ᠵᠠᠭᠤᠨ ᠡᠳᠦᠷ ᠤᠨ ᠪᠣᠭᠤᠮᠲᠠ ᠰᠢᠪᠲᠤᠯᠬᠤ ᠠᠵᠢᠯᠯᠠᠭ᠎ᠠ ᠶᠢ ᠥᠷᠨᠢᠭᠦᠯᠦᠭᠰᠡᠨ ᠠᠴᠠ ᠨᠠᠭᠠᠰᠢ᠂ ᠰᠢᠯᠢ ᠶᠢᠨ ᠭᠤᠤᠯ ᠠᠶᠢᠮᠠᠭ ᠤᠨ ᠤᠯᠠᠭᠠᠢ ᠬᠠᠮᠢᠶᠠᠷᠤᠯᠲᠠ ᠶᠢᠨ | ᠣᠷᠣᠨ ᠤ ᠲᠣᠳᠤᠭᠠᠳᠤ ᠶᠢ ᠬᠠᠮᠠᠭᠠᠯᠠᠬᠤ ᠲᠣᠪᠴᠢᠶ᠎ᠠ ᠶᠢᠨ ᠡᠷᠡᠭᠦᠦ ᠶᠢᠨ ᠬᠡᠷᠡᠭ ᠤᠨ ᠲᠤᠷᠰᠢᠨ ᠪᠠᠶᠢᠴᠠᠭᠠᠯᠲᠠ ᠶᠢᠨ ᠶᠡᠭᠡ ᠠᠩᠬᠢ ᠭᠤᠣᠯᠯᠠᠨ ᠪᠠᠶᠢᠯᠳᠤᠬᠤ | ᠬᠠᠷᠢᠭᠤᠴᠠᠯᠭ᠎ᠠ ᠪᠠᠨ ᠡᠭᠦᠷᠭᠡᠯᠡᠵᠦ᠂ ᠬᠡᠷᠡᠭ ᠢ ᠢᠯᠡᠷᠡᠭᠦᠯᠬᠦ ᠪᠣᠭᠤᠮᠲᠠ ᠰᠢᠪᠲᠤᠯᠬᠤ ᠠᠵᠢᠯ ᠢ ᠪᠦᠬᠦ ᠬᠦᠴᠦᠨ ᠢᠶᠠᠷ ᠢᠶᠠᠨ ᠥᠷᠨᠢᠭᠦᠯᠵᠦ᠂ ᠴᠠᠬᠢᠯᠭᠠᠨ ᠬᠤᠯᠪᠣᠭ᠎ᠠ | ᠰᠦᠯᠵᠢᠶᠡᠨ ᠤ ᠮᠡᠬᠡᠯᠡᠯ ᠵᠡᠷᠭᠡ ᠬᠠᠤᠯᠢ ᠠᠴᠠ ᠵᠥᠷᠢᠴᠡᠭᠰᠡᠨ ᠳᠤᠪᠤᠶᠢᠮ᠎ᠠ ᠠᠰᠠᠭᠤᠳᠠᠯ ᠳᠤ ᠦᠯᠡᠳᠡᠭᠡᠯ ᠦᠭᠡᠢ ᠪᠠᠷ ᠴᠣᠬᠢᠯᠲᠠ ᠥᠭᠴᠦ᠂ ᠤᠯᠠᠨ ᠲᠦᠮᠡᠨ ᠤ | ᠬᠤᠬᠢᠷᠠᠯ ᠢ ᠶᠡᠭᠡ ᠬᠡᠮᠵᠢᠶ᠎ᠡ ᠪᠠᠷ ᠠᠪᠤᠷᠠᠪᠠ᠃ | 9 ᠳ᠋ᠦ᠋ᠭᠡᠷ ᠰᠠᠷ᠎ᠠ ᠶᠢᠨ 7 ᠤ ᠡᠳᠦᠷ᠂ ᠤᠯᠠᠭᠠᠢ ᠬᠠᠮᠢᠶᠠᠷᠤᠯᠲᠠ ᠶᠢᠨ ᠣᠷᠣᠨ ᠤ ᠰᠠᠭᠤᠭᠠᠯᠢ ᠠᠷᠠᠳ ᠤᠨ ᠲᠥᠭᠰᠢᠭᠦᠷᠢ ᠮᠡᠳᠡᠭᠦᠯᠬᠦ ᠳᠤ ᠪᠠᠨ᠄ ᠪᠣᠯᠪᠠᠰᠤᠷᠠᠯ ᠤᠨ | ᠪᠠᠶᠢᠭᠤᠯᠤᠮᠵᠢ ᠶᠢᠨ ᠤᠲᠠᠰᠤ ᠢᠷᠡᠭᠦᠯᠦᠭᠰᠡᠨ ᠨᠥᠭᠦᠭᠡ ᠡᠲᠡᠭᠡᠳ ᠨᠢ ᠲᠡᠭᠦᠨ ᠤ 2022 ᠣᠨ ᠳᠤ ᠰᠦᠯᠵᠢᠶᠡᠨ ᠳᠡᠭᠡᠷ᠎ᠡ ᠨᠡᠷ᠎ᠡ ᠮᠡᠳᠡᠭᠦᠯᠦᠭᠰᠡᠨ ᠵᠠᠷᠤᠳᠠᠯ ᠢ | ᠪᠤᠴᠠᠭᠠᠵᠤ ᠪᠣᠯᠤᠨ᠎ᠠ ᠭᠡᠵᠦ᠂ ᠸᠢᠴᠠᠲ ᠨᠡᠮᠡᠭᠰᠡᠨ ᠤ ᠳᠠᠷᠠᠭ᠎ᠠ ᠬᠤᠣᠷ ᠠᠮᠰᠠᠭᠴᠢ ︽ᠦᠢᠯᠡᠴᠢᠯᠡᠭᠴᠢ ᠳᠤ ᠦᠢᠯᠡᠴᠢᠯᠡᠬᠦ︾ ᠬᠥᠮᠦᠰ ᠤᠨ ᠵᠢᠯᠣᠭᠤᠳᠣᠯᠭ᠎ᠠ ᠲᠣᠣᠷ᠎ᠠ | ︽ᠣᠯᠠᠨ ᠤᠳᠠᠭ᠎ᠠ ᠬᠠᠤᠯᠢ ᠪᠣᠰᠤ ᠵᠠᠬᠢᠶᠠᠯᠠᠭ᠎ᠠ︾ ᠳᠤ ᠪᠠᠭ᠎ᠠ ᠲᠣᠭᠠᠨ ᠤ ᠵᠣᠭᠤᠰ ᠤᠨ ᠡᠭᠦᠷᠭᠡ ᠶᠢ ᠭᠦᠢᠴᠡᠳᠬᠡᠭᠰᠡᠨ ᠤ ᠳᠠᠷᠠᠭ᠎ᠠ᠂ ᠵᠣᠴᠢᠳ ᠤᠨ | ᠦᠢᠯᠡᠴᠢᠯᠡᠭᠡᠨ ᠤ ᠬᠢᠨ ᠲᠡᠭᠦᠨ ᠢ ᠲᠣᠮᠣ ᠡᠭᠦᠷᠭᠡ ᠶᠢ ᠭᠦᠢᠴᠡᠳᠬᠡᠬᠦ ᠬᠡᠷᠡᠭᠲᠡᠶ ᠭᠡᠪᠡ᠃ ᠬᠤᠬᠢᠷᠠᠯ ᠠᠮᠰᠠᠭᠴᠢ ᠵᠥᠪᠰᠢᠶᠡᠷᠡᠯ ᠣᠯᠤᠭᠰᠠᠨ ᠤ ᠳᠠᠷᠠᠭ᠎ᠠ ᠱᠠᠭᠠᠷᠳᠠᠯᠭ᠎ᠠ | ᠶᠣᠰᠣᠭᠠᠷ ᠲᠣᠭᠲᠠᠭᠠᠭᠰᠠᠨ ᠳᠠᠩᠰᠠᠨ ᠡᠷᠦᠬᠡ ᠳᠤ 5000 ᠲᠥᠭᠦᠷᠢᠭ ᠤᠨ ᠳᠠᠩᠰᠠ ᠰᠢᠯᠵᠢᠭᠦᠯᠦᠭᠰᠡᠨ ᠤ ᠳᠠᠷᠠᠭ᠎ᠠ᠂ ᠳᠠᠩᠰᠠ ᠲᠠᠶᠢᠯᠬᠤ ᠵᠥᠭᠡᠯᠡᠨ ᠲᠣᠨᠤᠭ | ᠳᠡᠭᠡᠷᠡᠬᠢ 5000 ᠲᠥᠭᠦᠷᠢᠭ ᠤᠨ ᠦᠯᠡᠳᠡᠪᠦᠷᠢ ᠶᠢ ᠪᠡᠯᠡᠨ ᠵᠣᠭᠤᠰ ᠭᠠᠷᠭᠠᠵᠤ ᠠᠪᠬᠤ ᠶᠢᠨ ᠠᠷᠭ᠎ᠠ ᠦᠭᠡᠶ ᠪᠣᠯᠤᠭᠰᠠᠨ ᠢ ᠣᠯᠵᠤ ᠮᠡᠳᠡᠪᠡ᠃ | ᠦᠢᠯᠡᠴᠢᠯᠡᠭᠴᠢ ᠠᠴᠠ ᠲᠡᠭᠦᠨ ᠢ ᠪᠤᠷᠤᠭᠤ ᠠᠵᠢᠯᠯᠠᠭᠤᠯᠵᠠᠶ᠂ ᠪᠡᠯᠡᠨ ᠵᠣᠭᠤᠰ ᠭᠠᠷᠭᠠᠵᠤ ᠠᠪᠬᠤ ᠳᠤ ᠨᠢᠭᠡ ᠯᠡ ᠡᠭᠦᠷᠭᠡ ᠭᠦᠢᠴᠡᠳᠬᠡᠬᠦ ᠬᠡᠷᠡᠭᠲᠡᠶ᠂ ᠬᠤᠬᠢᠷᠠᠯ | ᠠᠮᠰᠠᠭᠴᠢ ᠱᠠᠭᠠᠷᠳᠠᠯᠭ᠎ᠠ ᠶᠣᠰᠣᠭᠠᠷ ᠳᠠᠬᠢᠨ 10000 ᠲᠥᠭᠦᠷᠢᠭ ᠤᠨ ᠡᠭᠦᠷᠭᠡ ᠶᠢ ᠪᠡᠶᠡᠯᠡᠭᠦᠯᠦᠭᠰᠡᠨ ᠤ ᠳᠠᠷᠠᠭ᠎ᠠ ᠮᠥᠨ ᠯᠡ ᠪᠡᠯᠡᠨ ᠵᠣᠭᠤᠰ ᠭᠠᠷᠭᠠᠵᠤ | ᠠᠪᠬᠤ ᠶᠢᠨ ᠠᠷᠭ᠎ᠠ ᠦᠭᠡᠶ ᠪᠣᠯᠤᠭᠰᠠᠨ᠂ ᠬᠤᠬᠢᠷᠠᠯ ᠠᠮᠰᠠᠭᠴᠢ ᠮᠡᠬᠡᠯᠡᠭᠳᠡᠭᠰᠡᠨ ᠢᠶᠠᠨ ᠮᠡᠳᠡᠭᠡᠳ ᠲᠥᠭᠰᠢᠭᠦᠷᠢ ᠮᠡᠳᠡᠭᠦᠯᠪᠡ᠃ | | | | ᠡᠷᠡᠭᠦᠦ ᠶᠢᠨ ᠬᠡᠷᠡᠭ ᠤᠨ ᠲᠤᠷᠰᠢᠨ ᠪᠠᠶᠢᠴᠠᠭᠠᠬᠤ ᠶᠡᠭᠡ ᠠᠩᠭᠢ ᠲᠦᠷᠭᠡᠨ ᠲᠤᠰᠬᠠᠯ ᠭᠠᠷᠭᠠᠵᠤ᠂ ᠬᠡᠷᠡᠭ ᠲᠤ ᠬᠤᠯᠪᠣᠭᠳᠠᠭᠰᠠᠨ ᠳᠠᠩᠰᠠᠨ ᠡᠷᠦᠬᠡ ᠶᠢᠨ ᠵᠣᠭᠤᠰ | ᠥᠭᠬᠦ ᠶᠢ ᠳᠠᠷᠦ᠋ᠢᠬᠠᠨ ᠵᠣᠭᠰᠣᠭᠠᠵᠤ᠂ ᠪᠡᠯᠡ ᠮᠥᠩᠭᠦᠨ ᠤ ᠭᠦᠢᠯᠭᠡᠭᠡᠨ ᠤ ᠬᠠᠨᠳᠤᠰᠢ ᠶᠢ ᠰᠤᠳᠤᠯᠤᠨ ᠮᠠᠭᠠᠳᠯᠠᠵᠤ᠂ ᠬᠡᠷᠡᠭ ᠲᠤ ᠬᠤᠯᠪᠣᠭᠳᠠᠭᠰᠠᠨ ᠰᠦᠪᠡᠭᠴᠢ ᠶᠢ | ᠨᠡᠶᠢᠯᠡᠭᠦᠯᠦᠨ ᠵᠠᠳᠠᠯᠵᠤ᠂ ᠱᠠᠲᠤ ᠱᠠᠲᠤ ᠪᠠᠷ ᠰᠢᠯᠢᠭᠰᠡᠨ ᠤ ᠳᠠᠷᠠᠭ᠎ᠠ ᠶᠠᠯ᠎ᠠ ᠬᠢᠭᠰᠡᠨ ᠰᠡᠵᠢᠭᠳᠡᠨ ᠢ ᠲᠣᠭᠲᠠᠭᠠᠵᠤ᠂ 9 ᠳ᠋ᠤᠭᠠᠷ ᠰᠠᠷ᠎ᠠ ᠶᠢᠨ 9 ᠤ ᠡᠳᠦᠷ ᠡᠾᠧᠪᠸᠢ | ᠮᠤᠵᠢ ᠶᠢᠨ ᠬᠠᠨᠳᠠᠨ ᠬᠤᠲᠠ ᠳᠤ ᠬᠦᠷᠴᠦ ᠪᠠᠷᠢᠪᠴᠢᠯᠠᠭᠠᠳ᠂ 9 ᠰᠠᠷ᠎ᠠ ᠶᠢᠨ 13 ᠤ ᠡᠳᠦᠷ ᠶᠠᠯ᠎ᠠ ᠬᠢᠭᠰᠡᠨ ᠰᠡᠵᠢᠭᠳᠡᠨ ᠮᠥ ᠣᠪᠣᠭᠲᠤ ᠶᠢ ᠠᠮᠵᠢᠯᠲᠠ ᠲᠠᠢ ᠪᠠᠷ | ᠪᠠᠷᠢᠪᠴᠢᠯᠠᠵᠠᠶ᠃ | ᠰᠢᠭᠦᠨ ᠠᠰᠠᠭᠤᠬᠤ ᠪᠠᠷ ᠳᠡᠮᠵᠢᠨ᠂ ᠶᠠᠯ᠎ᠠ ᠬᠢᠭᠰᠡᠨ ᠰᠡᠵᠢᠭᠳᠡᠨ ᠪᠠᠩᠬᠢ ᠶᠢᠨ ᠺᠠᠷᠲ ᠢᠶᠠᠨ ᠬᠤᠳᠠᠯᠳᠤᠭᠠᠳ ᠮᠡᠬᠡᠯᠡᠭᠴᠢ ᠶᠢ ᠬᠠᠪᠰᠤᠷᠴᠤ ︽ᠵᠣᠭᠤᠰ | ᠤᠬᠢᠶᠠᠭᠰᠠᠨ︾ ᠬᠡᠷᠡᠭ ᠢᠶᠠᠨ ᠥᠴᠢᠭᠯᠡᠨ ᠮᠡᠳᠡᠷᠡᠭᠰᠡᠨ ᠪᠥᠭᠡᠳ ᠬᠤᠬᠢᠷᠠᠯ ᠠᠮᠰᠠᠭᠴᠢ ᠶᠢᠨ ᠮᠡᠬᠡᠯᠡᠭᠳᠡᠭᠰᠡᠨ 10000 ᠲᠥᠭᠦᠷᠢᠭ ᠤᠨ ᠵᠣᠭᠤᠰ ᠢ ᠪᠤᠴᠠᠭᠠᠵᠤ ᠥᠭᠬᠦ | ᠰᠠᠨᠠᠭ᠎ᠠ ᠪᠠᠨ ᠲᠡᠪᠰᠢᠭᠦᠯᠪᠡ᠃ ᠣᠳᠣᠬᠠᠨ ᠳᠤ ᠮᠠᠨ ᠤ ᠲᠣᠪᠴᠢᠶ᠎ᠠ ᠮᠥ ᠣᠪᠣᠭᠲᠤ ᠳᠤ ᠬᠠᠤᠯᠢ ᠶᠣᠰᠣᠭᠠᠷ ᠠᠷᠭ᠎ᠠ ᠬᠡᠮᠵᠢᠶ᠎ᠡ ᠠᠪᠴᠤ᠂ ᠬᠡᠷᠡᠭ ᠢ ᠤᠯᠠᠮ ᠨᠢᠭᠡ | ᠠᠯᠬᠤᠮ ᠳᠡᠩᠨᠡᠨ ᠰᠢᠢᠳᠪᠦᠷᠢᠯᠡᠵᠦ ᠪᠠᠶᠢᠨ᠎ᠠ᠃ | |