ᠳᠣᠲᠣᠭᠠᠳᠤ ᠶᠢ ᠬᠠᠮᠠᠭᠠᠯᠠᠬᠤ ᠠᠷᠠᠳ ᠤᠨ ᠴᠠᠭᠳᠠᠭ᠎ᠠ ᠶᠢᠨ ᠰᠦᠯᠵᠢᠶᠡᠨ ᠤ ᠨᠡᠶᠢᠭᠡᠮ ᠤᠨ ᠬᠠᠷᠢᠯᠴᠠᠭᠠᠨ ᠤ ᠵᠠᠭᠤᠴᠢᠯᠠᠭᠤᠷ ᠢ ᠬᠡᠷᠡᠭᠯᠡᠬᠦ ᠠᠵᠢᠯᠯᠠᠭ᠎ᠠ ᠶᠢ ᠤᠯᠠᠮ | ᠨᠢᠭᠡ ᠠᠯᠬᠤᠮ ᠵᠢᠷᠤᠮᠵᠢᠭᠤᠯᠵᠤ᠂ ᠳᠣᠲᠣᠭᠠᠳᠤ ᠶᠢ ᠬᠠᠮᠠᠭᠠᠯᠠᠬᠤ ᠠᠵᠢᠯ ᠳᠠᠬᠢ ᠰᠦᠯᠵᠢᠶᠡᠨ ᠤ ᠨᠡᠶᠢᠭᠡᠮ ᠤᠨ ᠬᠠᠷᠢᠯᠴᠠᠭᠠᠨ ᠤ ᠵᠠᠭᠤᠴᠢᠯᠠᠭᠤᠷ ᠤᠨ ᠢᠳᠡᠪᠬᠢᠲᠡᠶ | ᠦᠢᠯᠡᠳᠦᠯ ᠢ ᠭᠦᠢᠴᠡᠳ ᠪᠠᠳᠠᠷᠠᠭᠤᠯᠬᠤ ᠶᠢᠨ ᠲᠥᠯᠥᠭᠡ᠂ ᠳᠣᠲᠣᠭᠠᠳᠤ ᠶᠢ ᠬᠠᠮᠠᠭᠠᠯᠠᠬᠤ ᠶᠠᠮᠤᠨ ᠠᠴᠠ ︽ᠳᠣᠲᠣᠭᠠᠳᠤ ᠶᠢ ᠬᠠᠮᠠᠭᠠᠯᠠᠬᠤ ᠠᠷᠠᠳ ᠤᠨ ᠴᠠᠭᠳᠠᠭ᠎ᠠ | ᠰᠦᠯᠵᠢᠶᠡᠨ ᠤ ᠨᠡᠶᠢᠭᠡᠮ ᠤᠨ ᠬᠠᠷᠢᠯᠴᠠᠭᠠᠨ ᠤ ᠵᠠᠭᠤᠴᠢᠯᠠᠭᠤᠷ ᠢ ᠬᠡᠷᠡᠭᠯᠡᠬᠦ ᠳᠤ ᠪᠠᠨ ᠬᠢᠬᠦ ᠪᠣᠯᠬᠤ ᠦᠭᠡᠢ ᠶᠢᠰᠦᠨ ᠵᠤᠷᠪᠤᠰ︾ ᠲᠣᠭᠲᠠᠭᠠᠪᠠ᠃ | ᠨᠢᠭᠡ᠂ ᠨᠠᠮ ᠤᠨ ᠤᠨᠤᠯ᠂ ᠱᠤᠭᠤᠮ᠂ ᠴᠢᠭᠯᠡᠯᠲᠡ᠂ ᠲᠦᠷᠦ ᠶᠢᠨ ᠪᠤᠳᠤᠯᠭ᠎ᠠ ᠠᠴᠠ ᠵᠥᠷᠢᠴᠡᠭᠰᠡᠨ ᠮᠡᠳᠡᠭᠡ ᠵᠠᠩᠭᠢ ᠪᠠ ᠦᠭᠡ ᠶᠠᠷᠢᠶ᠎ᠠ ᠶᠢ ᠵᠣᠬᠢᠶᠠᠵᠤ᠂ | ᠤᠯᠠᠮᠵᠢᠯᠠᠨ ᠲᠠᠷᠬᠠᠭᠠᠵᠤ ᠪᠣᠯᠬᠤ ᠦᠭᠡᠢ︔ | ᠬᠤᠶᠠᠷ᠂ ᠨᠠᠮ᠂ ᠤᠯᠤᠰ ᠪᠠ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠲᠦᠷᠢ ᠲᠥᠷᠬᠦ ᠶᠢ ᠭᠦᠳᠬᠡᠭᠰᠡᠨ ᠡᠯ᠎ᠡ ᠵᠦᠢᠯ ᠤᠨ ᠨᠠᠵᠠᠭᠠᠢ ᠲᠠᠯ᠎ᠠ ᠶᠢᠨ | ᠮᠡᠳᠡᠭᠡ ᠵᠠᠩᠭᠢ ᠶᠢ ᠵᠣᠬᠢᠶᠠᠨ ᠲᠠᠷᠬᠠᠭᠠᠵᠤ ᠪᠣᠯᠬᠤ ᠦᠭᠡᠢ︔ | ᠭᠤᠷᠪᠠ᠂ ᠪᠤᠯᠬᠢ ᠪᠦᠳᠦᠭᠦᠯᠢᠭ ᠮᠡᠳᠡᠭᠡ ᠵᠠᠩᠭᠢ᠂ ᠦᠨᠡᠨ ᠪᠣᠳᠠᠲᠠᠶ ᠪᠤᠰᠤ ᠮᠡᠳᠡᠭᠡ ᠵᠠᠩᠭᠢ ᠪᠠ ᠵᠤᠬᠢᠰ ᠦᠭᠡᠢ ᠦᠭᠡ ᠶᠠᠷᠢᠶ᠎ᠠ ᠶᠢ ᠵᠣᠬᠢᠶᠠᠵᠤ᠂ ᠤᠯᠠᠮᠵᠢᠯᠠᠨ | ᠲᠠᠷᠬᠠᠭᠠᠵᠤ ᠪᠣᠯᠬᠤ ᠦᠭᠡᠢ︔ | ᠲᠦᠷᠪᠡ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠨᠢᠭᠤᠴᠠ ᠳᠤ ᠬᠤᠯᠪᠣᠭᠳᠠᠬᠤ ᠪᠤᠶᠤ ᠳᠣᠲᠣᠭᠠᠳᠤ ᠶᠢᠨ ᠰᠡᠷᠭᠡᠭ ᠵᠦᠢᠯᠡᠰ ᠢ ᠶᠠᠷᠢᠯᠴᠠᠬᠤ ᠪᠠ | ᠤᠯᠠᠮᠵᠢᠯᠠᠨ ᠲᠠᠷᠬᠠᠭᠠᠵᠤ ᠪᠣᠯᠬᠤ ᠦᠭᠡᠢ︔ | ᠲᠠᠪᠤ᠂ ᠴᠠᠭᠳᠠᠭᠠᠨ ᠤ ᠶᠠᠪᠤᠳᠠᠯ ᠤᠨ ᠠᠵᠢᠯ ᠤᠨ ᠨᠢᠭᠤᠴᠠ ᠳᠤ ᠬᠤᠯᠪᠣᠭᠳᠠᠬᠤ ᠦᠰᠦᠭ ᠪᠢᠴᠢᠭ᠂ ᠵᠢᠷᠤᠭ᠂ ᠲᠠᠭᠤ ᠳᠦᠷᠰᠦ ᠰᠢᠩᠭᠡᠭᠡᠯᠲᠡ ᠶᠢ | ᠳᠤᠷ᠎ᠠ ᠪᠠᠷ ᠢᠶᠠᠨ ᠨᠡᠶᠢᠲᠡᠯᠡᠵᠦ ᠪᠣᠯᠬᠤ ᠦᠭᠡᠢ︔ | ᠵᠢᠷᠭᠤᠭ᠎ᠠ᠂ ᠲᠣᠰ ᠨᠢᠭᠡᠴᠢ ᠶᠢᠨ ᠭᠤᠤᠯᠴᠢᠯᠠᠨ ᠬᠠᠮᠢᠶᠠᠷᠬᠤ ᠤᠳᠤᠷᠢᠳᠤᠯᠭ᠎ᠠ ᠶᠢᠨ ᠵᠥᠪᠰᠢᠶᠡᠷᠡᠯ ᠥᠬᠡᠶ ᠪᠠᠷ ᠠᠷᠠᠳ ᠤᠨ ᠴᠠᠭᠳᠠᠭ᠎ᠠ ᠶᠢᠨ ᠬᠤᠪᠢ ᠪᠠᠷ ᠪᠢᠴᠢᠯ | ᠪᠦᠷᠭᠡ᠂ ᠸᠢᠴᠠᠲ ᠤᠨ ᠨᠡᠶᠢᠲᠡ ᠶᠢᠨ ᠳ᠋ᠤᠭᠠᠷ ᠭᠠᠷᠭᠠᠵᠤ ᠪᠣᠯᠬᠤ ᠥᠬᠡᠶ᠂ ᠬᠤᠪᠢ ᠬᠥᠮᠦᠨ ᠤ ᠪᠢᠴᠢᠯ ᠪᠦᠷᠭᠡ᠂ ᠸᠢᠴᠠᠲ ᠤᠨ ᠲᠣᠯᠣᠭᠠᠶ ᠶᠢᠨ ᠵᠢᠷᠤᠭ ᠲᠤ | ᠳᠣᠲᠣᠭᠠᠳᠤ ᠶᠢ ᠬᠠᠮᠠᠭᠠᠯᠠᠬᠤ ᠲᠡᠮᠳᠡᠭ ᠢ ᠬᠡᠷᠡᠭᠯᠡᠵᠦ ᠪᠣᠯᠬᠤ ᠥᠬᠡᠶ︔ | ᠳᠣᠯᠤᠭ᠎ᠠ᠂ ᠰᠦᠯᠵᠢᠶᠡᠨ ᠤ ᠨᠡᠶᠢᠭᠡᠮ ᠤᠨ ᠬᠠᠷᠢᠯᠴᠠᠭᠠᠨ ᠤ ᠪᠠᠭᠠᠵᠢ ᠶᠢᠨ ᠳᠥᠯᠥᠬᠦ᠂ ᠤᠯᠠᠭᠠᠨ ᠪᠠᠭᠯᠠᠭ᠎ᠠ᠂ ᠲᠠᠩᠰᠠ ᠰᠢᠯᠵᠢᠭᠦᠯᠬᠦ ᠵᠡᠷᠭᠡ ᠴᠢᠳᠠᠮᠵᠢ ᠶᠢ | ᠠᠰᠢᠭᠯᠠᠨ ᠬᠡᠯᠪᠡᠷᠢ ᠶᠢ ᠨᠢ ᠥᠭᠡᠷᠡᠲᠦᠭᠦᠯᠦᠨ ᠡᠷᠬᠡ ᠮᠥᠩᠭᠦᠨ ᠤ ᠠᠷᠠᠯᠵᠢᠶ᠎ᠠ ᠬᠢᠵᠦ ᠪᠣᠯᠬᠤ ᠥᠬᠡᠶ︔ | ᠨᠠᠢᠮᠠ᠂ ᠰᠦᠯᠵᠢᠶᠡᠨ ᠤ ᠨᠡᠶᠢᠭᠡᠮ ᠤᠨ ᠬᠠᠷᠢᠯᠴᠠᠭᠠᠨ ᠤ ᠵᠠᠭᠤᠴᠢᠯᠠᠭᠤᠷ ᠢ ᠠᠰᠢᠭᠯᠠᠨ ᠵᠦᠶ ᠪᠤᠰᠤ ᠶᠠᠪᠤᠯᠴᠠᠭ᠎ᠠ ᠬᠢᠵᠦ ᠪᠣᠯᠬᠤ ᠥᠬᠡᠶ᠂ ᠠᠵᠢᠯ ᠤᠨ ᠬᠡᠷᠡᠭᠴᠡᠭᠡ | ᠥᠬᠡᠶ ᠪᠣᠯ ᠢᠯᠡᠷᠬᠡᠶ ᠮᠠᠭᠤ ᠬᠠᠨᠳᠤᠰᠢ ᠲᠠᠢ ᠸᠢᠴᠠᠲ ᠤᠨ ᠬᠤᠯᠪᠣᠭ᠎ᠠ᠂ ᠶᠠᠷᠢᠯᠴᠠᠭᠠᠨ ᠤ ᠲᠠᠪᠴᠠᠩ ᠵᠡᠷᠭᠡ ᠰᠦᠯᠵᠢᠶᠡᠨ ᠤ ᠨᠡᠶᠢᠭᠡᠮ ᠤᠨ ᠬᠠᠷᠢᠯᠴᠠᠭᠠᠨ ᠤ | ᠴᠤᠭᠯᠠᠭᠠᠨ ᠳᠤ ᠣᠷᠣᠵᠤ ᠪᠣᠯᠬᠤ ᠥᠬᠡᠶ︔ | ᠶᠢᠰᠦ᠂ ᠰᠦᠯᠵᠢᠶᠡᠨ ᠤ ᠨᠡᠶᠢᠭᠡᠮ ᠤᠨ ᠬᠠᠷᠢᠯᠴᠠᠭᠠᠨ ᠤ ᠵᠠᠭᠤᠴᠢᠯᠠᠭᠤᠷ ᠢ ᠠᠰᠢᠭᠯᠠᠨ ᠬᠠᠤᠯᠢ ᠴᠠᠭᠠᠵᠠ ᠬᠠᠤᠯᠢ ᠲᠣᠭᠲᠠᠭᠠᠯ᠂ ᠨᠠᠮ ᠤᠨ ᠰᠠᠬᠢᠯᠭ᠎ᠠ ᠪᠠᠲᠤ ᠶᠢᠨ | ᠲᠦᠷᠢᠮ ᠲᠣᠭᠲᠠᠭᠠᠯ ᠪᠠ ᠨᠠᠮ ᠤᠨ ᠰᠢᠯᠢᠳᠡᠭ ᠤᠯᠠᠮᠵᠢᠯᠠᠯ ᠠᠴᠠ ᠵᠥᠷᠢᠴᠡᠭᠰᠡᠨ ᠪᠤᠰᠤᠳ ᠠᠵᠢᠯᠯᠠᠭ᠎ᠠ ᠶᠢ ᠬᠢᠵᠦ ᠪᠣᠯᠬᠤ ᠦᠭᠡᠢ᠃ | ᠠᠩᠬᠠᠷᠤᠭᠠᠷᠠᠶ᠄ | ᠨᠢᠭᠡ᠂ ᠳᠡᠭᠡᠷᠡᠬᠢ ᠲᠣᠭᠲᠠᠭᠠᠯ ᠢ ᠵᠥᠷᠢᠴᠡᠪᠡᠯ ᠰᠢᠭᠦᠮᠵᠢᠯᠡᠨ ᠰᠤᠷᠭᠠᠬᠤ ᠪᠤᠶᠤ ᠵᠣᠬᠢᠶᠠᠨ ᠪᠠᠶᠢᠭᠤᠯᠤᠯᠲᠠ ᠶᠢᠨ ᠲᠠᠯ᠎ᠠ ᠪᠠᠷ ᠰᠢᠢᠳᠪᠦᠷᠢᠯᠡᠨ᠎ᠡ︔ | ᠬᠤᠶᠠᠷ᠂ ᠰᠠᠬᠢᠯᠭ᠎ᠠ ᠪᠠᠲᠤ ᠶᠢ ᠵᠥᠷᠢᠴᠡᠭᠰᠡᠨ ᠪᠠᠶᠢᠪᠠᠯ ᠰᠠᠬᠢᠯᠭ᠎ᠠ ᠪᠠᠲᠤ ᠶᠢᠨ ᠰᠢᠳᠬᠡᠯ ᠥᠭᠭᠦᠨ᠎ᠡ︔ | ᠭᠤᠷᠪᠠ᠂ ᠶᠠᠯ᠎ᠠ ᠬᠢᠭᠰᠡᠨ ᠰᠡᠵᠢᠭᠯᠡᠯᠲᠡᠶ ᠪᠠᠶᠢᠪᠠᠯ᠂ ᠬᠠᠤᠯᠢ ᠴᠠᠭᠠᠵᠠ ᠶᠢᠨ ᠪᠠᠶᠢᠭᠤᠯᠭ᠎ᠠ ᠳᠤ ᠰᠢᠯᠵᠢᠭᠦᠯᠦᠨ ᠬᠦᠷᠭᠡᠵᠦ ᠬᠠᠤᠯᠢ ᠶᠣᠰᠣᠭᠠᠷ ᠰᠢᠢᠳᠪᠦᠷᠢᠯᠡᠭᠦᠯᠦᠨ᠎ᠡ᠃ |