ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠨᠠᠮ ᠤᠨ ᠬᠤᠷᠢᠶ᠎ᠠ ︵ᠥᠷᠭᠡᠳᠬᠡᠭᠰᠡᠨ︶ ᠶᠢᠨ ᠬᠤᠷᠠᠯ ᠬᠤᠷᠠᠯᠳᠤᠭᠤᠯᠵᠤ ᠪᠦᠬᠦ ᠤᠯᠤᠰ ᠤᠨ ᠳᠣᠲᠣᠭᠠᠳᠤ ᠶᠢ ᠬᠠᠮᠠᠭᠠᠯᠠᠬᠤ ᠲᠢᠩᠬᠢᠮ ᠲᠣᠪᠴᠢᠶᠠᠨ ᠳᠠᠷᠤᠭ᠎ᠠ ᠨᠠᠷ ᠤᠨ ᠶᠠᠷᠢᠯᠴᠠᠬᠤ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠪᠠ
ᠨᠡᠶᠢᠲᠡᠯᠡᠭᠰᠡᠨ ᠴᠠᠭ᠄
2023/12/14
      11 ᠳ᠋ᠦ᠋ᠭᠡᠷ ᠰᠠᠷ᠎ᠠ ᠶᠢᠨ 27 ᠤ ᠡᠳᠦᠷ᠂ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠨᠠᠮ ᠤᠨ ᠬᠤᠷᠢᠶ᠎ᠠ ᠶᠢᠨ︵ᠥᠷᠭᠡᠳᠬᠡᠭᠰᠡᠨ︶ ᠶᠢᠨ ᠬᠤᠷᠠᠯ ᠬᠤᠷᠠᠯᠳᠤᠭᠤᠯᠵᠤ᠂ ᠪᠥᠬᠦ ᠤᠯᠤᠰ ᠤᠨ ᠳᠣᠲᠣᠭᠠᠳᠤ ᠶᠢ ᠬᠠᠮᠠᠭᠠᠯᠠᠬᠤ ᠲᠢᠩᠬᠢᠮ ᠲᠣᠪᠴᠢᠶᠠᠨ ᠳᠠᠷᠤᠭ᠎ᠠ ᠨᠠᠷ ᠤᠨ ᠶᠠᠷᠢᠯᠴᠠᠬᠤ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠬᠢᠨᠠᠮᠠᠭᠠᠶ ᠰᠤᠳᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ᠂ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠨᠠᠮ ᠤᠨ ᠬᠤᠷᠢᠶ᠎ᠠ ᠶᠢᠨ ᠱᠦᠵᠢ᠂ ᠲᠢᠩᠬᠢᠮ ᠤᠨ ᠳᠠᠷᠤᠭ᠎ᠠ ᠵᠧᠩ ᠭᠤᠸᠠᠩ  ᠵᠣᠣ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠨᠠᠮ ᠤᠨ ᠬᠤᠷᠢᠶ᠎ᠠ ᠶᠢᠨ ᠭᠡᠰᠢᠭᠦᠨ᠂ ᠡᠯ᠎ᠡ ᠠᠶᠢᠮᠠᠭ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠳᠠᠷᠤᠭ᠎ᠠ᠂ ᠲᠢᠩᠬᠢᠮ ᠤᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠪᠠ᠃
1.png
       ᠬᠤᠷᠠᠯ ᠠᠴᠠ᠂ 11 ᠰᠠᠷ᠎ᠠ ᠶᠢᠨ 23 ᠤ ᠡᠳᠦᠷ ᠠᠴᠠ 24 ᠤ ᠡᠳᠦᠷ ᠪᠣᠯᠲᠠᠯ᠎ᠠ ᠬᠤᠷᠠᠯᠳᠤᠭᠰᠠᠨ ᠪᠦᠬᠦ ᠤᠯᠤᠰ ᠤᠨ ᠳᠣᠲᠣᠭᠠᠳᠤ ᠶᠢ ᠬᠠᠮᠠᠭᠠᠯᠠᠬᠤ ᠲᠢᠩᠬᠢᠮ ᠲᠣᠪᠴᠢᠶᠠᠨ ᠳᠠᠷᠤᠭ᠎ᠠ ᠨᠠᠷ ᠤᠨ ᠶᠠᠷᠢᠯᠴᠠᠬᠤ ᠬᠤᠷᠠᠯ ᠨᠢ ᠣᠳᠣᠬᠠᠨ ᠤ ᠪᠠᠶᠢᠳᠠᠯ ᠳᠤ ᠰᠠᠭᠤᠷᠢᠯᠠᠵᠤ᠂ ᠠᠯᠤᠰ ᠬᠡᠳᠦ ᠶᠢ ᠪᠣᠳᠣᠯᠬᠢᠯᠠᠵᠤ᠂ ᠣᠳᠣᠬᠠᠨ ᠤ ᠠᠮᠤᠷ ᠲᠦᠪᠰᠢᠨ ᠲᠣᠭᠲᠠᠭᠤᠨ ᠢ ᠬᠠᠮᠠᠭᠠᠯᠠᠬᠤ ᠠᠵᠢᠯ ᠢ ᠪᠠᠶᠢᠷᠢᠯᠠᠭᠤᠯᠬᠤ ᠶᠢᠨ ᠬᠠᠮᠲᠤ᠂ ᠳᠣᠲᠣᠭᠠᠳᠤ ᠶᠢ ᠬᠠᠮᠠᠭᠠᠯᠠᠬᠤ ᠠᠵᠢᠯ ᠤᠨ ᠣᠳᠣᠬᠢᠴᠢᠯᠠᠭᠰᠠᠨ ᠬᠥᠭᠵᠢᠯᠲᠡ ᠶᠢᠨ ᠵᠢᠷᠤᠭ ᠲᠥᠯᠥᠪᠯᠡᠭᠡ ᠶᠢ ᠤᠯᠠᠮ ᠴᠢᠨᠠᠭᠰᠢᠳᠠ ᠲᠥᠯᠥᠪᠵᠢᠭᠦᠯᠵᠦ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠥᠭᠵᠢᠯᠲᠡ ᠶᠢᠨ ᠢᠲᠡᠭᠡᠯ ᠵᠣᠷᠢᠭ ᠢᠶᠠᠨ ᠪᠠᠲᠤᠳᠬᠠᠬᠤ᠂ ᠡᠭᠦᠷᠭᠡ ᠬᠠᠷᠢᠭᠤᠴᠠᠯᠭ᠎ᠠ ᠪᠠᠨ ᠴᠢᠩᠭᠠᠳᠬᠠᠬᠤ᠂ ᠬᠠᠮᠲᠤ ᠶᠢᠨ ᠲᠠᠨᠢᠯᠲᠠ ᠶᠢ ᠨᠢᠭᠲᠠᠷᠠᠭᠤᠯᠬᠤ ᠳᠤ ᠴᠢᠬᠤᠯᠠ ᠵᠢᠯᠣᠭᠤᠳᠬᠤ ᠦᠢᠯᠡᠳᠦᠯ ᠲᠠᠢ ᠶᠤᠮ᠃ ᠪᠦᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠨᠤᠭᠤᠳ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠰᠢᠨ᠎ᠡ ᠴᠠᠭ ᠦᠶ᠎ᠡ ᠶᠢᠨ ︽ᠹᠧᠩᠴᠢᠶᠤᠤ ᠶᠢᠨ ᠲᠤᠷᠰᠢᠯᠭ᠎ᠠ︾ ᠶᠢ ᠢᠮᠠᠭᠲᠠ ᠪᠠᠷᠢᠮᠲᠠᠯᠠᠨ ᠬᠥᠭᠵᠢᠭᠦᠯᠵᠦ᠂ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶ᠎ᠠ ᠪᠣᠯᠤᠨ ᠳᠣᠲᠣᠭᠠᠳᠤ ᠶᠢ ᠬᠠᠮᠠᠭᠠᠯᠠᠬᠤ ᠶᠠᠮᠤᠨ ᠤ ᠨᠠᠮ ᠤᠨ ᠬᠤᠷᠢᠶ᠎ᠠ ᠶᠢᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠲᠠᠢ  ᠦᠨᠡᠨ ᠬᠦ ᠨᠢᠭᠡᠳᠬᠡᠵᠦ᠂ ᠬᠤᠷᠠᠯ ᠤᠨ ᠵᠣᠷᠢᠭ ᠰᠠᠨᠠᠭ᠎ᠠ ᠶᠢ ᠰᠠᠶᠢᠲᠤᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠴᠢᠬᠤᠯᠠ ᠤᠯᠤᠰ ᠲᠦᠷᠦ ᠶᠢᠨ ᠡᠭᠦᠷᠭᠡ ᠪᠣᠯᠭᠠᠨ ᠪᠦᠬᠦ ᠬᠦᠴᠦᠨ ᠢᠶᠠᠷ ᠢᠶᠠᠨ ᠠᠬᠢᠭᠤᠯᠵᠤ᠂ ᠡᠯ᠎ᠡ ᠵᠦᠢᠯ ᠤᠨ ᠳᠣᠲᠣᠭᠠᠳᠤ ᠶᠢ ᠬᠠᠮᠠᠭᠠᠯᠠᠬᠤ ᠠᠵᠢᠯ ᠢ ᠦᠨᠡᠨ ᠬᠦ ᠰᠠᠶᠢᠲᠤᠷ ᠬᠢᠵᠦ᠂ ᠥᠪᠡᠷᠲᠡᠭᠡᠨ ᠵᠠᠰᠠᠬᠤ ᠣᠷᠣᠨ ᠤ ︽ᠬᠤᠶᠠᠷ ᠶᠡᠭᠡ ᠶᠠᠪᠤᠳᠠᠯ︾ ᠢ ᠰᠠᠶᠢᠲᠤᠷ ᠪᠡᠶᠡᠯᠡᠭᠦᠯᠬᠦ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠪᠠᠷ ᠴᠢᠷᠮᠠᠶᠢᠬᠤ ᠬᠡᠷᠡᠭᠲᠡᠢ ᠭᠡᠵᠦ ᠵᠢᠭᠠᠵᠤ ᠭᠠᠷᠭᠠᠪᠠ᠃
2.png
      ᠬᠤᠷᠠᠯ ᠠᠴᠠ᠂ ᠪᠦᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠢᠨ ᠡᠨᠡ ᠤᠳᠠᠭ᠎ᠠ ᠶᠢᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠣᠶᠢᠯᠠᠭᠠᠵᠤ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠡᠭᠦᠨ ᠤ ᠦᠨᠳᠦᠰᠦ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠳᠤ ᠪᠤᠢ᠂ ᠵᠠᠩᠭᠢᠯᠠᠭ᠎ᠠ ᠨᠢ ᠶᠡᠷᠦᠩᠬᠡᠢ ᠱᠦᠵᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ︽ᠹᠧᠩᠴᠢᠶᠤᠤ ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠬᠦ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠳᠤ ᠪᠤᠢ᠂ ᠭᠤᠣᠯᠳᠠᠯᠭ᠎ᠠ ᠨᠢ ᠶᠠᠮᠤᠨ ᠤ ᠨᠠᠮ ᠤᠨ ᠬᠤᠷᠢᠶ᠎ᠠ ᠶᠢᠨ ᠡᠨᠡ ᠵᠢᠯ ᠠᠴᠠ ᠡᠬᠢᠯᠡᠨ ᠡᠯ᠎ᠡ ᠵᠦᠢᠯ ᠤᠨ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠰᠠᠶᠢᠲᠤᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠳᠤ ᠪᠤᠢ᠃ ᠪᠠᠶᠢᠭᠤᠯᠤᠮᠵᠢ᠂ ᠲᠣᠭᠲᠠᠴᠠ᠂ ᠠᠷᠭ᠎ᠠ ᠶᠢᠨ ᠰᠢᠨ᠎ᠡ ᠶᠢ ᠡᠭᠦᠳᠬᠦ ᠶᠢ ᠴᠢᠩᠭᠠᠳᠬᠠᠵᠤ᠂ ︽ᠵᠢᠷᠭᠤᠭᠠᠨ ᠠᠩᠬᠠᠷᠤᠯ ᠢᠶᠠᠨ ᠲᠥᠪᠯᠡᠷᠡᠭᠦᠯᠦᠨ ᠬᠦᠴᠦᠯᠡᠬᠦ︾ ᠱᠠᠭᠠᠷᠳᠠᠯᠭ᠎ᠠ ᠲᠠᠢ ᠨᠢᠭᠲᠠ ᠤᠶᠠᠯᠳᠤᠭᠤᠯᠤᠨ᠂ ᠰᠢᠨ᠎ᠡ ᠬᠡᠯᠪᠡᠷᠢ ᠶᠢᠨ ᠴᠠᠭᠳᠠᠭᠠᠨ ᠤ ᠶᠠᠪᠤᠳᠠᠯ ᠤᠨ ᠠᠵᠢᠯᠯᠠᠭᠠᠨ ᠤ ᠵᠠᠭᠪᠤᠷ ᠤᠨ ᠲᠣᠭᠲᠠᠴᠠ ᠪᠠ ᠴᠠᠭᠳᠠᠭᠠᠨ ᠤ ᠲᠥᠷᠥᠯ ᠤᠨ ᠲᠤᠰᠬᠠᠶᠢᠵᠢᠭᠰᠠᠨ ᠪᠠᠶᠢᠭᠤᠯᠤᠯᠲᠠ ᠶᠢ ᠴᠢᠩᠭᠠᠳᠬᠠᠵᠤ᠂ ᠴᠣᠬᠢᠯᠲᠠ ᠥᠭᠬᠦ ᠰᠡᠷᠭᠡᠶᠢᠯᠡᠬᠦ ᠬᠠᠮᠢᠶᠠᠷᠬᠤ ᠡᠵᠡᠮᠳᠡᠬᠦ ᠪᠠᠶᠢᠭᠤᠯᠬᠤ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠪᠣᠳᠠᠲᠠᠶ ᠪᠠᠷ ᠠᠳᠬᠤᠵᠤ᠂ ᠡᠯ᠎ᠡ ᠵᠦᠢᠯ ᠤᠨ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠡᠴᠦᠰ ᠲᠤ ᠨᠢ ᠲᠤᠯᠲᠠᠯ᠎ᠠ ᠳᠥᠯᠭᠢᠨ ᠠᠬᠢᠭᠤᠯᠵᠤ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠠᠷᠢᠭᠤᠨ ᠳᠠᠷᠬᠠᠨ ᠡᠭᠦᠷᠭᠡ ᠬᠠᠷᠢᠭᠤᠴᠠᠯᠭ᠎ᠠ ᠪᠠᠨ ᠨᠠᠩ ᠰᠠᠶᠢᠲᠤᠷ ᠭᠦᠢᠴᠡᠳᠬᠡᠵᠦ᠂ ᠳᠣᠲᠣᠭᠠᠳᠤ ᠶᠢ ᠬᠠᠮᠠᠭᠠᠯᠠᠬᠤ ᠠᠵᠢᠯ ᠤᠨ ᠣᠳᠣᠬᠢᠴᠢᠯᠠᠯᠲᠠ ᠪᠠᠷ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠬᠠᠮᠠᠭᠠᠯᠠᠬᠤ ᠬᠡᠷᠡᠭᠲᠡᠶ ᠭᠡᠵᠦ ᠴᠢᠬᠤᠯᠠᠴᠢᠯᠠᠪᠠ᠃
3.png
      ᠬᠤᠷᠠᠯ ᠠᠴᠠ᠂ ᠪᠦᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠢᠨ ᠸᠠᠩ ᠰᠢᠶᠤᠤ ᠬᠤᠩ ᠨᠥᠬᠦᠷ ᠤᠨ ︽ᠰᠢᠨ᠎ᠡ ᠶᠢ ᠡᠭᠦᠳᠬᠦ ᠬᠥᠭᠵᠢᠯᠲᠡ ᠶᠢ ᠠᠬᠢᠭᠤᠯᠬᠤ ᠳᠤ ᠥᠨᠢᠳᠡ ᠦᠵᠦᠭᠦᠷ ᠦᠬᠡᠢ ᠪᠠᠶᠢᠬᠤ︾ ᠱᠠᠭᠠᠷᠳᠠᠯᠭ᠎ᠠ ᠶᠣᠰᠣᠭᠠᠷ᠂ ᠪᠤᠰᠤᠳ ᠮᠤᠵᠢ ᠣᠷᠣᠨ ᠤ ᠲᠡᠷᠢᠭᠦᠨ ᠤ ᠲᠤᠷᠰᠢᠯᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠯᠢᠳᠠᠵᠤ᠂ ᠲᠤᠰ ᠭᠠᠵᠠᠷ ᠣᠷᠣᠨ ᠤ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠭᠤᠣᠯᠳᠠᠯᠭ᠎ᠠ ᠲᠠᠢ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠪᠣᠳᠠᠲᠠᠢ ᠠᠳᠬᠤᠵᠤ ᠰᠠᠶᠢᠲᠤᠷ ᠠᠳᠬᠤᠵᠤ᠂ ᠥᠪᠥᠷ ᠮᠣᠩᠭᠤᠯ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠵᠣᠷᠢᠭᠲᠠᠢ ᠪᠠᠷ ᠰᠢᠨ᠎ᠡ ᠶᠢ ᠡᠭᠦᠳᠬᠦ᠂ ᠢᠳᠡᠪᠬᠢᠲᠡᠢ ᠥᠭᠡᠷᠡᠴᠢᠯᠡᠯᠲᠡ ᠬᠢᠬᠦ ᠨᠡᠷᠡᠲᠦ ᠲᠡᠮᠳᠡᠭ ᠢ ᠪᠠᠶᠢᠭᠤᠯᠵᠤ᠂ ᠳᠣᠲᠣᠭᠠᠳᠤ ᠶᠢ ᠬᠠᠮᠠᠭᠠᠯᠠᠬᠤ ᠠᠵᠢᠯ ᠤᠨ ᠣᠳᠣᠬᠢᠴᠢᠯᠠᠯᠲᠠ ᠶᠢᠨ ᠪᠦᠳᠦᠬᠡᠨ ᠪᠠᠶᠢᠭᠤᠯᠤᠯᠲᠠ ᠶᠢᠨ ᠳᠤᠮᠳᠠ ᠵᠣᠷᠢᠭᠲᠠᠢ ᠪᠠᠷ ᠲᠦᠷᠦᠭᠦᠯᠡᠬᠦ ᠬᠡᠷᠡᠭᠲᠡᠢ︔ ᠲᠢᠩᠬᠢᠮ ᠤᠨ ᠨᠠᠮ ᠤᠨ ᠬᠤᠷᠢᠶ᠎ᠠ ᠶᠢᠨ ︽ᠲᠠᠪᠤᠨ ᠶᠡᠭᠡ ᠭᠠᠷᠳᠠᠴᠠ︾ ᠶᠢᠨ ᠵᠠᠭᠤᠨ ᠡᠳᠦᠷ ᠤᠨ ᠪᠣᠭᠤᠮᠲᠠ ᠰᠢᠪᠲᠤᠯᠬᠤ ᠳᠤᠬᠢᠷᠠᠭᠤᠯᠤᠯᠳᠠ ᠪᠠᠶᠢᠷᠢᠯᠠᠭᠤᠯᠤᠯᠲᠠ ᠶᠣᠰᠣᠭᠠᠷ ᠭᠤᠣᠯ ᠬᠠᠷᠢᠭᠤᠴᠠᠯᠭ᠎ᠠ ᠭᠤᠣᠯ ᠠᠵᠢᠯ ᠢ ᠪᠣᠳᠠᠲᠠᠢ ᠠᠳᠬᠤᠨ ᠰᠠᠶᠢᠲᠤᠷ ᠠᠳᠬᠤᠵᠤ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠡᠮᠡᠴᠡᠯ ᠢ ᠪᠠᠶᠢᠩᠭᠤᠵᠢᠭᠤᠯᠬᠤ ᠠᠵᠢᠯ ᠢ ᠦᠷᠭᠦᠯᠵᠢᠯᠡᠨ ᠴᠢᠩᠭ᠎ᠠ ᠠᠳᠬᠤᠵᠤ᠂ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠵᠡᠷᠭᠡ ᠬᠠᠤᠯᠢ ᠠᠴᠠ ᠵᠥᠷᠢᠴᠡᠭᠰᠡᠨ ᠳᠤᠪᠤᠶᠢᠮ᠎ᠠ ᠶᠠᠯᠠᠲᠤ ᠠᠵᠢᠯᠯᠠᠭ᠎ᠠ ᠶᠢ ᠨᠢᠭᠲᠠ ᠠᠩᠬᠠᠷᠴᠤ᠂ ᠠᠮᠢᠨ ᠬᠡᠷᠡᠭ ᠳᠠᠷᠤᠭᠳᠠᠮᠠᠯ ᠬᠡᠷᠡᠭ ᠤᠨ ᠪᠣᠭᠤᠮᠲᠠ ᠰᠢᠪᠲᠤᠯᠬᠤ᠂ ᠬᠤᠣᠷᠲᠤ ᠡᠳ᠋ ᠤᠨ ᠶᠠᠯᠠᠲᠤ ᠠᠵᠢᠯᠯᠠᠭ᠎ᠠ ᠵᠡᠷᠭᠡ ᠭᠤᠣᠯᠳᠠᠯᠭ᠎ᠠ ᠲᠠᠢ ᠠᠵᠢᠯ ᠢ ᠴᠢᠩᠭ᠎ᠠ ᠠᠳᠬᠤᠵᠤ᠂ ᠰᠠᠨᠠᠭᠠᠴᠢᠯᠠᠭ᠎ᠠ ᠠᠴᠠ ᠪᠠᠨ ᠳᠠᠭᠠᠷᠢᠯᠳᠠ ᠬᠢᠬᠦ᠂ ᠥᠨᠳᠥᠷ ᠳᠠᠷᠤᠯᠲᠠᠲᠤ ᠰᠦᠷᠳᠡᠭᠦᠯᠦᠯ ᠤᠨ ᠪᠠᠶᠢᠳᠠᠯ ᠢ ᠢᠮᠠᠭᠲᠠ ᠪᠠᠲᠤᠯᠠᠵᠤ᠂ ᠠᠵᠢᠯ ᠤᠨ ᠦᠷ᠎ᠡ ᠪᠦᠳᠦᠮᠵᠢ ᠶᠢ ᠳᠠᠰᠤᠷᠠᠯᠳᠠ ᠦᠬᠡᠢ ᠪᠠᠬᠢᠵᠢᠭᠦᠯᠦᠨ ᠭᠦᠨᠵᠡᠭᠡᠶᠢᠷᠡᠭᠦᠯᠬᠦ ᠬᠡᠷᠡᠭᠲᠡᠢ︔ ᠸᠠᠩ ᠰᠢᠶᠤᠤ ᠬᠤᠩ ᠨᠥᠬᠦᠷ ᠤᠨ ᠳᠤᠷᠠᠳᠤᠭᠰᠠᠨ ᠰᠢᠨ᠎ᠡ ᠰᠡᠳᠬᠢᠴᠡ᠂ ᠬᠠᠲᠠᠭᠤ ᠱᠠᠭᠠᠷᠳᠠᠯᠭ᠎ᠠ ᠶᠣᠰᠣᠭᠠᠷ ᠦᠢᠯᠡᠴᠢᠯᠡᠭᠡᠨ ᠤ ᠬᠥᠭᠵᠢᠯᠲᠡ ᠶᠢ ᠪᠣᠳᠠᠲᠠᠶ ᠠᠳᠬᠤᠵᠤ ᠰᠠᠶᠢᠲᠤᠷ ᠠᠳᠬᠤᠵᠤ᠂ ︽ᠲᠤᠬᠠᠶᠢᠯᠠᠭᠰᠠᠨ ᠠᠵᠢᠯ ᠢᠶᠠᠨ ᠨᠠᠷᠢᠨ ᠬᠢᠨᠠᠮᠠᠭᠠᠢ ᠬᠢᠬᠦ᠂ ᠰᠣᠯᠪᠢᠴᠠᠨ ᠠᠵᠢᠯᠯᠠᠬᠤ ᠶᠢ ᠰᠠᠨᠠᠭᠠᠴᠢᠯᠠᠭ᠎ᠠ ᠠᠴᠠ ᠪᠠᠨ ᠬᠢᠬᠦ᠂ ᠢᠯᠡᠭᠦᠴᠡ ᠠᠵᠢᠯ ᠢ ᠪᠠᠶᠠᠷᠲᠠᠢ ᠪᠠᠷ ᠬᠢᠬᠦ︾ ᠤᠢᠢᠯᠠᠭᠠᠭᠳᠠᠬᠤᠨ ᠢ ᠡᠷᠡᠰ ᠪᠠᠲᠤ ᠪᠤᠢ ᠪᠣᠯᠭᠠᠵᠤ᠂ ᠪᠣᠳᠠᠲᠤ ᠪᠠᠶᠢᠳᠠᠯ ᠢᠶᠠᠨ ᠦᠨᠳᠦᠰᠦᠯᠡᠨ ᠴᠢᠨᠠᠷ ᠰᠠᠶᠢᠲᠠᠢ᠂ ᠬᠠᠨᠳᠤᠯᠭᠠᠲᠤ ᠴᠢᠨᠠᠷ ᠢᠶᠠᠷ ᠴᠢᠩᠭ᠎ᠠ᠂ ᠠᠵᠤ ᠠᠬᠤᠶᠢᠯᠠᠯ ᠤᠨ ᠤᠯᠠᠨ ᠲᠦᠮᠡᠨ ᠳᠤ ᠢᠯᠡᠳᠲᠡ ᠬᠦᠷᠲᠡᠮᠵᠢ ᠶᠢᠨ ᠲᠦᠷᠦᠭᠳᠡᠯ ᠲᠠᠢ ᠪᠠᠶᠢᠬᠤ ᠠᠷᠭ᠎ᠠ ᠬᠡᠮᠵᠢᠶ᠎ᠡ ᠶᠢ ᠲᠠᠰᠤᠷᠠᠯᠲᠠ ᠦᠭᠡᠢ ᠲᠣᠭᠲᠠᠭᠠᠵᠤ᠂ ᠨᠠᠮ ᠪᠠ ᠠᠷᠠᠳ ᠲᠦᠮᠡᠨ ᠳᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠤᠢᠢᠯᠠᠭᠠᠭᠳᠠᠬᠤᠨ᠂ ᠰᠤᠷᠲᠠᠯ᠂ ᠴᠢᠳᠠᠪᠤᠷᠢ ᠶᠢᠨ ᠰᠢᠨ᠎ᠡ ᠬᠤᠪᠢᠷᠠᠯᠲᠠ ᠶᠢ ᠦᠨᠡᠨ ᠬᠦ ᠦᠵᠡᠭᠦᠯᠬᠦ ᠬᠡᠷᠡᠭᠲᠡᠢ︔ ᠤᠯᠤᠰ ᠲᠦᠷᠦ ᠶᠢᠨ ᠪᠠᠶᠢᠭᠤᠯᠤᠯᠲᠠ ᠪᠠᠷ ᠶᠡᠷᠦᠩᠬᠡᠶᠢᠯᠡᠨ ᠵᠢᠯᠤᠭᠤᠳᠤᠭᠤᠯᠬᠤ ᠶᠢ ᠪᠠᠷᠢᠮᠲᠠᠯᠠᠵᠤ ᠡᠩᠨᠡᠭᠡᠨ ᠤ ᠬᠠᠮᠢᠶᠠᠷᠤᠯᠲᠠ ᠶᠢ ᠪᠣᠳᠠᠲᠠᠢ ᠠᠳᠬᠤᠨ ᠰᠠᠶᠢᠲᠤᠷ ᠠᠳᠬᠤᠵᠤ᠂ ︽ᠠᠳᠬᠤᠬᠤ ᠴᠢᠩᠭᠠᠳᠬᠠᠬᠤ ᠴᠡᠭᠴᠡᠯᠡᠬᠦ ᠪᠣᠢ ᠪᠣᠯᠭᠠᠬᠤ︾ ᠲᠤᠰᠬᠠᠢ ᠠᠵᠢᠯᠯᠠᠭ᠎ᠠ ᠶᠢᠨ ᠰᠠᠭᠤᠷᠢᠨ ᠳᠡᠭᠡᠷ᠎ᠡ᠂ ᠨᠠᠮᠴᠢ ᠴᠢᠨᠠᠷ ᠤᠨ ᠬᠥᠮᠦᠵᠢᠯ ᠪᠣᠯᠤᠨ ᠦᠨᠡᠨᠴᠢ ᠰᠢᠳᠤᠷᠭᠤ ᠪᠠᠶᠢᠬᠤ ᠬᠥᠮᠦᠵᠢᠯ ᠢ ᠯᠠᠪᠳᠠᠭᠤᠨ ᠪᠠᠲᠤᠲᠠᠢ ᠠᠬᠢᠭᠤᠯᠵᠤ᠂ ︽ᠬᠤᠶᠠᠷ ᠢ ᠲᠣᠭᠲᠠᠭᠠᠬᠤ︾ ᠶᠢ ᠡᠷᠡᠰ ᠬᠠᠮᠠᠭᠠᠯᠠᠵᠤ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠬᠡᠷᠡᠭᠲᠡᠢ︔ ᠨᠠᠮ ᠢ ᠴᠢᠩᠭ᠎ᠠ ᠬᠠᠮᠢᠶᠠᠷᠴᠤ ᠴᠠᠭᠳᠠᠭ᠎ᠠ ᠶᠢ ᠴᠢᠩᠭ᠎ᠠ ᠵᠠᠰᠠᠬᠤ ᠶᠢ ᠭᠤᠶᠢᠪᠢᠰᠢ ᠦᠭᠡᠢ ᠪᠠᠷᠢᠮᠲᠠᠯᠠᠵᠤ᠂ ᠲᠣᠭᠲᠠᠭᠠᠯ ᠠᠴᠠ ᠵᠥᠷᠢᠴᠡᠨ ᠳᠠᠶᠢᠯᠠᠯᠭ᠎ᠠ ᠬᠢᠵᠦ ᠠᠷᠢᠬᠢ ᠤᠤᠭᠤᠭᠰᠠᠨ ︽ᠵᠢᠷᠭᠤᠭᠠᠨ ᠵᠦᠢᠯ ᠤᠨ ᠲᠣᠭᠲᠠᠭᠠᠯ︾ ᠵᠡᠷᠭᠡ ᠴᠠᠭᠳᠠᠭ᠎ᠠ ᠶᠢᠨ ᠲᠦᠷᠢᠮ ᠲᠣᠭᠲᠠᠭᠠᠯ ᠰᠠᠬᠢᠯᠭ᠎ᠠ ᠪᠠᠲᠤ ᠶᠢ ᠴᠢᠩᠭ᠎ᠠ ᠬᠡᠷᠡᠭᠵᠢᠭᠦᠯᠬᠦ ᠶᠢᠨ ᠬᠠᠮᠲᠤ ᠴᠢᠩᠭ᠎ᠠ ᠬᠠᠮᠢᠶᠠᠷᠴᠤ ᠢᠯᠡᠭᠦᠬᠡᠨ ᠬᠠᠷᠠᠭᠠᠯᠵᠠᠬᠤ ᠶᠢ ᠤᠶᠠᠯᠳᠤᠭᠤᠯᠬᠤ ᠶᠢ ᠪᠠᠷᠢᠮᠲᠠᠯᠠᠵᠤ᠂ ᠪᠦᠬᠦ ᠣᠷᠣᠨ ᠤ ᠳᠣᠲᠣᠭᠠᠳᠤ ᠶᠢ ᠬᠠᠮᠠᠭᠠᠯᠠᠬᠤ ᠡᠩᠨᠡᠭᠡ ᠶᠢᠨ ᠢᠮᠠᠭᠲᠠ ᠴᠤᠭ ᠪᠠᠳᠠᠷᠠᠩᠭᠤᠢ ᠪᠠᠶᠢᠳᠠᠯ ᠢᠶᠠᠷ ᠡᠯ᠎ᠡ ᠵᠦᠢᠯ ᠤᠨ ᠠᠵᠢᠯ ᠢᠶᠠᠨ ᠰᠠᠶᠢᠲᠤᠷ ᠬᠢᠬᠦ ᠶᠢ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃
ᠢᠷᠡᠯᠲᠡ᠄ ᠦᠪᠦᠷ ᠮᠤᠩᠭᠤᠯ ᠤᠨ ᠲᠤᠳᠤᠭᠠᠳᠦ ᠶᠢ ᠬᠠᠮᠠᠭᠠᠯᠠᠬᠤ ᠲᠢᠩᠬᠢᠮ
Baidu
map