ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠢ ᠲᠠᠶᠢᠴᠢᠯᠠᠨ ᠪᠠᠶᠢᠷᠢᠯᠠᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/4/17
      ᠲᠥᠪ ᠤᠨ ᠪᠠ ᠥᠪᠡᠷᠲᠡᠭᠡᠨ ᠵᠠᠰᠠᠬᠤ ᠣᠷᠣᠨ᠂ ᠳᠣᠲᠣᠭᠠᠳᠤ ᠶᠢ ᠬᠠᠮᠠᠭᠠᠯᠠᠬᠤ ᠶᠠᠮᠤᠨ ᠤ ᠨᠠᠮ ᠤᠨ ᠬᠤᠷᠢᠶ᠎ᠠ ᠶᠢᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠭᠦᠨᠵᠡᠭᠡᠶ ᠨᠠᠶᠢᠳᠠᠪᠤᠷᠢᠵᠢᠭᠤᠯᠬᠤ ᠶᠢᠨ ᠲᠥᠯᠥᠭᠡ᠂ 4 ᠳ᠋ᠦ᠋ᠭᠡᠷ ᠰᠠᠷ᠎ᠠ ᠶᠢᠨ 16 ᠤ ᠡᠳᠦᠷ᠂ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠥᠪᠡᠷᠲᠡᠭᠡᠨ ᠵᠠᠰᠠᠬᠤ ᠣᠷᠣᠨ ᠤ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠤᠯ ᠰᠡᠳᠦᠪᠲᠦ ᠬᠥᠮᠦᠵᠢᠯ ᠢ ᠲᠠᠶᠢᠴᠢᠯᠠᠨ ᠪᠠᠶᠢᠷᠢᠯᠠᠭᠤᠯᠬᠤ ᠬᠤᠷᠠᠯ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ ᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠤᠨ ᠲᠠᠪᠤᠳᠤᠭᠠᠷ ᠲᠣᠭᠤᠷᠢᠨ ᠵᠢᠯᠣᠭᠤᠳᠬᠤ ᠳᠤᠭᠤᠶᠢᠯᠠᠩ ᠤᠨ ᠳᠠᠷᠤᠭ᠎ᠠ ᠳ᠋ᠢ ᠷᠦᠢ ᠵᠧᠨ ᠬᠤᠷᠠᠯ ᠳᠤ ᠣᠷᠣᠯᠴᠠᠨ ᠵᠢᠭᠠᠨ ᠵᠢᠯᠣᠭᠤᠳᠴᠤ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ᠂ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠨᠠᠮ ᠤᠨ ᠬᠤᠷᠢᠶ᠎ᠠ ᠶᠢᠨ ᠱᠦᠵᠢ᠂ ᠲᠢᠩᠬᠢᠮ ᠤᠨ ᠳᠠᠷᠤᠭ᠎ᠠ ᠵᠧᠩ ᠭᠤᠸᠠᠩ ᠵᠣᠤ ᠬᠤᠷᠠᠯ ᠳᠤ ᠣᠷᠣᠯᠴᠠᠭᠰᠠᠨ ᠪᠥᠭᠡᠳ ᠲᠠᠶᠢᠴᠢᠯᠠᠯᠳᠠ ᠪᠠᠶᠢᠷᠢᠯᠠᠭᠤᠯᠤᠯᠲᠠ ᠬᠢᠵᠡᠢ᠃ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠨᠠᠮ ᠤᠨ ᠬᠤᠷᠢᠶ᠎ᠠ ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠳᠣᠲᠣᠭᠠᠳᠤ ᠶᠢ ᠬᠠᠮᠠᠭᠠᠯᠠᠬᠤ ᠲᠢᠩᠬᠢᠮ ᠳᠤ ᠰᠠᠭᠤᠭ᠎ᠠ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠮᠠ ᠢ ᠬᠤᠷᠠᠯ ᠢ ᠡᠷᠬᠢᠯᠡᠪᠡ᠃ ᠳᠣᠲᠣᠭᠠᠳᠤ ᠶᠢ ᠬᠠᠮᠠᠭᠠᠯᠠᠬᠤ ᠲᠢᠩᠬᠢᠮ  ᠤᠨ  ᠨᠠᠮ  ᠤᠨ  ᠬᠤᠷᠢᠶᠠᠨ  ᠤ  ᠭᠡᠰᠢᠭᠦᠨ᠂  ᠨᠢᠭᠡᠳᠦᠭᠡᠷ ᠳᠡᠰ᠂  ᠬᠤᠶᠠᠳᠤᠭᠠᠷ  ᠳᠡᠰ  ᠤᠨ  ᠲᠣᠭᠤᠷᠢᠨ ᠪᠠᠶᠢᠴᠠᠭᠠᠭᠴᠢ ︵ᠴᠠᠭᠳᠠᠭᠠᠨ ᠤ ᠶᠠᠪᠤᠳᠠᠯ ᠤᠨ ᠲᠤᠰᠬᠠᠶ ᠲᠤᠰᠢᠶᠠᠯᠲᠠᠨ᠂ ᠴᠠᠭᠳᠠᠭᠠᠨ ᠤ ᠶᠠᠪᠤᠳᠠᠯ ᠤᠨ ᠮᠡᠷᠭᠡᠵᠢᠯ ᠤᠨ ᠶᠡᠷᠦᠩᠬᠡᠶ ᠬᠢᠨᠠᠭᠴᠢ︶᠂ ᠲᠢᠩᠬᠢᠮ ᠤᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ ᠨᠢᠭᠡᠴᠢ ᠶᠢᠨ ᠪᠣᠳᠠᠲᠠᠶ ᠲᠤᠰᠢᠶᠠᠯ ᠲᠠᠢ ᠳᠡᠳ᠋ ᠭᠠᠵᠠᠷ ᠤᠨ ᠲᠠᠰ ᠠᠴᠠ ᠳᠡᠭᠡᠭᠰᠢᠬᠢ ᠺᠠᠳ᠋ᠷ ᠵᠢᠴᠢ ᠲᠤᠰᠢᠶᠠᠯ ᠤᠨ ᠲᠠᠰ ᠤᠨ ᠺᠠᠳ᠋ᠷ ᠤᠨ ᠲᠥᠯᠥᠭᠡᠯᠡᠭᠴᠢ ᠭᠤᠤᠯ ᠬᠤᠷᠠᠯ ᠤᠨ ᠲᠠᠯᠠᠪᠠᠶ ᠳᠤ ᠬᠤᠷᠠᠯ ᠳᠤ ᠣᠷᠣᠯᠴᠠᠪᠠ᠃ ᠨᠢᠰᠬᠡᠯ ᠤᠨ ᠪᠠᠭᠤᠳᠠᠯ ᠤᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠶᠡᠭᠡ ᠬᠢᠩᠭᠠᠨ ᠳᠠᠪᠠᠭᠠᠨ ᠤ ᠣᠢ ᠰᠢᠭᠤᠢ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠥᠪᠥᠷ ᠮᠣᠩᠭᠤᠯ ᠤᠨ ᠴᠠᠭᠳᠠᠭᠠᠨ ᠤ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠵᠡᠷᠭᠡ ᠰᠠᠯᠠᠭ᠎ᠠ ᠮᠥᠴᠢᠷ᠂ ᠨᠢᠭᠡᠴᠢ ᠶᠢᠨ ᠳᠡᠳ᠋ ᠭᠠᠵᠠᠷ ᠤᠨ ᠲᠠᠰ ᠠᠴᠠ ᠳᠡᠭᠡᠭᠰᠢᠬᠢ ᠺᠠᠳ᠋ᠷ ᠵᠢᠴᠢ ᠲᠤᠰᠢᠶᠠᠯ ᠤᠨ ᠲᠠᠰ ᠤᠨ ᠺᠠᠳ᠋ᠷ ᠤᠨ ᠲᠥᠯᠥᠭᠡᠯᠡᠭᠴᠢ ᠡᠯ᠎ᠡ ᠬᠤᠪᠢᠶᠠᠷᠢ ᠬᠤᠷᠠᠯ ᠤᠨ ᠲᠠᠯᠠᠪᠠᠶ ᠳᠤ ᠬᠤᠷᠠᠯ ᠳᠤ ᠣᠷᠣᠯᠴᠠᠪᠠ᠃
图片1.png
     ᠬᠤᠷᠠᠯ ᠠᠴᠠ᠂ ᠥᠷᠭᠡᠨ ᠤᠯᠠᠨ ᠨᠠᠮ ᠤᠨ ᠭᠡᠰᠢᠭᠦᠨ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠨᠠᠷ ᠭᠤᠣᠯ ᠰᠡᠳᠦᠪᠲᠦ ᠬᠥᠮᠦᠵᠢᠯ ᠢ ᠥᠷᠨᠢᠭᠦᠯᠬᠦ ᠪᠣᠯ ᠦᠵᠡᠯ ᠰᠠᠨᠠᠭ᠎ᠠ ᠵᠣᠷᠢᠭ ᠰᠠᠨᠠᠭ᠎ᠠ ᠪᠠᠨ ᠨᠢᠭᠡᠳᠬᠡᠬᠦ᠂ ᠨᠠᠮ ᠤᠨ ᠳᠣᠲᠣᠭᠠᠳᠤ ᠶᠢ ᠬᠠᠮᠠᠭᠠᠯᠠᠬᠤ ᠠᠵᠢᠯ ᠳᠠᠬᠢ ᠬᠠᠷᠢᠴᠠᠯᠠᠰᠢᠭᠦᠢ ᠤᠳᠤᠷᠢᠳᠤᠯᠭ᠎ᠠ ᠶᠢ ᠴᠢᠩᠭᠠᠳᠬᠠᠬᠤ ᠶᠢᠨ ᠦᠨᠳᠦᠰᠦᠨ ᠱᠠᠭᠠᠷᠳᠠᠯᠭ᠎ᠠ ᠮᠥᠨ ᠭᠡᠳᠡᠭ ᠢ ᠭᠦᠨᠵᠡᠭᠡᠢ ᠲᠠᠨᠢᠬᠤ ᠬᠡᠷᠡᠭᠲᠡᠢ︔ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠰᠢᠨ᠎ᠡ ᠴᠠᠭ ᠦᠶ᠎ᠡ ᠶᠢᠨ ᠡᠭᠦᠷᠭᠡ ᠬᠠᠷᠢᠭᠤᠴᠠᠯᠭ᠎ᠠ ᠶᠢ ᠨᠡᠩ ᠰᠠᠶᠢᠲᠤᠷ ᠭᠦᠢᠴᠡᠳᠬᠡᠵᠦ᠂ ᠤᠯᠤᠰ ᠤᠨ ᠤᠯᠤᠰ ᠲᠦᠷᠦ ᠶᠢᠨ ᠠᠮᠤᠷ ᠲᠦᠪᠰᠢᠨ ᠪᠣᠯᠤᠨ ᠨᠡᠶᠢᠭᠡᠮ ᠤᠨ ᠲᠣᠭᠲᠠᠭᠤᠨ ᠢ ᠪᠠᠲᠤᠯᠠᠬᠤ ᠦᠢᠯᠡᠳᠦᠯᠭᠡ ᠶᠢᠨ ᠱᠠᠭᠠᠷᠳᠠᠯᠭ᠎ᠠ ᠮᠥᠨ︔ ᠪᠥᠬᠦ ᠣᠷᠣᠨ ᠤ ᠳᠣᠲᠣᠭᠠᠳᠤ ᠶᠢ ᠬᠠᠮᠠᠭᠠᠯᠠᠬᠤ ᠠᠵᠢᠯ ᠤᠨ ᠴᠢᠨᠠᠷ ᠰᠠᠶᠢᠲᠠᠶ ᠬᠥᠭᠵᠢᠯᠲᠡ᠂ ᠣᠳᠣᠬᠢᠴᠢᠯᠠᠯᠲᠠ ᠶᠢᠨ ᠪᠥᠲᠥᠭᠡᠨ ᠪᠠᠶᠢᠭᠤᠯᠤᠯᠲᠠ ᠶᠢ ᠳᠥᠯᠭᠢᠨ ᠠᠬᠢᠭᠤᠯᠬᠤ ᠶᠢᠨ ᠪᠤᠰᠤᠳᠴᠢ ᠱᠠᠭᠠᠷᠳᠠᠯᠭ᠎ᠠ ᠮᠥᠨ︔ ᠥᠪᠡᠷ ᠤᠨ ᠪᠡᠶ᠎ᠡ ᠳᠤ ᠪᠠᠨ ᠬᠤᠪᠢᠰᠬᠠᠯ ᠬᠢᠬᠦ ᠵᠣᠷᠢᠭ ᠰᠠᠨᠠᠭ᠎ᠠ ᠶᠢ ᠡᠭᠦᠷᠢᠳᠡ ᠬᠠᠳᠠᠭᠠᠯᠠᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠬᠠᠮᠢᠶᠠᠷᠴᠤ ᠴᠠᠭᠳᠠᠭ᠎ᠠ ᠶᠢ ᠴᠢᠩᠭ᠎ᠠ ᠵᠠᠰᠠᠬᠤ ᠶᠢ ᠭᠦᠨᠵᠡᠭᠡᠢ ᠠᠬᠢᠭᠤᠯᠬᠤ ᠶᠢᠨ ᠵᠠᠶᠢᠯᠠᠰᠢ ᠦᠭᠡᠢ ᠱᠠᠭᠠᠷᠳᠠᠯᠭ᠎ᠠ ᠮᠥᠨ᠃ ᠥᠷᠭᠡᠨ ᠤᠯᠠᠨ ᠨᠠᠮ ᠤᠨ ᠭᠡᠰᠢᠭᠦᠨ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠨᠠᠷ ᠡᠨᠡ ᠤᠳᠠᠭ᠎ᠠ ᠶᠢᠨ ᠤᠨᠤᠯ ᠤᠨ ᠵᠡᠪᠰᠡᠭᠯᠡᠯ ᠤᠨ ᠳᠡᠭᠡᠭᠰᠢᠯᠡᠯᠲᠡ᠂ ᠨᠠᠮᠴᠢ ᠴᠢᠨᠠᠷ ᠤᠨ ᠪᠣᠯᠪᠠᠰᠤᠷᠠᠯ ᠤᠨ ᠳᠠᠪᠲᠠᠯᠲᠠ᠂ ᠥᠪᠡᠷ ᠤᠨ ᠪᠡᠶ᠎ᠡ ᠳᠤ ᠪᠠᠨ ᠬᠤᠪᠢᠰᠬᠠᠯ ᠬᠢᠬᠦ ᠦᠢᠯᠡᠳᠦᠯᠭᠡ᠂ ᠦᠵᠡᠯ ᠰᠠᠨᠠᠭ᠎ᠠ ᠣᠪᠣᠷ ᠰᠤᠷᠲᠠᠯ ᠤᠨ ᠳᠠᠪᠲᠠᠯᠲᠠ ᠶᠢᠨ ᠠᠵᠠ ᠲᠣᠬᠢᠶᠠᠯ ᠢ ᠪᠠᠲᠤ ᠡᠵᠡᠮᠳᠡᠵᠦ᠂ ᠤᠯᠤᠰ ᠲᠦᠷᠦ ᠪᠠ ᠪᠦᠬᠦ ᠲᠠᠯ᠎ᠠ ᠶᠢᠨ ᠦᠨᠳᠦᠷᠴᠡ ᠠᠴᠠ ᠭᠤᠣᠯ ᠰᠡᠳᠦᠪᠲᠦ ᠬᠥᠮᠦᠵᠢᠯ ᠢ ᠥᠷᠨᠢᠭᠦᠯᠬᠦ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠳᠡᠭᠡᠷ᠎ᠡ ᠡᠷᠡᠰ ᠨᠢᠭᠡᠳᠬᠡᠬᠦ ᠬᠡᠷᠡᠭᠲᠡᠢ᠃ ᠬᠤᠷᠠᠯ ᠠᠴᠠ᠂ ᠨᠠᠮ ᠤᠨ ᠲᠥᠪ ᠬᠤᠷᠢᠶ᠎ᠠ ᠠᠴᠠ ᠡᠨᠡ ᠤᠳᠠᠭ᠎ᠠ ᠶᠢᠨ ᠭᠤᠣᠯ ᠰᠡᠳᠦᠪᠲᠦ ᠬᠥᠮᠦᠵᠢᠯ ᠤᠨ ᠶᠡᠷᠦᠩᠬᠡᠢ ᠱᠠᠭᠠᠷᠳᠠᠯᠭ᠎ᠠ᠂ ᠬᠠᠷᠠᠯᠲᠠ ᠡᠭᠦᠷᠭᠡ᠂ ᠠᠵᠢᠯ ᠤᠨ ᠲᠤᠬᠢᠷᠠᠭᠤᠯᠤᠯᠳᠠ ᠵᠡᠷᠭᠡ ᠳᠤ ᠴᠥᠮ ᠲᠣᠳᠣᠷᠬᠠᠢ ᠲᠣᠭᠲᠠᠭᠠᠯ ᠭᠠᠷᠭᠠᠵᠠᠢ᠃ ᠪᠦᠬᠦ ᠣᠷᠣᠨ ᠤ ᠨᠠᠮ ᠤᠨ ᠭᠡᠰᠢᠭᠦᠨ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠨᠠᠷ ︽ᠦᠵᠡᠯ ᠰᠠᠨᠠᠭ᠎ᠠ ᠶᠢ ᠰᠤᠷᠤᠯᠴᠠᠬᠤ᠂ ᠨᠠᠮᠴᠢ ᠴᠢᠨᠠᠷ ᠢ ᠴᠢᠩᠭᠠᠳᠬᠠᠬᠤ᠂ ᠦᠢᠯᠡᠳᠦᠯᠭᠡ ᠶᠢ ᠴᠢᠬᠤᠯᠠᠴᠢᠯᠠᠬᠤ᠂ ᠰᠢᠨ᠎ᠡ ᠭᠠᠪᠢᠶ᠎ᠠ ᠪᠠᠶᠢᠭᠤᠯᠬᠤ︾ ᠶᠡᠷᠦᠩᠬᠡᠶ ᠱᠠᠭᠠᠷᠳᠠᠯᠭ᠎ᠠ ᠶᠢ ᠭᠦᠨᠵᠡᠭᠡᠶ ᠡᠵᠡᠮᠰᠢᠵᠦ᠂ ︽ᠦᠵᠡᠯ ᠰᠠᠨᠠᠭ᠎ᠠ ᠶᠢ ᠰᠤᠷᠤᠯᠴᠠᠬᠤ︾ ᠰᠠᠭᠤᠷᠢ ᠶᠢ ᠡᠷᠡᠰ ᠪᠠᠲᠤ ᠲᠠᠯᠪᠢᠵᠤ᠂ ︽ᠨᠠᠮᠴᠢ ᠴᠢᠨᠠᠷ ᠢ ᠴᠢᠩᠭᠠᠳᠬᠠᠬᠤ︾ ᠶᠢᠨ ᠭᠤᠣᠯᠳᠠᠯᠭ᠎ᠠ ᠶᠢ ᠴᠢᠩᠭ᠎ᠠ ᠠᠳᠬᠤᠵᠤ᠂ ︽ᠦᠢᠯᠡᠳᠦᠯᠭᠡ ᠶᠢ ᠴᠢᠬᠤᠯᠠᠴᠢᠯᠠᠬᠤ︾ ᠠᠷᠭ᠎ᠠ ᠪᠠᠷᠢᠯ ᠢ ᠦᠷᠭᠦᠯᠵᠢᠯᠡᠨ ᠭᠦᠨᠵᠡᠭᠡᠶᠢᠷᠡᠭᠦᠯᠵᠦ᠂ ︽ᠰᠢᠨ᠎ᠡ ᠭᠠᠪᠢᠶ᠎ᠠ ᠪᠠᠶᠢᠭᠤᠯᠬᠤ︾ ᠵᠣᠷᠢᠯᠭ᠎ᠠ ᠪᠠᠨ ᠲᠠᠰᠤᠷᠠᠯᠲᠠ ᠦᠭᠡᠶ ᠪᠡᠶᠡᠯᠡᠭᠦᠯᠵᠦ᠂ ᠣᠨᠣᠯ ᠤᠨ ᠰᠤᠷᠤᠯᠴᠠᠯᠭ᠎ᠠ ᠶᠢ ᠣᠶᠤᠨ ᠰᠠᠨᠠᠭᠠᠨ ᠳᠤ ᠨᠢ ᠬᠠᠳᠠᠩᠰᠢᠭᠤᠯᠵᠤ᠂ ᠪᠠᠶᠢᠴᠠᠭᠠᠨ ᠰᠤᠳᠤᠯᠤᠯᠲᠠ ᠬᠢᠬᠦ ᠳᠤ ᠪᠣᠳᠠᠲᠤ ᠦᠷ᠎ᠡ ᠪᠦᠲᠦᠮᠵᠢ ᠶᠢ ᠴᠢᠬᠤᠯᠠᠴᠢᠯᠠᠵᠤ᠂ ︽ᠬᠢᠲᠤᠭ᠎ᠠ ᠶᠢᠨ ᠳᠣᠣᠷ᠎ᠠ ᠨᠣᠭᠤᠭ᠎ᠠ ᠪᠠᠶᠢᠬᠤ︾ ᠶᠢ ᠬᠥᠭᠵᠢᠭᠦᠯᠦᠨ ᠠᠬᠢᠭᠤᠯᠵᠤ᠂ ᠪᠠᠶᠢᠴᠠᠭᠠᠨ ᠦᠵᠡᠵᠦ ᠴᠡᠭᠴᠡᠯᠡᠨ ᠥᠭᠡᠷᠡᠴᠢᠯᠡᠬᠦ ᠨᠢ ᠪᠣᠲᠠᠳᠠᠢ ᠬᠠᠲᠠᠭᠤ᠂ ᠥᠪᠡᠷ ᠢᠶᠠᠨ ᠰᠣᠩᠭᠤᠬᠤ ᠬᠥᠳᠡᠯᠭᠡᠭᠡᠨ ᠢ ᠪᠦᠬᠦ ᠬᠦᠴᠦᠨ ᠢᠶᠠᠷ ᠢᠶᠠᠨ ᠪᠠᠲᠤᠯᠠᠵᠤ᠂ ᠶᠡᠷᠦᠩᠬᠡᠶ ᠱᠦᠵᠢ ᠰᠢ ᠶᠢᠨ ᠫᠢᠩ ᠤᠨ ︽ᠭᠦᠨᠵᠡᠭᠡᠶ᠂ ᠪᠣᠳᠠᠲᠠᠶ᠂ ᠨᠠᠷᠢᠯᠢᠭ᠂ ᠣᠨᠣᠪᠴᠢᠲᠠᠶ᠂ ᠪᠦᠲᠦᠮᠵᠢᠲᠡᠶ︾ ᠪᠠᠶᠢᠴᠠᠭᠠᠨ ᠰᠤᠳᠤᠯᠤᠯᠲᠠ ᠶᠢᠨ ︽ᠲᠠᠪᠤᠨ ᠦᠰᠦᠭ ᠤᠨ ᠠᠷᠭ᠎ᠠ︾ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠤᠷᠠᠳᠤᠭᠰᠠᠨ ︽ᠬᠡᠯᠪᠡᠷᠢ ᠳᠥᠭᠦᠮ᠂ ᠰᠡᠳᠦᠪ ᠣᠨᠣᠴᠠᠲᠠᠶ᠂ ᠣᠪᠣᠷ ᠳᠠᠷᠤᠤ᠂ ᠰᠤᠳᠤᠯᠬᠤ ᠳᠤ ᠪᠠᠨ ᠰᠡᠳᠬᠢᠯ ᠲᠠᠯᠪᠢᠬᠤ᠂ ᠦᠷ᠎ᠡ  ᠪᠦᠲᠦᠭᠡᠯ  ᠢ  ᠪᠣᠳᠠᠲᠠᠶ  ᠳᠤ  ᠬᠡᠷᠡᠭᠯᠡᠬᠦ︾ ︽ᠲᠠᠪᠤᠨ  ᠴᠢᠬᠤᠯᠠ︾ ᠶᠢᠨ ᠱᠠᠭᠠᠷᠳᠠᠯᠭ᠎ᠠ ᠶᠢ ᠡᠷᠡᠰ ᠨᠠᠶᠢᠳᠠᠪᠤᠷᠢᠵᠢᠭᠤᠯᠬᠤ ᠬᠡᠷᠡᠭᠲᠡᠶ᠃ ︽ᠨᠠᠮ ᠤᠨ ᠪᠠᠶᠢᠭᠤᠯᠤᠯᠲᠠ ᠶᠢ ᠠᠳᠬᠤᠬᠤ᠂ ᠰᠤᠷᠲᠠᠯ ᠢ ᠴᠡᠭᠴᠡᠯᠡᠬᠦ᠂ ᠬᠡᠪ ᠴᠢᠨᠠᠷ ᠢ ᠴᠢᠩᠭᠠᠳᠬᠠᠬᠤ᠂ ᠳᠦᠷᠢ ᠲᠥᠷᠬᠦ ᠶᠢ ᠪᠣᠶ ᠪᠣᠯᠭᠠᠬᠤ︾ ᠲᠤᠰᠬᠠᠶ ᠠᠵᠢᠯᠯᠠᠭ᠎ᠠ ᠭᠡᠬᠦ ᠡᠨᠡ ᠬᠦ ᠥᠪᠡᠰᠦᠪᠡᠨ ᠰᠣᠩᠭᠤᠬᠤ ᠬᠥᠳᠡᠯᠭᠡᠭᠡᠨ᠂ ᠤᠨᠴᠠᠯᠢᠬᠳᠤ ᠠᠴᠢᠶᠠᠯᠠᠪᠤᠷᠢ ᠶᠢ ᠭᠦᠢᠴᠡᠳ ᠰᠠᠶᠢᠲᠤᠷ ᠠᠳᠬᠤᠵᠤ᠂ ᠡᠯ᠎ᠡ ᠵᠦᠢᠯ ᠤᠨ ᠠᠵᠢᠯ ᠤᠨ ᠠᠷᠭ᠎ᠠ ᠬᠡᠮᠵᠢᠶ᠎ᠡ ᠶᠢ ᠪᠣᠳᠠᠲᠠᠶ ᠳᠤ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠪᠥᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠶ᠃ ᠬᠤᠷᠠᠯ ᠠᠴᠠ᠂ ᠳᠣᠲᠣᠭᠠᠳᠤ ᠶᠢ ᠬᠠᠮᠠᠭᠠᠯᠠᠬᠤ ᠲᠢᠩᠬᠢᠮ ᠵᠢᠴᠢ ᠬᠠᠷᠢᠶ᠎ᠠ ᠨᠢᠭᠡᠴᠢ ᠶᠢᠨ ᠬᠢᠨ ᠭᠤᠣᠯ ᠰᠡᠳᠦᠪᠲᠦ ᠬᠥᠮᠦᠵᠢᠯ ᠢ ᠭᠦᠨᠵᠡᠭᠡᠢ ᠥᠷᠨᠢᠭᠦᠯᠬᠦ ᠶᠢ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠣᠯᠭᠠᠵᠤ᠂ ᠤᠳᠤᠷᠢᠳᠤᠯᠭ᠎ᠠ ᠶᠢᠨ ᠬᠠᠷᠢᠭᠤᠴᠠᠯᠭ᠎ᠠ ᠶᠢ ᠤᠯᠠᠮ ᠴᠢᠨᠠᠭᠰᠢᠳᠠ ᠪᠣᠳᠠᠲᠠᠶᠢᠵᠢᠭᠤᠯᠵᠤ᠂ ᠦᠷ᠎ᠡ ᠪᠦᠲᠦᠮᠵᠢ ᠶᠢ ᠮᠥᠷᠳᠡᠨ ᠠᠰᠠᠭᠤᠬᠤ ᠶᠢ ᠴᠢᠩᠭᠠᠳᠬᠠᠵᠤ᠂ ᠨᠢᠭᠡᠳᠦᠯᠲᠡᠢ ᠲᠥᠯᠥᠪᠵᠢᠭᠦᠯᠦᠨ ᠨᠡᠶᠢᠳᠡ ᠳᠤ ᠨᠢ ᠬᠠᠷᠠᠭᠠᠯᠵᠠᠬᠤ ᠶᠢ ᠴᠢᠬᠤᠯᠠᠴᠢᠯᠠᠵᠤ᠂ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ᠃ ᠨᠠᠮ ᠤᠨ ᠤᠳᠤᠷᠢᠳᠤᠯᠭ᠎ᠠ ᠶᠢ ᠭᠤᠣᠯ ᠰᠡᠳᠦᠪᠲᠦ ᠬᠥᠮᠦᠵᠢᠯ ᠤᠨ ᠪᠦᠬᠦ ᠶᠠᠪᠤᠴᠠ᠂ ᠡᠯ᠎ᠡ ᠲᠠᠯ᠎ᠠ ᠳᠤ ᠲᠤᠭᠤᠰᠢᠯᠠᠭᠤᠯᠬᠤ ᠶᠢ ᠪᠠᠷᠢᠮᠲᠠᠯᠠᠵᠤ᠂ ᠭᠤᠣᠯ ᠰᠡᠳᠦᠪᠲᠦ ᠬᠥᠮᠦᠵᠢᠯ ᠤᠨ ᠥᠷᠨᠢᠭᠦᠯᠬᠦ ᠶᠢ ᠨᠠᠮ ᠤᠨ ᠲᠥᠪ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠠᠢ ᠤᠶᠠᠯᠳᠤᠭᠤᠯᠵᠤ᠂ ᠪᠦᠬᠦ ᠣᠷᠣᠨ ᠤ ᠳᠣᠲᠣᠭᠠᠳᠤ  ᠶᠢ  ᠬᠠᠮᠠᠭᠠᠯᠠᠬᠤ  ᠭᠤᠣᠯᠳᠠᠯᠭ᠎ᠠ  ᠲᠠᠢ  ᠠᠵᠢᠯ  ᠲᠠᠢ  ᠤᠶᠠᠯᠳᠤᠭᠤᠯᠵᠤ᠂  ᠲᠣᠪᠤᠶᠢᠮ᠎ᠠ  ᠠᠰᠠᠭᠤᠳᠠᠯ  ᠢ ᠰᠢᠢᠳᠪᠦᠷᠢᠯᠡᠬᠦ  ᠲᠠᠢ ᠤᠶᠠᠯᠳᠤᠭᠤᠯᠵᠤ᠂ ︽ᠨᠠᠮ ᠤᠨ ᠪᠠᠶᠢᠭᠤᠯᠤᠯᠲᠠ ᠶᠢ ᠠᠳᠬᠤᠬᠤ᠂ ᠰᠤᠷᠲᠠᠯ ᠢ ᠴᠡᠭᠴᠡᠯᠡᠬᠦ᠂ ᠬᠡᠪ ᠴᠢᠨᠠᠷ ᠢ ᠴᠢᠩᠭᠠᠳᠬᠠᠬᠤ᠂ ᠳᠦᠷᠢ ᠲᠥᠷᠬᠦ ᠶᠢ ᠪᠤᠶ ᠪᠣᠯᠭᠠᠬᠤ︾ ᠲᠤᠰᠬᠠᠶ ᠠᠵᠢᠯᠯᠠᠭ᠎ᠠ ᠶᠢᠨ ᠠᠵᠢᠯ ᠤᠨ ᠦᠷ᠎ᠡ ᠪᠦᠲᠦᠮᠵᠢ ᠶᠢ ᠭᠤᠣᠯ ᠰᠡᠳᠦᠪᠲᠦ ᠬᠥᠮᠦᠵᠢᠯ ᠤᠨ ᠳᠤᠮᠳᠠ ᠭᠦᠨᠵᠡᠭᠡᠶᠢᠷᠡᠭᠦᠯᠵᠦ᠂ ᠠᠵᠢᠯ ᠤᠨ ᠲᠤᠷᠰᠢᠯᠭ᠎ᠠ ᠨᠢ ᠭᠤᠤᠯ ᠰᠡᠳᠦᠪᠲᠦ ᠬᠥᠮᠦᠵᠢᠯ ᠤᠨ ᠳᠤᠮᠳᠠ ᠲᠣᠭᠲᠠᠪᠤᠷᠢᠵᠢᠵᠤ᠂ ᠠᠵᠢᠯ ᠤᠨ ᠠᠷᠭ᠎ᠠ ᠨᠢ ᠭᠤᠤᠯ ᠰᠡᠳᠦᠪᠲᠦ ᠬᠥᠮᠦᠵᠢᠯ ᠤᠨ ᠳᠤᠮᠳᠠ ᠰᠢᠯᠢᠳᠡᠭᠵᠢᠵᠦ᠂ ᠪᠥᠬᠦ ᠣᠷᠣᠨ ᠤ ᠳᠣᠲᠣᠭᠠᠳᠤ ᠶᠢ ᠬᠠᠮᠠᠭᠠᠯᠠᠬᠤ ᠭᠤᠤᠯ ᠠᠵᠢᠯ ᠪᠠ ᠭᠤᠤᠯ ᠰᠡᠳᠦᠪᠲᠦ ᠬᠥᠮᠦᠵᠢᠯ ᠢ ᠵᠠᠪᠰᠠᠷ ᠥᠬᠡᠶ ᠵᠣᠯᠭᠠᠭᠤᠯᠬᠤ᠂ ᠠᠭᠤᠰᠤᠯᠴᠠᠭᠤᠯᠤᠨ ᠬᠠᠮᠲᠤᠪᠠᠷ ᠤᠷᠤᠭᠰᠢᠯᠠᠭᠤᠯᠬᠤ ᠶᠢ ᠦᠨᠡᠨ ᠬᠦ ᠪᠠᠲᠤᠯᠠᠵᠤ᠂ ᠭᠤᠤᠯ ᠠᠵᠢᠯ ᠪᠠ ᠭᠤᠤᠯ ᠰᠡᠳᠦᠪᠲᠦ ᠬᠥᠮᠦᠵᠢᠯ ᠢ ᠬᠤᠶᠠᠷ ᠲᠠᠯ᠎ᠠ ᠪᠠᠷ ᠠᠳᠬᠤᠵᠤ᠂ ᠬᠤᠶᠠᠷ ᠲᠠᠯ᠎ᠠ ᠪᠠᠷ ᠴᠢᠩᠭ᠎ᠠ᠂ ᠬᠤᠶᠠᠷ ᠢ ᠰᠠᠭᠠᠲᠠᠭᠠᠬᠤ ᠥᠬᠡᠶ᠂ ᠬᠤᠶᠠᠷ ᠢ ᠠᠬᠢᠭᠤᠯᠬᠤ ᠶᠢ ᠪᠡᠶᠡᠯᠡᠭᠦᠯᠵᠦ᠂ ᠦᠢᠯᠡᠳᠦᠯᠭᠡ ᠪᠠ ᠣᠯᠠᠨ ᠲᠦᠮᠡᠨ ᠤ ᠰᠢᠯᠭᠠᠯᠲᠠ ᠶᠢ ᠳᠠᠭᠠᠭᠠᠵᠤ ᠳᠡᠶᠢᠯᠬᠦ ᠰᠢᠨ᠎ᠡ ᠦᠷ᠎ᠡ ᠪᠦᠲᠦᠮᠵᠢ ᠶᠢ ᠦᠨᠡᠨ ᠬᠦ ᠤᠯᠬᠤ ᠬᠡᠷᠡᠭᠲᠡᠶ᠃
图片2.png
     ᠥᠪᠡᠷᠲᠡᠭᠡᠨ ᠵᠠᠰᠠᠬᠤ ᠣᠷᠣᠨ ᠤ ᠭᠤᠣᠯ ᠰᠡᠳᠦᠪᠲᠦ ᠬᠥᠮᠦᠵᠢᠯ ᠤᠨ ᠲᠠᠪᠤᠳᠤᠭᠠᠷ ᠲᠣᠭᠤᠷᠢᠨ ᠵᠢᠯᠣᠭᠤᠳᠬᠤ ᠳᠤᠭᠤᠶᠢᠯᠠᠩ ᠤᠨ ᠱᠠᠭᠠᠷᠳᠠᠯᠭ᠎ᠠ᠂ ᠳᠣᠲᠣᠭᠠᠳᠤ ᠶᠢ ᠬᠠᠮᠠᠭᠠᠯᠠᠬᠤ ᠲᠢᠩᠬᠢᠮ ᠵᠢᠴᠢ ᠬᠠᠷᠢᠶ᠎ᠠ ᠨᠢᠭᠡᠴᠢ ᠶᠢᠨ ᠬᠢᠨ ᠨᠠᠮ ᠤᠨ ᠲᠥᠪ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠭᠦᠢᠴᠡᠳᠬᠡᠵᠦ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠲᠥᠪ ᠬᠤᠷᠢᠶᠠᠨ ᠤ ᠱᠠᠭᠠᠷᠳᠠᠯᠭ᠎ᠠ ᠶᠢ ᠴᠢᠩᠭ᠎ᠠ ᠳᠠᠭᠠᠵᠤ ᠨᠠᠶᠢᠳᠠᠪᠤᠷᠢᠵᠢᠭᠤᠯᠤᠯᠲᠠ ᠶᠢ ᠠᠬᠢᠭᠤᠯᠵᠤ᠂ ᠶᠡᠷᠦᠩᠬᠡᠢ ᠱᠠᠭᠠᠷᠳᠠᠯᠭ᠎ᠠ ᠶᠢ ᠣᠨᠣᠪᠴᠢᠲᠠᠢ ᠡᠵᠡᠮᠳᠡᠵᠦ᠂ ︽ᠬᠤᠶᠠᠷ ᠶᠡᠭᠡ ᠶᠠᠪᠤᠳᠠᠯ︾ ᠲᠠᠢ ᠨᠢᠭᠲᠠ ᠤᠶᠠᠯᠳᠤᠭᠤᠯᠤᠨ ᠨᠠᠶᠢᠳᠠᠪᠤᠷᠢᠵᠢᠭᠤᠯᠤᠯᠲᠠ ᠶᠢ ᠠᠬᠢᠭᠤᠯᠵᠤ᠂ ᠢᠮᠠᠭᠲᠠ ᠦᠨᠳᠦᠰᠦᠨ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠪᠣᠳᠠᠲᠤ ᠪᠠᠶᠢᠳᠠᠯ ᠲᠠᠢ ᠨᠢᠭᠲᠠ ᠤᠶᠠᠯᠳᠤᠭᠤᠯᠤᠨ ᠨᠠᠶᠢᠳᠠᠪᠤᠷᠢᠵᠢᠭᠤᠯᠤᠯᠲᠠ ᠶᠢ ᠠᠬᠢᠭᠤᠯᠵᠤ᠂ ᠪᠣᠳᠠᠲᠠᠢ ᠬᠠᠷᠠᠯᠲᠠ ᠲᠠᠢ ᠨᠢᠭᠲᠠ ᠤᠶᠠᠯᠳᠤᠭᠤᠯᠤᠨ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠲᠤᠪᠤᠶᠢᠯᠭᠠᠠ ᠨᠠᠶᠢᠳᠠᠪᠤᠷᠢᠵᠢᠭᠤᠯᠤᠯᠲᠠ ᠶᠢ ᠠᠬᠢᠭᠤᠯᠵᠤ᠂ ᠭᠤᠣᠯᠳᠠᠯᠭ᠎ᠠ ᠲᠠᠢ ᠠᠷᠭ᠎ᠠ ᠬᠡᠮᠵᠢᠶ᠎ᠡ ᠶᠢ ᠨᠡᠪᠲᠡᠷᠡᠭᠦᠯᠦᠨ ᠠᠭᠤᠰᠤᠯᠴᠠᠭᠤᠯᠵᠤ᠂ ᠨᠢᠭᠡ ᠴᠣᠭᠴᠠᠵᠢᠭᠤᠯᠤᠨ ᠪᠠᠶᠢᠷᠢᠯᠠᠭᠤᠯᠵᠤ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠶᠢ ᠪᠠᠷᠢᠮᠲᠠᠯᠠᠵᠤ᠂ ᠭᠤᠣᠯ ᠰᠡᠳᠦᠪᠲᠦ ᠬᠥᠮᠦᠵᠢᠯ ᠢ ᠯᠠᠪᠳᠠᠭᠤᠨ ᠪᠠᠲᠤᠲᠠᠢ ᠭᠦᠨᠵᠡᠭᠡᠢ ᠠᠬᠢᠭᠤᠯᠬᠤ ᠶᠢ ᠪᠠᠲᠤᠯᠠᠬᠤ ᠬᠡᠷᠡᠭᠲᠡᠢ᠃
ᠢᠷᠡᠯᠲᠡ᠄ ᠦᠪᠦᠷ ᠮᠤᠩᠭᠤᠯ ᠤᠨ ᠲᠤᠳᠤᠭᠠᠳᠦ ᠶᠢᠨ ᠬᠠᠮᠠᠭᠠᠯᠠᠬᠤ ᠲᠢᠩᠬᠢᠮ
Baidu
map