| ᠴᠧᠩ ᠷᠦᠢ᠂ ᠡᠷᠡᠭᠲᠡᠶ᠂ ᠮᠣᠩᠭᠤᠯ ᠦᠨᠳᠦᠰᠦᠲᠡᠨ᠂ 1976 ᠣᠨ ᠤ 8 ᠰᠠᠷ᠎ᠠ ᠳᠤ ᠳᠦᠷᠦᠵᠡᠶ᠂ 1996 ᠣᠨ ᠳᠤ ᠳᠣᠲᠣᠭᠠᠳᠤ ᠶᠢ ᠬᠠᠮᠠᠭᠠᠯᠠᠬᠤ | ᠠᠵᠢᠯ ᠳᠤ ᠭᠠᠷᠴᠤ᠂ ᠣᠲᠣ ᠬᠥᠯᠥᠨ ᠪᠤᠶᠢᠷ ᠬᠤᠲᠠ ᠶᠢᠨ ᠵᠠᠯᠠᠨ ᠠᠶᠢᠯ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠳᠣᠲᠣᠭᠠᠳᠤ ᠶᠢ ᠬᠠᠮᠠᠭᠠᠯᠠᠬᠤ | ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠶᠢᠨ ᠲᠥᠪ ᠤᠨ ᠳᠡᠳ᠋ ᠡᠷᠬᠢᠯᠡᠭᠴᠢ ᠶᠢᠨ ᠲᠤᠰᠢᠶᠠᠯ ᠲᠠᠢ᠂ ᠳᠣᠲᠣᠭᠠᠳᠤ ᠶᠢ ᠬᠠᠮᠠᠭᠠᠯᠠᠬᠤ ᠶᠠᠮᠤᠨ ︽ᠡᠭᠦᠯᠡᠨ ᠰᠡᠯᠡᠮ᠎ᠡ | — 2020︾ ᠠᠮᠢᠨ ᠬᠡᠷᠡᠭ ᠳᠠᠷᠤᠭᠳᠠᠮᠠᠯ ᠬᠡᠷᠡᠭ ᠤᠨ ᠪᠡᠷᠬᠡ ᠰᠡᠳᠦᠪ ᠢ ᠰᠢᠢᠳᠪᠦᠷᠢᠯᠡᠬᠦ ᠠᠵᠢᠯᠯᠠᠭ᠎ᠠ ᠶᠢᠨ ᠣᠷᠣ ᠮᠥᠷ ᠤᠨ ᠲᠤᠰᠬᠠᠶ ᠮᠡᠷᠭᠡᠵᠢᠯᠲᠡᠨ ᠤ | ᠳᠤᠭᠤᠶᠢᠯᠠᠩ ᠤᠨ ᠭᠡᠰᠢᠭᠦᠨ ᠢᠶᠠᠷ ᠰᠢᠯᠢᠨ ᠰᠤᠩᠭᠤᠭᠳᠠᠪᠠ᠃ ᠲᠡᠷᠡ ᠤᠷᠢᠳ ᠬᠤᠵᠢᠳ ᠬᠤᠪᠢ ᠬᠥᠮᠦᠨ ᠤ ᠬᠤᠶᠠᠳᠤᠭᠠᠷ ᠳᠡᠰ ᠤᠨ ᠭᠠᠪᠢᠶ᠎ᠠ ᠶᠢ 2 ᠤᠳᠠᠭ᠎ᠠ᠂ | ᠭᠤᠷᠪᠠᠳᠤᠭᠠᠷ ᠳᠡᠰ ᠤᠨ ᠭᠠᠪᠢᠶ᠎ᠠ ᠶᠢ 4 ᠤᠳᠠᠭ᠎ᠠ ᠪᠠᠶᠢᠭᠤᠯᠵᠤ᠂ 2020 ᠣᠨ᠂ 2021 ᠣᠨ ᠳᠤ ᠬᠤᠶᠠᠷ ᠵᠢᠯ ᠳᠠᠷᠠᠭᠠᠯᠠᠨ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ︽ᠡᠷᠡᠭᠦᠤ ᠶᠢᠨ ᠬᠡᠷᠡᠭ ᠢ ᠲᠤᠷᠰᠢᠨ ᠪᠠᠶᠢᠴᠠᠭᠠᠬᠤ ᠹᠷᠣᠨᠲ ᠤᠨ ᠠᠷᠪᠠᠨ ᠰᠢᠯᠢᠳᠡᠭ | ᠲᠤᠬᠠᠶᠢᠯᠠᠭᠰᠠᠨ ᠠᠵᠢᠯ ᠤᠨ ᠭᠤᠤᠯᠯᠠᠭᠴᠢ ᠬᠦᠴᠦᠨ︾ ᠂ 2022 ᠣᠨ ᠳᠤ ᠦᠪᠦᠷ ᠮᠤᠩᠭᠤᠯ ᠤᠨ ︽ᠤᠮᠠᠷᠠᠲᠤ ᠬᠢᠯᠢ ᠶᠢ ᠲᠤᠭᠳᠤᠯᠤᠭᠤᠯᠤᠭᠰᠠᠨ · ᠬᠠᠮᠤᠭ | ᠠᠴᠠ ᠪᠠᠭ᠋ᠠᠷᠬᠠᠯᠲᠠᠢ ᠴᠠᠭᠳᠠᠭ᠎ᠠ︾ ᠪᠠᠷ ᠦᠨᠡᠯᠡᠭᠳᠡᠪᠡ᠃ | | | | 2004 ᠣᠨ ᠳᠤ᠂ ᠬᠥᠯᠥᠨ ᠪᠤᠶᠢᠷ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠡᠷᠡᠭᠦᠤ ᠶᠢᠨ ᠬᠡᠷᠡᠭ ᠢ ᠲᠤᠷᠰᠢᠨ ᠪᠠᠶᠢᠴᠠᠭᠠᠬᠤ ᠰᠠᠯᠪᠤᠷᠢ | ᠠᠩᠭᠢ ᠪᠣᠯᠤᠨ ᠵᠠᠯᠠᠨ ᠠᠶᠢᠯ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠲᠣᠮᠢᠯᠠᠯᠲᠠ ᠪᠠᠷ᠂ ᠴᠧᠩ ᠷᠦᠢ ᠯᠢᠶᠣᠤᠨᠢᠩ ᠮᠤᠵᠢ ᠶᠢᠨ ᠳ᠋ᠠᠯᠢᠶᠠᠨ | ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠡᠷᠡᠭᠦᠤ ᠶᠢᠨ ᠬᠡᠷᠡᠭ ᠤᠨ ᠮᠡᠷᠭᠡᠵᠢᠯ ᠤᠨ ᠭᠠᠵᠠᠷ ᠲᠤ ᠬᠦᠷᠴᠦ ᠰᠤᠷᠤᠯᠴᠠᠪᠠ᠃ ᠰᠤᠷᠤᠯᠴᠠᠵᠤ ᠪᠠᠶᠢᠬᠤ | ᠬᠤᠭᠤᠴᠠᠭᠠᠨ ᠳᠤ ᠪᠠᠨ᠂ ᠲᠡᠷᠡ ᠥᠪᠥᠷ ᠮᠣᠩᠭᠤᠯ ᠤᠨ ᠠᠯᠳᠠᠷᠲᠤ ᠤᠯᠠ ᠮᠥᠷ ᠢ ᠬᠢᠨᠠᠨ ᠲᠣᠭᠲᠠᠭᠠᠬᠤ ᠲᠤᠰᠬᠠᠢ ᠮᠡᠷᠭᠡᠵᠢᠯᠲᠡᠨ᠂ ᠮᠠ ᠢᠦᠢ ᠯᠢᠨ ᠤ ᠠᠯᠬᠤᠴᠠ ᠶᠢᠨ | ᠮᠥᠷᠳᠡᠯᠲᠡ ᠶᠢᠨ ᠮᠡᠷᠭᠡᠵᠢᠯ ᠤᠨ ᠤᠯᠠᠮᠵᠢᠯᠠᠭᠴᠢ ᠭᠧ ᠶᠢᠦ ᠵᠦᠩ ᠲᠠᠢ ᠲᠠᠨᠢᠯᠴᠠᠵᠠᠢ᠃ ᠲᠡᠭᠦᠨ ᠠᠴᠠ ᠬᠤᠶᠢᠰᠢ ᠭᠧ ᠶᠢᠦ ᠵᠦᠩ ᠢ ᠳᠠᠭᠠᠵᠤ ᠭᠤᠷᠪᠠᠨ ᠵᠢᠯ | ᠰᠤᠷᠤᠯᠴᠠᠪᠠ᠃ ᠭᠤᠷᠪᠠᠨ ᠵᠢᠯ ᠤᠨ ᠰᠤᠷᠤᠯᠴᠠᠯᠭ᠎ᠠ ᠨᠢ ᠴᠧᠩ ᠷᠦᠢ ᠶᠢᠨ ᠲᠤᠷᠰᠢᠨ ᠪᠠᠶᠢᠴᠠᠭᠠᠵᠤ ᠬᠡᠷᠡᠭ ᠢᠯᠡᠷᠡᠭᠦᠯᠬᠦ ᠳᠤ ᠪᠠᠲᠤ ᠪᠠᠬᠢ ᠰᠠᠭᠤᠷᠢ ᠶᠢ ᠲᠠᠯᠪᠢᠵᠤ | ᠥᠭᠭᠦᠭᠰᠡᠨ ᠪᠠᠶᠢᠨ᠎ᠠ᠃ ᠣᠯᠠᠨ ᠵᠢᠯ ᠤᠨ ᠲᠤᠷᠰᠢ᠂ ᠨᠢᠭᠡᠨ ᠤᠳᠠᠭᠠᠨ ᠤ ᠬᠦᠴᠢᠷ ᠲᠦᠪᠡᠭᠲᠡᠶ ᠬᠡᠷᠡᠭ ᠢ ᠳᠡᠩᠨᠡᠨ ᠢᠯᠡᠷᠡᠭᠦᠯᠬᠦ ᠠᠵᠢᠯ ᠤᠨ ᠳᠤᠮᠳᠠ᠂ ᠴᠧᠩ ᠷᠦᠢ | ᠠᠭᠠᠵᠢᠮ ᠢᠶᠠᠷ ᠲᠤᠰᠬᠠᠶ ᠮᠡᠷᠭᠡᠵᠢᠯᠲᠡᠨ ᠤ ᠬᠡᠯᠪᠡᠷᠢ ᠶᠢᠨ ᠴᠢᠳᠠᠪᠤᠷᠢᠲᠠᠨ ᠪᠣᠯᠵᠣ ᠬᠥᠮᠦᠵᠢᠭᠳᠡᠭᠡᠳ᠂ ᠡᠪᠦᠭᠡ ᠪᠠᠭᠰᠢ ᠮᠠ ᠢᠦᠶ ᠯᠢᠨ᠂ ᠪᠠᠭᠰᠢ ᠭᠧ ᠶᠢᠤ ᠵᠥᠩ ᠤᠨ | ᠠᠯᠬᠤᠴᠠ ᠶᠢᠨ ᠮᠥᠷᠳᠡᠯᠲᠡ ᠶᠢᠨ ᠮᠡᠷᠭᠡᠵᠢᠯ᠂ ᠬᠥᠯ ᠤᠨ ᠮᠥᠷ ᠢ ᠬᠢᠨᠠᠨ ᠲᠣᠭᠲᠠᠭᠠᠬᠤ ᠣᠨᠣᠯ ᠢ ᠤᠯᠠᠮ ᠨᠢᠭᠡ ᠠᠯᠬᠤᠮ ᠪᠠᠳᠠᠷᠠᠭᠤᠯᠤᠨ ᠳᠡᠯᠭᠡᠷᠡᠭᠦᠯᠵᠡᠶ᠃ | 2007 ᠣᠨ ᠤ 12 ᠰᠠᠷ᠎ᠠ ᠶᠢᠨ 26 ᠤ ᠡᠳᠦᠷ᠂ ᠬᠤᠪᠸᠢ ᠮᠤᠵᠢ ᠶᠢᠨ ᠨᠢᠭᠡᠨ ᠰᠢᠶᠠᠨ ᠤ ᠨᠢᠭᠡᠨ ᠴᠤᠬᠤᠢ ᠶᠢᠨ ᠦᠢᠯᠡᠳᠪᠦᠷᠢ ᠳᠤ ᠨᠢᠭᠡᠨ ᠣᠨᠴᠠ ᠶᠡᠭᠡ | ᠬᠥᠮᠦᠨ ᠠᠯᠠᠭᠰᠠᠨ ᠬᠡᠷᠡᠭ ᠭᠠᠷᠴᠤ᠂ 6 ᠡᠷᠡᠭᠲᠡᠶ 2 ᠡᠮᠡᠭᠲᠡᠶ ᠨᠡᠶᠢᠳᠡ 8 ᠬᠥᠮᠦᠨ ᠬᠤᠣᠷᠯᠠᠭᠳᠠᠪᠠ᠃ ᠬᠡᠷᠡᠭ ᠭᠠᠷᠤᠭᠰᠠᠨ ᠤ ᠳᠠᠷᠠᠭ᠎ᠠ᠂ ᠴᠠᠭᠳᠠᠭᠠᠨ ᠤ | ᠲᠠᠯ᠎ᠠ ᠶᠢᠨ ᠬᠢᠨ ᠲᠤᠬᠠᠶ ᠶᠢᠨ ᠲᠠᠯᠠᠪᠠᠶ ᠶᠢᠨ ᠬᠠᠶᠢᠨ ᠪᠠᠶᠢᠴᠠᠭᠠᠯᠲᠠ ᠪᠠ ᠨᠢᠭᠡᠨᠲᠡ ᠡᠵᠡᠮᠰᠢᠭᠰᠡᠨ ᠭᠡᠷᠡᠴᠢ ᠪᠠᠷᠢᠮᠲᠠ ᠪᠠᠷ ᠳᠠᠮᠵᠢᠭᠤᠯᠤᠨ᠂ ᠶᠠᠷᠭᠠᠴᠢᠨ ᠤ ᠣᠨᠴᠠᠯᠢᠭ ᠢ | ᠲᠣᠭᠲᠠᠭᠠᠭᠰᠠᠨ ᠪᠠᠶᠢᠨ᠎ᠠ᠃ ᠡᠭᠦᠨ ᠤ ᠳᠠᠷᠠᠭ᠎ᠠ᠂ ᠲᠠᠩᠨᠠᠨ ᠢᠯᠡᠷᠡᠭᠦᠯᠦᠭᠰᠡᠨ ᠠᠷᠪᠠᠨ ᠬᠡᠳᠦᠨ ᠲᠤᠰᠬᠠᠶ ᠠᠩᠭᠢ ᠶᠢᠨ ᠠᠷᠠᠳ ᠤᠨ ᠴᠠᠭᠳᠠᠭ᠎ᠠ ᠨᠥᠬᠦᠴᠡᠯ ᠳᠤ | ᠨᠡᠶᠢᠴᠡᠬᠦ 1000 ᠭᠠᠷᠤᠶ ᠡᠲᠡᠭᠡᠳ ᠢ ᠪᠠᠶᠢᠴᠠᠭᠠᠵᠤ᠂ ᠶᠠᠷᠭᠠᠴᠢᠨ ᠢ ᠲᠤᠬᠠᠶ ᠶᠢᠨ ᠭᠠᠵᠠᠷ ᠤᠨ ᠬᠥᠮᠦᠨ ᠭᠡᠵᠦ ᠦᠨᠳᠦᠰᠦᠨ ᠳᠤ ᠪᠠᠨ ᠲᠣᠭᠲᠠᠭᠠᠵᠠᠶ᠃ ᠭᠡᠪᠡᠴᠦ | ᠲᠤᠬᠠᠶ ᠶᠢᠨ ᠦᠶ᠎ᠡ ᠶᠢᠨ ᠨᠥᠬᠦᠴᠡᠯ ᠤᠨ ᠬᠢᠵᠠᠭᠠᠷᠯᠠᠯ ᠠᠴᠠ ᠪᠣᠯᠵᠤ ᠳᠡᠩᠨᠡᠨ ᠢᠯᠡᠷᠡᠭᠦᠯᠬᠦ ᠠᠵᠢᠯ ᠶᠡᠷᠦᠨᠢ ᠰᠢᠪᠲᠤᠯᠤᠯᠲᠠ ᠶᠢᠨ ᠴᠢᠨᠠᠷᠲᠠᠶ ᠠᠬᠢᠴᠠ ᠲᠠᠢ ᠪᠣᠯᠵᠤ | ᠴᠢᠳᠠᠭᠰᠠᠨ ᠦᠭᠡᠶ᠃ 2017 ᠣᠨ ᠤ 3 ᠰᠠᠷ᠎ᠠ ᠳᠤ᠂ ᠴᠧᠩ ᠷᠦᠢ ᠶᠢ ᠳᠣᠲᠣᠭᠠᠳᠤ ᠶᠢ ᠬᠠᠮᠠᠭᠠᠯᠠᠬᠤ ᠶᠠᠮᠤᠨ ᠤ ᠲᠤᠰᠬᠠᠢ ᠮᠡᠷᠭᠡᠵᠢᠯᠲᠡᠨ ᠤ ᠳᠤᠭᠤᠶᠢᠯᠠᠩ ᠳᠤ | ᠰᠢᠯᠵᠢᠭᠦᠯᠵᠦ᠂ ᠬᠤᠪᠸᠢ ᠳᠤ ᠬᠦᠷᠴᠦ ᠡᠨᠡ ᠬᠦ ᠠᠷᠪᠠᠨ ᠵᠢᠯ ᠤᠨ ᠡᠮᠦᠨ᠎ᠡ ᠡᠭᠦᠰᠦᠭᠰᠡᠨ ᠠᠮᠢᠨ ᠬᠡᠷᠡᠭ ᠤᠨ ᠪᠣᠭᠤᠮᠲᠠ ᠰᠢᠪᠲᠤᠯᠵᠤ᠂ ᠣᠨᠴᠠᠭᠠᠶᠢᠯᠠᠨ ᠲᠤᠬᠠᠢ ᠶᠢᠨ | ᠲᠠᠯᠠᠪᠠᠢ ᠳᠤ ᠦᠯᠡᠳᠡᠭᠡᠭᠰᠡᠨ ᠤᠯᠠ ᠮᠥᠷ ᠢ ᠲᠠᠬᠢᠨ ᠰᠢᠨ᠎ᠡ ᠪᠠᠷ ᠰᠢᠯᠭᠠᠨ ᠪᠠᠶᠢᠴᠠᠭᠠᠯᠭᠠᠪᠠ᠃ ᠲᠤᠰᠬᠠᠶ ᠮᠡᠷᠭᠡᠵᠢᠯᠲᠡᠨ ᠤ ᠳᠤᠭᠤᠶᠢᠯᠠᠩ ᠤᠨ ᠬᠢᠨ ᠲᠤᠬᠠᠶ ᠶᠢᠨ | ᠵᠢᠯ ᠳᠤ ᠭᠠᠷᠭᠠᠨ ᠠᠪᠤᠭᠰᠠᠨ 338 ᠬᠤᠪᠢ ᠬᠥᠯ ᠤᠨ ᠮᠥᠷ ᠤᠨ ᠰᠢᠯᠭᠠᠨ ᠪᠠᠶᠢᠴᠠᠭᠠᠯᠲᠠ ᠶᠢᠨ ᠵᠠᠭᠪᠤᠷ ᠢ ᠨᠢᠭᠡᠳ ᠨᠢᠭᠡ ᠪᠠᠷ ᠰᠢᠭᠰᠢᠨ ᠪᠠᠶᠢᠴᠠᠭᠠᠵᠤ᠂ ᠡᠳᠦᠷ | ᠪᠦᠷᠢ ᠰᠥᠨᠢ ᠳᠦᠯᠢ ᠪᠣᠯᠲᠠᠯ᠎ᠠ ᠠᠵᠢᠯᠯᠠᠵᠠᠶ᠃ ᠳᠥᠷᠪᠡᠳᠦᠭᠡᠷ ᠡᠳᠦᠷ ᠪᠣᠯᠬᠤ ᠳᠤ᠂ ᠴᠧᠩ ᠷᠦᠢ ᠲᠤᠬᠠᠶ ᠶᠢᠨ ᠵᠢᠯ ᠳᠤ ᠦᠯᠢᠭᠡᠷ ᠠᠪᠤᠭᠰᠠᠨ ᠬᠤᠸᠠᠩ ᠣᠪᠣᠭᠲᠤ | ᠥᠪᠡᠷ ᠤᠨ ᠨᠠᠰᠤ ᠵᠢᠯ ᠪᠠ ᠱᠠᠬᠠᠶ ᠶᠢᠨ ᠨᠣᠮᠧᠷ ᠢᠶᠠᠨ ᠨᠢᠭᠤᠨ ᠳᠠᠯᠳᠠᠯᠠᠵᠤ᠂ ᠲᠡᠭᠦᠭᠰᠡᠨ ᠤᠯᠠ ᠮᠥᠷ ᠤᠨ ᠦᠯᠢᠭᠡᠷ ᠨᠢ ᠴᠦ ᠨᠠᠷᠢᠨ ᠬᠥᠯ ᠢᠶᠠᠷ ᠢᠶᠠᠨ ᠲᠣᠮᠣ ᠱᠠᠬᠠᠶ | ᠡᠮᠦᠰᠦᠨ᠂ ᠭᠡᠪᠡᠴᠦ ᠱᠠᠬᠠᠶ ᠶᠢᠨ ᠮᠥᠷ ᠳᠣᠲᠣᠷᠠᠬᠢ ᠨᠢᠴᠦᠭᠦᠨ ᠬᠥᠯ ᠤᠨ ᠮᠥᠷ ᠤᠨ ᠪᠣᠷᠣ ᠲᠥᠯᠥᠪ ᠨᠢ ᠲᠤᠬᠠᠶ ᠶᠢᠨ ᠲᠠᠯᠠᠪᠤᠷ ᠲᠤ ᠦᠯᠡᠳᠡᠭᠡᠭᠰᠡᠨ ᠤᠯᠠ | ᠮᠥᠷ ᠲᠠᠢ ᠮᠠᠰᠢ ᠠᠳᠠᠯᠢᠪᠲᠤᠷ ᠪᠠᠶᠢᠪᠠ᠃ ᠴᠧᠩ ᠷᠦᠢ ᠲᠤᠰᠬᠠᠶ ᠮᠡᠷᠭᠡᠵᠢᠯᠲᠡᠨ ᠤ ᠳᠤᠭᠤᠶᠢᠯᠠᠩ ᠳᠤ ᠬᠤᠸᠠᠩ ᠣᠪᠣᠭᠲᠤ ᠶᠢᠨ ᠡᠳᠦᠷ ᠲᠤᠲᠤᠮ ᠤᠨ | ᠠᠮᠢᠳᠤᠷᠠᠯ ᠤᠨ ᠤᠯᠠ ᠮᠥᠷ ᠵᠢᠴᠢ ᠶᠠᠪᠤᠵᠤ ᠰᠠᠭᠤᠬᠤ ᠳᠦᠷᠰᠦ ᠰᠢᠩᠭᠡᠭᠡᠯᠲᠡ ᠶᠢ ᠨᠢᠭᠤᠴᠠ ᠪᠠᠷ ᠭᠠᠷᠭᠠᠨ ᠠᠪᠬᠤ ᠰᠠᠨᠠᠯ ᠲᠤᠷᠠᠳᠪᠠ᠃ ᠲᠡᠷᠡ ᠪᠤᠰᠤᠳ ᠲᠤᠰᠬᠠᠶ | ᠮᠡᠷᠭᠡᠵᠢᠯᠲᠡᠨ ᠲᠠᠢ ᠣᠯᠠᠨ ᠵᠦᠢᠯ ᠤᠨ ᠲᠥᠰᠦᠪ ᠲᠥᠯᠥᠪᠯᠡᠵᠦ᠂ ᠡᠴᠦᠰ ᠲᠤ ᠪᠠᠨ ᠬᠤᠸᠠᠩ ᠣᠪᠣᠭᠲᠤ ᠶᠢᠨ ᠬᠠᠭᠤᠷᠮᠠᠭᠯᠠᠭᠰᠠᠨ ᠦᠭᠡᠶ ᠤᠯᠠ ᠮᠥᠷ ᠤᠨ ᠦᠯᠢᠭᠡᠷ | ᠬᠡᠪ ᠢ ᠣᠯᠵᠤ ᠠᠪᠤᠭᠠᠳ᠂ ᠡᠨᠡ ᠬᠦ ᠣᠨᠴᠠ ᠶᠡᠭᠡ ᠬᠡᠷᠡᠭ ᠤᠨ ᠬᠡᠷᠡᠭ ᠬᠢᠭᠰᠡᠨ ᠬᠥᠮᠦᠨ ᠪᠣᠯ ᠳᠠᠷᠤᠶ ᠬᠤᠸᠠᠩ ᠣᠪᠣᠭᠲᠤ ᠮᠥᠨ ᠭᠡᠳᠡᠭ ᠢ ᠠᠮᠵᠢᠯᠲᠠ ᠲᠠᠢ ᠪᠠᠷ | ᠳᠣᠲᠣᠯᠠᠵᠤ᠂ ᠬᠡᠷᠡᠭ ᠢ ᠴᠦ ᠳᠠᠭᠠᠯᠳᠤᠨ ᠢᠯᠡᠷᠡᠭᠦᠯᠪᠡ᠃ | | | | 2022 ᠣᠨ ᠤ 5 ᠳ᠋ᠤᠭᠠᠷ ᠰᠠᠷ᠎ᠠ ᠶᠢᠨ 11 ᠤ ᠡᠳᠦᠷ᠂ ᠬᠥᠯᠥᠨ ᠪᠤᠶᠢᠷ ᠤᠨ ᠭᠡᠭᠡᠨ ᠭᠤᠣᠯ ᠬᠤᠳᠠ ᠶᠢᠨ ᠯᠦᠩ ᠹᠧᠩ ᠶᠡᠭᠡ ᠠᠰᠠᠷ ᠤᠨ ᠨᠢᠭᠡᠨ | ᠠᠯᠲᠠᠨ ᠤ ᠳᠡᠯᠭᠡᠭᠦᠷ ᠤᠨ 40 ᠭᠠᠷᠤᠢ ᠲᠦᠮᠡᠨ ᠲᠥᠭᠦᠷᠢᠭ ᠤᠨ ᠦᠷᠳᠡᠭ ᠪᠦᠬᠦᠢ ᠠᠯᠲᠠ ᠮᠥᠩᠭᠦᠨ ᠵᠠᠰᠠᠯ ᠴᠢᠮᠡᠭᠯᠡᠯ ᠤᠨ ᠡᠳ᠋ ᠪᠤᠯᠢᠶᠠᠭᠳᠠᠵᠠᠢ᠃ ᠰᠡᠵᠢᠭᠳᠡᠨ | ᠭᠡᠷᠡᠴᠢ ᠪᠠᠷᠢᠮᠲᠠ ᠶᠢ ᠤᠰᠠᠳᠬᠠᠬᠤ ᠶᠢᠨ ᠲᠥᠯᠥᠭᠡ᠂ ᠪᠤᠯᠢᠶᠠᠨ ᠳᠡᠭᠡᠷᠡᠮᠳᠡᠬᠦ ᠦᠶ᠎ᠡ ᠳᠤ᠂ ᠠᠷᠭ᠎ᠠ ᠪᠦᠬᠦᠨ ᠢ ᠰᠦᠪᠡᠭᠴᠢᠯᠡᠨ ᠲᠤᠬᠠᠶ ᠶᠢᠨ ᠲᠠᠯᠠᠪᠤᠷ ᠤᠨ ᠤᠯᠠ | ᠮᠥᠷ ᠢ ᠪᠦᠬᠦᠨ ᠢ ᠪᠠᠯᠠᠯᠪᠠ᠃ | 5 ᠳ᠋ᠤᠭᠠᠷ ᠰᠠᠷ᠎ᠠ ᠶᠢᠨ 12 ᠤᠨ ᠡᠳᠦᠷ᠂ ᠬᠥᠯᠥᠨ ᠪᠤᠶᠢᠷ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠠᠴᠠ ᠴᠧᠩ ᠷᠦᠢ ᠶᠢ ᠰᠢᠯᠵᠢᠭᠦᠯᠦᠨ | ᠲᠣᠮᠢᠯᠠᠵᠤ ᠬᠡᠷᠡᠭ ᠢ ᠳᠡᠩᠨᠡᠨ ᠢᠯᠡᠷᠡᠭᠦᠯᠬᠦ ᠠᠵᠢᠯ ᠳᠤ ᠮᠡᠷᠭᠡᠵᠢᠯ ᠤᠨ ᠳᠡᠮᠵᠢᠯᠭᠡ ᠦᠵᠡᠭᠦᠯᠪᠡ᠃ ᠲᠤᠬᠠᠶ ᠶᠢᠨ ᠲᠠᠯᠠᠪᠠᠶ ᠳᠤ ᠨᠠᠷᠢᠨ ᠬᠢᠨᠠᠮᠠᠭᠠᠶ ᠬᠠᠶᠢᠨ ᠪᠠᠶᠢᠴᠠᠭᠠᠯᠲᠠ | ᠬᠢᠬᠦ ᠪᠠᠷ ᠳᠠᠮᠵᠢᠭᠠᠳ ᠴᠧᠩ ᠷᠦᠢ ᠡᠴᠦᠰ ᠲᠤ ᠪᠠᠨ ᠰᠡᠵᠢᠭᠳᠡᠨ ᠤ ᠤᠯᠠ ᠮᠥᠷ ᠢ ᠣᠯᠵᠤ ᠮᠡᠳᠡᠭᠰᠡᠨ ᠪᠥᠭᠡᠳ ᠰᠡᠵᠢᠭᠳᠡᠨ ᠤ ᠠᠯᠬᠤᠴᠠ ᠶᠢᠨ ᠣᠨᠴᠠᠯᠢᠭ ᠢ | ᠰᠤᠳᠤᠯᠤᠨ ᠮᠠᠭᠠᠳᠯᠠᠭᠰᠠᠨ ᠪᠠᠶᠢᠨ᠎ᠠ᠃ ᠡᠭᠦᠨ ᠤ ᠳᠠᠷᠠᠭ᠎ᠠ᠂ ᠨᠢᠭᠡ ᠬᠡᠰᠡᠭ ᠳᠦᠷᠰᠦ ᠰᠢᠩᠭᠡᠭᠡᠯᠲᠡ ᠠᠴᠠ ᠠᠯᠬᠤᠴᠠ ᠶᠢᠨ ᠪᠠᠶᠢᠳᠠᠯ ᠢ ᠵᠠᠳᠠᠯᠤᠨ ᠰᠢᠨᠵᠢᠯᠡᠬᠦ ᠪᠠᠷ | ᠳᠡᠮᠵᠢᠨ᠂ ᠰᠡᠵᠢᠭᠳᠡᠨ ᠢ ᠠᠮᠵᠢᠯᠲᠠ ᠲᠠᠢ ᠪᠠᠷ ᠪᠠᠶᠢᠴᠠᠭᠠᠨ ᠲᠣᠳᠤᠯᠠᠪᠠ᠃ ᠰᠡᠵᠢᠭᠳᠡᠨ ᠬᠤᠪᠴᠠᠰᠤ ᠬᠤᠨᠠᠷ ᠢᠶᠠᠨ ᠳᠥᠷᠪᠡ ᠤᠳᠠᠭ᠎ᠠ ᠰᠣᠯᠢᠭᠰᠠᠨ ᠪᠣᠯᠪᠠᠴᠤ | ᠲᠡᠭᠦᠨ ᠤ ᠠᠯᠬᠤᠴᠠ ᠨᠢ ᠴᠧᠩ ᠷᠦᠢ ᠶᠢᠨ ᠬᠤᠷᠴᠠ ᠨᠢᠳᠦᠨ ᠠᠴᠠ ᠪᠠᠨ ᠳᠤᠲᠠᠭᠠᠵᠤ ᠴᠢᠳᠠᠭᠰᠠᠨ ᠦᠭᠡᠶ᠂ ᠲᠡᠷᠡ ᠰᠡᠵᠢᠭᠳᠡᠨ ᠢ ᠳᠤᠯᠢ ᠭᠤᠣᠯ ᠤᠨ ᠵᠦᠭ | ᠳᠤᠲᠠᠭᠠᠨ ᠶᠠᠪᠤᠭᠰᠠᠨ ᠢᠶᠠᠷ ᠳᠣᠲᠣᠯᠠᠵᠤ᠂ ᠴᠠᠭᠳᠠᠭᠠᠨ ᠤ ᠲᠠᠯ᠎ᠠ ᠶᠢᠨ ᠬᠢᠨ ᠵᠠᠮ ᠮᠥᠷ ᠢᠶᠠᠷ ᠮᠥᠷᠳᠡᠨ ᠨᠡᠬᠡᠮᠵᠢᠯᠡᠵᠦ᠂ ᠶᠠᠯ᠎ᠠ ᠬᠢᠭᠰᠡᠨ ᠰᠡᠵᠢᠭᠳᠡᠨ ᠱᠢ ᠣᠪᠣᠭᠲᠤ ᠶᠢ | ᠠᠮᠵᠢᠯᠲᠠ ᠲᠠᠢ ᠪᠠᠷ ᠪᠠᠷᠢᠪᠴᠢᠯᠠᠵᠠᠶ᠃ | ᠣᠶᠢᠷ᠎ᠠ ᠶᠢᠨ 3 ᠵᠢᠯ ᠳᠤ᠂ ᠴᠧᠩ ᠷᠦᠢ ᠬᠥᠯ ᠤᠨ ᠮᠥᠷ ᠤᠨ ᠬᠢᠨᠠᠨ ᠲᠣᠭᠲᠠᠭᠠᠯᠲᠠ ᠶᠢ ᠠᠰᠢᠭᠯᠠᠨ 80 ᠭᠠᠷᠤᠶ ᠬᠡᠷᠡᠭ ᠢ ᠢᠯᠡᠷᠡᠭᠦᠯᠵᠦ᠂ ᠡᠭᠦᠨ ᠤ | ᠳᠣᠲᠣᠷ᠎ᠠ ᠶᠠᠮᠤᠨ ᠤ ᠰᠢᠪᠠᠳᠠᠨ ᠰᠢᠢᠳᠪᠦᠷᠢᠯᠡᠭᠦᠯᠦᠭᠰᠡᠨ ᠬᠡᠷᠡᠭ 6᠂ ᠮᠤᠵᠢ ᠶᠢᠨ ᠱᠠᠲᠤᠨ ᠤ ᠬᠡᠷᠡᠭ 8 ᠪᠣᠶ︔ ᠡᠯ᠎ᠡ ᠲᠦᠷᠦᠯ ᠤᠨ ᠬᠢᠨᠠᠨ ᠲᠣᠭᠲᠠᠭᠠᠯᠲᠠ ᠶᠢᠨ | ᠪᠢᠴᠢᠭ ᠢ 100 ᠭᠠᠷᠤᠶ ᠬᠤᠪᠢ ᠭᠠᠷᠭᠠᠵᠤ᠂ ᠬᠡᠷᠡᠭ ᠢ ᠬᠢᠨᠠᠨ ᠲᠣᠭᠲᠠᠭᠠᠵᠤ ᠲᠠᠬᠢᠨ ᠬᠢᠨᠠᠬᠤ ᠳᠤ 10 ᠭᠠᠷᠤᠶ ᠤᠳᠠᠭ᠎ᠠ ᠣᠷᠣᠯᠴᠠᠪᠠ᠃ | 2022 ᠣᠨ ᠳᠤ᠂ ᠴᠧᠩ ᠷᠦᠢ ᠥᠪᠥᠷ ᠮᠣᠩᠭᠤᠯ ᠤᠨ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠡᠷᠡᠭᠦᠤ ᠶᠢᠨ ᠬᠡᠷᠡᠭ ᠢ ᠲᠤᠷᠰᠢᠨ ᠪᠠᠶᠢᠴᠠᠭᠠᠬᠤ | ᠶᠡᠷᠦᠩᠬᠡᠶ ᠠᠩᠭᠢ ᠶᠢᠨ ᠭᠤᠤᠯᠳᠠᠯᠭ᠎ᠠ ᠲᠠᠢ ᠰᠢᠨᠵᠢᠯᠡᠬᠦ ᠤᠬᠠᠭᠠᠨ ᠤ ᠰᠤᠳᠤᠯᠭᠠᠨ ᠤ ᠲᠥᠷᠥᠯ ᠵᠦᠢᠯ ᠤᠨ ︽ᠭᠦᠨᠵᠡᠭᠡᠶ ᠰᠤᠷᠤᠯᠴᠠᠯᠭ᠎ᠠ ᠳᠤ ᠰᠠᠭᠤᠷᠢᠯᠠᠭᠰᠠᠨ | ᠭᠤᠷᠪᠠᠨ ᠬᠡᠮᠵᠢᠯᠳᠦ ᠠᠯᠬᠤᠴᠠ ᠶᠢᠨ ᠣᠨᠴᠠᠯᠢᠭ ᠤᠨ ᠵᠠᠳᠠᠯᠤᠯᠲᠠ ᠶᠢᠨ ᠰᠢᠰᠲ᠋ᠧᠮ︾ ᠳᠤ ᠣᠷᠣᠯᠴᠠᠵᠤ᠂ ᠲᠣᠰ ᠲᠥᠷᠥᠯ ᠵᠦᠢᠯ ᠨᠢ ᠳᠣᠲᠣᠭᠠᠳᠤ ᠶᠢ ᠬᠠᠮᠠᠭᠠᠯᠠᠬᠤ | ᠶᠠᠮᠤᠨ ᠤ ᠵᠣᠬᠢᠶᠠᠨ ᠪᠠᠶᠢᠭᠤᠯᠤᠭᠰᠠᠨ ᠬᠤᠶᠠᠳᠤᠭᠠᠷ ᠬᠤᠭᠤᠴᠠᠭᠠᠨ ᠤ ᠡᠷᠡᠭᠦᠤ ᠶᠢᠨ ᠬᠡᠷᠡᠭ ᠤᠨ ᠮᠡᠷᠭᠡᠵᠢᠯ ᠤᠨ ︽ᠬᠤᠤᠰ ᠠᠷᠪᠠ ᠶᠢᠨ ᠲᠥᠯᠥᠪᠯᠡᠭᠡ︾ ᠶᠢᠨ ᠪᠡᠷᠬᠡ | ᠰᠡᠳᠦᠪ ᠢ ᠰᠢᠢᠳᠪᠦᠷᠢᠯᠡᠵᠦ ᠰᠢᠨ᠎ᠡ ᠶᠢ ᠡᠭᠦᠳᠬᠦ ᠤᠷᠤᠯᠳᠤᠭᠠᠨ ᠳᠤ ᠮᠥᠩᠭᠦᠨ ᠱᠠᠩᠨᠠᠯ ᠭᠥᠷᠳᠡᠪᠡ᠃ | | |