ᠡᠷᠡᠭᠦᠤ ᠶᠢᠨ ᠬᠡᠷᠡᠭ ᠢ ᠲᠤᠷᠰᠢᠨ ᠪᠠᠶᠢᠴᠠᠭᠠᠬᠤ ᠮᠡᠷᠭᠡᠵᠢᠯ ᠢ ᠭᠦᠨᠵᠡᠭᠡᠢ ᠡᠵᠡᠮᠰᠢᠬᠦ ᠳᠤ ︽ᠶᠧᠯᠧ ᠶᠢᠨ ᠨᠢᠳᠦ︾ ᠪᠣᠯᠪᠠᠰᠤᠷᠠᠭᠤᠯᠬᠤ — ᠯᠢ ᠯᠧ ᠺᠠᠶ
ᠨᠡᠶᠢᠲᠡᠯᠡᠭᠰᠡᠨ ᠴᠠᠭ᠄
2023/11/7
     ᠯᠢ ᠯᠧ ᠺᠠᠢ ᠣᠳᠣ ᠪᠠᠶᠠᠨᠨᠠᠭᠤᠷ ᠬᠤᠲᠠ ᠶᠢᠨ ᠲᠣᠳᠤᠭᠠᠲᠤ ᠶᠢ ᠬᠠᠮᠠᠭᠠᠯᠠᠬᠤ ᠲᠣᠪᠴᠢᠶ᠎ᠠ ᠶᠢᠨ ᠡᠷᠡᠭᠦᠦ ᠶᠢᠨ ᠬᠡᠷᠡᠭ ᠢ ᠲᠣᠷᠰᠢᠨ ᠪᠠᠶᠢᠴᠠᠭᠠᠬᠤ ᠰᠠᠯᠪᠤᠷᠢ ᠠᠩᠬᠢ  ᠶᠢᠨ ᠮᠡᠷᠭᠡᠵᠢᠯ ᠤᠨ ᠶᠡᠭᠡ ᠠᠩᠬᠢ ᠶᠢᠨ ᠳᠡᠳ᠋ ᠳᠠᠷᠤᠭ᠎ᠠ ᠶᠢᠨ ᠲᠤᠰᠢᠶᠠᠯ ᠢ ᠡᠭᠦᠷᠭᠡᠯᠡᠵᠦ ᠪᠤᠢ᠂ ᠲᠣᠳᠤᠭᠠᠳᠤ ᠶᠢ ᠬᠠᠮᠠᠭᠠᠯᠠᠬᠤ ᠠᠵᠢᠯ ᠳᠤ ᠣᠷᠤᠯᠴᠠᠭᠰᠠᠨ 11 ᠵᠢᠯ ᠤᠨ ᠲᠤᠷᠰᠢ᠂ ᠨᠡᠶᠢᠳᠡ 4000 ᠭᠠᠷᠤᠢ ᠬᠡᠷᠡᠭ ᠢ ᠰᠢᠢᠳᠪᠦᠷᠢᠯᠡᠵᠦ᠂ ᠡᠯ᠎ᠡ ᠲᠥᠷᠦᠯ ᠤᠨ ᠠᠮᠢᠳᠤ ᠪᠤᠳᠠᠰ ᠤᠨ ᠪᠠᠶᠢᠴᠠᠭᠠᠯᠳᠠ ᠶᠢᠨ ᠮᠠᠲ᠋ᠧᠷᠢᠶᠠᠯ ᠢ 20000 ᠭᠠᠷᠤᠢ ᠬᠤᠪᠢ ᠪᠠᠶᠢᠴᠠᠭᠠᠨ ᠰᠢᠯᠭᠠᠵᠤ᠂ ᠡᠯ᠎ᠡ ᠲᠥᠷᠦᠯ ᠤᠨ ᠬᠢᠨᠠᠨ ᠲᠤᠭᠳᠠᠭᠠᠯᠳᠠ ᠶᠢᠨ ᠪᠢᠴᠢᠭ ᠬᠠᠷ᠎ᠠ ᠶᠢ 3000 ᠭᠠᠷᠤᠢ ᠭᠠᠷᠭᠠᠵᠤ᠂ ᠤᠷᠢᠳ ᠬᠤᠵᠢᠳ ᠳ᠋ᠧᠩᠺᠸᠦ ᠰᠢᠶᠠᠨ ᠤ ︽1999.5.17︾ ᠤ ᠬᠦᠮᠦᠨ ᠠᠯᠠᠭᠰᠠᠨ ᠬᠦᠨᠲᠦ ᠨᠤᠴᠢᠲᠠᠢ ᠬᠡᠷᠡᠭ᠂ ᠤᠷᠠᠳ ᠤᠨ ᠲᠤᠮᠳᠠᠳᠤ ᠬᠤᠰᠢᠭᠤᠨ ᠤ ︽1999.12.01︾ ᠤ ᠲᠤᠨᠤᠨ ᠳᠡᠭᠡᠷᠡᠮᠳᠡᠵᠦ ᠬᠦᠮᠦᠨ ᠠᠯᠠᠭᠰᠠᠨ ᠬᠡᠷᠡᠭ᠂ 2005 ᠣᠨ ᠤ ᠦᠶᠦᠸᠠᠨ ᠰᠢᠶᠠᠨ ᠤ ᠶᠢᠨ ᠣᠪᠤᠭᠲᠤ ᠶᠢᠨ ᠠᠯᠠᠭᠳᠠᠭᠰᠠᠨ ᠬᠡᠷᠡᠭ ᠵᠡᠷᠭᠡ ᠠᠮᠢᠨ ᠬᠡᠷᠡᠭ ᠤᠨ ᠳᠠᠷᠤᠭᠳᠠᠮᠠᠯ ᠬᠡᠷᠡᠭ ᠢ 10 ᠭᠠᠷᠤᠢ ᠲᠠᠩᠨᠠᠨ ᠢᠯᠡᠷᠡᠭᠦᠯᠪᠡ᠃ ᠬᠤᠪᠢ ᠬᠦᠮᠦᠨ ᠭᠤᠷᠪᠠᠳᠤᠭᠠᠷ ᠲᠡᠰ ᠤᠨ ᠭᠠᠪᠢᠶ᠎ᠠ 2 ᠤᠳᠠᠭ᠎ᠠ ᠳᠡᠮᠳᠡᠭᠯᠡᠭᠦᠯᠵᠦ᠂ ᠬᠤᠪᠢ ᠬᠦᠮᠦᠨ ᠤ ᠬᠦᠬᠢᠭᠦᠯᠦᠯ ᠢ 1 ᠤᠳᠠᠭ᠎ᠠ ᠬᠥᠷᠳᠡᠵᠦ᠂ 2022 ᠣᠨ ᠳᠤ ᠥᠪᠦᠷ ᠮᠤᠩᠭᠤᠯ ᠤᠨ ︽ᠤᠮᠠᠷᠠᠲᠤ ᠬᠢᠯᠢ ᠶᠢ ᠳᠣᠭᠳᠣᠯᠤᠭᠤᠯᠤᠭᠰᠠᠨ · ᠬᠠᠮᠤᠭ  ᠠᠴᠠ ᠪᠠᠭ᠋ᠠᠷᠬᠠᠯᠲᠠᠢ ᠴᠠᠭᠳᠠᠭ᠎ᠠ︾ ᠶᠢᠨ ᠢᠷᠠᠭᠤ ᠠᠯᠳᠠᠷ ᠢ ᠬᠦᠷᠳᠡᠪᠡ᠃     ᠣᠶᠢᠷ᠎ᠠ ᠶᠢᠨ ᠵᠢᠯ ᠤᠳ ᠲᠤ᠂ ᠯᠢ ᠯᠧ ᠺᠠᠶ DNA ᠮᠡᠷᠭᠡᠵᠢᠯ ᠢ ᠲᠠᠰᠤᠷᠠᠯᠲᠠ ᠥᠬᠡᠶ ᠰᠤᠳᠤᠯᠵᠤ᠂ ᠰᠢᠯᠭᠠᠨ ᠪᠠᠶᠢᠴᠠᠭᠠᠵᠤ ᠬᠢᠨᠠᠨ ᠲᠣᠭᠲᠠᠭᠠᠬᠤ ᠬᠢᠷᠢ ᠲᠦᠪᠰᠢᠨ ᠢᠶᠠᠨ ᠳᠡᠭᠡᠭᠰᠢᠯᠡᠭᠦᠯᠦᠨ᠂ ᠤᠷᠢᠳ ᠬᠤᠵᠢᠳ ᠪᠠᠶᠠᠨᠨᠠᠭᠤᠷ ᠬᠤᠲᠠ ᠶᠢᠨ ᠯᠢᠨ ᠾᠧ ᠲᠣᠭᠤᠷᠢᠭ ᠤᠨ ︽2000 ᠣᠨ ᠤ ᠾᠧ ᠣᠪᠤᠭᠲᠤ ᠶᠢᠨ ᠠᠯᠠᠭᠳᠠᠭᠰᠠᠨ ᠬᠡᠷᠡᠭ︾᠂ ᠭᠠᠨᠰᠦ ᠮᠤᠵᠢ ᠶᠢᠨ ᠵᠢᠶᠠ ᠢᠦᠶ ᠭᠤᠸᠠᠨ ᠬᠤᠲᠠ ᠶᠢᠨ ︽2003 ᠣᠨ ᠤ ᠵᠠᠩ ᠣᠪᠣᠭᠲᠤ ᠶᠢᠨ ᠠᠯᠠᠭᠳᠠᠭᠰᠠᠨ ᠬᠡᠷᠡᠭ︾ ᠵᠡᠷᠭᠡ ᠣᠯᠠᠨ ᠤᠳᠠᠭᠠᠨ ᠤ ᠳᠠᠷᠤᠭᠳᠠᠮᠠᠯ ᠬᠡᠷᠡᠭ ᠢ ᠳᠡᠩᠨᠡᠨ ᠢᠯᠡᠷᠡᠭᠦᠯᠵᠦ᠂ ᠬᠦᠴᠦᠷᠬᠡᠭᠯᠡᠨ ᠨᠦᠵᠢᠳᠯᠡᠭᠰᠡᠨ᠂ ᠲᠤᠨᠤᠨ ᠳᠡᠭᠡᠷᠡᠮᠳᠡᠭᠰᠡᠨ ᠵᠡᠷᠭᠡ ᠣᠨᠴᠠ ᠶᠡᠭᠡ ᠡᠷᠡᠭᠦᠦ ᠶᠢᠨ ᠬᠡᠷᠡᠭ ᠢ 150 ᠭᠠᠷᠤᠶ ᠢᠯᠡᠷᠡᠭᠦᠯᠵᠡᠶ᠃ 2022 ᠣᠨ ᠳᠤ᠂ ᠯᠢ ᠯᠧ ᠺᠠᠶ ᠪᠠᠰᠠ DNA ᠮᠡᠷᠭᠡᠵᠢᠯ ᠢ ᠠᠰᠢᠭᠯᠠᠨ ᠬᠥᠮᠦᠨ ᠠᠯᠠᠭᠰᠠᠨ ᠬᠤᠶᠠᠷ ᠬᠡᠷᠡᠭ ᠢ ᠰᠢᠭᠤᠳ ᠢᠯᠡᠷᠡᠭᠦᠯᠵᠦ᠂ ᠨᠡᠶᠢᠭᠡᠮ ᠤᠨ ᠲᠥᠪ ᠭᠤᠤᠯᠴᠢ ᠪᠠ ᠰᠢᠳᠤᠷᠭᠤ ᠶᠣᠰᠣ ᠶᠢ ᠬᠠᠮᠠᠭᠠᠯᠠᠬᠤ ᠳᠤ ᠥᠪᠡᠷ ᠤᠨ ᠬᠦᠴᠦᠨ ᠴᠢᠳᠠᠯ ᠢᠶᠠᠨ ᠡᠷᠭᠦᠪᠡ᠃
01.jpg  
    2020 ᠣᠨ ᠳᠤ᠂ ᠪᠠᠶᠠᠨᠨᠠᠭᠤᠷ ᠬᠤᠲᠠ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠡᠷᠡᠭᠲᠡᠶ ᠭᠡᠷ ᠪᠦᠯᠢ ᠶᠢ ᠵᠢᠭᠰᠠᠭᠠᠨ ᠪᠠᠶᠢᠴᠠᠭᠠᠬᠤ ᠰᠢᠰᠲ᠋ᠧᠮ ᠤᠨ ᠪᠠᠶᠢᠭᠤᠯᠤᠯᠲᠠ ᠶᠢᠨ ᠠᠵᠢᠯ ᠢ ᠪᠥᠬᠦ ᠲᠠᠯ᠎ᠠ ᠪᠠᠷ ᠡᠬᠢᠯᠡᠭᠦᠯᠵᠦ᠂ ᠰᠢᠰᠲ᠋ᠧᠮ ᠤᠨ ᠬᠠᠮᠢᠶᠠᠷᠤᠭᠴᠢ ᠪᠣᠯᠤᠭᠰᠠᠨ ᠤ ᠬᠤᠪᠢ ᠳᠤ᠂ ᠯᠢ ᠯᠧ ᠺᠠᠶ ᠣᠯᠠᠨ ᠤᠳᠠᠭ᠎ᠠ ᠬᠤᠰᠢᠭᠤ ᠰᠢᠶᠠᠨ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠬᠦᠷᠴᠦ ︽ᠰᠤᠷᠭᠠᠨ ᠬᠥᠮᠦᠵᠢᠯ ᠢ ᠬᠡᠷ ᠲᠤ ᠨᠢ ᠬᠦᠷᠭᠡᠬᠦ︾ ᠪᠥᠭᠡᠳ ᠲᠤᠬᠠᠶ ᠶᠢᠨ ᠭᠠᠵᠠᠷ ᠤᠨ ᠲᠣᠰᠬᠤᠨ ᠳᠤᠭᠤᠶᠢᠯᠠᠩ᠂ ᠭᠠᠴᠠᠭ᠎ᠠ᠂ ᠨᠡᠶᠢᠭᠡᠮ ᠲᠣᠭᠤᠷᠢᠭ ᠲᠤ ᠬᠦᠷᠴᠦ᠂ ᠨᠢᠭᠡᠳᠦᠭᠡᠷ ᠹᠷᠣᠨᠲ ᠤᠨ ᠠᠷᠠᠳ ᠤᠨ ᠴᠠᠭᠳᠠᠭ᠎ᠠ ᠶᠢᠨ ᠠᠵᠢᠯ ᠤᠨ ᠳᠤᠮᠳᠠ ᠲᠤᠯᠭᠠᠷᠠᠭᠰᠠᠨ ᠬᠦᠴᠢᠷ ᠲᠦᠪᠡᠭᠲᠡᠶ ᠠᠰᠠᠭᠤᠳᠠᠯ ᠢ ᠲᠤᠬᠠᠶ ᠶᠢᠨ ᠭᠠᠵᠠᠷ ᠲᠤ ᠨᠢ ᠬᠠᠪᠰᠤᠷᠤᠨ ᠰᠢᠢᠳᠪᠦᠷᠢᠯᠡᠪᠡ᠃ ᠲᠡᠷᠡ ᠪᠣᠯᠤᠨ ᠳᠠᠶᠢᠴᠢᠨ ᠨᠥᠬᠦᠳ ᠤᠨ ᠴᠥᠬᠦᠷᠡᠰᠢ ᠥᠬᠡᠶ ᠴᠢᠷᠮᠠᠶᠢᠯᠭ᠎ᠠ ᠪᠠᠷ ᠳᠡᠮᠵᠢᠨ᠂ ᠲᠣᠰ ᠰᠢᠰᠲ᠋ᠧᠮ ᠤᠨ ᠴᠢᠰᠤ ᠠᠪᠬᠤ ᠨᠣᠷᠮ᠎ᠠ ᠣᠳᠣᠬᠠᠨ ᠳᠤ 90% ᠠᠴᠠ ᠳᠡᠭᠡᠭᠰᠢ ᠳᠤ ᠬᠦᠷᠴᠦ ᠂ ᠵᠠᠯᠭᠠᠭ᠎ᠠ ᠪᠠᠷ ᠪᠠᠶᠠᠨᠨᠠᠭᠤᠷ ᠬᠤᠲᠠ ᠵᠢᠴᠢ ᠡᠷᠬᠢᠨ ᠲᠣᠭᠤᠷᠢᠨ ᠤ ᠮᠤᠵᠢ ᠬᠤᠲᠠ ᠶᠢᠨ ᠬᠦᠮᠦᠨ ᠠᠯᠠᠭᠰᠠᠨ ᠬᠡᠷᠡᠭ ᠢ 8 ᠤᠳᠠᠭ᠎ᠠ ᠪᠠ ᠬᠦᠨᠳᠦ ᠣᠨᠴᠠ ᠶᠡᠭᠡ ᠡᠷᠡᠭᠦᠦ ᠶᠢᠨ ᠬᠡᠷᠡᠭ ᠢ 90 ᠭᠠᠷᠤᠶ ᠰᠢᠭᠤᠳ ᠢᠯᠡᠷᠡᠭᠦᠯᠪᠡ᠃    2022 ᠣᠨ ᠤ 1 ᠳ᠋ᠦ᠋ᠭᠡᠷ ᠰᠠᠷ᠎ᠠ ᠳᠤ᠂ ᠪᠠᠶᠠᠨᠨᠠᠭᠤᠷ ᠬᠤᠳᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠨᠠᠮ ᠤᠨ ᠬᠤᠷᠢᠶ᠎ᠠ ᠨᠢᠭᠡ ᠵᠢᠯ ᠤᠨ ᠬᠤᠭᠤᠴᠠᠭ᠎ᠠ ᠲᠠᠢ ᠪᠦᠬᠦ ᠬᠤᠳᠠ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠠᠮᠢᠨ ᠬᠡᠷᠡᠭ ᠤᠨ ᠳᠠᠷᠤᠭᠳᠠᠮᠠᠯ ᠬᠡᠷᠡᠭ ᠤᠨ ᠪᠣᠭᠤᠮᠲᠠ ᠰᠢᠪᠲᠤᠯᠬᠤ ᠠᠵᠢᠯᠯᠠᠭ᠎ᠠ ᠶᠢ ᠡᠬᠢᠯᠡᠭᠦᠯᠪᠡ᠃ ᠯᠢ ᠯᠧ ᠺᠠᠢ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠵᠦ᠂ ᠰᠠᠨᠠᠭᠠᠴᠢᠯᠠᠭ᠎ᠠ ᠠᠴᠠ ᠪᠠᠨ ᠵᠢᠳᠬᠦᠯ ᠴᠢᠷᠮᠠᠶᠢᠯᠭ᠎ᠠ ᠭᠠᠷᠭᠠᠵᠤ᠂ ᠲᠡᠷᠡ ᠳᠠᠷᠤᠢ ᠳᠤ ᠨᠢ ᠪᠦᠬᠦ ᠬᠤᠳᠠ ᠶᠢᠨ 40 ᠳᠠᠷᠤᠭᠳᠠᠮᠠᠯ ᠠᠮᠢᠨ ᠬᠡᠷᠡᠭ ᠢ ᠳᠠᠬᠢᠨᠲᠠ ᠨᠠᠷᠢᠨ ᠨᠢᠮᠪᠠᠢ ᠡᠮᠬᠢᠯᠡᠵᠦ᠂ ᠶᠡᠭᠡ ᠬᠡᠮᠵᠢᠶᠡᠨ ᠤ ᠲᠤᠭ᠎ᠠ ᠪᠠᠷᠢᠮᠲᠠ ᠶᠢᠨ ᠳᠣᠲᠣᠷ᠎ᠠ ᠨᠢᠭᠡᠳ ᠨᠢᠭᠡ ᠪᠠᠷ ᠬᠠᠷᠭᠤᠭᠤᠯᠵᠤ᠂ ᠨᠢᠭᠡᠳ ᠨᠢᠭᠡ ᠪᠠᠷ ᠠᠷᠢᠯᠭᠠᠵᠤ᠂ 17 ᠵᠢᠯ ᠤᠨ ᠡᠮᠦᠨ᠎ᠡ ᠪᠠ 16 ᠵᠢᠯ ᠤᠨ ᠡᠮᠦᠨ᠎ᠡ ᠡᠭᠦᠰᠦᠭᠰᠡᠨ ᠬᠤᠶᠠᠷ ᠤᠳᠠᠭᠠᠨ ᠤ ᠠᠮᠢᠨ ᠬᠡᠷᠡᠭ ᠤᠨ ᠳᠠᠷᠤᠭᠳᠠᠮᠠᠯ ᠬᠡᠷᠡᠭ ᠢ ᠠᠮᠵᠢᠯᠲᠠ ᠲᠠᠢ ᠪᠠᠷ ᠳᠡᠩᠨᠡᠨ ᠢᠯᠡᠷᠡᠭᠦᠯᠪᠡ᠃     2006 ᠣᠨ ᠤ 6 ᠳ᠋ᠤᠭᠠᠷ ᠰᠠᠷ᠎ᠠ ᠶᠢᠨ 8 ᠤ ᠥᠷᠯᠥᠭᠡ᠂ ᠪᠠᠶᠠᠨᠨᠠᠭᠤᠷ ᠬᠤᠲᠠ ᠶᠢᠨ ᠳ᠋ᠧᠩᠺᠸᠦ ᠰᠢᠶᠠᠨ ᠳᠤ ᠨᠢᠭᠡ ᠤᠳᠠᠭᠠᠨ ᠤ ᠠᠮᠢᠨ ᠬᠡᠷᠡᠭ ᠭᠠᠷᠴᠤ᠂ ᠲᠤᠬᠠᠶ ᠶᠢᠨ ᠦᠶ᠎ᠡ ᠶᠢᠨ ᠲᠠᠩᠨᠠᠨ ᠢᠯᠡᠷᠡᠭᠦᠯᠬᠦ ᠨᠥᠬᠦᠴᠡᠯ ᠤᠨ ᠬᠢᠵᠠᠭᠠᠷᠯᠠᠯ ᠠᠴᠠ ᠪᠣᠯᠵᠤ᠂ ᠬᠡᠷᠡᠭ ᠢ ᠰᠢᠪᠲᠤᠯᠤᠯᠲᠠ ᠶᠢᠨ ᠴᠢᠨᠠᠷᠲᠠᠶ ᠠᠬᠢᠴᠠ ᠦᠭᠡᠢ ᠪᠠᠶᠢᠪᠠ᠃ 2020 ᠣᠨ ᠤ ᠠᠮᠢᠨ ᠬᠡᠷᠡᠭ ᠤᠨ ᠳᠠᠷᠤᠭᠳᠠᠮᠠᠯ ᠬᠡᠷᠡᠭ ᠢ ᠰᠢᠢᠳᠪᠦᠷᠢᠯᠡᠬᠦ ᠲᠤᠰᠬᠠᠶ ᠠᠵᠢᠯᠯᠠᠭ᠎ᠠ ᠳᠤᠮᠳᠠ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠲᠣᠰ ᠬᠡᠷᠡᠭ ᠢ ᠪᠠᠶᠢᠴᠠᠭᠠᠬᠤ ᠮᠠᠲ᠋ᠧᠷᠢᠶᠠᠯ ᠢ ᠳᠣᠲᠣᠭᠠᠳᠤ ᠶᠢ ᠬᠠᠮᠠᠭᠠᠯᠠᠬᠤ ᠶᠠᠮᠤᠨ ᠤ ᠪᠣᠳᠠᠰ ᠤᠨ ᠭᠡᠷᠡᠴᠢ ᠶᠢ ᠬᠢᠨᠠᠨ ᠲᠣᠭᠲᠠᠭᠠᠬᠤ ᠲᠥᠪ ᠲᠤ ᠣᠯᠠᠨ ᠤᠳᠠᠭ᠎ᠠ ᠬᠦᠷᠭᠡᠵᠦ DNA ᠬᠡᠯᠪᠡᠷᠢ ᠶᠢᠨ ᠪᠠᠶᠢᠴᠠᠭᠠᠨ ᠰᠢᠯᠭᠠᠬᠤ ᠬᠠᠷᠢᠴᠠᠯ ᠢ ᠥᠷᠨᠢᠭᠦᠯᠵᠦ᠂ ᠴᠥᠮ ᠦᠷ᠎ᠡ ᠳ᠋ᠦᠩ ᠭᠠᠷᠤᠭᠰᠠᠨ ᠦᠭᠡᠢ᠃ ᠡᠨᠡ ᠬᠦ ᠪᠠᠶᠢᠳᠠᠯ ᠤᠨ ᠡᠮᠦᠨ᠎ᠡ᠂ ᠯᠢ ᠯᠧ ᠺᠠᠶ ᠳᠣᠲᠣᠭᠠᠳᠤ ᠶᠢ ᠬᠠᠮᠠᠭᠠᠯᠠᠬᠤ ᠶᠠᠮᠤᠨ ᠤ ᠮᠡᠷᠭᠡᠵᠢᠯᠲᠡᠳ ᠲᠠᠢ ᠰᠢᠯᠭᠠᠨ ᠪᠠᠶᠢᠴᠠᠭᠠᠬᠤ ᠠᠷᠭ᠎ᠠ ᠪᠣᠯᠤᠨ ᠮᠡᠷᠭᠡᠵᠢᠯ ᠤᠨ ᠲᠤᠬᠠᠶ ᠳᠠᠬᠢᠨ ᠳᠠᠪᠲᠠᠨ ᠰᠣᠯᠢᠯᠴᠠᠵᠤ᠂ ᠬᠠᠷᠢᠴᠠᠭᠤᠯᠬᠤ ᠰᠡᠳᠬᠢᠮᠵᠢ ᠪᠠᠨ ᠦᠳᠲᠡᠷ ᠲᠦᠷᠭᠡᠨ ᠲᠣᠬᠢᠷᠠᠭᠤᠯᠵᠤ᠂ ᠨᠢᠭᠡ ᠵᠢᠯ ᠭᠠᠷᠤᠶ ᠶᠢᠨ ᠬᠤᠭᠤᠴᠠᠭᠠᠨ ᠳᠤ ᠲᠡᠳᠡ ᠤᠷᠢᠳ ᠬᠤᠵᠢᠳ 5 ᠮᠤᠵᠢ ᠬᠤᠲᠠ ᠶᠢᠨ 300 ᠭᠠᠷᠤᠶ ᠬᠥᠮᠦᠨ ᠢ ᠰᠢᠯᠭᠠᠨ ᠪᠠᠶᠢᠴᠠᠭᠠᠵᠤ ᠬᠠᠷᠢᠴᠠᠭᠤᠯᠤᠨ ᠠᠳᠠᠯᠢᠳᠬᠠᠪᠠ᠃ 2022 ᠣᠨ ᠤ 3 ᠳ᠋ᠤᠭᠠᠷ ᠰᠠᠷ᠎ᠠ ᠶᠢᠨ 14 ᠤ ᠡᠳᠦᠷ᠂ ᠯᠢ ᠯᠧ ᠺᠠᠢ ᠡᠷᠡᠭᠲᠡᠢ ᠶᠢᠨ ᠭᠡᠷ ᠪᠦᠯᠢ ᠶᠢᠨ ᠪᠠᠢᠴᠠᠭᠠᠯᠲᠠ ᠶᠢᠨ ᠰᠢᠰᠲ᠋ᠧᠮ ᠢᠶᠠᠷ ᠳᠠᠮᠵᠢᠨ ᠪᠠᠶᠠᠨᠨᠠᠭᠤᠷ ᠬᠤᠲᠠ ᠶᠢᠨ ᠦᠶᠤᠸᠠᠨ ᠰᠢᠶᠠᠨ ᠤ ᠶᠠᠩ ᠣᠪᠣᠭᠲᠤ ᠭᠡᠷ ᠤᠨ ᠰᠠᠯᠪᠤᠷᠢ ᠨᠢ ᠬᠠᠮᠤᠭ ᠤᠨ ᠣᠯᠠᠨ᠂ ᠬᠠᠷᠢᠴᠠᠭᠤᠯᠬᠤ ᠬᠡᠪᠴᠢᠶ᠎ᠡ ᠨᠢ ᠬᠠᠮᠤᠭ ᠤᠨ ᠥᠷᠭᠡᠨ ᠪᠠᠶᠢᠵᠤ᠂ ᠯᠢ ᠯᠧ ᠺᠠᠢ 3 ᠡᠳᠦᠷ ᠰᠥᠨᠢ ᠦᠭᠡᠢ ᠠᠵᠢᠯᠯᠠᠵᠤ᠂ ᠲᠠᠰᠤᠷᠠᠯᠲᠠ ᠦᠭᠡᠢ ᠰᠢᠯᠭᠠᠨ ᠪᠠᠢᠴᠠᠭᠠᠵᠤ᠂ ᠬᠦᠷᠢᠶ᠎ᠡ ᠬᠡᠪᠴᠢᠶ᠎ᠡ ᠶᠢ ᠨᠢ ᠪᠠᠭᠠᠰᠬᠠᠵᠤ᠂ ᠡᠴᠦᠰ ᠲᠤ ᠪᠠᠨ ᠨᠢᠩᠰᠢᠶᠠ ᠶᠢᠨ ᠡᠦ ᠵᠦᠩ ᠬᠤᠲᠠ ᠳᠤ ᠰᠠᠭᠤᠵᠤ ᠪᠠᠢᠭ᠎ᠠ ᠶᠠᠩ ᠣᠪᠣᠭᠲᠤ ᠶᠢ ᠠᠮᠵᠢᠯᠲᠠ ᠲᠠᠢ ᠬᠦᠮᠦᠨ ᠠᠯᠠᠭᠰᠠᠨ ᠶᠠᠯᠠᠳᠠᠨ ᠢᠶᠠᠷ ᠲᠣᠳᠤᠯᠠᠪᠠ᠃ ᠰᠢᠭᠦᠨ ᠠᠰᠠᠭᠤᠬᠤ ᠳᠤᠮᠳᠠ᠂ ᠶᠠᠩ ᠣᠪᠣᠭᠲᠤ ᠥᠪᠡᠷ ᠤᠨ ᠶᠠᠯᠠᠲᠤ ᠠᠵᠢᠯᠯᠠᠭ᠎ᠠ ᠪᠠᠨ ᠪᠤᠷᠤᠩᠬᠤᠶᠢᠯᠠᠭᠰᠠᠨ ᠳᠤ᠂ ᠯᠢ ᠯᠧ ᠺᠠᠢ ᠶᠢᠨ ᠭᠠᠷᠭᠠᠭᠰᠠᠨ DNA ᠶᠢᠨ ᠮᠡᠳᠡᠭᠦᠯᠦᠯᠲᠡ ᠶᠢ ᠲᠡᠭᠦᠨ ᠤ ᠡᠮᠦᠨ᠎ᠡ ᠲᠠᠯᠪᠢᠬᠤ ᠦᠶ᠎ᠡ ᠳᠤ᠂ ᠶᠠᠩ ᠣᠪᠣᠭᠲᠤ ᠰᠠᠶ᠋ᠢ ᠠᠮᠠ ᠰᠤᠯᠠᠯᠠᠵᠤ᠂ ᠲᠤᠬᠠᠶ ᠶᠢᠨ ᠵᠢᠯ ᠤᠨ ᠪᠤᠯᠢᠶᠠᠨ ᠳᠡᠭᠡᠷᠡᠮᠳᠡᠵᠦ ᠬᠥᠮᠦᠨ ᠠᠯᠠᠭᠰᠠᠨ ᠶᠠᠯ᠎ᠠ ᠶᠢᠨ ᠪᠣᠳᠠᠲᠤ ᠶᠠᠪᠤᠳᠠᠯ ᠢᠶᠠᠨ ᠥᠴᠢᠭᠯᠡᠪᠡ᠃
 微信图片_20230223111602.jpg  
     2012 ᠣᠨ ᠤ 7 ᠳ᠋ᠤᠭᠠᠷ ᠰᠠᠷ᠎ᠠ ᠶᠢᠨ 18 ᠤ ᠣᠷᠣᠢ᠂ ᠪᠠᠶᠠᠨᠨᠠᠭᠤᠷ ᠬᠤᠲᠠ ᠶᠢᠨ ᠬᠠᠩᠭᠢᠨ ᠬᠤᠶᠢᠲᠤ ᠬᠤᠰᠢᠭᠤᠨ ᠤ ᠱᠠᠮᠪᠠ ᠪᠠᠯᠭᠠᠰᠤᠨ ᠤ ᠨᠢᠶᠧ ᠣᠪᠣᠭᠲᠤ ᠶᠢᠨ ᠭᠡᠷ ᠲᠤ ᠨᠢᠭᠡ ᠡᠷᠡᠭᠲᠡᠢ ᠣᠷᠣᠵᠤ ᠪᠤᠯᠢᠶᠠᠨ ᠳᠡᠭᠡᠷᠡᠮᠳᠡᠵᠦ ᠬᠦᠴᠦᠷᠬᠡᠭᠯᠡᠨ ᠨᠦᠵᠢᠳᠯᠡᠭᠰᠡᠨ ᠬᠡᠷᠡᠭ ᠭᠠᠷᠪᠠ᠃ ᠲᠤᠬᠠᠶ ᠶᠢᠨ ᠲᠠᠯᠠᠪᠤᠷ ᠠᠴᠠ ᠭᠠᠷᠭᠠᠵᠤ ᠠᠪᠤᠭᠰᠠᠨ ᠪᠣᠳᠠᠰ ᠤᠨ ᠭᠡᠷᠡᠴᠢ ᠴᠥᠭᠡᠨ ᠪᠣᠯᠬᠤᠷ ᠲᠤᠬᠠᠶ ᠶᠢᠨ ᠭᠠᠵᠠᠷ ᠤᠨ ᠴᠠᠭᠳᠠᠭᠠᠨ ᠤ ᠲᠠᠯ᠎ᠠ ᠶᠢᠨ ᠬᠢᠨ ᠬᠡᠳᠦ᠋ᠢᠪᠡᠷ ᠶᠡᠭᠡ ᠬᠡᠮᠵᠢᠶᠡᠨ ᠤ ᠪᠠᠶᠢᠴᠠᠭᠠᠯᠲᠠ ᠬᠢᠭᠰᠡᠨ ᠪᠣᠯᠪᠠᠴᠤ ᠬᠡᠷᠡᠭ ᠢ ᠲᠠᠩᠨᠠᠨ ᠢᠯᠡᠷᠡᠭᠦᠯᠬᠦ ᠨᠢ ᠰᠢᠪᠲᠤᠯᠤᠯᠲᠠ ᠶᠢᠨ ᠴᠢᠨᠠᠷᠲᠠᠶ ᠠᠮᠵᠢᠯᠲᠠ ᠣᠯᠤᠭᠰᠠᠨ ᠦᠭᠡᠶ᠃ ᠰᠡᠭᠦᠯᠴᠢ ᠶᠢᠨ ᠲᠠᠪᠤᠨ ᠵᠢᠯ ᠤᠨ ᠬᠤᠭᠤᠴᠠᠭᠠᠨ ᠳᠤ᠂ ᠬᠠᠩᠭᠢᠨ ᠬᠤᠶᠢᠲᠤ ᠬᠤᠰᠢᠭᠤᠨ ᠳᠤ ᠪᠠᠰᠠ ᠣᠯᠠᠨ ᠤᠳᠠᠭ᠎ᠠ ᠭᠡᠷ ᠲᠤ ᠣᠷᠣᠵᠤ ᠪᠤᠯᠢᠶᠠᠨ ᠳᠡᠭᠡᠷᠡᠮᠳᠡᠵᠦ ᠬᠦᠴᠦᠷᠬᠡᠭᠯᠡᠨ ᠨᠦᠵᠢᠳᠯᠡᠭᠰᠡᠨ ᠬᠡᠷᠡᠭ ᠡᠭᠦᠰᠴᠦ᠂ ᠨᠡᠶᠢᠭᠡᠮ ᠤᠨ ᠴᠢᠩᠭ᠎ᠠ ᠲᠤᠰᠬᠠᠯ ᠭᠠᠷᠪᠠ᠃ ᠯᠢ ᠯᠧ ᠺᠠᠶ ᠲᠤᠬᠠᠢ ᠶᠢᠨ ᠲᠠᠯᠠᠪᠤᠷ ᠤᠨ ᠪᠣᠳᠠᠰ ᠤᠨ ᠭᠡᠷᠡᠴᠢ ᠠᠴᠠ ᠡᠷᠡᠭᠲᠡᠢ ᠶᠢᠨ DNA ᠬᠤᠪᠢᠶᠠᠷᠢ ᠬᠡᠯᠪᠡᠷᠢ ᠶᠢ ᠪᠠᠶᠢᠴᠠᠭᠠᠨ ᠭᠠᠷᠭᠠᠭᠰᠠᠨ ᠪᠥᠭᠡᠳ ᠲᠣᠰ ᠬᠡᠷᠡᠭ ᠢ ᠠᠷᠪᠠᠨ ᠵᠢᠯ ᠮᠥᠷᠳᠡᠵᠦ᠂ ᠡᠴᠦᠰ ᠲᠤ ᠪᠠᠨ 2022 ᠣᠨ ᠤ 1 ᠳ᠋ᠦ᠋ᠭᠡᠷ ᠰᠠᠷ᠎ᠠ ᠶᠢᠨ 11 ᠤ ᠡᠳᠦᠷ ᠡᠷᠡᠭᠲᠡᠢ ᠶᠢᠨ ᠭᠡᠷ ᠪᠦᠯᠢ ᠶᠢᠨ ᠵᠢᠭᠰᠠᠭᠠᠨ ᠪᠠᠶᠢᠴᠠᠭᠠᠬᠤ ᠰᠢᠰᠲ᠋ᠧᠮ ᠢ ᠠᠰᠢᠭᠯᠠᠨ ᠶᠠᠯ᠎ᠠ ᠬᠢᠭᠰᠡᠨ ᠰᠡᠵᠢᠭᠳᠡᠨ ᠵᠤᠤ ᠣᠪᠣᠭᠲᠤ ᠶᠢ ᠡᠷᠢᠯᠬᠢᠯᠡᠨ ᠭᠠᠷᠭᠠᠪᠠ᠃ ᠪᠠᠶᠢᠴᠠᠭᠠᠭᠰᠠᠨ ᠢᠶᠠᠷ᠂ 2012 ᠣᠨ ᠠᠴᠠ 2022 ᠤᠨ ᠪᠣᠯᠲᠠᠯᠠᠬᠢ ᠬᠤᠭᠤᠴᠠᠭᠠᠨ ᠳᠤ᠂ ᠵᠤᠤ ᠣᠪᠣᠭᠲᠤ ᠵᠡᠪᠰᠡᠭ ᠠᠳᠬᠤᠨ ᠭᠡᠷ ᠲᠤ ᠣᠷᠣᠵᠤ ᠬᠦᠴᠦᠷᠬᠡᠭᠯᠡᠨ ᠨᠦᠵᠢᠳᠯᠡᠭᠰᠡᠨ᠂ ᠲᠤᠨᠤᠨ ᠳᠡᠭᠡᠷᠡᠮᠳᠡᠭᠰᠡᠨ ᠬᠡᠷᠡᠭ 7 ᠤᠳᠠᠭ᠎ᠠ ᠦᠢᠯᠡᠳᠴᠦ᠂ ᠬᠡᠷᠡᠭ ᠦᠢᠯᠡᠳᠬᠦ ᠭᠡᠳ 20 ᠭᠠᠷᠤᠢ ᠤᠳᠠᠭ᠎ᠠ ᠦᠯᠦ ᠵᠠᠪᠳᠤᠪᠠ᠃    2020 ᠣᠨ ᠤ ᠰᠡᠭᠦᠯᠴᠢ ᠪᠣᠯᠬᠤ ᠳᠤ᠂ ᠳᠣᠲᠣᠭᠠᠳᠤ ᠶᠢ ᠬᠠᠮᠠᠭᠠᠯᠠᠬᠤ ᠶᠠᠮᠤᠨ ᠪᠥᠬᠦ ᠤᠯᠤᠰ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢ ᠵᠣᠬᠢᠶᠠᠨ ᠪᠠᠶᠢᠭᠤᠯᠤᠨ᠂ ᠮᠡᠬᠡᠯᠡᠭᠳᠡᠨ ᠬᠤᠳᠠᠯᠳᠤᠭᠳᠠᠭᠰᠠᠨ ᠬᠡᠦᠬᠡᠳ ᠤᠨ ︽ᠭᠡᠷ ᠪᠦᠯᠢ ᠲᠠᠢ ᠪᠠᠨ ᠠᠭᠤᠯᠵᠠᠬᠤ︾ ᠡᠷᠢᠬᠦ ᠠᠵᠢᠯᠯᠠᠭ᠎ᠠ ᠶᠢ ᠥᠷᠨᠢᠭᠦᠯᠵᠦ᠂ ᠯᠢ ᠯᠧ ᠺᠠᠢ ᠨᠢᠭᠡᠨᠳᠡ ᠰᠠᠯᠵᠤ ᠪᠤᠲᠠᠷᠠᠭᠰᠠᠨ 10 ᠡᠷᠥᠬᠡ ᠶᠢ ᠠᠮᠵᠢᠯᠲᠠᠳᠠᠢ ᠠᠭᠤᠯᠵᠠᠭᠤᠯᠪᠠ᠃    ︽ᠲᠥᠷᠥᠭᠰᠡᠨ ᠡᠴᠢᠭᠡ ᠡᠬᠡ ᠪᠠᠨ ᠤᠯᠬᠤ ᠪᠣᠯ ᠮᠢᠨᠦ ᠬᠠᠮᠤᠭ ᠤᠨ ᠶᠡᠭᠡ ᠬᠦᠰᠡᠯ ᠡᠷᠡᠮᠡᠯᠵᠡᠯ ᠮᠥᠨ᠂ ᠪᠢ ᠮᠠᠰᠢ ᠤᠯᠠᠨ ᠭᠠᠵᠠᠷ ᠣᠴᠢᠵᠤ ᠡᠷᠢᠵᠦ ᠦᠵᠡᠯ᠎ᠡ᠂ ᠡᠯᠳᠡᠪ ᠵᠦᠢᠯ ᠤᠨ ᠠᠷᠭ᠎ᠠ ᠶᠢ ᠪᠦᠷ ᠪᠤᠳᠤᠪᠠ ᠁︾᠃ 2022 ᠣᠨ ᠤ 8 ᠳ᠋ᠤᠭᠠᠷ ᠰᠠᠷ᠎ᠠ ᠳᠤ᠂ ᠰᠦᠨ ᠠᠪᠤᠭᠠᠢ ᠥᠪᠥᠷ ᠮᠣᠩᠭᠤᠯ ᠤᠨ ᠷᠠᠳᠢᠣ᠋ ᠲᠧᠯᠸᠢᠰ ᠬᠤᠷᠢᠶ᠎ᠠ ᠪᠠᠷ ᠳᠠᠮᠵᠢᠨ ᠪᠠᠶᠠᠨᠨᠠᠭᠤᠷ ᠬᠤᠳᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠳᠤ ᠲᠤᠰᠠᠯᠠᠮᠵᠢ ᠭᠤᠶᠤᠴᠢᠯᠠᠵᠤ᠂ ᠴᠠᠭᠳᠠᠭᠠᠨ ᠤ ᠲᠠᠯ᠎ᠠ ᠠᠴᠠ ᠲᠡᠭᠦᠨ ᠢ ᠬᠠᠪᠰᠤᠷᠤᠨ ᠲᠡᠭᠦᠨ ᠢ ᠣᠯᠠᠨ ᠵᠢᠯ ᠰᠠᠯᠵᠤ ᠪᠠᠶᠢᠭ᠎ᠠ ᠲᠦᠷᠦᠭᠰᠡᠨ ᠠᠪᠤ ᠡᠵᠢ ᠶᠢ ᠨᠢ ᠡᠷᠢᠵᠦ ᠣᠯᠵᠤ ᠥᠭᠬᠦ ᠶᠢ ᠬᠦᠰᠡᠪᠡ᠃    ᠲᠤᠰᠠᠯᠠᠮᠵᠢ ᠭᠤᠶᠤᠭᠰᠠᠨ ᠢ ᠣᠯᠤᠭᠰᠠᠨ ᠤ ᠳᠠᠷᠠᠭ᠎ᠠ᠂ ᠯᠢ ᠯᠧ ᠺᠠᠶ ᠠᠴᠠ ᠴᠢᠰᠤ ᠠᠪᠴᠤ ᠵᠢᠭᠰᠠᠭᠠᠨ ᠪᠠᠶᠢᠴᠠᠭᠠᠬᠤ᠂ ᠮᠡᠳᠡᠭᠡ ᠵᠠᠩᠭᠢ ᠶᠢᠨ ᠬᠠᠷᠢᠴᠠᠭᠤᠯᠤᠯ ᠢᠶᠠᠷ ᠳᠠᠮᠵᠢᠭᠤᠯᠤᠨ᠂ ᠮᠠᠲ᠋ᠧᠷᠢᠶᠠᠯ ᠪᠠ DNA ᠶᠢᠨ ᠵᠠᠳᠠᠯᠤᠯᠲᠠ ᠶᠢᠨ ᠦᠷ᠎ᠡ ᠳ᠋ᠦᠩ ᠢ ᠦᠨᠳᠦᠰᠦᠯᠡᠨ᠂ ᠰᠦᠨ ᠠᠪᠤᠭᠠᠶ ᠶᠢ ᠬᠠᠪᠰᠤᠷᠤᠨ ᠬᠡᠷ ᠤᠨ ᠬᠥᠮᠦᠰ ᠢ ᠨᠢ ᠡᠷᠢᠨ ᠣᠯᠵᠤ᠂ 40 ᠭᠠᠷᠤᠶ ᠵᠢᠯ ᠤᠨ ᠶᠠᠰᠤ ᠮᠢᠬᠠᠨ ᠤ ᠰᠠᠯᠤᠯᠲᠠ ᠡᠴᠦᠰ ᠲᠤ ᠪᠠᠨ ᠠᠭᠤᠯᠵᠠᠯᠲᠠ ᠪᠠᠷ ᠳᠡᠭᠦᠰᠪᠡ᠃      
ᠢᠷᠡᠯᠲᠡ᠄ ᠪᠠᠶᠠᠨᠨᠠᠭᠤᠷ ᠬᠤᠲᠠ ᠶᠢᠨ ᠲᠤᠳᠤᠭᠠᠳᠤ ᠶᠢᠨ ᠬᠠᠮᠠᠭᠠᠯᠠᠬᠤ ᠲᠣᠪᠴᠢᠶ᠎ᠠ
Baidu
map