ᠣᠶᠢᠷ᠎ᠠ ᠳᠤ᠂ ᠪᠤᠭᠤᠲᠤ ᠬᠤᠲᠠ ᠶᠢᠨ ᠲᠦᠮᠡᠳ ᠪᠠᠷᠠᠭᠤᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠩᠵᠤᠨ ᠶᠣᠣ ᠲᠣᠮᠢᠯᠠᠭᠰᠠᠨ | ᠰᠠᠯᠪᠤᠷᠢ ᠳᠤ᠂ ᠬᠠᠷᠢᠶᠠᠲᠤ ᠣᠷᠣᠨ ᠤ ᠬᠤᠨᠢᠴᠢᠨ ᠵᠠᠩ ᠭᠤᠸᠠᠶ ᠠᠴᠠ ︽ᠦᠳᠡ ᠶᠢᠨ ᠬᠤᠶᠢᠨ᠎ᠠ ᠬᠤᠨᠢ ᠪᠠᠨ ᠬᠠᠷᠢᠭᠤᠯᠬᠤ ᠳᠤ ᠪᠠᠨ ᠪᠠᠴᠢᠮ ᠤᠴᠢᠷ ᠢᠶᠠᠷ | ᠬᠡᠷ ᠲᠤ ᠪᠠᠨ ᠬᠠᠷᠢᠭᠠᠳ᠂ ᠣᠷᠣᠶ ᠳᠠᠬᠢᠭᠠᠳ ᠣᠴᠢᠬᠤ ᠳᠤ 102 ᠬᠤᠨᠢ ᠨᠢ ᠠᠯᠠᠭ᠎ᠠ ᠪᠣᠯᠤᠭᠰᠠᠨ ᠢ ᠣᠯᠵᠤ ᠮᠡᠳᠡᠪᠡ᠃ ᠠᠷᠠᠳ ᠤᠨ ᠴᠠᠭᠳᠠᠭ᠎ᠠ ᠪᠠᠷ | ᠬᠠᠪᠰᠤᠷᠤᠭᠤᠯᠤᠨ ᠡᠷᠢᠭᠦᠯᠬᠦ ᠶᠢ ᠭᠤᠶᠤᠴᠢᠯᠠᠭᠰᠠᠨ︾ ᠤᠳᠠᠰᠣ ᠢᠷᠡᠭᠦᠯᠪᠡ᠃ | ᠤᠯᠠᠨ ᠲᠦᠮᠡᠨ ᠢ ᠬᠠᠪᠰᠤᠷᠤᠨ ᠡᠳ᠋ ᠬᠦᠷᠦᠩᠭᠡ ᠶᠢᠨ ᠬᠤᠬᠢᠷᠠᠯ ᠢ ᠲᠦᠷᠭᠡᠨ ᠠᠪᠤᠷᠠᠬᠤ ᠶᠢᠨ ᠲᠥᠯᠥᠭᠡ᠂ ᠵᠠᠩᠵᠤᠨ ᠶᠣᠣ ᠲᠣᠮᠢᠯᠠᠭᠰᠠᠨ ᠰᠠᠯᠪᠤᠷᠢ ᠶᠢᠨ | ︽ᠰᠦᠯᠵᠢᠶ᠎ᠡ ᠪᠠ ᠰᠦᠯᠵᠢᠶᠡᠨ ᠭᠠᠳᠠᠨᠠᠬᠢ︾ ᠬᠤᠣᠰ ᠴᠢᠭᠯᠡᠯ ᠢᠶᠠᠷ ᠬᠦᠴᠦᠯᠡᠵᠦ᠂ ︽ᠨᠢᠭᠡ ᠲᠣᠰᠬᠤᠨ ᠳᠤ ᠨᠢᠭᠡ ᠴᠠᠭᠳᠠᠭ᠎ᠠ ᠪᠠᠶᠢᠬᠤ︾ ᠸᠢᠴᠠᠲ ᠤᠨ ᠴᠤᠭᠯᠠᠷᠠᠯ ᠢ | ᠠᠰᠢᠭᠯᠠᠨ ᠬᠠᠷᠢᠶ᠎ᠠ ᠣᠷᠣᠨ ᠤ ᠡᠯ᠎ᠡ ᠲᠣᠰᠬᠤᠨ ᠳᠤ ᠬᠤᠨᠢ ᠡᠷᠢᠬᠦ ᠮᠡᠳᠡᠭᠳᠡᠯ ᠨᠡᠶᠢᠲᠡᠯᠡᠵᠦ᠂ ᠪᠠᠰᠠ ᠪᠦᠬᠦ ᠴᠠᠭᠳᠠᠭ᠎ᠠ ᠶᠢᠨ ᠬᠦᠴᠦᠨ ᠢ ᠬᠥᠳᠡᠯᠭᠡᠨ ᠬᠤᠨᠢ | ᠠᠯᠳᠠᠭᠰᠠᠨ ᠭᠠᠵᠠᠷ ᠤᠨ ᠡᠷᠬᠢᠨ ᠲᠣᠭᠤᠷᠢᠨ ᠢᠶᠠᠷ ᠰᠤᠷᠪᠤᠯᠵᠢᠯᠠᠨ ᠪᠠᠶᠢᠴᠠᠭᠠᠵᠤ ᠪᠠᠶᠢᠳᠠᠯ ᠢ ᠣᠶᠢᠯᠠᠭᠠᠪᠠ᠃ | | | | ᠲᠤᠬᠠᠶ ᠶᠢᠨ ᠲᠠᠯᠠᠪᠠᠶ ᠶᠢᠨ ᠬᠠᠶᠢᠨ ᠪᠠᠶᠢᠴᠠᠭᠠᠯᠲᠠ ᠪᠠᠷ ᠳᠡᠮᠵᠢᠨ᠂ ᠬᠤᠨᠢᠨ ᠰᠦᠷᠦᠭ ᠤᠨ ᠬᠤᠯᠠᠭᠠᠶᠢᠯᠠᠭᠳᠠᠬᠤ ᠪᠣᠯᠤᠮᠵᠢ ᠶᠢ ᠠᠩᠬ᠎ᠠ ᠠᠯᠬᠤᠮ ᠦᠭᠡᠶᠢᠰᠬᠡᠪᠡ᠃ | ᠪᠥᠬᠦ ᠴᠠᠭᠳᠠᠭ᠎ᠠ ᠶᠢᠨ ᠬᠢᠨ ᠡᠷᠢᠵᠦ ᠬᠠᠶᠢᠬᠤ ᠬᠡᠪᠴᠢᠶ᠎ᠡ ᠪᠠᠨ ᠦᠷᠭᠦᠯᠵᠢᠯᠡᠨ ᠥᠷᠭᠡᠳᠬᠡᠵᠦ᠂ ᠡᠷᠬᠢᠨ ᠲᠣᠭᠤᠷᠢᠨ ᠤ ᠠᠶᠢᠯ ᠲᠣᠰᠬᠤᠨ ᠵᠢᠴᠢ ᠬᠠᠲᠤᠨ ᠭᠤᠤᠯ ᠤᠨ | ᠡᠷᠭᠢ ᠳᠠᠭᠠᠤ ᠳᠤ ᠬᠦᠷᠴᠦ ᠡᠷᠢᠯᠬᠢᠯᠡᠪᠡ᠃ ᠳᠠᠷᠠᠭ᠎ᠠ ᠥᠷᠯᠦᠭᠡ ᠶᠢᠨ 3 ᠴᠠᠭ 30 ᠮᠢᠨᠦ᠋ᠲ ᠪᠣᠯᠳᠠᠯ᠎ᠠ᠂ ᠠᠷᠠᠳ ᠤᠨ ᠴᠠᠭᠳᠠᠭ᠎ᠠ ᠬᠠᠪᠰᠤᠷᠤᠭᠴᠢ | ᠴᠠᠭᠳᠠᠭ᠎ᠠ ᠶᠢᠨ ᠬᠢᠨ ᠬᠤᠨᠢᠨ ᠰᠦᠷᠦᠭ ᠤᠨ ᠪᠠᠷ᠎ᠠ ᠰᠤᠷᠠᠭ ᠢ ᠣᠯᠵᠤ ᠬᠠᠷᠠᠭᠰᠠᠨ ᠦᠭᠡᠶ ᠪᠣᠯᠪᠠᠴᠤ ᠣᠯᠠᠨ ᠢᠶᠠᠷ ᠢᠶᠠᠨ ᠮᠥᠨ ᠯᠡ ᠥᠷᠭᠦᠯᠵᠢᠯᠡᠨ ᠴᠠᠰᠤ | ᠰᠢᠭᠤᠷᠭᠠᠨ ᠢ ᠰᠥᠷᠥᠨ ᠠᠶᠢᠯ ᠲᠣᠰᠬᠤᠨ ᠠᠴᠠ ᠡᠷᠢᠵᠦ ᠪᠠᠶᠢᠯ᠎ᠠ᠃ | ᠥᠷᠯᠥᠭᠡ ᠶᠢᠨ 4 ᠴᠠᠭ 30 ᠮᠢᠨᠦ᠋ᠲ ᠲᠤ ᠨᠢᠭᠡᠨ ᠲᠣᠰᠬᠤᠨ ᠤ ᠠᠷᠠᠳ ᠤᠲᠠᠰᠤ ᠢᠷᠡᠭᠦᠯᠵᠦ᠄ ︽ᠰᠠᠶ᠋ᠢᠬᠠᠨ ᠥᠪᠡᠷ ᠤᠨ ᠭᠡᠷ ᠤᠨ ᠣᠶᠢᠷ᠎ᠠ ᠬᠠᠪᠢ ᠠᠴᠠ | ᠨᠢᠭᠡ ᠰᠦᠷᠦᠭ ᠬᠤᠨᠢ ᠶᠢ ᠦᠵᠡᠭᠡᠳ ᠬᠤᠨᠢᠨ ᠰᠦᠷᠦᠭ ᠰᠠᠯᠵᠤ ᠪᠤᠳᠠᠷᠠᠬᠤ ᠠᠴᠠ ᠪᠣᠯᠭᠤᠮᠵᠢᠯᠠᠨ᠂ ᠤᠷᠢᠳ ᠢᠶᠠᠷ ᠲᠡᠳᠡᠨ ᠢ ᠬᠠᠰᠢᠶᠠᠨ ᠳᠤ ᠪᠠᠨ ᠬᠤᠷᠢᠪᠠ᠃ | ᠲᠣᠰᠬᠤᠨ ᠤ ᠠᠷᠠᠳ ᠤᠨ ᠸᠢᠴᠠᠲ ᠤᠨ ᠴᠤᠭᠯᠠᠷᠠᠯ ᠠᠴᠠ ᠨᠡᠶᠢᠲᠡᠯᠡᠭᠰᠡᠨ ᠬᠤᠨᠢ ᠡᠷᠢᠬᠦ ᠮᠡᠳᠡᠭᠳᠡᠯ ᠢ ᠣᠯᠵᠤ ᠦᠵᠡᠭᠡᠳ ᠲᠡᠷᠡ ᠳᠠᠷᠤᠶ ᠳᠤ ᠨᠢ ᠤᠳᠠᠰᠤᠳᠠᠪᠠ︾ | ᠭᠡᠵᠡᠶ᠃ | | | | ᠬᠤᠨᠢᠨ ᠤ ᠰᠦᠷᠦᠭ ᠢ ᠡᠷᠢᠵᠦ ᠣᠯᠤᠭᠰᠠᠨ ᠳᠤ᠂ ᠵᠠᠩ ᠭᠤᠸᠠᠶ ᠰᠡᠳᠬᠢᠯ ᠳᠣᠭᠳᠣᠯᠤᠨ ᠬᠠᠯᠠᠭᠤᠨ ᠨᠢᠯᠪᠤᠰᠤ ᠠᠰᠬᠠᠷᠠᠭᠤᠯᠤᠨ ᠠᠷᠠᠳ ᠤᠨ ᠴᠠᠭᠳᠠᠭ᠎ᠠ | ᠬᠠᠪᠰᠤᠷᠤᠭᠴᠢ ᠴᠠᠭᠳᠠᠭ᠎ᠠ ᠳᠤ᠄ ︽ᠲᠠ ᠨᠠᠷ ᠲᠤ ᠮᠠᠰᠢ ᠲᠠᠯᠠᠷᠬᠠᠵᠤ ᠪᠠᠶᠢᠨ᠎ᠠ︖ ᠬᠡᠷᠪᠡ ᠬᠤᠨᠢ ᠪᠠᠨ ᠡᠷᠢᠵᠦ ᠤᠯᠬᠤ ᠦᠭᠡᠶ ᠪᠣᠯ ᠮᠢᠨᠦ ᠬᠤᠬᠢᠷᠠᠯ ᠶᠡᠭᠡ | ᠪᠣᠯᠤᠨ᠎ᠠ ᠁︾ ᠭᠡᠵᠦ ᠵᠠᠯᠭᠠᠭ᠎ᠠ ᠪᠠᠷ ᠲᠠᠯᠠᠷᠬᠠᠭᠰᠠᠨ ᠰᠡᠳᠬᠢᠯᠭᠡ ᠪᠠᠨ ᠢᠯᠡᠳᠬᠡᠵᠦ ᠪᠠᠶᠢᠯ᠎ᠠ᠃ | ᠤᠯᠠᠨ ᠲᠦᠮᠡᠨ ᠤ ᠠᠰᠢᠭ ᠲᠤᠰᠠ ᠳᠤ ᠪᠠᠭ᠎ᠠ ᠶᠠᠪᠤᠳᠠᠯ ᠭᠡᠵᠦ ᠦᠬᠡᠢ᠂ ᠰᠠᠯᠠᠭ᠎ᠠ ᠨᠠᠮᠠᠭ᠎ᠠ ᠪᠦᠬᠦᠨ ᠳᠤ ᠴᠥᠮ ᠬᠠᠶᠢᠷ᠎ᠠ ᠰᠡᠳᠬᠢᠯᠭᠡ ᠲᠠᠢ ᠬᠤᠯᠪᠣᠭᠳᠠᠨ᠎ᠠ᠃ | ᠵᠠᠩᠵᠤᠨ ᠶᠣᠣ ᠲᠣᠮᠢᠯᠠᠭᠰᠠᠨ ᠰᠠᠯᠪᠤᠷᠢ ᠶᠢᠨ ᠪᠦᠬᠦ ᠠᠷᠠᠳ ᠤᠨ ᠲᠤᠰᠠᠯᠠᠬᠤ ᠴᠠᠭᠳᠠᠭ᠎ᠠ ᠶᠢᠨ ᠬᠢᠨ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠢᠮᠠᠭᠲᠠ ᠪᠠᠲᠤ | ᠴᠡᠭᠡᠵᠢᠯᠡᠵᠦ᠂ ᠬᠦᠴᠢᠷ ᠪᠡᠷᠬᠡᠰᠢᠶᠡᠯ ᠳᠤ ᠲᠤᠯᠭᠠᠷᠠᠭᠰᠠᠨ ᠤᠯᠠᠨ ᠲᠦᠮᠡᠨ ᠨᠢᠭᠡᠪᠦᠷᠢ ᠶᠢ ᠬᠦᠯᠢᠴᠡᠩᠭᠦᠢ ᠪᠥᠭᠡᠳ ᠨᠠᠷᠢᠨ ᠨᠢᠮᠪᠠᠢ ᠪᠦᠬᠦ ᠬᠦᠴᠦᠨ ᠢᠶᠠᠷ ᠢᠶᠠᠨ | ᠬᠠᠪᠰᠤᠷᠴᠤ᠂ ᠪᠣᠳᠠᠲᠤ ᠠᠵᠢᠯᠯᠠᠭ᠎ᠠ ᠪᠠᠷ ᠢᠶᠠᠨ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠠᠷᠠᠳ ᠲᠦᠮᠡᠨ ᠳᠤ ᠦᠢᠯᠡᠴᠢᠯᠡᠬᠦ ᠵᠣᠷᠢᠯᠲᠠ ᠶᠢ ᠦᠢᠯᠡᠳᠦᠯᠭᠡᠵᠢᠭᠦᠯᠪᠡ᠃ | ︵ᠵᠤᠤ ᠴᠢᠶᠠᠩ ᠮᠡᠳᠡᠭᠡᠯᠡᠪᠡ︶ | |