ᠣᠶᠢᠷ᠎ᠠ ᠳᠤ᠂ ᠠᠪᠠᠭ᠎ᠠ ᠬᠤᠰᠢᠭᠤᠨ ᠤ X920 ᠰᠢᠶᠠᠨ ᠤ ᠵᠠᠮ ᠤᠨ 40KM ᠠᠴᠠ 50KM ᠬᠥᠷᠬᠦ ᠭᠠᠵᠠᠷ ᠲᠤ ᠴᠠᠰᠤ ᠣᠷᠣᠵᠤ᠂ ᠵᠠᠮ ᠳᠡᠭᠡᠷ᠎ᠡ | ᠶᠡᠭᠡ ᠴᠠᠰᠤ ᠬᠤᠷᠠᠵᠤ᠂ 8 ᠲᠡᠷᠭᠡ ᠬᠠᠰᠢᠭᠳᠠᠵᠠᠶ᠃ ᠴᠠᠰᠤ ᠤᠷᠤᠬᠰᠠᠨ ᠴᠠᠭ ᠠᠭᠤᠷ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠢ | ᠦᠨᠡᠨ ᠬᠦ ᠰᠠᠶᠢᠲᠤᠷ ᠬᠢᠬᠦ ᠶᠢᠨ ᠲᠥᠯᠥᠭᠡ᠂ ᠠᠪᠠᠭ᠎ᠠ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ | ᠶᠡᠭᠡ ᠠᠩᠬᠢ ᠶᠢᠨ ᠬᠢᠨ ᠴᠠᠰᠤ ᠪᠠᠷ ᠵᠠᠷᠯᠢᠭ ᠪᠣᠯᠭᠠᠵᠤ᠂ ᠨᠠᠷᠠᠨ ᠲᠣᠮᠢᠯᠠᠭᠰᠠᠨ ᠰᠠᠯᠪᠤᠷᠢ ᠲᠠᠢ ᠬᠠᠮᠲᠤᠷᠠᠨ ᠵᠠᠮ ᠬᠠᠷᠢᠯᠴᠠᠭ᠎ᠠ ᠶᠢ ᠨᠡᠪᠲᠡᠷᠡᠭᠦᠯᠬᠦ᠂ ᠠᠪᠤᠷᠠᠨ ᠲᠤᠰᠠᠯᠠᠬᠤ | ᠵᠡᠷᠭᠡ ᠠᠵᠢᠯ ᠳᠤ ᠣᠷᠣᠯᠴᠠᠪᠠ᠃ | | | | ᠲᠤᠬᠠᠶ ᠶᠢᠨ ᠲᠠᠯᠠᠪᠤᠷ ᠲᠤ᠂ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠲᠡᠮᠦᠷ ᠬᠦᠷᠵᠡ ᠵᠡᠷᠭᠡ ᠪᠠᠭᠠᠵᠢ ᠪᠠᠷ ᠬᠠᠰᠢᠭᠳᠠᠭᠰᠠᠨ ᠲᠡᠷᠭᠡᠨ ᠤ ᠡᠷᠬᠢᠨ | ᠲᠣᠭᠤᠷᠢᠨ ᠤ ᠬᠤᠷᠠᠭᠰᠠᠨ ᠴᠠᠰᠤ ᠶᠢ ᠠᠷᠢᠯᠭᠠᠬᠤ᠂ ᠳᠡᠭᠡᠰᠦ ᠪᠠᠷ ᠬᠠᠰᠢᠭᠳᠠᠭᠰᠠᠨ ᠲᠡᠷᠭᠡ ᠶᠢ ᠲᠠᠲᠠᠬᠤ ᠪᠠᠷ ᠳᠠᠮᠵᠢᠨ᠂ 5 ᠴᠠᠭ ᠰᠢᠬᠠᠮ ᠤᠨ ᠴᠢᠷᠮᠠᠶᠢᠯᠭ᠎ᠠ ᠪᠠᠷ | ᠳᠡᠮᠵᠢᠨ᠂ ᠬᠠᠰᠢᠭᠳᠠᠭᠰᠠᠨ ᠪᠥᠬᠦ ᠲᠡᠷᠭᠡ ᠶᠢ ᠠᠮᠵᠢᠯᠲᠠ ᠲᠠᠢ ᠪᠠᠷ ᠭᠠᠷᠭᠠᠵᠠᠶ᠂ ᠵᠢᠯᠣᠭᠤᠴᠢ ᠨᠠᠷ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠶᠢᠨ ᠴᠠᠭ | ᠲᠤᠬᠠᠶ ᠳᠤ ᠨᠢ ᠬᠠᠪᠰᠤᠷᠤᠭᠰᠠᠨ ᠳᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠪᠡ᠃ | ᠪᠥᠬᠦ ᠵᠢᠵᠢᠭᠦᠷ ᠤᠨ ᠠᠷᠠᠳ ᠤᠨ ᠴᠠᠭᠳᠠᠭ᠎ᠠ ᠬᠠᠪᠰᠤᠷᠤᠭᠴᠢ ᠨᠠᠷ ᠬᠠᠬᠢᠷ ᠬᠦᠶᠲᠡᠨ ᠠᠴᠠ ᠠᠶᠤᠬᠤ ᠦᠭᠡᠢ᠂ ᠴᠠᠰᠤ ᠰᠢᠭᠤᠷᠭᠠᠨ ᠤ ᠳᠤᠮᠳᠠ ᠡᠷᠡᠯᠬᠡᠭᠯᠡᠨ | ᠲᠡᠮᠡᠴᠡᠵᠦ᠂ ︽ᠭᠠᠭᠴᠠ ᠪᠡᠶ᠎ᠡ ᠪᠠᠨ ᠵᠦᠳᠡᠭᠡᠵᠦ᠂ ᠲᠦᠭ ᠲᠦᠮᠡᠨ ᠬᠥᠮᠦᠨ ᠢ ᠠᠮᠤᠷ ᠲᠦᠪᠰᠢᠨ ᠪᠠᠶᠢᠯᠭᠠᠬᠤ︾ ᠬᠠᠷᠠᠮ ᠥᠬᠡᠶ ᠵᠣᠷᠢᠭᠤᠯᠬᠤ ᠵᠣᠷᠢᠭ ᠰᠠᠨᠠᠭ᠎ᠠ ᠪᠠᠷ᠂ | ᠬᠠᠷᠢᠭᠤᠴᠠᠯᠭ᠎ᠠ ᠪᠠ ᠡᠭᠦᠷᠭᠡᠯᠡᠯ ᠢᠶᠠᠷ ᠢᠶᠠᠨ ᠵᠠᠮ ᠬᠠᠷᠢᠯᠴᠠᠭᠠᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠪᠠᠬᠢ ᠪᠠᠶᠢᠭᠤᠯᠵᠤ᠂ ᠵᠠᠮ | ᠬᠠᠷᠢᠯᠴᠠᠭᠠᠨ ᠤ ᠠᠮᠤᠷ ᠲᠦᠪᠰᠢᠨ᠂ ᠰᠠᠭᠠᠳ ᠥᠬᠡᠶ᠂ ᠡᠮᠬᠢ ᠵᠢᠷᠤᠮ ᠲᠠᠢ ᠪᠠᠶᠢᠬᠤ ᠶᠢ ᠦᠨᠡᠨ ᠬᠦ ᠪᠠᠲᠤᠯᠠᠨ᠎ᠠ᠃ | |