ᠪᠦᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠢᠨ ᠤᠯᠠᠨ ᠲᠠᠯ᠎ᠠ ᠠᠴᠠ ᠦᠷᠭᠦᠯᠵᠢᠯᠡᠨ ᠬᠦᠴᠦᠯᠡᠨ ᠣᠨ ᠤ ᠠᠵᠢᠯ ᠤᠨ ᠡᠭᠦᠷᠭᠡ ᠪᠠᠨ ᠠᠮᠵᠢᠯᠲᠠ ᠲᠠᠢ ᠲᠡᠭᠦᠰᠬᠡᠬᠦ ᠶᠢ ᠪᠠᠲᠤᠯᠠᠬᠤ ᠪᠠᠷ ᠴᠢᠷᠮᠠᠶᠢᠪᠠ
ᠨᠡᠶᠢᠲᠡᠯᠡᠭᠰᠡᠨ ᠴᠠᠭ᠄
2023/11/8
      ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠨᠠᠮ ᠤᠨ ᠬᠤᠷᠢᠶ᠎ᠠ ᠠᠴᠠ ︽ᠲᠠᠪᠤᠨ ᠶᠡᠭᠡ ᠭᠠᠷᠳᠠᠴᠠ︾ ᠪᠠᠷ ᠵᠠᠭᠤᠨ ᠡᠳᠦᠷ ᠤᠨ ᠪᠣᠭᠤᠮᠲᠠ ᠰᠢᠪᠲᠤᠯᠬᠤ ᠠᠵᠢᠯ ᠢ ᠪᠠᠶᠢᠷᠢᠯᠠᠭᠤᠯᠤᠨ ᠥᠷᠨᠢᠭᠦᠯᠦᠭᠰᠡᠨ ᠠᠴᠠ ᠨᠠᠭᠠᠰᠢ᠂ ᠪᠦᠬᠦ ᠣᠷᠣᠨ ᠤ ᠡᠯ᠎ᠡ ᠱᠠᠲᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠪᠣᠯᠤᠨ ᠥᠷᠭᠡᠨ ᠣᠯᠠᠨ ᠠᠷᠠᠳ ᠤᠨ ᠴᠠᠭᠳᠠᠭ᠎ᠠ ᠵᠠᠷᠯᠢᠭ ᠢᠶᠠᠷ ᠬᠥᠳᠡᠯᠦᠯᠴᠡᠵᠦ᠂ ︽ᠬᠦᠨᠳᠦ ᠶᠡᠭᠡ ᠠᠶᠤᠯ ᠲᠦᠭᠰᠢᠭᠦᠷᠢ ᠶᠢ ᠶᠡᠭᠡ ᠪᠠᠷ ᠠᠷᠢᠯᠭᠠᠬᠤ᠂ ᠭᠤᠣᠯᠳᠠᠯᠭ᠎ᠠ ᠲᠠᠢ ᠬᠡᠷᠡᠭ ᠢ ᠶᠡᠭᠡ ᠪᠠᠷ ᠰᠢᠪᠲᠤᠯᠬᠤ᠂ ᠴᠢᠬᠤᠯᠠ ᠥᠭᠡᠷᠡᠴᠢᠯᠡᠯᠲᠡ ᠶᠢ ᠶᠡᠭᠡ ᠪᠠᠷ ᠭᠦᠨᠵᠡᠭᠡᠶᠢᠷᠡᠭᠦᠯᠬᠦ᠂ ᠰᠤᠷᠲᠠᠯ ᠢ ᠶᠡᠭᠡ ᠪᠠᠷ ᠬᠤᠪᠢᠷᠠᠭᠤᠯᠬᠤ᠂ ᠪᠦᠬᠦ ᠵᠢᠯ ᠤᠨ ᠬᠠᠷᠠᠯᠲᠠ ᠶᠢ ᠶᠡᠭᠡ ᠪᠠᠷ ᠨᠠᠶᠢᠳᠠᠪᠤᠷᠢᠵᠢᠭᠤᠯᠬᠤ︾ ᠶᠢ ᠭᠦᠨᠵᠡᠭᠡᠶ ᠠᠬᠢᠭᠤᠯᠵᠤ᠂ ᠣᠨ ᠤ ᠠᠵᠢᠯ ᠤᠨ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠬᠦ ᠬᠠᠷᠢᠭᠤᠴᠠᠯᠭᠠᠲᠤ ᠰᠡᠳᠬᠢᠯᠭᠡ ᠪᠠᠷ᠂ ᠵᠠᠭᠤᠨ ᠭᠠᠵᠠᠷ ᠤᠨ ᠶᠡᠷᠡ ᠶᠢ ᠶᠠᠪᠤᠪᠠᠯ ᠰᠠᠶ᠋ᠢ ᠬᠠᠭᠠᠰᠯᠠᠭᠰᠠᠨ ᠢᠶᠠᠷ ᠪᠤᠳᠤᠬᠤ ᠰᠡᠳᠬᠢᠯᠭᠡ ᠪᠠᠷ᠂ ᠤᠯᠠᠨ ᠲᠡᠰ ᠳᠠᠪᠬᠤᠷᠭ᠎ᠠ᠂ ᠤᠯᠠᠨ ᠲᠠᠯ᠎ᠠ ᠪᠠᠷ ᠠᠵᠢᠯ ᠢᠶᠠᠨ ᠪᠠᠶᠢᠴᠠᠭᠠᠨ ᠦᠵᠡᠵᠦ᠂ ᠤᠯᠠᠨ ᠠᠷᠭ᠎ᠠ ᠵᠠᠮ᠂ ᠤᠯᠠᠨ ᠠᠷᠭ᠎ᠠ ᠬᠡᠮᠵᠢᠶ᠎ᠡ ᠪᠠᠷ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠪᠦᠬᠦ ᠣᠷᠣᠨ ᠤ ᠨᠡᠶᠢᠭᠡᠮ ᠤᠨ ᠶᠡᠭᠡ ᠲᠠᠯ᠎ᠠ ᠶᠢᠨ ᠦᠷᠭᠦᠯᠵᠢᠯᠡᠨ ᠠᠮᠤᠷ ᠲᠦᠪᠰᠢᠨ ᠲᠣᠭᠲᠠᠭᠤᠨ ᠢ ᠬᠠᠮᠠᠭᠠᠯᠠᠬᠤ ᠶᠢᠨ ᠲᠥᠯᠥᠭᠡ ᠬᠦᠴᠦᠯᠡᠨ ᠴᠢᠷᠮᠠᠶᠢᠵᠤ᠂ ᠦᠷᠭᠦᠯᠵᠢᠯᠡᠨ ᠲᠡᠮᠡᠴᠡᠵᠦ᠂ ᠰᠢᠨ᠎ᠡ ᠨᠡᠩ ᠶᠡᠭᠡ ᠢᠯᠠᠯᠲᠠ ᠶᠢ ᠲᠡᠮᠡᠴᠡᠨ ᠣᠯᠤᠶ᠎ᠠ︕
公安厅1.jpg
      ᠲᠦᠷᠦᠭᠦᠬᠡᠨ ᠬᠤᠷᠠᠯᠳᠤᠭᠤᠯᠤᠭᠰᠠᠨ ᠪᠥᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ 10 ᠳ᠋ᠤᠭᠠᠷ ᠰᠠᠷ᠎ᠠ ᠶᠢᠨ ᠭᠤᠤᠯᠳᠠᠯᠭ᠎ᠠ ᠲᠠᠢ ᠠᠵᠢᠯ ᠤᠨ ᠲᠣᠬᠢᠷᠠᠭᠤᠯᠤᠯᠲᠠ ᠶᠢᠨ ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠨᠠᠮ ᠤᠨ ᠬᠤᠷᠢᠶ᠎ᠠ ᠠᠴᠠ ᠡᠨᠡ ᠵᠢᠯ ᠤᠨ ᠳᠥᠷᠪᠡᠳᠦᠭᠡᠷ ᠤᠯᠠᠷᠢᠯ ᠤᠨ ᠠᠵᠢᠯ ᠵᠢᠴᠢ ᠣᠳᠣᠬᠠᠨ ᠤ ᠭᠤᠤᠯᠳᠠᠯᠭ᠎ᠠ ᠲᠠᠢ ᠡᠭᠦᠷᠭᠡ ᠶᠢ ᠪᠠᠶᠢᠷᠢᠯᠠᠭᠤᠯᠵᠤ᠂ ᠨᠠᠮᠤᠷ ᠡᠪᠦᠯ ᠤᠨ ᠤᠯᠠᠷᠢᠯ ᠪᠣᠯ ᠬᠡᠷᠡᠭ︵ᠶᠠᠪᠤᠳᠠᠯ︶ ᠪᠠ ᠡᠯ᠎ᠡ ᠲᠥᠷᠥᠯ ᠤᠨ ᠠᠮᠤᠷ ᠲᠦᠪᠰᠢᠨ ᠤ ᠠᠳᠡᠯ ᠠᠮᠠᠷᠬᠠᠨ ᠡᠭᠦᠰᠬᠦ ᠣᠯᠠᠨ ᠡᠭᠦᠰᠬᠦ ᠤᠯᠠᠷᠢᠯ ᠮᠥᠨ᠂ ᠠᠮᠤᠷ ᠲᠦᠪᠰᠢᠨ ᠤ ᠠᠶᠤᠯ ᠲᠦᠭᠰᠢᠭᠦᠷᠢ ᠶᠢᠨ ᠳᠠᠯᠳᠠ ᠬᠡᠮ ᠢ ᠳᠣᠤᠷ᠎ᠠ ᠵᠢᠱᠢᠵᠦ ᠪᠣᠯᠬᠤ ᠥᠬᠡᠶ ᠭᠡᠵᠦ ᠵᠢᠭᠠᠵᠤ ᠭᠠᠷᠭᠠᠪᠠ᠃ ᠡᠭᠦᠨ ᠤ ᠲᠤᠯᠠᠳᠠ᠂ ᠲᠢᠩᠬᠢᠮ ᠤᠨ ᠨᠠᠮ ᠤᠨ ᠬᠤᠷᠢᠶ᠎ᠠ ᠪᠥᠬᠦ ᠣᠷᠣᠨ ᠤ ᠳᠣᠲᠣᠭᠠᠳᠤ ᠶᠢ ᠬᠠᠮᠠᠭᠠᠯᠠᠬᠤ  ᠪᠠᠶᠢᠭᠤᠯᠭ᠎ᠠ ᠳᠤ ︽ᠲᠠᠪᠤᠨ ᠶᠡᠭᠡ ᠭᠠᠷᠳᠠᠴᠠ︾ ᠪᠠᠷ ᠵᠠᠭᠤᠨ ᠡᠳᠦᠷ ᠤᠨ ᠪᠣᠭᠤᠮᠲᠠ ᠰᠢᠪᠲᠤᠯᠬᠤ ᠠᠵᠢᠯ ᠢ ᠪᠠᠶᠢᠷᠢᠯᠠᠭᠤᠯᠤᠨ ᠥᠷᠨᠢᠭᠦᠯᠵᠦ᠂ ︽ᠵᠣᠨ ᠤ ᠤᠯᠠᠷᠢᠯ ᠤᠨ ᠠᠮᠤᠷ ᠢ ᠬᠠᠮᠠᠭᠠᠯᠠᠬᠤ ᠠᠵᠢᠯ ᠳᠤ ᠴᠣᠬᠢᠯᠲᠠ ᠥᠭᠴᠦ ᠴᠡᠭᠴᠡᠯᠡᠨ ᠵᠠᠰᠠᠬᠤ ᠠᠵᠢᠯᠯᠠᠭ᠎ᠠ︾ ᠶᠢᠨ ᠦᠷ᠎ᠡ ᠪᠦᠳᠦᠮᠵᠢ ᠶᠢ ᠪᠠᠬᠢᠵᠢᠭᠦᠯᠦᠨ ᠥᠷᠭᠡᠳᠬᠡᠵᠦ᠂ ᠣᠨ ᠤ ᠠᠵᠢᠯ ᠤᠨ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠬᠦ ᠶᠢ ᠦᠨᠡᠨ ᠬᠦ ᠪᠠᠲᠤᠯᠠᠬᠤ ᠪᠠᠷ ᠲᠣᠭᠲᠠᠪᠠ᠃ ᠥᠷᠭᠡᠨ ᠤᠯᠠᠨ ᠳᠣᠲᠣᠭᠠᠳᠤ ᠶᠢ ᠬᠠᠮᠠᠭᠠᠯᠠᠬᠤ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠪᠦᠷᠢ ᠡᠷᠡᠯᠬᠡᠭᠯᠡᠨ ᠲᠡᠮᠡᠴᠡᠵᠦ᠂ ᠡᠷᠡᠰ ᠰᠢᠭᠤᠷᠬᠠᠢ ᠪᠠᠷ ᠬᠠᠮᠤᠭ ᠤᠨ ᠰᠠᠶᠢᠨ ᠪᠠᠶᠢᠳᠠᠯ᠂ ᠬᠠᠮᠤᠭ ᠤᠨ ᠬᠦᠴᠦᠷᠬᠡᠭ ᠰᠦᠷ ᠬᠦᠴᠦᠨ ᠲᠠᠢ᠂ ᠬᠠᠮᠤᠭ ᠤᠨ ᠰᠢᠯᠢᠳᠡᠭ ᠠᠮᠵᠢᠯᠲᠠ ᠪᠠᠷ ᠰᠢᠢᠳᠪᠦᠷᠢᠲᠦ ᠪᠠᠶᠢᠯᠳᠤᠭᠠᠨ ᠬᠢᠵᠦ 2023 ᠣᠨ ᠤ ᠰᠢᠢᠳᠪᠦᠷᠢᠲᠦ ᠢᠯᠠᠯᠲᠠ ᠶᠢ ᠤᠯᠬᠤ ᠬᠡᠷᠡᠭᠲᠡᠢ᠃       ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠳᠤ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ᠂ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠨᠠᠮ ᠤᠨ ᠬᠤᠷᠢᠶ᠎ᠠ ᠶᠢᠨ ᠱᠦᠵᠢ᠂ ᠲᠢᠩᠬᠢᠮ ᠤᠨ ᠳᠠᠷᠤᠭ᠎ᠠ ᠵᠧᠩ ᠭᠤᠸᠠᠩ ᠵᠤᠤ ᠶᠡᠷᠦᠩᠬᠡᠶ ᠵᠢᠯᠣᠭᠤᠳᠣᠭᠴᠢ᠂ ᠳᠣᠲᠣᠭᠠᠳᠤ ᠶᠢ ᠬᠠᠮᠠᠭᠠᠯᠠᠬᠤ ᠲᠢᠩᠬᠢᠮ ᠤᠨ 12 ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠨᠥᠬᠦᠳ ᠢᠶᠠᠷ ᠪᠦᠷᠢᠯᠳᠦᠬᠦᠨ ᠪᠣᠯᠭᠠᠭᠰᠠᠨ ᠪᠣᠭᠤᠮᠲᠠ ᠰᠢᠪᠲᠤᠯᠬᠤ ᠵᠢᠯᠣᠭᠤᠳᠬᠤ ᠭᠠᠵᠠᠷ ᠢ ᠪᠠᠶᠢᠭᠤᠯᠵᠤ᠂ ᠡᠯ᠎ᠡ ᠵᠦᠢᠯ ᠤᠨ ᠠᠵᠢᠯ ᠢ ᠪᠥᠬᠦ ᠲᠠᠯ᠎ᠠ ᠪᠠᠷ ᠨᠢᠭᠡᠳᠦᠯᠲᠡᠶ ᠲᠥᠯᠥᠪᠯᠡᠨ ᠪᠠᠶᠢᠷᠢᠯᠠᠭᠤᠯᠪᠠ᠃       ᠲᠢᠩᠬᠢᠮ ᠤᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠤᠨ ᠬᠢᠨ ᠰᠢᠪᠲᠤᠯᠤᠯᠲᠠ ᠶᠢᠨ ᠴᠢᠭᠯᠡᠯ ᠢᠶᠠᠨ ᠤᠯᠠᠮ ᠴᠢᠨᠠᠭᠰᠢᠳᠠ ᠲᠣᠳᠣᠷᠬᠠᠶᠢᠯᠠᠵᠤ᠂ ᠥᠨᠳᠥᠷ ᠪᠠᠷᠢᠮᠵᠢᠶ᠎ᠠ ᠪᠠᠷ ᠠᠬᠢᠭᠤᠯᠬᠤ᠂ ᠴᠢᠨᠠᠷ ᠰᠠᠶᠢᠲᠠᠢ ᠨᠠᠶᠢᠳᠠᠪᠤᠷᠢᠵᠢᠭᠤᠯᠬᠤ ᠶᠢ ᠪᠠᠷᠢᠮᠲᠠᠯᠠᠵᠤ᠂ ᠨᠢᠭᠡ ᠱᠠᠳᠤ ᠨᠢ ᠨᠢᠭᠡ ᠱᠠᠳᠤ ᠪᠠᠨ ᠠᠳᠬᠤᠬᠤ᠂ ᠱᠠᠳᠤ ᠱᠠᠳᠤ ᠪᠠᠷ ᠨᠠᠶᠢᠳᠠᠪᠤᠷᠢᠵᠢᠭᠤᠯᠤᠯᠲᠠ ᠶᠢ ᠠᠳᠬᠤᠬᠤ ᠨᠢᠭᠲᠠ ᠴᠢᠩᠭ᠎ᠠ ᠬᠠᠷᠢᠭᠤᠴᠠᠯᠭ᠎ᠠ ᠶᠢᠨ ᠬᠡᠯᠬᠢᠶ᠎ᠡ ᠶᠢ ᠪᠦᠷᠢᠯᠳᠦᠭᠦᠯᠪᠡ᠃ ᠲᠢᠩᠬᠢᠮ ᠤᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠲᠣᠪᠴᠢᠶ᠎ᠠ ᠨᠢ ᠲᠤᠰᠬᠠᠶ ᠵᠦᠢᠯ ᠢᠶᠠᠷ ᠰᠢᠮᠳᠠᠭᠤᠯᠤᠨ ᠪᠠᠶᠢᠴᠠᠭᠠᠬᠤ᠂ ᠰᠣᠯᠪᠢᠴᠠᠭᠤᠯᠤᠨ ᠬᠠᠷᠢᠯᠴᠠᠨ ᠪᠠᠶᠢᠴᠠᠭᠠᠬᠤ᠂ ᠭᠠᠵᠠᠷ ᠲᠤ ᠨᠢ ᠰᠠᠭᠤᠵᠤ ᠰᠢᠪᠠᠳᠠᠨ ᠵᠢᠯᠣᠭᠤᠳᠬᠤ ᠵᠡᠷᠭᠡ ᠠᠷᠭ᠎ᠠ ᠮᠠᠶ᠋ᠢᠭ ᠢ ᠶᠡᠷᠦᠩᠬᠡᠶᠢᠯᠡᠨ ᠬᠡᠷᠡᠭᠯᠡᠵᠦ᠂ ︽ᠪᠦᠬᠦᠨ ᠢ ᠬᠠᠮᠤᠷᠬᠤ᠂ ᠪᠥᠬᠦ ᠬᠡᠯᠬᠢᠶ᠎ᠡ᠂ ᠪᠥᠬᠦ ᠲᠠᠯ᠎ᠠ︾ ᠶᠢᠨ ᠰᠢᠪᠠᠳᠠᠨ ᠵᠢᠯᠣᠭᠤᠳᠴᠤ ᠪᠠᠶᠢᠴᠠᠭᠠᠬᠤ ᠶᠢ ᠥᠷᠨᠢᠭᠦᠯᠵᠦ᠂ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠪᠣᠳᠠᠲᠠᠶ ᠪᠠᠷ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠨ᠎ᠠ᠃
公安厅2.png
      ᠪᠦᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ︽ᠬᠤᠷᠢᠭ᠎ᠠ ᠱᠤᠭᠤᠮ ᠤᠨ ᠰᠡᠳᠬᠢᠬᠦᠢ︾ ᠶᠢ ᠪᠠᠲᠤ ᠪᠤᠢ ᠪᠣᠯᠭᠠᠵᠤ᠂ ᠬᠦᠨᠳᠦ ᠶᠡᠭᠡ ᠠᠶᠤᠯ ᠲᠦᠭᠰᠢᠭᠦᠷᠢ ᠶᠢ ᠪᠦᠬᠦᠨ ᠢ ᠠᠷᠢᠯᠭᠠᠬᠤ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ︔ ︽ᠠᠷᠠᠳ ᠤᠨ ᠲᠥᠯᠥᠭᠡ ᠪᠠᠶᠢᠬᠤ ᠣᠶᠢᠯᠠᠭᠠᠭᠳᠠᠬᠤᠨ︾ ᠢ ᠪᠠᠲᠤ ᠪᠠᠬᠢ ᠪᠣᠶ ᠪᠣᠯᠭᠠᠵᠤ᠂ ᠭᠤᠤᠯᠳᠠᠯᠭ᠎ᠠ ᠲᠠᠢ ᠬᠡᠷᠡᠭ ᠤᠨ ᠶᠡᠭᠡ ᠰᠢᠪᠲᠤᠯᠤᠯᠲᠠ ᠶᠢ ᠪᠥᠬᠦ ᠬᠦᠴᠦᠨ ᠢᠶᠠᠷ ᠢᠶᠠᠨ ᠳᠥᠯᠭᠢᠨ ᠠᠬᠢᠭᠤᠯᠬᠤ ᠬᠡᠷᠡᠭᠲᠡᠢ︔ ︽ᠰᠢᠰᠲ᠋ᠧᠮᠲᠦ ᠣᠶᠢᠯᠠᠭᠠᠭᠳᠠᠬᠤᠨ︾ ᠢ ᠪᠠᠲᠤ ᠪᠠᠬᠢ ᠪᠤᠢ ᠪᠣᠯᠭᠠᠵᠤ᠂ ᠴᠢᠬᠤᠯᠠ ᠥᠭᠡᠷᠡᠴᠢᠯᠡᠯᠲᠡ ᠶᠢ ᠶᠡᠬᠡᠪᠡᠷ ᠭᠦᠨᠵᠡᠭᠡᠶᠢᠷᠡᠭᠦᠯᠬᠦ ᠶᠢ ᠪᠦᠬᠦ ᠬᠦᠴᠦᠨ ᠢᠶᠠᠷ ᠠᠬᠢᠭᠤᠯᠬᠤ ᠬᠡᠷᠡᠭᠲᠡᠢ︔ ︽ᠮᠡᠷᠡᠶᠢᠨ ᠲᠡᠮᠡᠴᠡᠬᠦ ᠵᠣᠷᠢᠭ ᠰᠠᠨᠠᠭ᠎ᠠ︾ ᠶᠢ ᠪᠠᠲᠤ ᠪᠤᠢ ᠪᠣᠯᠭᠠᠵᠤ᠂ ᠰᠤᠷᠲᠠᠯ ᠤᠨ ᠶᠡᠭᠡ ᠬᠤᠪᠢᠷᠠᠯᠲᠠ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ︔︽ᠲᠠᠩᠰᠠ ᠲᠤᠰᠢᠶᠠᠬᠤ ᠤᠬᠠᠮᠰᠠᠷ︾ ᠢ ᠪᠠᠲᠤ ᠪᠠᠬᠢ ᠪᠣᠶ ᠪᠣᠯᠭᠠᠵᠤ᠂ ᠪᠥᠬᠦ ᠵᠢᠯ ᠤᠨ ᠬᠠᠷᠠᠯᠲᠠ ᠶᠢ ᠶᠡᠬᠡᠪᠡᠷ ᠨᠠᠶᠢᠳᠠᠪᠤᠷᠢᠵᠢᠭᠤᠯᠬᠤ ᠶᠢ ᠪᠥᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃       ᠤᠯᠤᠰ ᠲᠦᠷᠦ ᠶᠢᠨ ᠠᠮᠤᠷ ᠲᠦᠪᠰᠢᠨ ᠤ ᠠᠶᠤᠯ ᠲᠦᠭᠰᠢᠭᠦᠷᠢ ᠶᠢ ᠰᠡᠷᠭᠡᠶᠢᠯᠡᠬᠦ ᠠᠵᠢᠯ ᠢ ᠰᠠᠶᠢᠲᠤᠷ ᠬᠢᠭᠰᠡᠨ ᠰᠠᠭᠤᠷᠢᠨ ᠳᠡᠭᠡᠷ᠎ᠡ᠂ ᠨᠡᠶᠢᠭᠡᠮ ᠤᠨ ᠠᠮᠤᠷ ᠲᠦᠪᠰᠢᠨ᠂ ᠤᠯᠠᠨ ᠨᠡᠶᠢᠲᠡ ᠶᠢᠨ ᠠᠮᠤᠷ ᠲᠦᠪᠰᠢᠨ ᠵᠡᠷᠭᠡ ᠬᠦᠷᠢᠶᠡᠨ ᠳᠠᠬᠢ ᠬᠦᠨᠳᠦ ᠶᠡᠭᠡ ᠠᠶᠤᠯ ᠲᠦᠭᠰᠢᠭᠦᠷᠢ ᠶᠢ ᠭᠤᠣᠯᠳᠠᠯᠭ᠎ᠠ ᠲᠠᠢ ᠰᠡᠷᠭᠡᠶᠢᠯᠡᠵᠦ᠂ ᠭᠦᠨᠵᠡᠭᠡᠢ ᠲᠦᠢᠯᠪᠤᠷᠢᠲᠠᠢ ᠵᠢᠭᠰᠠᠭᠠᠨ ᠪᠠᠶᠢᠴᠠᠭᠠᠬᠤ ᠠᠵᠢᠯ ᠢ ᠥᠷᠨᠢᠭᠦᠯᠪᠡ᠃ ᠪᠤᠭᠤᠲᠤ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠪᠣᠯᠤᠨ ᠥᠪᠥᠷ ᠮᠣᠩᠭᠤᠯ ᠤᠨ ᠶᠡᠭᠡ ᠬᠢᠩᠭᠠᠨ ᠳᠠᠪᠠᠭ᠎ᠠ ᠶᠢᠨ ᠣᠶ ᠰᠢᠭᠤᠶ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠠᠵᠢᠯ ᠤᠨ ᠪᠣᠳᠠᠲᠤ ᠪᠠᠶᠢᠳᠠᠯ ᠢᠶᠠᠨ ᠦᠨᠳᠦᠰᠦᠯᠡᠨ᠂ ᠭᠤᠤᠯᠳᠠᠯᠭ᠎ᠠ ᠲᠠᠢ ᠨᠢᠭᠡᠴᠢ ᠪᠣᠯᠤᠨ ᠭᠤᠤᠯᠳᠠᠯᠭ᠎ᠠ ᠲᠠᠢ ᠠᠵᠢᠯ ᠲᠥᠷᠥᠯ ᠤᠨ ᠠᠮᠤᠷ ᠲᠦᠪᠰᠢᠨ ᠤ ᠪᠠᠶᠢᠴᠠᠭᠠᠯᠲᠠ ᠪᠠ ᠳᠠᠯᠳᠠ ᠬᠡᠮ ᠢ ᠵᠢᠭᠰᠠᠭᠠᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠳᠠᠯᠳᠠ ᠬᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠴᠢᠳᠠᠪᠤᠷᠢ ᠪᠠᠨ ᠦᠨᠡᠨ ᠬᠦ ᠳᠡᠭᠡᠭᠰᠢᠯᠡᠭᠦᠯᠦᠨ᠂ ᠡᠯ᠎ᠡ ᠲᠥᠷᠥᠯ ᠤᠨ ᠠᠶᠤᠯ ᠲᠦᠭᠰᠢᠭᠦᠷᠢ ᠶᠢᠨ ᠳᠠᠯᠳᠠ ᠬᠡᠮ ᠢ ︽ᠦᠨᠳᠦᠰᠦᠨ ᠠᠴᠠ ᠨᠢ ᠠᠷᠢᠯᠭᠠᠬᠤ︾ ᠶᠢ ᠪᠥᠬᠦ ᠬᠦᠴᠦᠨ ᠢᠶᠠᠷ ᠢᠶᠠᠨ ᠠᠬᠢᠭᠤᠯᠪᠠ᠃       ᠪᠥᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠢᠨ ︽ᠬᠡᠷᠡᠭ ᠡᠭᠦᠰᠬᠦ ᠶᠢ ᠬᠢᠵᠠᠭᠠᠷᠯᠠᠬᠤ᠂ ᠡᠭᠦᠰᠦᠭᠰᠡᠨ ᠬᠡᠷᠡᠭ ᠢ ᠢᠯᠡᠷᠡᠭᠦᠯᠬᠦ᠂ ᠳᠠᠷᠤᠭᠳᠠᠮᠠᠯ ᠬᠡᠷᠡᠭ ᠢ ᠠᠷᠢᠯᠭᠠᠬᠤ︾ ᠶᠢ ᠵᠡᠷᠭᠡ ᠪᠠᠷ ᠬᠦᠴᠦᠯᠡᠬᠦ ᠶᠢ ᠪᠠᠷᠢᠮᠲᠠᠯᠠᠵᠤ᠂ ᠳᠥᠷᠪᠡᠨ ᠲᠥᠷᠥᠯ ᠤᠨ ᠭᠤᠤᠯᠳᠠᠯᠭ᠎ᠠ ᠲᠠᠢ ᠬᠡᠷᠡᠭ ︵ᠠᠮᠢᠨ ᠬᠡᠷᠡᠭ ᠳᠠᠷᠤᠭᠳᠠᠮᠠᠯ ᠬᠡᠷᠡᠭ᠂ ᠲᠣᠮᠣ ᠬᠡᠷᠡᠭ ᠴᠢᠬᠤᠯᠠ ᠬᠡᠷᠡᠭ᠂ ᠳᠣᠲᠣᠭᠠᠳᠤ ᠶᠢ ᠬᠠᠮᠠᠭᠠᠯᠠᠬᠤ ᠵᠠᠬᠢᠳᠠᠯ ᠰᠤᠷᠪᠤᠯᠵᠢᠯᠠᠭ᠎ᠠ ᠶᠢᠨ ᠭᠤᠤᠯᠳᠠᠯᠭ᠎ᠠ ᠲᠠᠢ ᠬᠡᠷᠡᠭ᠂ ᠬᠠᠷ᠎ᠠ ᠪᠦᠯᠦᠭᠲᠡᠨ ᠬᠠᠷᠭᠢᠰ ᠬᠦᠴᠦᠨ ᠲᠠᠢ ᠬᠤᠯᠪᠣᠭᠳᠠᠭᠰᠠᠨ ᠬᠡᠷᠡᠭ︶ ᠤᠨ ᠲᠣᠭᠤᠷᠢᠨ ᠳᠤ ᠲᠥᠪᠯᠡᠷᠡᠩᠭᠦᠶ ᠰᠢᠪᠲᠤᠯᠤᠯᠲᠠ ᠶᠢ ᠥᠷᠨᠢᠭᠦᠯᠪᠡ᠃ ᠬᠥᠬᠡᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠨᠠᠮ ᠤᠨ ᠬᠤᠷᠢᠶ᠎ᠠ ᠠᠵᠢᠯ ᠤᠨ ᠡᠭᠦᠷᠭᠡ ᠪᠠᠨ ᠦᠳᠲᠡᠷ ᠲᠦᠷᠭᠡᠨ ᠢᠶᠠᠷ ᠲᠠᠨᠢᠵᠤ ᠠᠪᠤᠭᠠᠳ᠂ ᠠᠮᠢᠨ ᠬᠡᠷᠡᠭ ᠳᠠᠷᠤᠭᠳᠠᠮᠠᠯ ᠬᠡᠷᠡᠭ ᠤᠨ ᠪᠡᠷᠬᠡ ᠰᠡᠳᠦᠪ ᠢ ᠰᠢᠢᠳᠪᠦᠷᠢᠯᠡᠬᠦ ᠠᠩᠬᠠᠨ ᠤ ᠪᠠᠶᠢᠯᠳᠤᠭᠠᠨ ᠳᠤ ᠢᠯᠠᠯᠲᠠ ᠣᠯᠵᠤ᠂ 17 ᠵᠢᠯ ᠤᠨ ᠡᠮᠦᠨ᠎ᠡ ᠭᠠᠷᠤᠭᠰᠠᠨ ︽ᠬᠤᠲᠣᠩ ᠠᠷᠠᠳ ᠤᠨ ᠲᠣᠭᠤᠷᠢᠭ ᠤᠨ ᠯᠢᠦ ᠣᠪᠣᠭᠲᠤ ᠠᠯᠠᠭᠳᠠᠭᠰᠠᠨ ᠬᠡᠷᠡᠭ︾ ᠢ ᠨᠢᠭᠡ ᠯᠡ ᠳᠡᠭᠡᠷ᠎ᠡ ᠢᠯᠡᠷᠡᠭᠦᠯᠵᠡᠶ᠃ ᠲᠦᠩᠯᠢᠶᠣᠤ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠭᠤᠤᠯ ᠬᠠᠷᠢᠭᠤᠴᠠᠯᠭ᠎ᠠ ᠭᠤᠤᠯ ᠠᠵᠢᠯ ᠳᠤ ᠪᠠᠨ ᠰᠠᠭᠤᠷᠢᠯᠠᠨ᠂ ᠡᠯ᠎ᠡ ᠲᠥᠷᠥᠯ ᠤᠨ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠨᠠᠷᠢᠯᠢᠭ ᠣᠨᠣᠴᠠᠲᠠᠶ ᠪᠠᠷ ᠳᠠᠭᠠᠷᠢᠯᠲᠠ ᠬᠢᠵᠦ᠂ ᠬᠡᠷᠡᠭ ᠭᠠᠷᠤᠭᠰᠠᠨ ᠤ ᠳᠠᠷᠠᠭᠠᠬᠢ 24 ᠴᠠᠭ ᠤᠨ ᠳᠣᠲᠣᠷ᠎ᠠ 60 ᠭᠠᠷᠤᠶ ᠲᠦᠮᠡᠨ ᠲᠥᠭᠦᠷᠢᠭ ᠤᠨ ᠲᠡᠤᠬᠡ ᠶᠢᠨ ᠳᠤᠷᠠᠰᠬᠠᠯᠲᠤ ᠵᠦᠢᠯᠡᠰ ᠤᠨ ᠬᠡᠷ ᠲᠤ ᠣᠷᠣᠵᠤ ᠬᠤᠯᠠᠭᠠᠶᠢᠯᠠᠭᠰᠠᠨ ᠣᠨᠴᠠ ᠶᠡᠭᠡ ᠬᠡᠷᠡᠭ ᠢ ᠠᠮᠵᠢᠯᠲᠠ ᠲᠠᠢ ᠪᠠᠷ ᠳᠡᠩᠨᠡᠨ ᠢᠯᠡᠷᠡᠭᠦᠯᠵᠦ᠂ ᠬᠡᠷᠡᠭ ᠲᠤ ᠬᠤᠯᠪᠣᠭᠳᠠᠭᠰᠠᠨ ᠦᠨ᠎ᠡ ᠥᠷᠲᠡᠭ ᠨᠢ 60 ᠭᠠᠷᠤᠶ ᠲᠦᠮᠡᠨ ᠲᠥᠭᠦᠷᠢᠭ ᠲᠤ ᠬᠦᠷᠴᠡᠶ᠃ ᠠᠯᠠᠱᠠ ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠬᠢᠨᠠᠨ ᠵᠢᠯᠣᠭᠤᠳᠬᠤ ᠳᠤᠭᠤᠶᠢᠯᠠᠩ ᠢ ᠵᠣᠬᠢᠶᠠᠨ ᠪᠠᠶᠢᠭᠤᠯᠤᠨ ᠳᠠᠷᠤᠭᠳᠠᠭᠰᠠᠨ ᠬᠡᠷᠡᠭ ᠲᠠᠢ ᠭᠠᠵᠠᠷ ᠣᠷᠣᠨ ᠳᠤ ᠭᠦᠨᠵᠡᠭᠡᠶᠢᠷᠡᠨ ᠬᠢᠨᠠᠨ ᠵᠢᠯᠣᠭᠤᠳᠴᠤ᠂ ᠬᠡᠷᠡᠭ ᠢ ᠳᠠᠬᠢᠨ ᠡᠬᠢᠯᠡᠭᠦᠯᠵᠦ᠂ ᠲᠠᠬᠢᠨ ᠤᠯᠠᠷᠢᠭᠤᠯᠤᠨ ᠵᠠᠳᠠᠯᠵᠤ᠂ ᠲᠠᠬᠢᠨ ᠰᠤᠳᠤᠯᠤᠨ ᠮᠠᠭᠠᠳᠯᠠᠵᠤ᠂ ᠦᠷᠭᠦᠯᠵᠢᠯᠡᠨ ᠪᠣᠭᠤᠮᠲᠠ ᠰᠢᠪᠲᠤᠯᠪᠠ᠃ ᠬᠥᠯᠥᠨ ᠪᠤᠶᠢᠷ ᠬᠤᠲᠠ᠂ ᠤᠯᠠᠭᠠᠨᠬᠠᠳᠠ ᠬᠤᠲᠠ ᠪᠣᠯᠤᠨ ᠣᠷᠳᠣᠰ ᠬᠤᠲᠠ ᠵᠡᠷᠭᠡ ᠭᠠᠵᠠᠷ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠨᠤᠭᠤᠳ ᠬᠠᠷᠢᠶ᠎ᠠ ᠣᠷᠣᠨ ᠤ ᠪᠠᠨ ᠨᠡᠶᠢᠭᠡᠮ ᠤᠨ ᠠᠮᠤᠷ ᠲᠦᠪᠰᠢᠨ ᠤ ᠪᠠᠶᠢᠳᠠᠯ ᠢ ᠭᠦᠨᠵᠡᠭᠡᠶ ᠰᠤᠳᠤᠯᠤᠨ ᠮᠠᠭᠠᠳᠯᠠᠵᠤ᠂ ᠡᠯ᠎ᠡ ᠲᠥᠷᠥᠯ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ᠂ ᠡᠯ᠎ᠡ ᠲᠥᠷᠥᠯ ᠤᠨ ᠵᠥᠷᠢᠴᠡᠯ ᠵᠢᠭᠤᠷᠠᠯᠳᠤᠭᠠᠨ ᠢ ᠵᠢᠭᠰᠠᠭᠠᠨ ᠪᠠᠶᠢᠴᠠᠭᠠᠵᠤ ᠠᠷᠢᠯᠭᠠᠬᠤ᠂ ᠡᠯ᠎ᠡ ᠲᠥᠷᠥᠯ ᠤᠨ ᠠᠮᠤᠷ ᠲᠦᠪᠰᠢᠨ ᠤ ᠳᠠᠯᠳᠠ ᠬᠡᠮ ᠢ ᠠᠷᠢᠯᠭᠠᠬᠤ ᠪᠠᠷ ᠰᠢᠪᠲᠤᠯᠤᠯᠲᠠ ᠶᠢᠨ ᠴᠡᠭ ᠪᠣᠯᠭᠠᠵᠤ᠂ ᠨᠢᠭᠡ ᠪᠦᠯᠦᠭ ᠡᠷᠡᠭᠦᠤ ᠶᠢᠨ ᠬᠡᠷᠡᠭ ᠢ ᠳᠡᠩᠨᠡᠨ ᠢᠯᠡᠷᠡᠭᠦᠯᠵᠦ᠂ ᠨᠢᠭᠡ ᠪᠦᠯᠦᠭ ᠰᠢᠨ᠎ᠡ ᠪᠠᠷ ᠡᠭᠦᠰᠦᠭᠰᠡᠨ ᠠᠮᠢᠨ ᠬᠡᠷᠡᠭ ᠵᠢᠴᠢ ᠳᠠᠷᠤᠭᠳᠠᠮᠠᠯ ᠠᠮᠢᠨ ᠬᠡᠷᠡᠭ ᠢ ᠢᠯᠡᠷᠡᠭᠦᠯᠪᠡ᠃
公安厅3.jpg
      ᠪᠥᠬᠦ ᠣᠷᠣᠨ ᠤ ᠡᠯ᠎ᠡ ᠭᠠᠵᠠᠷ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠨᠤᠭᠤᠳ ᠱᠠᠲᠤ ᠱᠠᠲᠤ ᠪᠠᠷ ᠳᠠᠶᠢᠴᠢᠯᠠᠨ ᠪᠠᠶᠢᠷᠢᠯᠠᠭᠤᠯᠵᠤ᠂ ᠠᠵᠢᠯ ᠤᠨ ᠲᠥᠰᠦᠯ ᠢᠶᠠᠨ ᠨᠠᠷᠢᠯᠢᠬᠵᠢᠭᠤᠯᠤᠨ᠂ ᠠᠵᠢᠯ ᠤᠨ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ︽ᠨᠢᠭᠡᠳᠦᠭᠡᠷ ᠭᠠᠷ︾ ᠪᠡᠶ᠎ᠡ ᠪᠠᠷ ᠢᠶᠠᠨ ᠰᠤᠳᠤᠯᠵᠤ᠂ ᠨᠢᠭᠡᠳᠦᠯᠲᠡᠶ ᠲᠥᠯᠥᠪᠯᠡᠨ ᠠᠷᠭ᠎ᠠ ᠰᠦᠪᠡᠭᠴᠢᠯᠡᠵᠦ᠂ ᠴᠠᠭ ᠲᠤᠬᠠᠶ ᠳᠤ ᠨᠢ ᠳᠣᠭᠢᠷᠠᠭᠤᠯᠤᠨ᠂ ᠳᠣᠲᠣᠷ᠎ᠠ ᠪᠠᠨ ᠲᠤᠭ᠎ᠠ ᠲᠠᠢ᠂ ᠬᠢᠬᠦ ᠳᠤ ᠪᠠᠨ ᠠᠷᠭ᠎ᠠ ᠪᠣᠳᠣᠯᠭ᠎ᠠ ᠲᠠᠢ᠂ ᠠᠷᠭᠠᠴᠠᠬᠤ ᠳᠤ ᠪᠠᠨ ᠪᠦᠲᠦᠮᠵᠢᠲᠡᠶ ᠪᠠᠶᠢᠬᠤ ᠬᠡᠷᠡᠭᠲᠡᠶ᠃       ᠦᠬᠠᠶ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠰᠢᠨᠵᠢᠯᠡᠬᠦ ᠤᠬᠠᠭᠠᠨ ᠮᠡᠷᠭᠡᠵᠢᠯ ᠢᠶᠠᠷ ᠴᠠᠭᠳᠠᠭ᠎ᠠ ᠶᠢ ᠬᠥᠭᠵᠢᠭᠦᠯᠬᠦ ᠪᠠᠶᠢᠯᠳᠤᠬᠤ ᠪᠣᠳᠣᠯᠭ᠎ᠠ ᠶᠢ ᠶᠡᠭᠡ ᠪᠠᠷ ᠬᠡᠷᠡᠭᠵᠢᠭᠦᠯᠵᠦ᠂ ︽ᠬᠠᠷᠠᠭᠠᠨ ᠳᠠᠪᠲᠠᠮᠵᠢ + ᠲᠣᠮᠣ ᠳ᠋ᠠᠶᠢᠲ᠋ᠠ︾ ᠶᠢᠨ ᠣᠶᠤᠨᠴᠢ ᠬᠡᠷᠡᠭᠯᠡᠭᠡᠨ ᠤ ᠬᠢᠷᠢ ᠲᠦᠪᠰᠢᠨ ᠢ ᠬᠦᠴᠦᠯᠡᠨ ᠳᠡᠭᠡᠭᠰᠢᠯᠡᠭᠦᠯᠵᠦ᠂ ᠪᠥᠬᠦ ᠴᠠᠭᠳᠠᠭ᠎ᠠ ᠶᠢ ᠳᠠᠶᠢᠴᠢᠯᠠᠵᠤ᠂ ᠪᠥᠬᠦ ᠲᠠᠯ᠎ᠠ ᠪᠠᠷ ᠳᠠᠭᠠᠷᠢᠯᠲᠠ ᠬᠢᠵᠦ᠂ ᠴᠣᠬᠢᠯᠲᠠ ᠥᠭᠬᠦ ᠦᠢᠯᠡᠳᠦᠯ ᠴᠢᠳᠠᠪᠤᠷᠢ ᠪᠠᠨ ᠦᠳᠲᠡᠷ ᠲᠦᠷᠭᠡᠨ ᠳᠡᠭᠡᠭᠰᠢᠯᠡᠭᠦᠯᠪᠡ᠃ ᠪᠠᠶᠠᠨᠨᠠᠭᠤᠷ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠨᠢ ᠰᠠᠭᠤᠷᠢ ᠰᠡᠷᠭᠡᠶᠢᠯᠡᠨ ᠡᠵᠡᠮᠳᠡᠬᠦ᠂ ᠪᠠᠴᠢᠮ ᠪᠠᠶᠢᠳᠠᠯ ᠢ ᠳᠠᠪᠬᠤᠴᠠᠭᠤᠯᠤᠨ ᠠᠷᠭᠠᠴᠠᠬᠤ᠂ ᠣᠷᠣᠨ ᠪᠦᠰᠡ ᠪᠠᠷ ᠡᠵᠡᠮᠳᠡᠬᠦ ︽ᠭᠤᠷᠪᠠᠨ ᠲᠣᠤᠷ︾ ᠤᠨ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠨᠠᠶᠢᠳᠠᠪᠤᠷᠢᠵᠢᠭᠤᠯᠵᠤ᠂ ᠨᠡᠶᠢᠭᠡᠮ ᠤᠨ ᠲᠠᠯ᠎ᠠ ᠶᠢᠨ ᠪᠦᠬᠦᠯᠢ ᠴᠣᠭᠴᠠ ᠪᠠᠷ ᠲᠣᠭᠤᠷᠢᠨ ᠴᠠᠭᠳᠠᠵᠤ ᠰᠡᠷᠭᠡᠶᠢᠯᠡᠨ ᠡᠵᠡᠮᠳᠡᠬᠦ ᠶᠢ ᠦᠷᠭᠦᠯᠵᠢᠯᠡᠨ ᠴᠢᠩᠭᠠᠳᠬᠠᠪᠠ᠃ ᠤᠯᠠᠭᠠᠨᠴᠠᠪ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠵᠢᠷᠤᠭ ᠡᠯᠭᠦᠵᠦ ᠪᠠᠶᠢᠯᠳᠤᠭᠠᠨ ᠬᠢᠵᠦ᠂ ᠨᠠᠷᠢᠨ ᠲᠠᠩᠰᠠ ᠶᠢᠨ ᠬᠠᠮᠢᠶᠠᠷᠤᠯᠲᠠ ᠬᠢᠵᠦ᠂ ᠠᠵᠢᠯ ᠤᠨ ᠴᠠᠭ ᠤᠨ ᠬᠢᠵᠠᠭᠠᠷ ᠪᠠ ᠬᠠᠷᠠᠯᠲᠠ ᠶᠢ ᠲᠣᠳᠣᠷᠬᠠᠶ ᠲᠣᠭᠲᠠᠭᠠᠨ᠂ ᠡᠯ᠎ᠡ ᠵᠦᠢᠯ ᠤᠨ ᠠᠵᠢᠯ ᠢ ᠠᠯᠬᠤᠮ ᠳᠠᠷᠠᠭ᠎ᠠ ᠲᠠᠢ ᠠᠬᠢᠭᠤᠯᠬᠤ ᠶᠢ ᠦᠨᠡᠨ ᠬᠦ ᠪᠠᠲᠤᠯᠠᠪᠠ᠃ ᠬᠢᠩᠭᠠᠨ ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ︽ᠵᠤᠨ ᠤ ᠤᠯᠠᠷᠢᠯ ᠤᠨ ᠠᠮᠤᠷ ᠢ ᠬᠠᠮᠠᠭᠠᠯᠠᠬᠤ ᠠᠵᠢᠯ ᠳᠤ ᠴᠣᠬᠢᠯᠲᠠ ᠥᠭᠴᠦ ᠴᠡᠭᠴᠡᠯᠡᠨ ᠵᠠᠰᠠᠬᠤ ᠠᠵᠢᠯᠯᠠᠭ᠎ᠠ︾ ᠶᠢᠨ ᠲᠤᠷᠰᠢᠯᠭ᠎ᠠ ᠠᠷᠭ᠎ᠠ ᠬᠢᠳᠡᠯ ᠢ ᠭᠦᠨᠵᠡᠭᠡᠢ ᠳ᠋ᠦᠩᠨᠡᠨ ᠪᠠᠬᠢᠵᠢᠭᠦᠯᠦᠨ ᠭᠦᠨᠵᠡᠭᠡᠶᠢᠷᠡᠭᠦᠯᠵᠦ᠂ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠵᠢᠯ ᠤᠨ ᠡᠴᠦᠰ ᠤᠨ ᠰᠢᠪᠲᠤᠯᠤᠯᠲᠠ ᠶᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ᠃       ᠪᠦᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠥᠷᠭᠡᠨ ᠤᠯᠠᠨ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠢᠲᠡᠭᠡᠯ ᠵᠣᠷᠢᠭ ᠢᠶᠠᠨ ᠪᠠᠲᠤᠳᠬᠠᠵᠤ᠂ ᠵᠣᠷᠢᠭ ᠰᠢᠭᠤᠳᠴᠤ᠂ ᠰᠢᠢᠳᠪᠦᠷᠢᠲᠦ ᠳᠠᠶᠢᠯᠠᠯᠳᠤᠭᠠᠨ ᠰᠢᠢᠳᠪᠦᠷᠢᠲᠦ ᠢᠯᠠᠯᠲᠠ ᠶᠢ ᠤᠯᠬᠤ ᠰᠢᠪᠲᠤᠯᠤᠯᠲᠠ ᠶᠢ ᠬᠦᠴᠦᠯᠡᠨ ᠬᠢᠵᠦ᠂ ᠪᠦᠬᠦ ᠣᠷᠣᠨ ᠤ ᠦᠨᠳᠦᠰᠦᠲᠡᠨ ᠨᠦᠭᠦᠳ ᠤᠨ ᠤᠯᠠᠨ ᠲᠦᠮᠡᠨ ᠤ ᠬᠦᠷᠲᠡᠮᠵᠢ ᠶᠢᠨ ᠲᠦᠷᠦᠭᠳᠡᠯ ᠢ ᠨᠡᠩ ᠰᠠᠶᠢᠨ ᠪᠣᠯᠭᠠᠵᠤ᠂ ᠵᠣᠯ ᠵᠢᠷᠭᠠᠯᠲᠤ ᠲᠦᠷᠦᠭᠳᠡᠯ ᠢ ᠨᠡᠩ ᠦᠷᠭᠦᠯᠵᠢᠯᠡᠭᠦᠯᠵᠦ᠂ ᠲᠠᠶᠢᠪᠤᠩᠲᠤ ᠲᠦᠷᠦᠭᠳᠡᠯ ᠢ ᠨᠡᠩ ᠪᠠᠲᠤᠯᠠᠭ᠎ᠠ ᠲᠠᠢ ᠪᠣᠯᠭᠠᠬᠤ ᠪᠠᠷ ᠴᠢᠷᠮᠠᠶᠢᠵᠠᠭᠠᠶ᠎ᠠ︕
ᠢᠷᠡᠯᠲᠡ᠄ ᠦᠪᠦᠷ ᠮᠤᠩᠭᠤᠯ ᠤᠨ ᠲᠤᠳᠤᠭᠠᠳᠦ ᠶᠢ ᠬᠠᠮᠠᠭᠠᠯᠠᠬᠤ ᠲᠢᠩᠬᠢᠮ
Baidu
map