ᠵᠠᠮ ᠠᠴᠠ ᠭᠤᠯᠭᠤᠨ ᠪᠠᠭᠤᠭᠰᠠᠨ ᠲᠡᠷᠭᠡ ᠶᠢ ᠪᠠᠴᠢᠮ ᠠᠪᠤᠷᠠᠪᠠ
ᠨᠡᠶᠢᠲᠡᠯᠡᠭᠰᠡᠨ ᠴᠠᠭ᠄
2023/12/21
     ᠤᠶᠢᠷ᠎ᠠ ᠶᠢᠨ ᠡᠳᠤᠷ᠂ ᠰᠢᠯᠢ ᠶᠢᠨ ᠭᠤᠤᠯ ᠠᠶᠢᠮᠠᠭ ᠤᠨ ᠭᠡᠪᠴᠢᠶᠡᠨ ᠳᠤ ᠨᠡᠶᠢᠳᠡᠮ ᠶᠡᠭᠡ ᠴᠠᠰᠤ ᠤᠷᠤᠵᠦ ᠤᠯᠤᠰ ᠤᠨ ᠪᠠ ᠮᠤᠵᠢ ᠶᠢᠨ ᠳᠡᠰ ᠤᠨ ᠵᠠᠰᠠᠮᠠᠯ ᠵᠠᠮ ᠤᠨ ᠤᠯᠠᠨ ᠬᠡᠰᠡᠭ ᠲᠤ ᠴᠠᠰᠤ ᠬᠤᠷᠠᠵᠦ᠂ ᠲᠡᠷᠭᠡ ᠬᠦᠰᠬᠡ ᠳᠤ ᠰᠠᠭᠠᠳ ᠤᠴᠠᠷᠠᠭᠤᠯᠵᠦ ᠵᠠᠮ ᠨᠡᠪᠳᠡᠷᠡᠯᠭᠡ ᠶᠢ ᠬᠠᠷᠰᠢᠯᠠᠪᠠ᠃ ᠴᠠᠰᠤ ᠰᠢᠭᠤᠷᠭ᠎ᠠ ᠲᠠᠢ ᠡᠳᠤᠷ  ᠤᠨ ᠲᠡᠷᠭᠡ ᠤᠨᠤᠭ᠎ᠠ ᠬᠠᠯᠳᠤᠷᠢᠵᠦ ᠭᠤᠯᠭᠤᠷᠢᠬᠤ᠂ ᠪᠤᠰᠤᠳ ᠲᠡᠷᠭᠡ ᠲᠠᠢ ᠮᠦᠷᠭᠦᠯᠳᠦᠬᠦ᠂ ᠱᠦᠷᠬᠦᠬᠦ ᠵᠡᠷᠭᠡ ᠵᠠᠮ ᠬᠠᠷᠢᠯᠴᠠᠭᠠᠨ ᠤ ᠠᠳᠡᠯ ᠡᠬᠦᠰᠬᠦ ᠶᠢ ᠠᠯᠢ ᠪᠤᠯᠬᠤ  ᠪᠠᠷ ᠪᠠᠭᠠᠰᠬᠠᠬᠤ᠂ ᠬᠠᠷᠢᠶ᠎ᠠ ᠤᠷᠤᠨ ᠤ ᠪᠠᠨ ᠵᠠᠮ ᠬᠠᠷᠢᠯᠴᠠᠭᠠᠨ ᠤ ᠡᠮᠬᠢ ᠲᠢᠭᠯᠢᠮ ᠢ ᠬᠠᠮᠠᠭᠠᠯᠠᠬᠤ᠂ ᠵᠠᠮ ᠨᠡᠪᠳᠡᠷᠡᠯᠭᠡ ᠶᠢᠨ ᠰᠠᠭᠠᠳ ᠦᠭᠡᠢ ᠪᠠᠶᠢᠬᠤ ᠶᠢ ᠪᠠᠳᠤᠯᠠᠬᠤ  ᠶᠢᠨ ᠲᠦᠯᠦᠭᠡ᠂ ᠰᠢᠯᠢ ᠶᠢᠨ ᠬᠤᠳᠠ ᠶᠢᠨ ᠲᠤᠳᠤᠭᠠᠳᠤ ᠶᠢ ᠬᠠᠮᠠᠭᠠᠯᠠᠬᠤ ᠲᠤᠪᠴᠢᠶᠠᠨ ᠤ ᠵᠠᠮ ᠬᠠᠷᠢᠯᠴᠠᠭᠠᠨ ᠤ ᠬᠠᠮᠢᠶᠠᠷᠤᠯᠳᠠ ᠶᠢᠨ ᠶᠡᠭᠡ ᠠᠩᠭᠢ ᠨᠢ ᠮᠠᠭᠤ ᠮᠠᠭᠤᠬᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠦᠰᠦᠯ ᠢᠶᠠᠨ ᠶᠠᠪᠤᠭᠳᠠᠭᠤᠯᠵᠦ᠂ ᠢᠳᠡᠪᠬᠢᠳᠠᠢ ᠪᠠᠶᠢᠷᠢᠯᠠᠭᠤᠯᠤᠨ᠂ ᠬᠤᠳᠠ ᠲᠤᠭᠤᠷᠢᠭ ᠵᠢᠴᠢ ᠤᠯᠤᠰ ᠤᠷᠤᠨ ᠤ ᠭᠤᠤᠯᠳᠠᠯᠭ᠎ᠠ ᠲᠠᠢ ᠵᠠᠮ ᠱᠤᠭᠤᠮ ᠤᠨ ᠭᠤᠤᠯᠳᠠᠯᠭ᠎ᠠ ᠲᠠᠢ ᠬᠡᠰᠡᠭ ᠲᠤ ᠴᠠᠭᠳᠠᠭ᠎ᠠ ᠶᠢᠨ ᠬᠦᠴᠦᠨ ᠢᠶᠠᠨ ᠢᠯᠡᠬᠦᠭᠡᠨ ᠪᠠᠶᠢᠷᠢᠯᠠᠭᠤᠯᠵᠦ᠂ ᠴᠠᠭᠳᠠᠨ ᠪᠠᠶᠢᠴᠠᠭᠠᠬᠤ ᠪᠠ ᠰᠡᠷᠭᠡᠶᠢᠯᠡᠨ ᠡᠵᠡᠮᠳᠡᠬᠦ ᠬᠦᠴᠦᠯᠡᠴᠡ ᠪᠠᠨ ᠨᠡᠮᠡᠭᠳᠡᠬᠦᠯᠦᠨ᠂ ᠤᠯᠠᠨ ᠲᠦᠮᠡᠨ ᠤ ᠠᠮᠤᠷ ᠲᠦᠪᠰᠢᠨ ᠶᠠᠪᠤᠵᠦ ᠰᠠᠭᠤᠬᠤ ᠶᠢ ᠪᠠᠳᠤᠯᠠᠪᠠ᠃
车辆滑下路基 雪中“警”急救困.jpg  
     12 ᠳ᠋ᠤᠭᠠᠷ ᠰᠠᠷ᠎ᠠ ᠶᠢᠨ 14 ᠤ ᠡᠳᠤᠷ ᠤᠨ 23 ᠴᠠᠭ ᠲᠤ᠂ ᠤᠯᠤᠰ ᠤᠷᠤᠨ ᠤ ᠵᠠᠮ ᠤᠨ ᠪᠠᠶᠠᠨᠰᠢᠯᠢ ᠳᠠᠬᠢ 303 ᠵᠠᠮ ᠬᠠᠷᠢᠯᠴᠠᠭᠠᠨ ᠤ ᠴᠠᠭᠳᠠᠭ᠎ᠠ ᠶᠢᠨ ᠲᠤᠮᠳᠠ ᠠᠩᠭᠢ ᠶᠢᠨ ᠴᠠᠭᠳᠠᠭ᠎ᠠ ᠨᠠᠷ 303 ᠤᠯᠤᠰ ᠤᠨ ᠵᠠᠮ ᠢᠶᠠᠷ ᠴᠠᠭᠳᠠᠨ ᠪᠠᠶᠢᠴᠠᠭᠠᠵᠦ ᠶᠠᠪᠤᠬᠤ ᠳᠤ ᠪᠠᠨ᠂ 1149 ᠺᠢᠯᠤᠮᠧᠲᠷ ᠤᠨ ᠤᠷᠴᠢᠮ ᠬᠦᠷᠬᠦ ᠦᠶᠡᠰ᠂ ᠨᠢᠭᠡᠨ ᠪᠠᠭ᠎ᠠ ᠲᠡᠷᠭᠡ ᠵᠠᠮ ᠠᠴᠠ ᠰᠢᠭᠤᠳ ᠪᠠᠭᠤᠭᠰᠠᠨ ᠪᠠᠶᠢᠬᠤ ᠶᠢ ᠤᠯᠵᠦ ᠬᠠᠷᠠᠪᠠ᠃ ᠠᠵᠠ ᠪᠠᠷ ᠵᠢᠯᠤᠭᠤᠴᠢ ᠨᠢ ᠰᠢᠷᠬᠠᠳᠤᠭᠰᠠᠨ ᠦᠭᠡᠢ ᠪᠠᠶᠢᠯ᠎ᠠ᠃ ᠴᠠᠰᠤᠳᠠᠢ ᠡᠳᠦᠷ ᠵᠠᠮ ᠬᠠᠯᠳᠤᠷᠢᠭ᠎ᠠ ᠲᠠᠢ ᠮᠥᠷᠳᠡᠬᠡᠨ ᠵᠤᠬᠢᠰ ᠦᠭᠡᠢ ᠵᠢᠯᠤᠭᠤᠳᠤᠭᠰᠠᠨ ᠠᠴᠠ ᠮᠠᠰᠢᠨ ᠲᠡᠷᠭᠡ ᠨᠢ ᠵᠠᠮ ᠠᠴᠠ ᠭᠠᠷᠴᠦ ᠬᠠᠵᠠᠭᠤ ᠲᠡᠶᠢᠰᠢ ᠪᠠᠨ ᠭᠤᠯᠭᠤᠨ ᠪᠠᠭᠤᠵᠦ᠂ ᠵᠢᠯᠤᠭᠤᠴᠢ ᠨᠢ ᠤᠯᠠᠨ ᠤᠳᠠᠭ᠎ᠠ ᠲᠤᠷᠰᠢᠵᠦ ᠦᠵᠡᠭᠰᠡᠨ ᠪᠤᠯᠪᠠᠴᠦ ᠲᠡᠷᠭᠡ ᠪᠠᠨ ᠬᠤᠷᠠᠭᠰᠠᠨ ᠴᠠᠰᠤᠨ ᠠᠴᠠ ᠭᠠᠷᠭᠠᠵᠦ ᠴᠢᠳᠠᠭᠰᠠᠨ ᠦᠭᠡᠢ᠃ ᠪᠠᠶᠢᠳᠠᠯ ᠢ ᠤᠶᠢᠯᠠᠭᠠᠭᠰᠠᠨ ᠤ ᠲᠠᠷᠠᠭ᠎ᠠ᠂ ᠴᠠᠭᠳᠠᠭ᠎ᠠ ᠨᠠᠷ ᠠᠴᠠ ᠲᠤᠰ ᠲᠡᠷᠭᠡᠨ ᠤ ᠲᠣᠤᠷᠠᠬᠢ ᠬᠤᠷᠠᠭᠰᠠᠨ ᠴᠠᠰᠤ ᠶᠢ ᠴᠡᠪᠡᠷᠯᠡᠵᠦ᠂ ᠴᠢᠩᠭᠠᠭᠠᠵᠦ ᠲᠠᠳᠠᠭᠰᠠᠨ ᠢᠶᠠᠷ ᠨᠢᠭᠡ ᠴᠠᠭ  ᠤᠨ ᠬᠤᠭᠤᠴᠠᠭ᠎ᠠ ᠶᠢ ᠬᠡᠷᠡᠭᠰᠡᠵᠦ᠂ ᠴᠠᠰᠤᠨ ᠳᠤ ᠬᠠᠰᠢᠭᠳᠠᠭᠰᠠᠨ ᠲᠡᠷᠭᠡ ᠶᠢ ᠵᠠᠮ ᠲᠡᠭᠡᠷ᠎ᠡ ᠠᠮᠤᠷ ᠲᠦᠪᠰᠢᠨ ᠭᠠᠵᠠᠷ ᠲᠤ ᠭᠠᠷᠭᠠᠪᠠ᠃ ᠬᠦᠴᠢᠷᠳᠡᠭᠰᠡᠨ ᠦᠶ᠎ᠡ ᠳᠤ᠂ ᠴᠠᠭ ᠲᠤᠬᠠᠢ ᠳᠤ ᠨᠢ ᠬᠠᠷᠠᠮ ᠦᠭᠡᠢ ᠲᠤᠰᠠ ᠲᠡᠮᠵᠢᠯᠭᠡ ᠬᠦᠷᠭᠡᠭᠰᠡᠨ ᠵᠠᠮ ᠤᠨ ᠴᠠᠭᠳᠠᠭ᠎ᠠ ᠳᠤ ᠵᠢᠯᠤᠭᠤᠴᠢ ᠭᠤᠸᠠᠢ ᠠᠬᠢᠨ ᠲᠠᠬᠢᠨ ᠲᠠᠯᠠᠷᠬᠠᠯ ᠢᠯᠡᠷᠭᠡᠶᠢᠯᠡᠵᠦ᠂ ᠬᠤᠶᠢᠰᠢᠳᠡ ᠵᠠᠮ ᠶᠠᠪᠤᠬᠤ ᠳᠤ ᠪᠠᠨ ᠢᠯᠡᠬᠦᠭᠡᠨ ᠠᠩᠬᠠᠷᠴᠦ᠂ ᠠᠮᠤᠷ ᠲᠦᠪᠰᠢᠨ ᠠᠶᠠᠯᠠᠨ᠎ᠠ ᠬᠡᠵᠦ ᠪᠠᠶᠢᠯ᠎ᠠ᠃ ︵ᠰᠢᠯᠢ ᠶᠢᠨ ᠬᠤᠳᠠ ᠶᠢᠨ ᠲᠤᠳᠤᠭᠠᠳᠤ ᠶᠢ ᠬᠠᠮᠠᠭᠠᠯᠠᠬᠤ ᠲᠤᠪᠴᠢᠶᠠᠨ ᠤ  ᠤᠶᠤᠨᠴᠢᠮᠡᠭ ᠮᠡᠳᠡᠭᠡᠯᠡᠪᠡ︶ 
ᠢᠷᠡᠯᠲᠡ᠄ ᠰᠢᠯᠢ ᠶᠢᠨ ᠭᠤᠤᠯ ᠠᠶᠢᠮᠠᠭ ᠤᠨ ᠲᠣᠳᠤᠭᠠᠳᠤ ᠶᠢ ᠬᠠᠮᠠᠭᠠᠯᠠᠬᠤ ᠲᠣᠪᠴᠢᠶ᠎ᠠ
Baidu
map