12 ᠳ᠋ᠤᠭᠠᠷ ᠰᠠᠷ᠎ᠠ ᠶᠢᠨ 20 ᠤ ᠡᠳᠦᠷ᠂ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠨᠠᠮ ᠤᠨ ᠬᠤᠷᠢᠶ᠎ᠠ ᠶᠢᠨ ᠰᠢᠢᠳᠪᠦᠷᠢᠲᠦ | ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠶ ᠲᠣᠭᠤᠰᠢᠯᠠᠭᠤᠯᠬᠤ᠂ ᠲᠠᠪᠤᠳᠤᠭᠠᠷ ᠬᠤᠭᠤᠴᠠᠭᠠᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠣᠨᠴᠠ | ᠤᠷᠢᠭᠰᠠᠨ ᠬᠢᠨᠠᠯᠲᠠ ᠲᠠᠯᠪᠢᠭᠴᠢ ᠶᠢᠨ ᠠᠵᠢᠯ ᠢ ᠪᠥᠬᠦ ᠲᠠᠯ᠎ᠠ ᠪᠠᠷ ᠳ᠋ᠦᠩᠨᠡᠬᠦ᠂ ᠵᠢᠷᠭᠤᠳᠤᠭᠠᠷ ᠬᠤᠭᠤᠴᠠᠭᠠᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠣᠨᠴᠠ | ᠤᠷᠢᠭᠰᠠᠨ ᠬᠢᠨᠠᠯᠲᠠ ᠲᠠᠯᠪᠢᠭᠴᠢ ᠶᠢᠨ ᠠᠵᠢᠯ ᠢ ᠪᠠᠶᠢᠷᠢᠯᠠᠭᠤᠯᠤᠨ ᠠᠬᠢᠭᠤᠯᠬᠤ᠂ ᠭᠠᠳᠠᠨᠠᠬᠢ ᠬᠢᠨᠠᠯᠲᠠ ᠲᠠᠯᠪᠢᠬᠤ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ | ᠠᠰᠢᠭ ᠢ ᠨᠡᠮᠡᠭᠳᠡᠭᠦᠯᠬᠦ ᠶᠢ ᠠᠬᠢᠭᠤᠯᠬᠤ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠵᠢᠷᠭᠤᠳᠤᠭᠠᠷ ᠬᠤᠭᠤᠴᠠᠭᠠᠨ ᠤ | ᠣᠨᠴᠠ ᠤᠷᠢᠭᠰᠠᠨ ᠬᠢᠨᠠᠯᠲᠠ ᠲᠠᠯᠪᠢᠭᠴᠢ ᠶᠢ ᠤᠷᠢᠨ ᠲᠣᠮᠢᠯᠠᠬᠤ ᠶᠣᠰᠣᠯᠠᠯ ᠵᠢᠴᠢ ᠲᠤᠰᠬᠠᠶ ᠰᠡᠳᠦᠪᠲᠦ ᠪᠣᠯᠪᠠᠰᠤᠷᠠᠯ ᠢ ᠡᠷᠭᠢᠯᠡᠪᠡ᠃ ᠶᠣᠰᠣᠯᠠᠯ ᠢ ᠳᠣᠲᠣᠭᠠᠳᠤ ᠶᠢ | ᠬᠠᠮᠠᠭᠠᠯᠠᠬᠤ ᠲᠢᠩᠬᠢᠮ ᠤᠨ ᠨᠠᠮ ᠤᠨ ᠬᠤᠷᠢᠶᠠᠨ ᠤ ᠳᠡᠳ᠋ ᠱᠦᠵᠢ᠂ ᠲᠢᠩᠬᠢᠮ ᠤᠨ ᠪᠠᠶᠢᠩᠭᠤ ᠶᠢᠨ ᠳᠡᠳ᠋ ᠳᠠᠷᠤᠭ᠎ᠠ ᠯᠢᠦ ᠬᠤᠩ ᠡᠷᠭᠢᠯᠡᠵᠦ᠂ ᠳᠣᠲᠣᠭᠠᠳᠤ ᠶᠢ | ᠬᠠᠮᠠᠭᠠᠯᠠᠬᠤ ᠲᠢᠩᠬᠢᠮ ᠤᠨ ᠨᠠᠮ ᠤᠨ ᠬᠤᠷᠢᠶᠠᠨ ᠤ ᠭᠡᠰᠢᠭᠦᠨ᠂ ᠲᠢᠩᠬᠢᠮ ᠳᠤ ᠰᠠᠭᠤᠭ᠎ᠠ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠤᠨ | ᠳᠠᠷᠤᠭ᠎ᠠ ᠮᠠ ᠢ᠂ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠨᠠᠮ ᠤᠨ ᠬᠤᠷᠢᠶᠠᠨ ᠤ ᠭᠡᠰᠢᠭᠦᠨ᠂ ᠤᠯᠤᠰ ᠲᠥᠷᠥ ᠶᠢᠨ ᠬᠡᠯᠲᠡᠰ ᠤᠨ ᠡᠷᠬᠢᠯᠡᠭᠴᠢ ᠸᠠᠩ ᠪᠢᠨ ᠤᠷᠢᠨ | ᠲᠣᠮᠢᠯᠠᠬᠤ ᠶᠣᠰᠣᠯᠠᠯ ᠳᠤ ᠣᠷᠣᠯᠴᠠᠪᠠ᠃ ᠵᠢᠷᠭᠤᠳᠤᠭᠠᠷ ᠬᠤᠭᠤᠴᠠᠭᠠᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠣᠨᠴᠠ ᠤᠷᠢᠭᠰᠠᠨ ᠬᠢᠨᠠᠯᠲᠠ ᠲᠠᠯᠪᠢᠭᠴᠢ᠂ | ᠡᠯ᠎ᠡ ᠠᠶᠢᠮᠠᠭ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠵᠢᠴᠢ ᠲᠢᠩᠬᠢᠮ ᠤᠨ ᠰᠢᠭᠤᠳ ᠬᠠᠷᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ | ᠬᠤᠯᠪᠣᠭᠳᠠᠯ ᠪᠥᠬᠦᠶ ᠬᠠᠷᠢᠭᠤᠴᠠᠯᠭᠠᠲᠠᠨ ᠨᠥᠬᠦᠳ ᠤᠷᠢᠨ ᠲᠣᠮᠢᠯᠠᠬᠤ ᠶᠣᠰᠣᠯᠠᠯ ᠳᠤ ᠣᠷᠣᠯᠴᠠᠪᠠ᠃ | | | | ᠤᠷᠢᠨ ᠲᠣᠮᠢᠯᠠᠬᠤ ᠶᠣᠰᠣᠯᠠᠯ ᠳᠡᠭᠡᠷ᠎ᠡ᠂ ᠸᠠᠩ ᠪᠢᠨ ᠲᠠᠪᠤᠳᠤᠭᠠᠷ ᠬᠤᠭᠤᠴᠠᠭᠠᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠣᠨᠴᠠ ᠤᠷᠢᠭᠰᠠᠨ ᠬᠢᠨᠠᠯᠲᠠ | ᠲᠠᠯᠪᠢᠭᠴᠢ ᠶᠢᠨ ᠠᠵᠢᠯ ᠤᠨ ᠪᠠᠶᠢᠳᠠᠯ ᠢ ᠮᠡᠳᠡᠭᠳᠡᠵᠦ᠂ ᠳᠡᠭᠡᠷ᠎ᠡ ᠨᠢᠭᠡ ᠬᠤᠭᠤᠴᠠᠭᠠᠨ ᠤ ᠬᠢᠨᠠᠯᠲᠠ ᠲᠠᠯᠪᠢᠭᠴᠢ ᠶᠢᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ | ᠰᠢᠷᠭᠠᠭᠤ ᠬᠠᠲᠠᠭᠤᠵᠢᠯᠲᠠᠢ ᠵᠢᠳᠬᠦᠭᠰᠡᠨ ᠳᠤ ᠲᠠᠯᠠᠷᠬᠠᠵᠤ ᠪᠠᠶᠢᠬᠤ ᠪᠠᠨ ᠢᠯᠡᠳᠬᠡᠬᠦ ᠶᠢᠨ ᠬᠠᠮᠲᠤ ᠰᠢᠨ᠎ᠡ ᠨᠢᠭᠡ ᠬᠤᠭᠤᠴᠠᠭᠠᠨ ᠤ ᠬᠢᠨᠠᠯᠲᠠ ᠲᠠᠯᠪᠢᠭᠴᠢ ᠳᠤ ᠬᠦᠰᠡᠯ | ᠡᠷᠡᠮᠡᠯᠵᠡᠯ ᠳᠤᠷᠠᠳᠪᠠ᠃ ᠮᠠ ᠢ ︽ᠵᠢᠷᠭᠤᠳᠤᠭᠠᠷ ᠬᠤᠭᠤᠴᠠᠭᠠᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠣᠨᠴᠠ ᠤᠷᠢᠭᠰᠠᠨ ᠬᠢᠨᠠᠯᠲᠠ ᠲᠠᠯᠪᠢᠭᠴᠢ ᠶᠢ ᠤᠷᠢᠨ | ᠲᠣᠮᠢᠯᠠᠬᠤ ᠲᠤᠬᠠᠶ ᠮᠡᠳᠡᠭᠳᠡᠯ︾ ᠢ ᠤᠩᠰᠢᠨ ᠨᠡᠶᠢᠲᠡᠯᠡᠪᠡ᠃ ᠬᠤᠷᠠᠯ ᠳᠤ ᠣᠷᠣᠯᠴᠠᠬᠤ ᠲᠢᠩᠬᠢᠮ ᠤᠨ ᠤᠳᠤᠷᠢᠳᠤᠯᠭ᠎ᠠ ᠠᠴᠠ ᠬᠢᠨᠠᠯᠲᠠ ᠲᠠᠯᠪᠢᠭᠴᠢ ᠶᠢᠨ | ᠲᠥᠯᠥᠭᠡᠯᠡᠭᠴᠢᠳ ᠲᠤ ᠤᠷᠢᠯᠭ᠎ᠠ ᠶᠢᠨ ᠪᠢᠴᠢᠭ ᠭᠠᠷᠳᠠᠭᠤᠯᠪᠠ᠃ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠠᠮᠤᠷ ᠢ ᠬᠠᠮᠠᠭᠠᠯᠠᠬᠤ ᠶᠡᠷᠦᠩᠬᠡᠶ ᠠᠩᠭᠢ᠂ ᠬᠠᠤᠯᠢ | ᠲᠦᠷᠢᠮ ᠤᠨ ᠶᠡᠷᠦᠩᠬᠡᠶ ᠠᠩᠭᠢ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠠᠴᠠ ᠲᠤᠬᠠᠶᠢᠯᠠᠭᠰᠠᠨ ᠠᠵᠢᠯ ᠤᠨ ᠪᠠᠶᠢᠳᠠᠯ ᠢᠶᠠᠨ ᠲᠠᠨᠢᠯᠴᠠᠭᠤᠯᠤᠭᠰᠠᠨ ᠪᠥᠭᠡᠳ ᠬᠢᠨᠠᠯᠲᠠ | ᠲᠠᠯᠪᠢᠭᠴᠢ ᠶᠢᠨ ᠭᠠᠳᠠᠨᠠᠬᠢ ᠬᠢᠨᠠᠯᠲᠠ ᠲᠠᠯᠪᠢᠬᠤ ᠳᠤ ᠬᠡᠷᠬᠢᠨ ᠬᠠᠮᠵᠢᠯᠴᠠᠬᠤ ᠲᠤᠬᠠᠶ ᠣᠪᠣᠷ ᠢᠶᠠᠨ ᠢᠯᠡᠳᠬᠡᠬᠦ ᠶᠠᠷᠢᠶ᠎ᠠ ᠲᠠᠯᠪᠢᠪᠠ᠃ | | | | ᠲᠣᠰ ᠤᠳᠠᠭ᠎ᠠ ᠬᠠᠷᠢᠭᠤᠴᠠᠯᠭ᠎ᠠ ᠭᠦᠢᠴᠡᠳᠬᠡᠬᠦ ᠪᠠᠷ ᠤᠷᠢᠭᠳᠠᠭᠰᠠᠨ 44 ᠬᠢᠨᠠᠯᠲᠠ ᠲᠠᠯᠪᠢᠭᠴᠢ ᠪᠥᠬᠦ ᠣᠷᠣᠨ ᠤ 12 ᠠᠶᠢᠮᠠᠭ ᠬᠤᠲᠠ ᠠᠴᠠ ᠢᠷᠡᠵᠦ᠂ | ᠡᠭᠦᠨ ᠳᠤ ᠪᠥᠬᠦ ᠤᠯᠤᠰ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠥᠷᠥ ᠶᠢᠨ | ᠵᠥᠪᠯᠡᠯᠭᠡᠨ ᠤ ᠭᠡᠰᠢᠭᠦᠨ ᠪᠣᠶ︔ ᠬᠠᠤᠯᠢ ᠴᠠᠭᠠᠵᠠ ᠶᠢᠨ ᠡᠲᠡᠭᠡᠳ ᠤᠨ ᠲᠤᠰᠬᠠᠶ ᠮᠡᠷᠭᠡᠵᠢᠯᠲᠡᠨ ᠡᠷᠳᠡᠮᠲᠡᠨ ᠲᠠᠢ︔ ᠰᠤᠷᠭᠠᠭᠤᠯᠢ᠂ ᠡᠮᠨᠡᠯᠭᠡ ᠶᠢᠨ ᠬᠤᠷᠢᠶ᠎ᠠ᠂ ᠵᠡᠭᠡᠯᠢ | ᠭᠤᠳᠤᠮᠵᠢ᠂ ᠨᠡᠶᠢᠭᠡᠮ ᠲᠣᠭᠤᠷᠢᠭ᠂ ᠵᠠᠭᠤᠴᠢᠯᠠᠭᠤᠷ ᠵᠡᠷᠭᠡ ᠦᠨᠳᠦᠰᠦᠨ ᠱᠠᠲᠤᠨ ᠤ ᠨᠢᠭᠡᠳᠦᠭᠡᠷ ᠹᠷᠣᠨᠲ ᠤᠨ ᠠᠵᠢᠯᠲᠠᠨ ᠲᠠᠢ ᠪᠠᠶᠢᠵᠤ᠂ ᠪᠦᠷᠢᠨ ᠭᠦᠢᠴᠡᠳ | ᠲᠥᠯᠥᠭᠡᠯᠡᠬᠦ ᠴᠢᠨᠠᠷ᠂ ᠲᠤᠰᠬᠠᠶ ᠮᠡᠷᠭᠡᠵᠢᠯ ᠤᠨ ᠴᠢᠨᠠᠷ ᠪᠠ ᠡᠷᠬᠡ ᠰᠦᠷᠲᠦ ᠴᠢᠨᠠᠷ ᠲᠠᠢ ᠪᠠᠶᠢᠳᠠᠭ᠃ | ᠰᠢᠨ᠎ᠡ ᠨᠢᠭᠡ ᠬᠤᠭᠤᠴᠠᠭᠠᠨ ᠤ ᠣᠨᠴᠠ ᠤᠷᠢᠭᠰᠠᠨ ᠬᠢᠨᠠᠯᠲᠠ ᠲᠠᠯᠪᠢᠭᠴᠢ᠂ ᠪᠠᠶᠠᠨᠨᠠᠭᠤᠷ ᠬᠤᠲᠠ ᠶᠢᠨ ᠮᠠᠰᠢᠨ ᠲᠡᠷᠭᠡᠨ ᠤ ᠠᠵᠢᠯ ᠲᠥᠷᠥᠯ ᠤᠨ ᠨᠡᠶᠢᠭᠡᠮᠯᠢᠭ ᠤᠨ | ᠳᠠᠷᠤᠭ᠎ᠠ ᠴᠢᠨ ᠶᠦᠩ ᠫᠢᠩ ᠠᠴᠠ᠂ ᠣᠨᠴᠠ ᠤᠷᠢᠭᠰᠠᠨ ᠬᠢᠨᠠᠯᠲᠠ ᠲᠠᠯᠪᠢᠭᠴᠢ ᠴᠠᠭᠳᠠᠭ᠎ᠠ ᠠᠷᠠᠳ ᠤᠨ ︽ᠰᠡᠳᠬᠢᠯ ᠨᠢᠭᠲᠠᠷᠠᠭᠤᠯᠬᠤ ᠬᠥᠭᠦᠷᠭᠡ︾ ᠶᠢ ᠰᠠᠶᠢᠲᠤᠷ | ᠬᠤᠯᠪᠣᠵᠤ᠂ ᠳᠣᠲᠣᠭᠠᠳᠤ ᠶᠢ ᠬᠠᠮᠠᠭᠠᠯᠠᠬᠤ ᠠᠵᠢᠯ ᠤᠨ ᠳᠤᠲᠠᠭᠤᠳᠠᠯ ᠪᠠ ᠬᠦᠷᠦᠯᠴᠡᠬᠦ ᠦᠭᠡᠶ ᠲᠠᠯ᠎ᠠ ᠶᠢ ᠰᠢᠢᠳᠪᠦᠷᠢᠯᠡᠬᠦ ᠲᠠᠯ᠎ᠠ ᠪᠠᠷ ︽ᠣᠯᠠᠨ ᠢᠳᠬᠠᠯ ᠰᠠᠨᠠᠭᠤᠯᠭ᠎ᠠ︾ | ᠥᠭᠴᠦ᠂ ᠠᠮᠤᠷ ᠲᠦᠪᠰᠢᠨ ᠲᠣᠭᠲᠠᠭᠤᠨ ᠳᠤ ᠬᠤᠯᠪᠣᠭᠳᠠᠭᠰᠠᠨ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠲᠤᠰᠬᠠᠬᠤ ᠲᠠᠯ᠎ᠠ ᠪᠠᠷ ︽ᠢᠯᠡᠭᠦᠬᠡᠨ ᠰᠢᠭᠤᠳ | ᠶᠠᠷᠢᠵᠤ︾᠂ ᠳᠣᠲᠣᠭᠠᠳᠤ ᠶᠢ ᠬᠠᠮᠠᠭᠠᠯᠠᠬᠤ ᠡᠩᠨᠡᠭᠡ ᠶᠢᠨ ᠳᠦᠷᠢ ᠲᠥᠷᠬᠦ ᠶᠢ ᠤᠬᠠᠭᠤᠯᠬᠤ ᠲᠠᠯ᠎ᠠ ᠪᠠᠷ ︽ᠢᠯᠡᠭᠦᠬᠡᠨ ᠳᠠᠭᠤᠨ ᠳᠠᠮᠵᠢᠭᠤᠯᠵᠤ︾᠂ ᠣᠨᠴᠠ ᠤᠷᠢᠭᠰᠠᠨ | ᠬᠢᠨᠠᠯᠲᠠ ᠲᠠᠯᠪᠢᠭᠴᠢ ᠶᠢᠨ ᠬᠤᠯᠪᠣᠭᠠᠰᠤ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠪᠣᠯᠤᠨ ᠨᠡᠶᠢᠭᠡᠮ ᠤᠨ ᠡᠯ᠎ᠡ | ᠡᠲᠡᠭᠡᠳ ᠪᠣᠯᠤᠨ ᠥᠷᠭᠡᠨ ᠣᠯᠠᠨ ᠠᠷᠠᠳ ᠲᠦᠮᠡᠨ ᠤ ᠬᠠᠷᠢᠯᠴᠠᠭ᠎ᠠ ᠶᠢ ᠤᠯᠠᠮ ᠨᠢᠭᠡ ᠠᠯᠬᠤᠮ ᠨᠢᠭᠲᠠᠷᠠᠭᠤᠯᠵᠤ᠂ ᠳᠣᠲᠣᠭᠠᠳᠤ ᠶᠢ ᠬᠠᠮᠠᠭᠠᠯᠠᠬᠤ ᠠᠵᠢᠯ ᠪᠣᠯᠤᠨ | ᠳᠣᠲᠣᠭᠠᠳᠤ ᠶᠢ ᠬᠠᠮᠠᠭᠠᠯᠠᠬᠤ ᠡᠩᠨᠡᠭᠡ ᠶᠢᠨ ᠪᠠᠶᠢᠭᠤᠯᠤᠯᠲᠠ ᠶᠢᠨ ᠳᠠᠬᠢᠨ ᠰᠢᠨ᠎ᠡ ᠳᠡᠭᠲᠡᠷ ᠲᠤ ᠭᠠᠷᠬᠤ ᠶᠢ ᠬᠠᠮᠲᠤᠪᠠᠷ ᠠᠬᠢᠭᠤᠯᠬᠤ ᠬᠡᠷᠡᠭᠲᠡᠶ ᠭᠡᠵᠦ ᠢᠯᠡᠷᠬᠡᠶᠢᠯᠡᠪᠡ᠃ | | | | ᠯᠢᠦ ᠬᠤᠩ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠨᠠᠮ ᠤᠨ ᠬᠤᠷᠢᠶ᠎ᠠ ᠶᠢᠨ ᠡᠮᠦᠨ᠎ᠡ ᠠᠴᠠ ᠵᠢᠷᠭᠤᠳᠤᠭᠠᠷ ᠬᠤᠭᠤᠴᠠᠭᠠᠨ ᠤ ᠳᠣᠲᠣᠭᠠᠳᠤ ᠶᠢ | ᠬᠠᠮᠠᠭᠠᠯᠠᠬᠤ ᠲᠢᠩᠬᠢᠮ ᠤᠨ ᠣᠨᠴᠠ ᠤᠷᠢᠭᠰᠠᠨ ᠬᠢᠨᠠᠯᠲᠠ ᠲᠠᠯᠪᠢᠭᠴᠢ ᠳᠤ ᠴᠢᠩ ᠰᠡᠳᠬᠢᠯ ᠤᠨ ᠪᠠᠶᠠᠷ ᠬᠦᠷᠭᠡᠵᠦ᠂ ᠬᠠᠯᠠᠭᠤᠨ ᠢᠶᠠᠷ ᠤᠭᠲᠤᠵᠤ ᠪᠠᠶᠢᠬᠤ ᠪᠠᠨ | ᠢᠯᠡᠳᠬᠡᠬᠦ ᠶᠢᠨ ᠬᠠᠮᠲᠤ᠂ ᠪᠦᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠢᠨ ᠨᠠᠮ ᠳᠤ ᠪᠠᠨ ᠦᠨᠡᠨᠴᠢ ᠰᠢᠳᠤᠷᠭᠤ ᠪᠠᠶᠢᠬᠤ ᠶᠢ ᠪᠠᠷᠢᠮᠲᠠᠯᠠᠵᠤ᠂ | ᠡᠭᠦᠷᠭᠡ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠵᠦ ᠥᠪᠡᠷᠲᠡᠭᠡᠨ ᠵᠠᠰᠠᠬᠤ ᠣᠷᠣᠨ ᠤ ᠴᠢᠨᠠᠷ ᠰᠠᠶᠢᠲᠠᠢ ᠬᠥᠭᠵᠢᠯᠲᠡ ᠶᠢ ᠪᠠᠲᠤᠯᠠᠵᠤ᠂ ᠣᠨᠴᠠ ᠤᠷᠢᠭᠰᠠᠨ | ᠬᠢᠨᠠᠯᠲᠠ ᠲᠠᠯᠪᠢᠭᠴᠢ ᠶᠢᠨ ᠭᠦᠨᠵᠡᠭᠡᠢ ᠪᠠᠶᠢᠴᠠᠭᠠᠨ ᠰᠤᠳᠤᠯᠤᠯᠲᠠ ᠬᠢᠵᠦ᠂ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠬᠤ ᠶᠢ ᠬᠦᠰᠡᠵᠦ ᠪᠠᠶᠢᠨ᠎ᠠ︔ ᠪᠦᠬᠦ | ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠢᠨ ᠠᠷᠠᠳ ᠲᠦᠮᠡᠨ ᠳᠤ ᠦᠢᠯᠡᠴᠢᠯᠡᠬᠦ ᠶᠢ ᠪᠠᠷᠢᠮᠲᠠᠯᠠᠵᠤ᠂ ︽ᠠᠷᠠᠳ ᠲᠦᠮᠡᠨ ᠢᠶᠠᠷ ᠭᠤᠣᠯ ᠪᠣᠯᠭᠠᠬᠤ︾ | ᠬᠥᠭᠵᠢᠯᠲᠡ ᠶᠢᠨ ᠦᠵᠡᠯ ᠰᠠᠨᠠᠭ᠎ᠠ ᠶᠢ ᠠᠵᠢᠯ ᠤᠨ ᠡᠬᠢᠨ ᠠᠴᠠ ᠨᠢ ᠳᠠᠭᠤᠰᠲᠠᠯ᠎ᠠ ᠲᠤᠭᠤᠰᠢᠯᠠᠭᠤᠯᠵᠤ᠂ ᠣᠨᠴᠠ ᠤᠷᠢᠭᠰᠠᠨ ᠬᠢᠨᠠᠯᠲᠠ ᠲᠠᠯᠪᠢᠭᠴᠢ ᠶᠢ ᠬᠠᠮᠲᠤᠪᠠᠷ | ᠬᠦᠴᠦᠯᠡᠵᠦ᠂ ᠬᠠᠮᠲᠤᠪᠠᠷ ᠠᠬᠢᠭᠤᠯᠤᠨ ᠳᠡᠭᠡᠭᠰᠢᠯᠡᠭᠦᠯᠬᠦ ᠶᠢ ᠬᠦᠰᠡᠵᠦ ᠪᠠᠶᠢᠨ᠎ᠠ︔ ᠪᠦᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠢᠨ ᠬᠠᠤᠯᠢ ᠶᠢ | ᠲᠥᠪ ᠭᠤᠣᠯᠴᠢ ᠪᠠᠷ ᠬᠡᠷᠡᠭᠵᠢᠭᠦᠯᠬᠦ ᠶᠢ ᠪᠠᠷᠢᠮᠲᠠᠯᠠᠵᠤ᠂ ᠬᠠᠤᠯᠢᠵᠢᠯ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠲᠠ ᠶᠢ ᠲᠠᠰᠤᠷᠠᠯᠳᠡ ᠦᠭᠡᠢ ᠭᠦᠨᠵᠡᠭᠡᠶᠢᠷᠡᠭᠦᠯᠵᠦ᠂ | ᠬᠢᠨᠠᠯᠲᠠ ᠲᠠᠯᠪᠢᠭᠴᠢ ᠶᠢ ᠣᠨᠴᠠ ᠤᠷᠢᠵᠤ ᠬᠢᠨᠠᠯᠲᠠ ᠲᠠᠯᠪᠢᠬᠤ ᠪᠠᠨ ᠴᠢᠩᠭᠠᠳᠬᠠᠵᠤ᠂ ᠵᠢᠷᠤᠮᠵᠢᠯ ᠢ ᠠᠬᠢᠭᠤᠯᠬᠤ ᠶᠢ ᠬᠦᠰᠡᠵᠦ ᠪᠠᠶᠢᠨ᠎ᠠ︔ ᠪᠦᠬᠦ ᠣᠷᠣᠨ ᠤ | ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠢᠨ ᠰᠠᠬᠢᠯᠭ᠎ᠠ ᠪᠠᠲᠤ ᠴᠢᠩᠭ᠎ᠠ ᠪᠠᠶᠢᠬᠤ ᠶᠢ ᠪᠠᠷᠢᠮᠲᠠᠯᠠᠵᠤ᠂ ᠰᠤᠷᠲᠠᠯ ᠤᠨ ᠪᠠᠶᠢᠭᠤᠯᠤᠯᠲᠠ ᠶᠢ ᠦᠷᠭᠦᠯᠵᠢᠯᠡᠨ | ᠠᠬᠢᠭᠤᠯᠵᠤ᠂ ᠣᠨᠴᠠ ᠤᠷᠢᠭᠰᠠᠨ ᠬᠢᠨᠠᠯᠲᠠ ᠲᠠᠯᠪᠢᠭᠴᠢ ᠦᠨᠡᠨ ᠬᠦ ᠰᠢᠪᠠᠳᠠᠨ ᠪᠣᠳᠠᠲᠠᠢ ᠪᠠᠶᠢᠴᠠᠭᠠᠵᠤ᠂ ᠠᠷᠭ᠎ᠠ ᠤᠬᠠᠭᠠᠨ ᠭᠠᠷᠭᠠᠬᠤ ᠶᠢ ᠬᠦᠰᠡᠵᠦ ᠪᠠᠶᠢᠨ᠎ᠠ ᠭᠡᠵᠦ | ᠵᠢᠭᠠᠵᠤ ᠭᠠᠷᠭᠠᠪᠠ᠃ | | | | ᠶᠣᠰᠣᠯᠠᠯ ᠲᠡᠭᠦᠰᠦᠭᠰᠡᠨ ᠤ ᠳᠠᠷᠠᠭ᠎ᠠ᠂ ᠵᠢᠷᠭᠤᠳᠤᠭᠠᠷ ᠬᠤᠭᠤᠴᠠᠭᠠᠨ ᠤ ᠳᠣᠲᠣᠭᠠᠳᠤ ᠶᠢ ᠬᠠᠮᠠᠭᠠᠯᠠᠬᠤ ᠶᠠᠮᠤᠨ ᠤ ᠨᠠᠮ ᠤᠨ ᠰᠤᠷᠲᠠᠯ ᠵᠠᠰᠠᠭ ᠤᠨ ᠰᠤᠷᠲᠠᠯ | ᠴᠠᠭᠳᠠᠭ᠎ᠠ ᠶᠢᠨ ᠰᠤᠷᠲᠠᠯ ᠳᠤ ᠬᠢᠨᠠᠯᠲᠠ ᠲᠠᠯᠪᠢᠭᠴᠢ ᠲᠤᠤ ᠶᠢᠩ ᠴᠦᠨ ︽ᠡᠷᠴᠢ ᠵᠣᠷᠢᠭ ᠢᠶᠠᠨ ᠬᠥᠪᠴᠢᠯᠡᠨ ᠴᠢᠷᠮᠠᠶᠢᠨ ᠠᠵᠢᠯᠯᠠᠵᠤ ᠵᠢᠳᠬᠦᠯ ᠴᠢᠷᠮᠠᠶᠢᠯᠭ᠎ᠠ ᠲᠠᠢ ᠪᠠᠷ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠠᠵᠢᠯ ᠤᠨ ᠴᠢᠨᠠᠷ ᠰᠠᠶᠢᠲᠠᠢ ᠬᠥᠭᠵᠢᠯᠲᠡ ᠳᠤ ᠨᠡᠶᠢᠭᠡᠮ ᠤᠨ ᠬᠢᠨᠠᠯᠲᠠ | ᠲᠠᠯᠪᠢᠬᠤ ᠰᠢᠨ᠎ᠡ ᠵᠢᠳᠬᠦᠯ ᠴᠢᠷᠮᠠᠶᠢᠯᠭ᠎ᠠ ᠪᠠᠨ ᠡᠷᠭᠦᠨ᠎ᠡ︾ ᠭᠡᠬᠦ ᠰᠡᠳᠦᠪ ᠢᠶᠠᠷ ᠰᠢᠨ᠎ᠡ ᠪᠠᠷ ᠤᠷᠢᠵᠤ ᠲᠣᠮᠢᠯᠠᠭᠰᠠᠨ ᠬᠢᠨᠠᠯᠲᠠ ᠲᠠᠯᠪᠢᠭᠴᠢ ᠳᠤ ᠪᠣᠯᠪᠠᠰᠤᠷᠠᠯ ᠬᠢᠵᠦ᠂ | ᠳᠣᠲᠣᠭᠠᠳᠤ ᠶᠢ ᠬᠠᠮᠠᠭᠠᠯᠠᠬᠤ ᠶᠠᠮᠤᠨ ᠤ ᠬᠢᠨᠠᠯᠲᠠ ᠲᠠᠯᠪᠢᠭᠴᠢ ᠶᠢ ᠤᠷᠢᠵᠤ ᠲᠣᠮᠢᠯᠠᠬᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠬᠢᠨᠠᠯᠲᠠ ᠲᠠᠯᠪᠢᠬᠤ | ᠠᠵᠢᠯ ᠤᠨ ᠣᠯᠤᠯᠲᠠ ᠲᠦᠷᠦᠭᠳᠡᠯ᠂ ᠠᠷᠭ᠎ᠠ ᠬᠡᠯᠪᠡᠷᠢ ᠪᠠᠨ ᠰᠣᠯᠢᠯᠴᠠᠵᠤ᠂ ᠰᠢᠨ᠎ᠡ ᠪᠠᠷ ᠲᠣᠮᠢᠯᠠᠭᠳᠠᠭᠰᠠᠨ ᠬᠢᠨᠠᠯᠲᠠ ᠲᠠᠯᠪᠢᠭᠴᠢ ᠶᠢᠨ ᠲᠤᠰᠢᠶᠠᠯ ᠬᠠᠷᠢᠭᠤᠴᠠᠯᠭ᠎ᠠ ᠪᠠᠨ | ᠭᠦᠢᠴᠡᠳᠬᠡᠬᠦ ᠴᠢᠳᠠᠪᠤᠷᠢ ᠶᠢ ᠳᠡᠭᠡᠭᠰᠢᠯᠡᠭᠦᠯᠬᠦ ᠳᠤ ᠬᠦᠴᠦᠨ ᠨᠡᠮᠡᠷᠢᠯᠡᠪᠡ᠃ |