ᠵᠧᠩ ᠭᠤᠸᠠᠩ ᠵᠣᠣ ᠪᠤᠭᠤᠲᠤ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠳᠤ ︽ᠬᠡᠷᠡᠭ ᠲᠤ ᠴᠢᠭᠯᠡᠭᠦᠯᠦᠨ ᠳᠣᠷᠣᠭᠰᠢ ᠪᠠᠭᠤᠵᠤ ᠵᠠᠬᠢᠳᠠᠯ ᠰᠤᠷᠪᠤᠯᠵᠢᠯᠠᠭ᠎ᠠ ᠶᠢ ᠬᠦᠯᠢᠶᠡᠪᠡ︾
ᠨᠡᠶᠢᠲᠡᠯᠡᠭᠰᠡᠨ ᠴᠠᠭ᠄
2023/12/20
      12 ᠳ᠋ᠤᠭᠠᠷ ᠰᠠᠷ᠎ᠠ ᠶᠢᠨ 12 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ᠂ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠨᠠᠮ ᠤᠨ ᠬᠤᠷᠢᠶ᠎ᠠ ᠶᠢᠨ ᠱᠦᠵᠢ᠂ ᠲᠢᠩᠬᠢᠮ ᠤᠨ ᠳᠠᠷᠤᠭ᠎ᠠ ᠵᠧᠩ ᠭᠤᠸᠠᠩ ᠵᠣᠣ ᠪᠤᠭᠤᠲᠤ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠳᠤ ︽ᠬᠡᠷᠡᠭ ᠲᠤ ᠴᠢᠭᠯᠡᠭᠦᠯᠦᠨ ᠳᠣᠷᠣᠭᠰᠢ ᠪᠠᠭᠤᠵᠤ ᠵᠠᠬᠢᠳᠠᠯ ᠰᠤᠷᠪᠤᠯᠵᠢᠯᠠᠭ᠎ᠠ ᠶᠢ ᠬᠦᠯᠢᠶᠡᠨ ᠠᠪᠴᠤ︾᠂ ᠲᠤᠬᠠᠶ ᠶᠢᠨ ᠲᠠᠯᠠᠪᠤᠷ ᠲᠤ ᠵᠠᠬᠢᠳᠠᠯ ᠰᠤᠷᠪᠤᠯᠵᠢᠯᠠᠭ᠎ᠠ ᠬᠢᠭᠰᠡᠨ 2 ᠬᠥᠮᠥᠨ ᠢ ᠭᠥᠯᠢᠶᠡᠨ ᠠᠪᠴᠤ᠂ ᠰᠤᠷᠪᠤᠯᠵᠢᠯᠠᠬᠤ ᠪᠠᠷ ᠢᠷᠡᠭᠰᠡᠨ ᠣᠯᠠᠨ ᠲᠦᠮᠡᠨ ᠤ ᠬᠦᠰᠡᠯ ᠱᠠᠭᠠᠷᠳᠠᠯᠭ᠎ᠠ ᠳᠤ ᠴᠢᠭᠯᠡᠭᠦᠯᠦᠨ᠂ ᠬᠠᠮᠢᠶ᠎ᠠ ᠪᠥᠬᠦᠶ ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ ᠰᠢᠢᠳᠪᠦᠷᠢᠯᠡᠬᠦ ᠠᠷᠭ᠎ᠠ ᠬᠡᠮᠵᠢᠶ᠎ᠡ ᠶᠢ ᠰᠤᠳᠤᠯᠬᠤ ᠶᠢᠨ ᠬᠠᠮᠲᠤ ᠬᠠᠷᠢᠶ᠎ᠠ ᠭᠠᠵᠠᠷ ᠤᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠳᠤ ᠬᠤᠭᠤᠴᠠᠭ᠎ᠠ ᠲᠣᠭᠲᠠᠭᠠᠨ ᠰᠢᠢᠳᠪᠦᠷᠢᠯᠡᠭᠦᠯᠬᠦ ᠪᠠᠷ ᠳᠠᠭᠠᠭᠠᠯᠭᠠᠪᠠ᠃
1.jpg
      ᠵᠠᠬᠢᠳᠠᠯ ᠰᠤᠷᠪᠤᠯᠵᠢᠯᠠᠭ᠎ᠠ ᠶᠢ ᠬᠦᠯᠢᠶᠡᠨ ᠠᠪᠤᠭᠰᠠᠨ ᠤ ᠳᠠᠷᠠᠭ᠎ᠠ᠂ ᠵᠧᠩ ᠭᠤᠸᠠᠩ ᠭᠤᠸᠠᠩ ᠳᠣᠲᠣᠭᠠᠳᠤ ᠶᠢ ᠬᠠᠮᠠᠭᠠᠯᠠᠬᠤ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠶ ᠲᠣᠳᠣᠷᠬᠠᠶ ᠱᠠᠭᠠᠷᠳᠠᠯᠭ᠎ᠠ ᠳᠤᠷᠠᠳᠪᠠ᠃ ᠲᠡᠷᠡ᠂ ᠪᠦᠬᠦ ᠣᠷᠣᠨ ᠤ ᠡᠯ᠎ᠡ ᠱᠠᠲᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠢᠨ ᠰᠢᠨ᠎ᠡ ᠴᠠᠭ ᠦᠶ᠎ᠡ ᠶᠢᠨ ︽ᠹᠧᠩᠴᠢᠶᠤᠤ ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ᠂ ᠵᠥᠷᠢᠴᠡᠯ ᠵᠠᠭᠤᠷᠠᠯᠳᠤᠭᠠᠨ ᠢ ᠤᠷᠢᠳᠴᠢᠯᠠᠨ ᠰᠡᠷᠭᠡᠶᠢᠯᠡᠬᠦ ᠪᠠᠶᠢᠴᠠᠭᠠᠨ ᠰᠢᠢᠳᠪᠦᠷᠢᠯᠡᠬᠦ ᠪᠠ ᠡᠬᠢ ᠡᠭᠦᠰᠦᠯ ᠠᠴᠠ ᠨᠢ ᠵᠠᠰᠠᠬᠤ ᠶᠢ ᠴᠢᠩᠭᠠᠳᠬᠠᠬᠤ ᠶᠢᠨ ᠬᠠᠮᠲᠤ ᠠᠰᠠᠭᠤᠳᠠᠯ ᠢ ᠰᠢᠢᠳᠪᠦᠷᠢᠯᠡᠬᠦ ᠶᠠᠪᠤᠴᠠ ᠳᠤ ᠵᠢᠮ᠎ᠡ ᠶᠣᠰᠣ ᠶᠢ ᠡᠷᠢᠵᠦ᠂ ᠠᠰᠠᠭᠤᠳᠠᠯ ᠤᠨ ᠡᠭᠦᠰᠦᠭᠰᠡᠨ ᠥᠨᠳᠦᠰᠦ ᠰᠣᠷᠪᠤᠯᠵᠢ ᠶᠢᠨ ᠰᠢᠯᠲᠠᠭᠠᠨ ᠢ ᠰᠤᠳᠤᠯᠵᠤ᠂ ᠬᠠᠨᠳᠤᠯᠭᠠᠲᠤ ᠴᠢᠨᠠᠷᠲᠠᠢ ᠪᠠᠷ ᠰᠢᠢᠳᠪᠦᠷᠢᠯᠡᠬᠦ ᠲᠥᠰᠦᠯ ᠢ ᠳᠤᠷᠠᠳᠬᠤ ᠬᠡᠷᠡᠭᠲᠡᠢ᠃ ︽ᠫᠦᠵᠢᠶᠠᠩ ᠤᠨ ᠲᠤᠷᠰᠢᠯᠭ᠎ᠠ︾ ᠳᠤ ᠠᠭᠤᠯᠤᠭᠳᠠᠵᠤ ᠪᠠᠶᠢᠭ᠎ᠠ ᠵᠣᠭᠰᠣᠯᠲᠠ᠂ ᠦᠵᠡᠯᠲᠡ᠂ ᠠᠷᠭ᠎ᠠ ᠶᠢ ᠭᠦᠨᠵᠡᠭᠡᠶ ᠣᠶᠢᠯᠠᠭᠠᠵᠤ᠂ ᠤᠳᠤᠷᠢᠳᠬᠤ ᠺᠠᠳ᠋ᠷᠴᠤᠳ ᠤᠨ ᠵᠠᠬᠢᠳᠠᠯ ᠰᠤᠷᠪᠤᠯᠵᠢᠯᠠᠭ᠎ᠠ ᠶᠢ ᠬᠦᠯᠢᠶᠡᠨ ᠠᠪᠬᠤ ᠪᠠ ᠳᠣᠷᠣᠭᠰᠢ ᠪᠠᠭᠤᠵᠤ ᠵᠠᠬᠢᠳᠠᠯ ᠰᠤᠷᠪᠤᠯᠵᠢᠯᠠᠭ᠎ᠠ ᠶᠢ ᠬᠦᠯᠢᠶᠡᠨ ᠠᠪᠬᠤ ᠠᠵᠢᠯ ᠢ ᠪᠠᠶᠢᠩᠭᠤᠵᠢᠭᠤᠯᠤᠨ ᠥᠷᠨᠢᠭᠦᠯᠵᠦ᠂ ᠵᠠᠬᠢᠳᠠᠯ ᠰᠤᠷᠪᠤᠯᠵᠢᠯᠠᠭ᠎ᠠ ᠶᠢ ᠣᠷᠣᠯᠠᠨ ᠭᠦᠢᠴᠡᠳᠬᠡᠬᠦ ᠲᠦᠷᠢᠮ ᠢ ᠭᠦᠨᠵᠡᠭᠡᠶ ᠨᠠᠶᠢᠳᠠᠪᠤᠷᠢᠵᠢᠭᠤᠯᠵᠤ᠂ ᠦᠨᠡᠨ ᠰᠡᠳᠬᠢᠯ ᠠᠴᠠ ᠪᠠᠨ ᠤᠯᠠᠨ ᠲᠦᠮᠡᠨ ᠳᠤ ᠦᠢᠯᠡᠴᠢᠯᠡᠵᠦ᠂ ᠵᠠᠬᠢᠳᠠᠯ ᠰᠤᠷᠪᠤᠯᠵᠢᠯᠠᠭ᠎ᠠ ᠶᠢ ᠣᠷᠣᠯᠠᠨ ᠭᠦᠢᠴᠡᠳᠬᠡᠬᠦ ᠶᠢ ᠺᠠᠳ᠋ᠷ ᠤᠯᠠᠨ ᠲᠦᠮᠡᠨ ᠤ ᠬᠠᠷᠢᠴᠠᠭ᠎ᠠ ᠶᠢ ᠨᠢᠭᠲᠠᠷᠠᠭᠤᠯᠬᠤ᠂ ᠦᠨᠳᠦᠰᠦᠨ ᠱᠠᠲᠤᠨ ᠤ ᠵᠠᠰᠠᠯᠲᠠ ᠶᠢ ᠴᠢᠩᠭᠠᠳᠬᠠᠬᠤ ᠪᠣᠳᠠᠲᠤ ᠦᠢᠯᠡᠳᠦᠯᠭᠡ ᠪᠣᠯᠭᠠᠬᠤ ᠬᠡᠷᠡᠭᠲᠡᠶ᠃ ᠳᠣᠲᠣᠭᠠᠳᠤ ᠶᠢ ᠬᠠᠮᠠᠭᠠᠯᠠᠬᠤ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠬᠠᠤᠯᠢᠵᠢᠯ ᠤᠨ ᠠᠬᠢᠴᠠ ᠶᠢ ᠯᠠᠪᠳᠠᠭᠤᠨ ᠪᠠᠲᠤᠲᠠᠢ ᠠᠬᠢᠭᠤᠯᠵᠤ᠂ ᠲᠤᠷᠰᠢᠯᠲᠠ ᠶᠢᠨ ᠨᠢᠭᠡᠴᠢ ᠶᠢᠨ ᠲᠡᠷᠢᠭᠦᠨ ᠤ ᠲᠤᠷᠰᠢᠯᠭ᠎ᠠ ᠶᠢ ᠰᠤᠷᠤᠯᠴᠠᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠶᠡᠬᠡᠪᠡᠷ ᠪᠠᠶᠢᠴᠠᠭᠠᠨ ᠰᠤᠳᠤᠯᠤᠯᠲᠠ ᠬᠢᠵᠦ᠂ ᠵᠣᠷᠢᠭᠲᠠᠢ ᠪᠠᠷ ᠥᠪᠡᠷ ᠤᠨ ᠪᠡᠶ᠎ᠡ ᠳᠤ ᠪᠠᠨ ᠬᠤᠪᠢᠰᠬᠠᠯ ᠬᠢᠵᠦ᠂ ᠪᠦᠬᠦ ᠣᠷᠣᠨ ᠤ ᠳᠣᠲᠣᠭᠠᠳᠤ ᠶᠢ ᠬᠠᠮᠠᠭᠠᠯᠠᠬᠤ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠬᠠᠤᠯᠢᠵᠢᠯ ᠢ ᠪᠦᠬᠦ ᠲᠠᠯ᠎ᠠ ᠪᠠᠷ ᠠᠬᠢᠭᠤᠯᠬᠤ ᠬᠡᠷᠡᠭᠲᠡᠢ᠃ ᠡᠯ᠎ᠡ ᠱᠠᠲᠤᠨ ᠤ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠬᠦᠴᠦᠷᠬᠡᠭ ᠶᠡᠭᠡ ᠠᠵᠢᠯ ᠤᠨ ᠬᠠᠮᠲᠤᠷᠠᠯ ᠤᠨ ᠬᠦᠴᠦᠨ ᠢ ᠦᠨᠡᠨ ᠬᠦ ᠪᠦᠷᠢᠯᠳᠦᠭᠦᠯᠵᠦ᠂ ᠡᠯ᠎ᠡ ᠱᠠᠲᠤ ᠡᠯ᠎ᠡ ᠭᠠᠵᠠᠷ᠂ ᠡᠯ᠎ᠡ ᠴᠠᠭᠳᠠᠭᠠᠨ ᠤ ᠲᠦᠷᠦᠯ ᠤᠨ ᠰᠠᠯᠠᠭ᠎ᠠ ᠮᠥᠴᠢᠷ ᠢᠯᠠᠩᠭᠤᠶ᠎ᠠ ︽ᠨᠢᠭᠡᠳᠦᠭᠡᠷ ᠭᠠᠷ︾ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠳᠡᠭᠡᠳᠦ ᠳᠤᠤᠷᠠᠳᠤ ᠱᠠᠳᠤ ᠬᠤᠯᠪᠣᠭᠠᠯᠠᠨ ᠬᠥᠳᠡᠯᠦᠯᠴᠡᠭᠰᠡᠨ᠂ ᠳᠣᠲᠣᠭᠠᠳᠤ ᠭᠠᠳᠠᠭᠠᠳᠤ ᠬᠠᠷᠢᠯᠴᠠᠨ ᠦᠢᠯᠡᠳᠦᠯᠴᠡᠭᠰᠡᠨ ᠠᠵᠢᠯ ᠤᠨ ᠰᠢᠰᠲ᠋ᠧᠮ ᠢ ᠪᠦᠷᠢᠯᠳᠦᠭᠦᠯᠵᠦ᠂ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠢ ︽ᠲᠦᠷᠭᠡᠨ ᠰᠢᠢᠳᠪᠦᠷᠢᠯᠡᠵᠦ ᠲᠦᠷᠭᠡᠨ ᠳᠠᠭᠤᠰᠬᠠᠬᠤ︾᠂ ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠢ ︽ᠲᠦᠷᠭᠡᠨ ᠪᠠᠶᠢᠴᠠᠭᠠᠵᠤ ᠲᠦᠷᠭᠡᠨ ᠳᠠᠭᠤᠰᠬᠠᠬᠤ︾ ᠶᠢ ᠠᠬᠢᠭᠤᠯᠵᠤ᠂ ︽ᠤᠴᠢᠷ ᠶᠠᠪᠤᠳᠠᠯ ᠢ ᠰᠢᠢᠳᠪᠦᠷᠢᠯᠡᠬᠦ ᠶᠢᠨ ᠬᠠᠮᠲᠤ ᠰᠡᠳᠬᠢᠯ ᠤᠨ ᠵᠠᠩᠭᠢᠷᠠᠭ᠎ᠠ ᠶᠢ ᠨᠢ ᠲᠠᠶᠢᠯᠬᠤ︾᠂ ︽ᠬᠡᠷᠡᠭ ᠳᠠᠭᠤᠰᠪᠠᠯ ᠤᠴᠢᠷ ᠶᠠᠪᠤᠳᠠᠯ ᠢ ᠳᠠᠭᠤᠰᠬᠠᠬᠤ︾ ᠶᠢ ᠴᠢᠷᠮᠠᠶᠢᠨ ᠪᠡᠶᠡᠯᠡᠭᠦᠯᠵᠦ᠂ ᠵᠠᠬᠢᠳᠠᠯ ᠰᠤᠷᠪᠤᠯᠵᠢᠯᠠᠭ᠎ᠠ ᠶᠢᠨ ᠤᠯᠠᠨ ᠲᠦᠮᠡᠨ ᠤ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠳᠤ ᠢᠳᠡᠪᠬᠢᠲᠡᠶ ᠪᠠᠷ ᠬᠠᠷᠢᠭᠤᠯᠲᠠ ᠥᠭᠬᠦ ᠬᠡᠷᠡᠭᠲᠡᠶ ᠭᠡᠵᠦ ᠴᠢᠬᠤᠯᠠᠴᠢᠯᠠᠪᠠ᠃
2.jpg
    ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠲᠢᠩᠬᠢᠮ ᠤᠨ ᠪᠠᠶᠢᠩᠭᠤ ᠶᠢᠨ ᠳᠡᠳ᠋ ᠳᠠᠷᠤᠭ᠎ᠠ ᠯᠢᠦ ᠬᠤᠩ᠂ ᠪᠤᠭᠤᠲᠤ ᠬᠤᠲᠠ ᠶᠢᠨ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠳᠠᠷᠤᠭ᠎ᠠ ᠯᠢᠦ ᠭᠦᠸᠧ ᠮᠢᠩ᠂ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠬᠢᠨᠠᠨ ᠪᠠᠶᠢᠴᠠᠭᠠᠬᠤ ᠬᠢᠨᠠᠨ ᠪᠤᠳᠤᠬᠤ ᠵᠠᠬᠢᠳᠠᠯ ᠰᠤᠷᠪᠤᠯᠵᠢᠯᠠᠯ᠂ ᠠᠮᠤᠷ ᠢ ᠬᠠᠮᠠᠭᠠᠯᠠᠬᠤ᠂ ᠡᠷᠡᠭᠦᠤ ᠶᠢᠨ ᠬᠡᠷᠡᠭ ᠢ ᠲᠤᠷᠰᠢᠨ ᠪᠠᠶᠢᠴᠠᠭᠠᠬᠤ᠂ ᠬᠠᠤᠯᠢ ᠲᠦᠷᠢᠮ ᠵᠡᠷᠭᠡ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠵᠢᠴᠢ ᠪᠤᠭᠤᠲᠤ ᠬᠤᠲᠠ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠠᠮᠢᠶ᠎ᠠ ᠪᠥᠬᠦᠶ ᠴᠠᠭᠳᠠᠭᠠᠨ ᠤ ᠲᠥᠷᠥᠯ ᠤᠨ ᠬᠠᠷᠢᠭᠤᠴᠠᠯᠭᠠᠲᠠᠨ ᠨᠥᠬᠦᠳ ᠵᠠᠬᠢᠳᠠᠯ ᠰᠤᠷᠪᠤᠯᠵᠢᠯᠠᠭ᠎ᠠ ᠶᠢ ᠭᠥᠯᠢᠶᠡᠨ ᠠᠪᠬᠤ ᠳᠤ ᠣᠷᠣᠯᠴᠠᠵᠠᠶ᠃
ᠢᠷᠡᠯᠲᠡ᠄ ᠦᠪᠦᠷ ᠮᠤᠩᠭᠤᠯ ᠤᠨ ᠳᠤᠲᠤᠭᠠᠳᠤ ᠶᠢ ᠬᠠᠮᠠᠭᠠᠯᠠᠬᠤ ᠲᠢᠩᠬᠢᠮ
Baidu
map