ᠠᠷᠤ ᠬᠤᠷᠴᠢᠨ ᠤ ︽ᠣᠲᠣᠷ︾ ᠴᠠᠭᠳᠠᠭᠠᠨ ᠤ ᠶᠠᠪᠤᠳᠠᠯ ᠤᠨ ᠲᠠᠰᠤᠭ ᠨᠢ ᠠᠷᠠᠳ ᠤᠨ ᠲᠥᠯᠥᠭᠡ ᠭᠡᠬᠦ ᠣᠭ ᠰᠠᠨᠠᠭ᠎ᠠ ᠪᠠᠨ ᠦᠯᠦ ᠮᠠᠷᠲᠠᠨ ︽ᠥᠴᠦᠬᠡᠨ ᠴᠦ ᠵᠠᠶ ᠥᠬᠡᠶ︾ ᠥᠷᠭᠡᠨ ᠣᠯᠠᠨ ᠮᠠᠯᠴᠢᠳ ᠲᠤ ᠦᠢᠯᠡᠴᠢᠯᠡᠨ᠎ᠡ
ᠨᠡᠶᠢᠲᠡᠯᠡᠭᠰᠡᠨ ᠴᠠᠭ᠄
2023/3/1
     ᠤᠯᠠᠭᠠᠨᠬᠠᠳᠠ ᠬᠤᠲᠠ ᠶᠢᠨ ᠠᠷᠤ ᠬᠤᠷᠴᠢᠨ ᠬᠤᠰᠢᠭᠤᠨ ᠤ ᠪᠠᠶᠠᠨ᠋ᠦ᠌ᠨᠳᠦᠷ ᠰᠤᠮᠤ ᠶᠢᠨ ᠮᠠᠯᠴᠢᠳ ᠳᠡᠭᠡᠳᠦᠰ ᠤᠨ ᠰᠤᠷᠭᠠᠯ ᠢᠶᠠᠨ ᠤᠯᠠᠮᠵᠢᠯᠠᠵᠤ᠂ ᠪᠠᠶᠢᠭᠠᠯᠢ ᠶᠢ ᠬᠦᠨᠳᠦᠳᠬᠡᠨ᠂ ᠡᠬᠡ ᠪᠠᠶᠢᠭᠠᠯᠢ ᠲᠠᠢ ᠡᠶ᠎ᠡ ᠵᠣᠬᠢᠴᠠᠯ ᠲᠠᠢ ᠪᠠᠷ ᠬᠠᠮᠲᠤ ᠣᠷᠣᠰᠢᠵᠤ᠂ ᠣᠳᠣ ᠪᠣᠯᠲᠠᠯ᠎ᠠ ᠤᠯᠠᠮᠵᠢᠯᠠᠯᠲᠤ ᠨᠡᠭᠦᠳᠡᠯ ᠮᠠᠯᠵᠢᠯ ᠤᠨ ᠵᠠᠩ ᠵᠠᠩᠰᠢᠯ ᠢᠶᠠᠨ ᠵᠢᠷᠤᠮᠯᠠᠨ ᠰᠠᠬᠢᠭᠰᠠᠭᠠᠷ ᠪᠠᠶᠢᠨ᠎ᠠ᠃ ᠮᠠᠯᠴᠢᠳ 100 ᠺᠢᠯᠦᠮᠧᠲᠷ ᠤᠨ ᠴᠠᠭᠠᠨᠠᠬᠢ ᠮᠠᠯᠵᠢᠯ ᠤᠨ ᠲᠠᠯᠠᠪᠠᠶ ᠳᠤ ᠨᠡᠭᠦᠳᠡᠯᠯᠡᠬᠦ ᠪᠦᠷᠢ᠂ ᠬᠡᠳᠦᠨ ᠴᠠᠭᠳᠠᠭ᠎ᠠ ᠬᠠᠵᠠᠭᠤ ᠪᠠᠷ ᠨᠢ ᠬᠠᠪᠰᠤᠷᠴᠤ᠂ ᠲᠠᠳᠠ ᠠᠯᠲᠠᠨ ᠰᠢᠷᠭᠠᠯ ᠴᠠᠭᠳᠠᠭᠠᠨ ᠤ ᠰᠦᠯᠳᠡ ᠪᠣᠯᠤᠨ ᠬᠠᠲᠠᠨ ᠵᠣᠷᠢᠭ ᠤᠨ ᠪᠠᠷ᠎ᠠ ᠪᠠᠷ ᠮᠣᠩᠭᠤᠯ ᠦᠨᠳᠦᠰᠦᠲᠡᠨ ᠤ ᠤᠯᠠᠮᠵᠢᠯᠠᠯᠲᠤ ᠨᠡᠭᠦᠳᠡᠯ ᠮᠠᠯᠵᠢᠯ ᠤᠨ ᠥᠨᠢ ᠤᠳᠠᠭᠠᠨ ᠲᠡᠦᠬᠡ ᠶᠢ ᠰᠠᠬᠢᠨ ᠬᠠᠮᠠᠭᠠᠯᠠᠵᠤ᠂ ᠮᠠᠯᠴᠢᠨ ᠲᠦᠮᠡᠨ ᠤ ᠠᠮᠢ ᠨᠠᠰᠤ ᠪᠣᠯᠤᠨ ᠡᠳ᠋ ᠬᠥᠷᠥᠩᠭᠡ ᠶᠢᠨ ᠠᠮᠤᠷ ᠲᠦᠪᠰᠢᠨ ᠢ ᠰᠡᠳᠬᠢᠯ ᠳᠡᠯᠪᠢᠨ ᠬᠠᠮᠠᠭᠠᠯᠠᠵᠤ ᠪᠠᠶᠢᠳᠠᠭ᠃
 0d01ddc78dcfc35f916e11ca666d207.jpg 
      ᠲᠠᠳᠠ ᠪᠣᠯ ᠠᠷᠤ ᠬᠤᠷᠴᠢᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠪᠠᠶᠠᠨ᠋ᠦ᠌ᠨᠳᠦᠷ ᠲᠣᠮᠢᠯᠠᠭᠰᠠᠨ ᠰᠠᠯᠪᠤᠷᠢ ᠶᠢᠨ ︽ᠣᠲᠣᠷ︾ ᠴᠠᠭᠳᠠᠭᠠᠨ ᠤ ᠶᠠᠪᠤᠳᠠᠯ ᠤᠨ ᠲᠠᠰᠤᠭ ᠤᠨ ︽ᠡᠷᠡᠯᠬᠡᠭ ᠳᠠᠶᠢᠴᠢᠨ︾ ᠬᠠᠮᠠᠭᠠᠯᠠᠭᠴᠢᠳ ᠪᠣᠯᠤᠨ᠎ᠠ᠃ ᠨᠡᠭᠦᠳᠡᠯ ᠮᠠᠯᠵᠢᠯ ᠤᠨ ᠭᠠᠵᠠᠷ ᠪᠤᠶᠢᠳᠠ ᠪᠦᠭᠯᠡᠭᠦᠦ᠂ ᠮᠠᠯᠴᠢᠳ ᠤᠨ ᠣᠷᠣᠨ ᠰᠠᠭᠤᠴᠠ ᠲᠠᠷᠠᠬᠠᠶ ᠪᠤᠲᠠᠷᠬᠠᠶ ᠵᠡᠷᠭᠡ ᠣᠨᠴᠠᠯᠢᠭ ᠲᠤ ᠴᠢᠭᠯᠡᠭᠦᠯᠦᠨ᠂ ᠨᠡᠭᠦᠳᠡᠯ ᠮᠠᠯᠵᠢᠯ ᠤᠨ ᠭᠠᠵᠠᠷ ᠣᠷᠣᠨ ᠤ ᠠᠮᠤᠷ ᠲᠦᠪᠰᠢᠨ ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠬᠤ ᠶᠢᠨ ᠲᠤᠰᠠᠳᠠ᠂ ︽ᠣᠲᠣᠷ︾ ᠴᠠᠭᠳᠠᠭᠠᠨ ᠤ ᠶᠠᠪᠤᠳᠠᠯ ᠤᠨ ᠲᠠᠰᠤᠭ ᠨᠢ 2014 ᠣᠨ ᠤ 6 ᠳ᠋ᠤᠭᠠᠷ ᠰᠠᠷ᠎ᠠ ᠳᠤ ᠪᠠᠶᠢᠭᠤᠯᠤᠭᠳᠠᠭᠰᠠᠨ ᠶᠤᠮ᠃ ᠲᠡᠳᠡᠨ ᠭᠤᠤᠯᠳᠠᠭᠤ᠄ ᠮᠠᠯᠴᠢᠳ ᠤᠨ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠬᠠᠮᠠᠭᠠᠯᠠᠬᠤ᠂ ᠨᠤᠲᠤᠭ ᠪᠡᠯᠴᠢᠭᠡᠷ ᠤᠨ ᠠᠮᠤᠷ ᠲᠦᠪᠰᠢᠨ ᠲᠣᠭᠲᠠᠭᠤᠨ ᠪᠠᠶᠢᠳᠠᠯ ᠢ ᠰᠠᠬᠢᠨ ᠬᠠᠮᠠᠭᠠᠯᠠᠬᠤ᠂ ᠬᠦᠴᠢᠷᠳᠡᠯ ᠳᠤ ᠲᠤᠯᠭᠠᠷᠠᠭᠰᠠᠨ ᠮᠠᠯᠴᠢᠳ ᠢ ᠠᠪᠤᠷᠠᠨ ᠲᠤᠰᠠᠯᠠᠬᠤ᠂ ᠮᠠᠯᠴᠢᠳ ᠤᠨ ᠬᠤᠭᠤᠷᠣᠨᠳᠣᠬᠢ ᠵᠥᠷᠢᠴᠡᠯ ᠢ ᠡᠶᠡᠳᠡᠭᠦᠯᠬᠦ᠂ ᠬᠠᠤᠯᠢ ᠴᠠᠭᠠᠵᠠ ᠶᠢᠨ ᠮᠡᠳᠡᠯᠭᠡ ᠶᠢ ᠤᠬᠠᠭᠤᠯᠬᠤ ᠵᠡᠷᠭᠡ ᠠᠵᠢᠯ ᠢ ᠭᠦᠢᠴᠡᠳᠭᠡᠨ᠎ᠡ᠃ ᠲᠠᠳᠠ ᠮᠠᠯᠵᠢᠬᠤ ᠣᠷᠣᠨ ᠤ ᠴᠠᠭᠳᠠᠭᠠᠨ ᠤ ᠶᠠᠪᠤᠳᠠᠯ ᠤᠨ ᠠᠵᠢᠯ ᠤᠨ ᠲᠦᠪᠰᠢᠨ ᠢᠶᠠᠨ ᠲᠠᠰᠤᠷᠠᠯᠲᠠ ᠥᠬᠡᠶ ᠳᠡᠭᠡᠭᠰᠢᠯᠡᠭᠦᠯᠵᠦ᠂ ᠮᠠᠯᠴᠢᠳ ᠲᠤ ᠦᠢᠯᠡᠴᠢᠯᠡᠬᠦ ᠡᠴᠦᠰ ᠤᠨ ᠨᠢᠭᠡ ᠺᠢᠯᠦᠮᠧᠲᠷ ᠢ ᠨᠡᠪᠲᠡᠷᠡᠭᠦᠯᠬᠦ ᠪᠠᠷ ᠰᠢᠢᠳᠪᠦᠷᠢᠳᠤ ᠢᠯᠠᠯᠲᠠ ᠶᠢ ᠤᠯᠪᠠ᠃
 c736f8bc818fb85d51d0657264688ce.jpg  
      ︽ᠲᠠᠯ᠎ᠠ ᠨᠤᠲᠤᠭ ᠤᠨ ᠭᠠᠵᠠᠷ ᠤᠨ ᠪᠠᠶᠢᠴᠠ ᠶᠢᠨ ᠨᠥᠯᠥᠭᠡ ᠠᠴᠠ ᠪᠣᠯᠵᠣ ᠮᠠᠯᠴᠢᠳ ᠤᠨ ᠣᠷᠣᠨ ᠰᠠᠭᠤᠴᠠ ᠨᠡᠯᠢᠶᠡᠳ ᠲᠠᠷᠠᠬᠠᠶ ᠪᠤᠲᠠᠷᠬᠠᠶ ᠪᠠᠶᠢᠵᠤ᠂ ᠮᠠᠭᠤ ᠠᠭᠤᠷ ᠠᠮᠢᠰᠬᠤᠯ ᠲᠣᠬᠢᠶᠠᠯᠳᠤᠵᠤ᠂ ᠲᠡᠷᠭᠡ ᠵᠢᠯᠣᠭᠤᠳᠤᠨ ᠲᠣᠭᠤᠷᠢᠨ ᠴᠠᠭᠳᠠᠬᠤ ᠶᠢᠨ ᠠᠷᠭ᠎ᠠ ᠥᠬᠡᠶ ᠪᠣᠯᠬᠤ ᠪᠦᠷᠢ᠂ ᠠᠷᠠᠳ ᠤᠨ ᠴᠠᠭᠳᠠᠭ᠎ᠠ ᠨᠠᠷ ᠵᠥᠪᠬᠡᠨ ᠮᠣᠷᠢ ᠤᠨᠤᠬᠤ ᠪᠤᠶᠤ ᠶᠠᠪᠠᠭᠠᠨ ᠢᠶᠠᠷ ᠲᠣᠭᠤᠷᠢᠨ ᠴᠠᠭᠳᠠᠬᠤ ᠦᠶᠡᠰ᠂ ᠨᠢᠭᠡ ᠡᠳᠦᠷ ᠠᠷᠪᠠᠨ ᠬᠡᠳᠦᠨ ᠺᠢᠯᠦᠮᠧᠲᠷ ᠪᠣᠶᠤ ᠬᠡᠳᠦᠨ ᠠᠷᠪᠠᠨ ᠺᠢᠯᠦᠮᠧᠲᠷ ᠲᠤᠭᠤᠷᠢᠨ ᠴᠠᠭᠳᠠᠳᠠᠭ᠃︾ ᠭᠡᠵᠦ ︽ᠣᠲᠤᠷ︾ ᠴᠠᠭᠳᠠᠭᠠᠨ ᠤ ᠶᠠᠪᠤᠳᠠᠯ ᠤᠨ ᠲᠠᠰᠤᠭ ᠤᠨ ᠠᠷᠠᠳ ᠤᠨ ᠴᠠᠭᠳᠠᠭ᠎ᠠ ᠬᠥᠭᠵᠢᠯ ᠪᠢᠳᠡᠨ ᠳᠤ ᠲᠡᠳᠡᠨ ᠤ ᠠᠵᠢᠯ ᠢᠶᠠᠨ ᠲᠠᠨᠢᠯᠴᠠᠭᠤᠯᠪᠠ᠃ ᠬᠠᠪᠤᠷ ᠪᠣᠯᠪᠠᠯ ᠨᠢᠭᠡ ᠪᠡᠶ᠎ᠡ ᠡᠯᠡᠰᠦ᠂ ᠵᠤᠨ ᠪᠣᠯᠪᠠᠯ ᠨᠢᠭᠡ ᠪᠡᠶ᠎ᠡ ᠰᠢᠪᠠᠷ᠂ ᠨᠠᠮᠤᠷ ᠪᠣᠯᠪᠠᠯ ᠨᠢᠭᠡ ᠪᠡᠶ᠎ᠡ ᠰᠢᠮᠠᠭᠤᠯ᠂ ᠡᠪᠦᠯ ᠪᠣᠯᠪᠠᠯ ᠨᠢᠭᠡ ᠨᠢᠭᠤᠷ ᠴᠠᠰᠤ ︽ᠣᠲᠣᠷ︾ ᠴᠠᠭᠳᠠᠭᠠᠨ ᠤ ᠶᠠᠪᠤᠳᠠᠯ ᠤᠨ ᠲᠠᠰᠤᠭ ᠤᠨ ᠠᠷᠠᠳ ᠤᠨ ᠴᠠᠭᠳᠠᠭ᠎ᠠ ᠶᠢᠨ ᠦᠨᠡᠨ ᠪᠣᠳᠠᠲᠠᠶ ᠵᠢᠷᠤᠭᠯᠠᠯ ᠪᠣᠯᠤᠨ᠎ᠠ᠃
 ecf2821f696bae3db1ccc7ecac62c78.jpg 
      ᠨᠢᠳᠦᠨᠦᠨ ᠤ 6— 10 ᠳ᠋ᠤᠭᠠᠷ ᠰᠠᠷ᠎ᠠ ᠶᠢᠨ ᠬᠤᠭᠤᠷᠤᠨᠳᠤ᠂ ᠠᠷᠤ ᠬᠤᠷᠴᠢᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠪᠠᠶᠠᠨ᠋ᠦ᠌ᠨᠳᠦᠷ ᠲᠣᠮᠢᠯᠠᠭᠰᠠᠨ ᠰᠠᠯᠪᠤᠷᠢ ᠨᠡᠭᠦᠳᠡᠯ ᠮᠠᠯᠵᠢᠯ ᠤᠨ ᠲᠠᠯᠠᠪᠠᠶ ᠰᠢᠯᠵᠢᠬᠦ ᠬᠤᠭᠤᠴᠠᠭᠠᠨ ᠳᠤ᠂ ᠪᠥᠬᠦ ᠲᠠᠯ᠎ᠠ ᠪᠠᠷ ᠬᠡᠷᠡᠭᠵᠢᠭᠦᠯᠦᠭᠰᠡᠨ ︽131︾ ᠠᠵᠢᠯ ᠤᠨ ᠠᠷᠭ᠎ᠠ ᠶᠢ ᠬᠤᠪᠢᠷᠠᠭᠤᠯᠤᠨ ᠠᠵᠢᠯᠯᠠᠭᠤᠯᠵᠤ᠂ ︽10 + 20︾ ᠠᠵᠢᠯ ᠤᠨ ᠵᠠᠭᠪᠤᠷ ᠢ ᠬᠡᠷᠡᠭᠯᠡᠵᠦ᠂ ᠲᠤᠬᠠᠶᠢᠯᠠᠪᠠᠯ ᠠᠷᠠᠳ ᠤᠨ ᠴᠠᠭᠳᠠᠭ᠎ᠠ + ᠲᠤᠤᠷᠵᠢᠭᠤᠯᠤᠭᠰᠠᠨ ᠬᠠᠮᠢᠶᠠᠷᠤᠯᠲᠠ ᠶᠢᠨ ᠠᠵᠢᠯᠲᠠᠨ ᠰᠠᠷ᠎ᠠ ᠪᠦᠷᠢ ᠣᠲᠣᠷ ᠤᠨ ᠴᠠᠭᠳᠠᠭᠠᠨ ᠤ ᠶᠠᠪᠤᠳᠠᠯ ᠤᠨ ᠲᠠᠰᠤᠭ ᠲᠤ 10 ᠡᠳᠦᠷ ᠠᠵᠢᠯᠯᠠᠵᠤ᠂ ᠦᠯᠡᠳᠡᠭᠰᠡᠨ 20 ᠡᠳᠦᠷ ᠲᠤ ᠳᠣᠮᠢᠯᠠᠭᠰᠠᠨ ᠰᠠᠯᠪᠤᠷᠢ ᠳᠤ ᠪᠠᠨ ᠠᠵᠢᠯ ᠢᠶᠠᠨ ᠥᠷᠨᠢᠭᠦᠯᠵᠦ᠂ ᠦᠨᠳᠦᠰᠦᠨ ᠱᠠᠲᠤᠨ ᠤ ᠴᠠᠭᠳᠠᠭᠠᠨ ᠤ ᠶᠠᠪᠤᠳᠠᠯ ᠤᠨ ᠠᠵᠢᠯ ᠤᠨ ᠬᠡᠷᠡᠭᠴᠡᠭᠡ ᠳᠤ ᠬᠠᠮᠤᠭ ᠤᠨ ᠶᠡᠭᠡ ᠬᠡᠮᠵᠢᠶ᠎ᠡ ᠪᠠᠷ ᠣᠶᠢᠷᠠᠲᠤᠭᠤᠯᠤᠨ᠎ᠠ᠃ ︽ᠣᠲᠣᠷ︾ ᠴᠠᠭᠳᠠᠭᠠᠨ ᠤ ᠶᠠᠪᠤᠳᠠᠯ ᠤᠨ ᠲᠠᠰᠤᠭ ᠢ ᠰᠠᠬᠢᠨ ᠬᠠᠮᠠᠭᠠᠯᠠᠵᠤ ᠪᠠᠶᠢᠭ᠎ᠠ ᠠᠷᠠᠳ ᠤᠨ ᠴᠠᠭᠳᠠᠭ᠎ᠠ ᠨᠠᠷ ᠡᠩ ᠤᠨ ᠬᠥᠮᠦᠰ ᠤᠨ ᠲᠥᠰᠦᠭᠡᠯᠡᠬᠦᠶ᠎ᠡ ᠪᠡᠷᠬᠡ ᠬᠦᠴᠢᠷ ᠵᠣᠪᠠᠭᠤᠷᠢ ᠶᠢ ᠠᠮᠰᠠᠵᠤ᠂ ᠰᠦᠨᠢ ᠶᠢᠨ ᠭᠦᠨ ᠤ ᠣᠳᠤᠨ ᠮᠡᠴᠢᠳ ᠤᠨ ᠬᠡᠷᠡᠯ ᠨᠢ ︽ᠣᠲᠣᠷ︾ ᠴᠠᠭᠳᠠᠭᠠᠨ ᠤ ᠶᠠᠪᠤᠳᠠᠯ ᠤᠨ ᠲᠠᠰᠤᠭ ᠤᠨ ᠠᠷᠠᠳ ᠤᠨ ᠴᠠᠭᠳᠠᠭ᠎ᠠ ᠨᠠᠷ ᠤᠨ ᠪᠡᠶ᠎ᠡ ᠳᠡᠭᠡᠷ᠎ᠡ ᠲᠣᠰᠬᠤ ᠪᠦᠷᠢ᠂ ᠲᠠᠳᠠ ᠪᠣᠯ ᠨᠡᠷ᠎ᠡ ᠨᠢᠳᠡᠷ ᠲᠤ ᠪᠠᠨ ᠨᠡᠶᠢᠴᠡᠭᠰᠡᠨ ᠲᠠᠯ᠎ᠠ ᠨᠤᠲᠤᠭ ᠤᠨ ᠠᠮᠤᠷ ᠲᠦᠪᠰᠢᠨ ᠤ ᠲᠣᠲ᠋ᠧᠮ ᠮᠥᠨ᠂ ᠲᠠᠳᠠ ᠪᠣᠯ ᠠᠳᠡᠬᠢ ᠮᠠᠯᠴᠢᠳ ᠤᠨ ᠰᠡᠳᠬᠢᠯ ᠳᠤ ᠬᠢ ᠵᠢᠩᠬᠢᠨᠢ ︽ᠰᠠᠬᠢᠭᠤᠰᠤ︾ ᠮᠥᠨ᠃   ᠮᠡᠳᠡᠭᠡᠯᠡᠭᠴᠢ᠄ ᠠᠷᠤ ᠬᠤᠷᠴᠢᠨ ᠬᠤᠰᠢᠭᠤᠨ ᠤ ᠲᠣᠳᠤᠭᠠᠳᠤ ᠶᠢ ᠬᠠᠮᠠᠭᠠᠯᠠᠬᠤ ᠲᠣᠪᠴᠢᠶ᠎ᠠ ᠶᠢᠨ ᠢᠦᠢ ᠱᠢ ᠪᠦᠸᠧ 
ᠢᠷᠡᠯᠲᠡ᠄ ᠤᠯᠠᠭᠠᠨᠬᠠᠳᠠ ᠬᠤᠲᠠ ᠶᠢᠨ ᠲᠣᠳᠤᠭᠠᠳᠤ ᠶᠢ ᠬᠠᠮᠠᠭᠠᠯᠠᠬᠤ ᠲᠣᠪᠴᠢᠶ᠎ᠠ
Baidu
map