭᠠᠯᠲᠠ ᠲᠤᠭ᠎ᠠ︾ ᠶᠢ ᠰᠣᠯᠢᠵᠤ᠂ ᠦᠨᠡᠨ ᠬᠦ ᠠᠮᠤᠷ ᠲᠦᠪᠰᠢᠨ | ᠲᠣᠭᠲᠠᠭᠤᠨ ᠤ ᠪᠣᠳᠠᠲᠤ ᠦᠷ᠎ᠡ ᠪᠦᠲᠦᠮᠵᠢ ᠪᠠᠷ ᠨᠠᠮ ᠪᠠ ᠠᠷᠠᠳ ᠲᠦᠮᠡᠨ ᠳᠤ ᠨᠢᠭᠡ ᠬᠤᠪᠢ ᠬᠠᠨᠤᠮᠵᠢᠲᠠᠶ ᠬᠠᠷᠢᠭᠤᠯᠲᠠ ᠶᠢᠨ ᠬᠠᠭᠤᠳᠠᠰᠤ ᠲᠤᠰᠢᠶᠠᠬᠤ ᠬᠡᠷᠡᠭᠲᠡᠶ | ᠭᠡᠵᠦ ᠴᠢᠬᠤᠯᠠᠴᠢᠯᠠᠪᠠ᠃ | ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠪᠠᠶᠢᠭᠤᠯᠭ᠎ᠠ ᠶᠢᠨ ᠬᠤᠭᠤᠯᠠᠨ ᠭᠡᠷ ᠲᠤ᠂ ᠵᠧᠩ ᠭᠤᠸᠠᠩ ᠵᠣᠤ ᠠᠴᠠ᠂ ᠪᠠᠶᠠᠷ ᠳᠤᠷᠠᠰᠬᠠᠯ ᠤᠨ ᠡᠳᠦᠷ ᠪᠣᠯᠬᠤ | ᠪᠦᠷᠢ ᠪᠦᠬᠦ ᠴᠠᠭᠳᠠᠭ᠎ᠠ ᠶᠢᠨ ᠬᠢᠨ ᠰᠢᠷᠭᠠᠭᠤ ᠬᠠᠲᠠᠭᠤᠵᠢᠯᠲᠠᠢ ᠠᠵᠢᠯᠯᠠᠵᠤ᠂ ᠬᠤᠪᠢ ᠨᠡᠮᠡᠷᠢ ᠦᠵᠡᠭᠦᠯᠬᠦ ᠪᠠᠨ ᠪᠠᠲᠤ ᠰᠠᠬᠢᠬᠤ ᠴᠠᠭ ᠦᠶ᠎ᠡ ᠪᠣᠯᠤᠨ᠎ᠠ᠂ ᠨᠡᠩ ᠴᠤ | ᠪᠠᠶᠢᠭᠤᠯᠭ᠎ᠠ ᠶᠢᠨ ᠠᠷᠤ ᠲᠠᠯ᠎ᠠ ᠶᠢᠨ ᠪᠠᠲᠤᠯᠠᠪᠤᠷᠢ ᠶᠢᠨ ᠠᠵᠢᠯᠲᠠᠳ ᠦᠭᠡ ᠳᠠᠭᠤᠨ ᠦᠭᠡᠢ ᠳᠡᠮᠵᠢᠵᠦ᠂ ᠰᠢᠷᠭᠠᠭᠤ ᠬᠠᠲᠠᠭᠤᠵᠢᠯᠲᠠᠢ ᠵᠢᠳᠬᠦᠬᠦ ᠴᠠᠭ ᠦᠶ᠎ᠡ ᠪᠣᠯᠤᠨ᠎ᠠ᠂ | ᠪᠦᠬᠦ ᠣᠷᠣᠨ ᠤ ᠨᠡᠶᠢᠭᠡᠮ ᠤᠨ ᠶᠡᠭᠡ ᠲᠠᠯ᠎ᠠ ᠶᠢᠨ ᠠᠮᠤᠷ ᠲᠦᠪᠰᠢᠨ ᠲᠣᠭᠲᠠᠭᠤᠨ ᠪᠠᠶᠢᠬᠤ ᠪᠣᠯ ᠤᠯᠠᠨ ᠢᠶᠠᠷ ᠢᠶᠠᠨ ᠬᠠᠮᠲᠤᠪᠠᠷ ᠴᠢᠷᠮᠠᠶᠢᠨ ᠲᠡᠮᠡᠴᠡᠭᠰᠡᠨ ᠤ ᠦᠷ᠎ᠡ | ᠪᠦᠳᠦᠮᠵᠢ ᠪᠣᠯᠤᠨ᠎ᠠ ᠭᠡᠪᠡ᠃ ᠡᠯ᠎ᠡ ᠱᠠᠲᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠨᠤᠭᠤᠳ ᠴᠠᠭᠳᠠᠭ᠎ᠠ ᠶᠢ ᠬᠠᠶᠢᠷᠠᠯᠠᠵᠤ ᠬᠠᠯᠠᠮᠵᠢᠯᠠᠬᠤ ᠡᠯ᠎ᠡ ᠵᠦᠢᠯ ᠤᠨ | ᠠᠷᠭ᠎ᠠ ᠬᠡᠮᠵᠢᠶ᠎ᠡ ᠶᠢ ᠬᠢᠨᠠᠮᠠᠭᠠᠶ ᠰᠠᠶᠢᠲᠤᠷ ᠨᠠᠶᠢᠳᠠᠪᠤᠷᠢᠵᠢᠭᠤᠯᠵᠤ᠂ ᠴᠠᠭᠳᠠᠭᠠᠨ ᠤ ᠬᠦᠴᠦᠨ ᠢ ᠰᠢᠨᠵᠢᠯᠡᠬᠦ ᠤᠬᠠᠭᠠᠨᠴᠢ ᠪᠠᠷ ᠳᠣᠭᠢᠷᠠᠭᠤᠯᠤᠨ᠂ ᠦᠢᠯᠡᠴᠢᠯᠡᠭᠡᠨ ᠤ | ᠠᠵᠢᠯ ᠢ ᠵᠦᠶ ᠵᠣᠬᠢᠰᠲᠠᠶ ᠳᠣᠭᠢᠷᠠᠭᠤᠯᠵᠤ᠂ ᠠᠷᠤ ᠲᠠᠯ᠎ᠠ ᠶᠢᠨ ᠪᠠᠲᠤᠯᠠᠭ᠎ᠠ ᠶᠢᠨ ᠠᠵᠢᠯ ᠢ ᠪᠥᠬᠦ ᠲᠠᠯ᠎ᠠ ᠪᠠᠷ ᠰᠠᠶᠢᠲᠤᠷ ᠬᠢᠵᠦ᠂ ᠥᠷᠭᠡᠨ ᠣᠯᠠᠨ ᠠᠷᠠᠳ ᠤᠨ ᠴᠠᠭᠳᠠᠭ᠎ᠠ | ᠬᠠᠪᠰᠤᠷᠤᠭᠴᠢ ᠴᠠᠭᠳᠠᠭ᠎ᠠ ᠶᠢᠨ ᠴᠤᠭ ᠪᠠᠳᠠᠷᠠᠩᠭᠤᠶ ᠣᠶᠤᠨ ᠴᠢᠳᠠᠯ ᠪᠠ ᠲᠡᠮᠡᠴᠡᠯ ᠤᠨ ᠵᠣᠷᠢᠭ ᠢ ᠢᠮᠠᠭᠲᠠ ᠪᠠᠲᠤᠯᠠᠬᠤ ᠬᠡᠷᠡᠭᠲᠡᠶ ᠭᠡᠵᠦ ᠵᠢᠭᠠᠵᠤ ᠭᠠᠷᠭᠠᠪᠠ᠃ | | |