ᠲᠠᠶᠢᠹᠦᠰᠧ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠬᠤᠣᠷ ᠴᠠᠭᠠᠵᠠᠯᠠᠬᠤ ᠶᠡᠭᠡ ᠠᠩᠭᠢ 72 ᠴᠠᠭ ᠤᠨ ᠳᠣᠲᠣᠷ᠎ᠠ ᠬᠤᠤᠷᠲᠤ ᠡᠳ᠋ ᠲᠤ ᠬᠤᠯᠪᠣᠭᠳᠠᠭᠰᠠᠨ 5 ᠬᠤᠣᠷ ᠲᠠᠲᠠᠭᠴᠢ ᠶᠢ ᠪᠠᠷᠢᠪᠴᠢᠯᠠᠪᠠ
ᠨᠡᠶᠢᠲᠡᠯᠡᠭᠰᠡᠨ ᠴᠠᠭ᠄
2023/12/26
    ᠲᠠᠶᠢᠹᠤᠰᠧ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠬᠤᠤᠷ ᠴᠠᠭᠠᠵᠠᠯᠠᠬᠤ ᠶᠡᠭᠡ ᠠᠩᠭᠢ ᠨᠢ ᠲᠣᠪᠴᠢᠶ᠎ᠠ ᠶᠢᠨ ᠨᠠᠮ ᠤᠨ ᠬᠤᠷᠢᠶ᠎ᠠ ᠶᠢᠨ ᠡᠯ᠎ᠡ ᠵᠦᠢᠯ ᠤᠨ ᠪᠠᠶᠢᠷᠢᠯᠠᠭᠤᠯᠤᠯᠲᠠ ᠶᠣᠰᠤᠭᠠᠷ᠂ ᠡᠳᠦᠷ ᠲᠤᠲᠤᠮ ᠤᠨ ᠠᠵᠢᠯ ᠳᠤᠮᠳᠠᠬᠢ ᠡᠯ᠎ᠡ ᠲᠥᠷᠥᠯ ᠤᠨ ᠬᠤᠤᠷᠲᠤ ᠡᠳ᠋ ᠲᠤ ᠬᠤᠯᠪᠣᠭᠳᠠᠭᠰᠠᠨ ᠰᠦᠪᠡᠭᠴᠢ ᠶᠢ ᠴᠤᠭᠯᠠᠭᠤᠯᠬᠤ ᠶᠢ ᠴᠢᠬᠤᠯᠠᠴᠢᠯᠠᠨ᠂ ᠬᠤᠤᠷᠲᠤ ᠡᠳ᠋ ᠲᠤ ᠬᠤᠯᠪᠣᠭᠳᠠᠭᠰᠠᠨ ᠶᠠᠯ᠎ᠠ ᠬᠢᠵᠦ ᠥᠩᠭᠡᠷᠡᠭᠰᠡᠨ ᠬᠥᠮᠦᠰ ᠢᠶᠠᠷ ᠬᠠᠷᠠᠯᠲᠠ ᠪᠣᠯᠭᠠᠵᠤ᠂ ᠰᠢᠨᠵᠢᠯᠡᠬᠦ ᠤᠬᠠᠭᠠᠨᠴᠢ ᠪᠠᠷ ᠰᠤᠳᠤᠯᠤᠨ ᠮᠠᠭᠠᠳᠯᠠᠨ᠂ ᠣᠨᠣᠪᠴᠢᠲᠠᠶ ᠪᠠᠷ ᠴᠣᠬᠢᠯᠲᠠ ᠥᠭᠴᠦ᠂ ᠬᠤᠤᠷᠲᠤ ᠡᠳ᠋ ᠢ ᠴᠠᠭᠠᠵᠠᠯᠠᠬᠤ ︽ᠡᠬᠢ ᠤᠷᠤᠰᠬᠠᠯ ᠢ ᠨᠢ ᠠᠷᠢᠯᠭᠠᠨ᠂ ᠬᠡᠯᠬᠢᠶ᠎ᠡ ᠶᠢ ᠨᠢ ᠲᠠᠰᠤᠯᠬᠤ — 2023︾ ᠠᠵᠢᠯᠯᠠᠭ᠎ᠠ ᠶᠢᠨ ᠨᠠᠩ ᠶᠡᠭᠡ ᠦᠷ᠎ᠡ ᠪᠦᠲᠦᠮᠵᠢ ᠤᠯᠬᠤ ᠶᠢ ᠦᠨᠡᠨ ᠬᠦ ᠪᠠᠲᠤᠯᠠᠵᠤ᠂ ᠬᠤᠤᠷᠲᠤ ᠡᠳ᠋ ᠴᠠᠭᠠᠵᠠᠯᠠᠬᠤ ᠬᠠᠤᠯᠢ ᠬᠡᠷᠡᠭᠵᠢᠭᠦᠯᠦᠯᠲᠡ ᠶᠢᠨ ︽70 ᠡᠳᠦᠷ︾ ᠤᠨ ᠵᠢᠯ ᠤᠨ ᠡᠴᠦᠰ ᠤᠨ ᠰᠢᠪᠲᠤᠯᠤᠯᠲᠠ ᠶᠢᠨ ᠠᠵᠢᠯᠯᠠᠭ᠎ᠠ ᠶᠢ ᠲᠤᠭᠤᠰᠢᠲᠠᠢ ᠶᠠᠪᠤᠭᠳᠠᠭᠤᠯᠪᠠ᠃ ᠣᠶᠢᠷ᠎ᠠ ᠳᠤ᠂ ᠲᠠᠶᠢᠹᠦᠰᠧ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠬᠤᠣᠷ ᠴᠠᠭᠠᠵᠠᠯᠠᠬᠤ ᠶᠡᠭᠡ ᠠᠩᠭᠢ 72 ᠴᠠᠭ ᠤᠨ ᠳᠣᠲᠣᠷ᠎ᠠ ᠬᠤᠤᠷᠲᠤ ᠡᠳ᠋ ᠲᠤ ᠬᠤᠯᠪᠣᠭᠳᠠᠭᠰᠠᠨ 5 ᠬᠤᠣᠷ ᠲᠠᠲᠠᠭᠴᠢ ᠶᠢ ᠪᠠᠷᠢᠪᠴᠢᠯᠠᠪᠠ᠃
微信图片_20231109150607.jpg   
     ᠣᠳᠣᠬᠠᠨ ᠳᠤ᠂ ᠭᠤᠷᠪᠠᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭᠠᠲᠤ ᠬᠥᠮᠦᠨ ᠳᠤ ᠲᠠᠶᠢᠹᠦᠰᠧ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠬᠠᠤᠯᠢ ᠶᠣᠰᠣᠭᠠᠷ ᠵᠠᠰᠠᠭ ᠵᠠᠬᠢᠷᠭᠠᠨ ᠤ ᠲᠦᠷ ᠬᠤᠷᠢᠯᠲᠠ ᠶᠢ ᠬᠡᠷᠡᠭᠵᠢᠭᠦᠯᠵᠦ᠂ ᠬᠤᠶᠠᠷ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭᠠᠲᠤ ᠬᠥᠮᠦᠨ ᠢ ᠠᠯᠪᠠᠳᠠᠯᠭ᠎ᠠ ᠪᠠᠷ ᠬᠤᠤᠷ ᠲᠠᠲᠠᠬᠤ ᠶᠢ ᠨᠢ ᠵᠣᠭᠰᠣᠭᠠᠵᠤ ᠪᠤᠢ᠃     ᠲᠠᠷᠠᠭᠠᠴᠢ ᠶᠢᠨ ᠠᠯᠬᠤᠮ ᠳᠤ᠂ ᠲᠠᠶᠢᠹᠦᠰᠧ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠦᠷᠭᠦᠯᠵᠢᠯᠡᠨ ᠥᠨᠳᠥᠷ ᠳᠠᠷᠤᠯᠲᠠᠲᠤ ᠪᠠᠶᠢᠳᠠᠯ ᠢᠶᠠᠷ ᠬᠤᠤᠷᠲᠤ ᠡᠳ᠋ ᠲᠤ ᠠᠮᠠᠷᠬᠠᠨ ᠬᠤᠯᠪᠣᠭᠳᠠᠬᠤ ᠲᠠᠯᠠᠪᠤᠷ ᠭᠠᠵᠠᠷ ᠬᠢᠭᠡᠳ ᠭᠤᠤᠯᠳᠠᠯᠭ᠎ᠠ ᠲᠠᠢ ᠬᠥᠮᠦᠰ ᠢ ᠬᠠᠮᠢᠶᠠᠷᠤᠨ ᠡᠵᠡᠮᠳᠡᠬᠦ ᠡᠷᠴᠢᠮ ᠢᠶᠠᠨ ᠴᠢᠩᠭᠠᠷᠠᠭᠤᠯᠵᠤ᠂ ᠲᠤᠰᠬᠠᠶ ᠵᠦᠢᠯ ᠢᠶᠠᠷ ᠢᠯᠭᠠᠷᠠᠭᠤᠯᠤᠨ ᠪᠠᠶᠢᠴᠠᠭᠠᠵᠤ ᠴᠡᠭᠴᠡᠯᠡᠨ ᠵᠠᠰᠠᠬᠤ᠂ ᠬᠤᠤᠷᠲᠤ ᠡᠳ᠋ ᠢ ᠴᠠᠭᠠᠵᠠᠯᠠᠬᠤ ᠬᠥᠮᠦᠵᠢᠯ ᠤᠨ ᠤᠬᠠᠭᠤᠯᠭ᠎ᠠ ᠶᠢ ᠪᠠᠶᠢᠩᠭᠤᠵᠢᠭᠤᠯᠤᠨ ᠥᠷᠨᠢᠭᠦᠯᠵᠦ᠂ ᠬᠠᠷᠢᠶᠠᠲᠤ ᠣᠷᠣᠨ ᠤ ᠨᠡᠶᠢᠭᠡᠮ ᠤᠨ ᠠᠮᠤᠷ ᠲᠦᠪᠰᠢᠨ᠂ ᠲᠣᠭᠲᠠᠭᠤᠨ ᠪᠠᠶᠢᠬᠤ ᠶᠢ ᠦᠨᠡᠨ ᠬᠦ ᠪᠠᠳᠤᠯᠠᠰᠤᠭᠠᠢ᠃ 
ᠢᠷᠡᠯᠲᠡ᠄ ᠰᠢᠯᠢ ᠶᠢᠨ ᠭᠤᠤᠯ ᠠᠶᠢᠮᠠᠭ ᠤᠨ ᠲᠣᠳᠤᠭᠠᠳᠤ ᠶᠢ ᠬᠠᠮᠠᠭᠠᠯᠠᠬᠤ ᠲᠣᠪᠴᠢᠶ᠎ᠠ
Baidu
map