9 ᠳ᠋ᠦ᠋ᠭᠡᠷ ᠰᠠᠷ᠎ᠠ ᠶᠢᠨ 27 ᠤ ᠡᠳᠦᠷ᠂ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 74 ᠵᠢᠯ ᠤᠨ ᠣᠶ ᠶᠢ ᠪᠡᠯᠭᠡᠯᠡᠬᠦ ᠂ ᠰᠢ ᠶᠢᠨ | ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠤᠯ | ᠰᠡᠳᠦᠪᠲᠦ ᠬᠥᠮᠦᠵᠢᠯ ᠤᠨ ᠦᠷ᠎ᠡ ᠪᠦᠳᠦᠮᠵᠢ ᠶᠢ ᠬᠤᠪᠢᠷᠠᠭᠤᠯᠬᠤ ᠶᠢ ᠯᠠᠪᠳᠠᠭᠤᠨ ᠪᠠᠲᠤᠲᠠᠶ ᠠᠬᠢᠭᠤᠯᠬᠤ᠂ ᠥᠪᠥᠷ ᠮᠣᠩᠭᠤᠯ ᠤᠨ ᠳᠣᠲᠣᠭᠠᠳᠤ ᠶᠢ ᠬᠠᠮᠠᠭᠠᠯᠠᠬᠤ | ᠪᠠᠶᠢᠭᠤᠯᠭ᠎ᠠ ᠶᠢᠨ ᠰᠣᠶᠣᠯ ᠤᠨ ᠪᠠᠶᠢᠭᠤᠯᠤᠯᠲᠠ ᠶᠢ ᠴᠢᠩᠭᠠᠳᠬᠠᠬᠤ ᠶᠢᠨ ᠲᠥᠯᠥᠭᠡ᠂ ᠥᠪᠥᠷ ᠮᠣᠩᠭᠤᠯ ᠤᠨ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠰᠣᠨᠢᠨ | ᠮᠡᠳᠡᠭᠡᠨ ᠤ ᠤᠬᠠᠭᠤᠯᠬᠤ ᠭᠠᠵᠠᠷ᠂ ᠥᠪᠥᠷ ᠮᠣᠩᠭᠤᠯ ᠤᠨ ᠳᠣᠲᠣᠭᠠᠳᠤ ᠶᠢ ᠬᠠᠮᠠᠭᠠᠯᠠᠬᠤ ᠤᠳᠬ᠎ᠠ ᠤᠷᠠᠯᠢᠭ ᠤᠨ ᠬᠢᠨ ᠤ ᠬᠤᠯᠪᠣᠭ᠎ᠠ ︽ᠤᠯᠤᠰ ᠢᠶᠠᠨ | ᠬᠦᠴᠦᠷᠬᠡᠭᠵᠢᠭᠦᠯᠦᠨ ᠮᠠᠨᠳᠤᠭᠤᠯᠬᠤ ᠳᠤ ᠪᠢ ᠪᠤᠢ — ᠪᠢᠴᠢᠭ ᠤᠨ ᠰᠤᠷᠪᠤᠯᠵᠢᠲᠠᠨ ᠢᠶᠠᠷ ᠤᠯᠤᠰ ᠤᠨ ᠪᠠᠶᠠᠷ ᠢ ᠤᠭᠲᠤᠬᠤ ᠪᠠ ᠰᠣᠶᠣᠯ ᠢᠶᠠᠷ ᠴᠠᠭᠳᠠᠭ᠎ᠠ ᠶᠢ | ᠬᠥᠮᠦᠵᠢᠭᠦᠯᠬᠦ︾ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠪᠠᠶᠢᠭᠤᠯᠭ᠎ᠠ ᠶᠢᠨ ᠤᠷᠠᠨ ᠪᠢᠴᠢᠯᠭᠡ ᠶᠢᠨ ᠪᠢᠷ ᠤᠨ ᠴᠤᠭᠯᠠᠭᠠᠨ ᠤ ᠠᠵᠢᠯᠯᠠᠭ᠎ᠠ ᠥᠷᠨᠢᠭᠦᠯᠵᠡᠢ᠃ | ᠳᠤᠮᠳᠠᠳᠤ ᠤᠯᠤᠰ ᠤᠨ ᠤᠷᠠᠨ ᠵᠢᠷᠤᠭᠴᠢᠳ ᠤᠨ ᠨᠡᠶᠢᠭᠡᠮᠯᠢᠭ᠂ ᠥᠪᠥᠷ ᠮᠣᠩᠭᠤᠯ ᠤᠨ ᠤᠷᠠᠨ ᠪᠢᠴᠢᠯᠭᠡᠲᠡᠳ ᠤᠨ ᠨᠡᠶᠢᠭᠡᠮᠯᠢᠭ ᠵᠡᠷᠭᠡ ᠵᠣᠬᠢᠶᠠᠨ ᠪᠠᠶᠢᠭᠤᠯᠤᠯᠲᠠ | ᠪᠣᠯᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ 18 ᠤᠷᠠᠯᠢᠭᠴᠢᠨ ᠴᠠᠭᠳᠠᠭᠠᠨ ᠤ ᠬᠤᠸᠠᠷᠠᠨ ᠳᠤ ᠭᠦᠨᠵᠡᠭᠡᠶᠢᠷᠡᠨ᠂ 300 ᠰᠢᠬᠠᠮ ᠤᠷᠠᠨ ᠪᠢᠴᠢᠯᠭᠡ ᠤᠷᠠᠨ | ᠵᠢᠷᠤᠭ ᠤᠨ ᠪᠦᠲᠦᠭᠡᠯ ᠢ ᠵᠣᠬᠢᠶᠠᠨ ᠪᠦᠳᠦᠭᠡᠪᠡ᠃ | | | | ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠤᠷᠠᠨ ᠪᠢᠴᠢᠯᠭᠡᠲᠡᠨ ᠵᠢᠷᠤᠭᠴᠢᠳ ᠤᠷᠠᠨ ᠪᠦᠲᠦᠭᠡᠯ ᠢᠶᠠᠨ ᠠᠵᠢᠯᠯᠠᠭ᠎ᠠ ᠳᠤ ᠣᠷᠣᠯᠴᠠᠭᠰᠠᠨ ᠠᠷᠠᠳ ᠤᠨ | ᠴᠠᠭᠳᠠᠭ᠎ᠠ ᠬᠠᠪᠰᠤᠷᠤᠭᠴᠢ ᠴᠠᠭᠳᠠᠭ᠎ᠠ ᠳᠤ ᠪᠡᠯᠡᠭᠯᠡᠬᠦ ᠶᠢᠨ ᠬᠠᠮᠲᠤ ᠤᠯᠠᠨ ᠲᠠᠢ ᠵᠣᠬᠢᠶᠠᠨ ᠪᠦᠲᠦᠭᠡᠯᠭᠡ ᠶᠢᠨ ᠣᠯᠤᠯᠲᠠ ᠲᠦᠷᠦᠭᠳᠡᠯ ᠢᠶᠠᠨ ᠰᠣᠯᠢᠯᠴᠠᠵᠠᠢ᠃ ︽ᠡᠬᠡ | ᠤᠯᠤᠰ ᠮᠠᠨᠳᠤᠲᠤᠭᠠᠢ︾᠂ ︽ᠦᠵᠡᠰᠬᠦᠯᠡᠩᠲᠦ ᠰᠠᠶᠢᠬᠠᠨ ᠠᠭᠤᠯᠠ ᠤᠰᠤ ᠳᠤᠮᠳᠠᠳᠤ ᠪᠠᠨ ᠴᠢᠮᠡᠭᠯᠡᠨ᠎ᠡ︾᠂ ︽ᠠᠮᠤᠷ ᠠᠮᠤᠭᠤᠯᠠᠩᠲᠤ ᠳᠤᠮᠳᠠᠳᠤ ᠤᠯᠤᠰ︾᠂ | ︽ᠠᠮᠵᠢᠯᠲᠠ ᠣᠯᠤᠯ᠎ᠠ︾ ᠁ ᠤᠷᠠᠨ ᠪᠢᠴᠢᠯᠭᠡ ᠶᠢᠨ ᠪᠦᠲᠦᠭᠡᠯ ᠪᠣᠯᠤᠨ ᠭᠤᠶᠤ ᠰᠠᠶᠢᠬᠠᠨ ᠤᠳᠬ᠎ᠠ ᠠᠭᠤᠯᠭ᠎ᠠ ᠲᠠᠢ ᠤᠷᠠᠨ ᠵᠢᠷᠤᠭ ᠤᠨ ᠪᠦᠲᠦᠭᠡᠯ ᠤᠳ ᠨᠢ | ᠰᠣᠶᠣᠯ ᠤᠨ ᠨᠣᠲ ᠲᠡᠮᠳᠡᠭ ᠪᠤᠯᠵᠦ᠂ ᠲᠤᠬᠠᠢ ᠶᠢᠨ ᠲᠠᠯᠠᠪᠠᠢ ᠳᠤ ᠪᠠᠶᠢᠭᠰᠠᠨ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠶᠢᠨ ᠰᠡᠳᠬᠢᠯ ᠢ ᠤᠮᠳᠠᠯᠠᠵᠤ᠂ | ︽ᠴᠠᠭᠳᠠᠭ᠎ᠠ ᠠᠷᠠᠳ ᠨᠢᠭᠡ ᠭᠡᠷ ᠤᠨ ᠬᠥᠮᠦᠰ︾ ᠤᠨ ᠭᠦᠨ ᠵᠤᠵᠠᠭᠠᠨ ᠰᠣᠶᠣᠯ ᠤᠨ ᠠᠭᠤᠷ ᠠᠮᠢᠰᠬᠤᠯ ᠢ ᠪᠤᠢ ᠪᠣᠯᠭᠠᠪᠠ᠃ | | | | ᠪᠢᠷ ᠤᠨ ᠴᠤᠭᠯᠠᠭᠠᠨ ᠤ ᠠᠵᠢᠯᠯᠠᠭ᠎ᠠ ᠪᠣᠯ ᠥᠪᠥᠷ ᠮᠣᠩᠭᠤᠯ ᠤᠨ ᠳᠣᠲᠣᠭᠠᠳᠤ ᠶᠢ ᠬᠠᠮᠠᠭᠠᠯᠠᠬᠤ ᠤᠳᠬ᠎ᠠ ᠤᠷᠠᠯᠢᠭ ᠤᠨ ᠬᠢᠨ ᠤ ᠬᠤᠯᠪᠣᠭ᠎ᠠ ᠶᠢᠨ ᠬᠦᠴᠦᠯᠡᠨ | ᠡᠭᠦᠳᠦᠭᠰᠡᠨ ᠳᠣᠲᠣᠭᠠᠳᠤ ᠶᠢ ᠬᠠᠮᠠᠭᠠᠯᠠᠬᠤ ᠰᠣᠶᠣᠯ ᠤᠨ ᠨᠡᠷᠡᠲᠦ ᠲᠡᠮᠳᠡᠭ ᠤᠨ ᠠᠵᠢᠯᠯᠠᠭ᠎ᠠ ᠪᠣᠯᠤᠨ᠎ᠠ᠃ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠨᠠᠮ ᠤᠨ | ᠬᠤᠷᠢᠶ᠎ᠠ ᠶᠢᠨ ᠳᠣᠲᠣᠭᠠᠳᠤ ᠶᠢ ᠬᠠᠮᠠᠭᠠᠯᠠᠬᠤ ᠰᠣᠶᠣᠯ ᠤᠨ ᠪᠠᠶᠢᠭᠤᠯᠤᠯᠲᠠ ᠪᠠ ᠴᠠᠭᠳᠠᠭ᠎ᠠ ᠶᠢ ᠬᠠᠶᠢᠷᠠᠯᠠᠵᠤ ᠬᠠᠯᠠᠮᠵᠢᠯᠠᠬᠤ ᠲᠤᠬᠠᠶ ᠪᠠᠶᠢᠷᠢᠯᠠᠭᠤᠯᠤᠯᠲᠠ | ᠱᠠᠭᠠᠷᠳᠠᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠡᠭᠦᠨ ᠤ ᠵᠡᠷᠭᠡ ᠳᠤ ᠪᠠᠰᠠ ᠥᠷᠭᠡᠨ ᠣᠯᠠᠨ ᠳᠣᠲᠣᠭᠠᠳᠤ ᠶᠢ ᠬᠠᠮᠠᠭᠠᠯᠠᠬᠤ ᠠᠷᠠᠳ ᠤᠨ ᠴᠠᠭᠳᠠᠭ᠎ᠠ | ᠬᠠᠪᠰᠤᠷᠤᠭᠴᠢ ᠴᠠᠭᠳᠠᠭ᠎ᠠ ᠳᠤ ᠰᠤᠷᠤᠯᠴᠠᠵᠤ ᠰᠣᠯᠢᠯᠴᠠᠬᠤ ᠲᠣᠬᠢᠶᠠᠯ ᠣᠯᠭᠤᠵᠤ᠂ ᠠᠵᠢᠯ ᠮᠡᠷᠭᠡᠵᠢᠯ ᠤᠨ ᠢᠷᠠᠭᠤ ᠠᠯᠳᠠᠷᠲᠤ ᠰᠡᠳᠬᠢᠯᠭᠡ᠂ ᠣᠮᠤᠭ ᠪᠠᠭ᠋ᠠᠳᠤᠯᠲᠤ | ᠰᠡᠳᠬᠢᠯᠭᠡ ᠪᠠ ᠬᠠᠷᠢᠶᠠᠯᠠᠭᠳᠠᠬᠤ ᠰᠡᠳᠬᠢᠯᠭᠡ ᠶᠢ ᠤᠯᠠᠮ ᠨᠢᠭᠡ ᠠᠯᠬᠤᠮ ᠨᠡᠮᠡᠭᠳᠡᠭᠦᠯᠵᠦ᠂ ᠰᠣᠶᠣᠯ ᠤᠨ ᠬᠡᠪ ᠪᠣᠯᠪᠠᠰᠤᠷᠠᠯ ᠪᠠ ᠣᠶᠤᠨ ᠰᠠᠨᠠᠭᠠᠨ ᠤ ᠠᠬᠤᠶ ᠪᠠᠶᠢᠳᠠᠯ ᠢ | ᠳᠡᠭᠡᠭᠰᠢᠯᠡᠭᠦᠯᠬᠦ ᠪᠠᠷ ᠳᠠᠮᠵᠢᠭᠤᠯᠤᠨ᠂ ᠳᠣᠲᠣᠭᠠᠳᠤ ᠶᠢ ᠬᠠᠮᠠᠭᠠᠯᠠᠬᠤ ᠡᠩᠨᠡᠭᠡ ᠶᠢᠨ ᠨᠠᠩ ᠣᠷᠭᠢᠯᠤᠮ᠎ᠠ ᠬᠠᠯᠠᠭᠤᠨ ᠰᠡᠳᠬᠢᠯᠭᠡ ᠪᠠᠷ ᠰᠢᠨ᠎ᠡ ᠴᠠᠭ ᠦᠶ᠎ᠡ ᠶᠢᠨ | ᠳᠣᠲᠣᠭᠠᠳᠤ ᠶᠢ ᠬᠠᠮᠠᠭᠠᠯᠠᠬᠤ ᠠᠵᠢᠯ ᠳᠤ ᠣᠷᠣᠯᠴᠠᠬᠤ ᠶᠢ ᠤᠷᠮᠠᠰᠢᠭᠤᠯᠤᠨ ᠵᠣᠷᠢᠭᠵᠢᠭᠤᠯᠪᠠ᠃ | | |