| ᠤᠢᠢᠷ᠎ᠠ ᠶᠢᠨ ᠵᠢᠯ ᠠᠴᠠ᠂ ᠦᠦᠰᠢᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠤᠪᠴᠢᠶ᠎ᠠ ︽ᠤᠯᠠᠭᠠᠨ ᠵᠢᠷᠦᠬᠡᠲᠦ ᠬᠦᠬᠡ ᠪᠠᠮᠪᠠᠢ · ᠦᠦᠰᠢᠨ ᠤ | ᠬᠠᠷᠢᠶᠠᠳᠤ ᠣᠷᠤᠨ ᠢ ᠬᠠᠮᠠᠭᠠᠯᠠᠬᠤ︾ ᠨᠠᠮ ᠤᠨ ᠪᠠᠶᠢᠭᠤᠯᠤᠯᠲᠠ ᠶᠢᠨ ᠲᠦᠷᠦᠯ ᠲᠡᠮᠳᠡᠭ ᠤᠨ ᠠᠭᠤᠯᠤᠭᠳᠠᠬᠤᠨ ᠢ ᠳᠠᠰᠤᠷᠠᠯᠳᠠ ᠦᠭᠡᠢ ᠥᠷᠭᠡᠳᠬᠡᠵᠦ᠂ ᠨᠠᠮ ᠤᠨ | ᠪᠠᠶᠢᠭᠤᠯᠤᠯᠲᠠ ᠶᠢᠨ ᠳᠠᠭᠠᠭᠤᠯᠭ᠎ᠠ ᠶᠢᠨ ︽ᠵᠦᠭᠯᠡᠭᠦᠷ︾ ᠢ ᠡᠷᠡᠰ ᠪᠠᠲᠤ ᠡᠵᠡᠮᠳᠡᠵᠦ᠂ ᠨᠠᠮ ᠤᠨ ᠪᠠᠶᠢᠭᠤᠯᠤᠯᠲᠠ ᠶᠢᠨ ᠠᠵᠢᠯ ᠢ ᠦᠨᠡᠨ ᠬᠦ ᠳᠣᠲᠣᠭᠠᠳᠤ ᠶᠢ | ᠬᠠᠮᠠᠭᠠᠯᠠᠬᠤ ᠪᠠᠶᠢᠭᠤᠯᠤᠯᠲᠠ ᠶᠢᠨ ᠡᠯ᠎ᠡ ᠰᠠᠯᠠᠭ᠎ᠠ ᠮᠦᠴᠢᠷ ᠬᠦᠷᠲᠡᠯ᠎ᠡ ᠥᠷᠭᠦᠯᠵᠢᠯᠡᠭᠦᠯᠵᠦ᠂ ᠨᠠᠮ ᠤᠨ ᠪᠠᠶᠢᠭᠤᠯᠤᠯᠲᠠ᠂ ᠡᠩᠨᠡᠭᠡ ᠶᠢᠨ ᠪᠠᠶᠢᠭᠤᠯᠤᠯᠲᠠ᠂ ᠲᠤᠬᠠᠶᠢᠯᠠᠭᠰᠠᠨ | ᠠᠵᠢᠯ ᠤᠨ ᠵᠡᠷᠭᠡᠪᠡᠷ ᠬᠦᠭᠵᠢᠭᠦᠯᠬᠦ᠂ ᠢᠵᠢᠯ ᠴᠢᠭᠯᠡᠯ ᠢᠶᠠᠷ ᠬᠦᠴᠦᠯᠡᠬᠦ ᠶᠢ ᠪᠠᠳᠤᠯᠠᠪᠠ᠃ | ︽ᠵᠢᠷᠭᠤᠭᠠᠨ ᠬᠠᠮᠤᠭ︾ ᠤᠨ ᠲᠠᠶᠢᠴᠢᠨ ᠪᠠᠬᠢᠯᠡᠯᠲᠡ ᠶᠢ ᠪᠠᠶᠢᠭᠤᠯᠤᠨ ᠬᠦᠴᠦᠷᠬᠡᠭᠵᠢᠭᠦᠯᠪᠡ᠃ ᠨᠠᠮ ᠤᠨ ᠡᠭᠦᠷ ᠤᠨ ᠪᠠᠶᠢᠭᠤᠯᠤᠯᠲᠠ ᠬᠠᠮᠤᠭ ᠤᠨ ᠬᠦᠴᠦᠲᠡᠢ | ᠪᠠᠶᠢᠵᠤ᠂ ᠵᠣᠬᠢᠶᠠᠨ ᠪᠠᠶᠢᠭᠤᠯᠤᠯᠲᠠ ᠶᠢᠨ ᠪᠠᠶᠢᠷᠢᠯᠠᠭᠤᠯᠤᠯᠲᠠ᠂ ᠬᠤᠭᠤᠴᠠᠭ᠎ᠠ ᠰᠣᠯᠢᠬᠤ ᠰᠣᠩᠭᠤᠭᠤᠯᠢ᠂ ᠨᠠᠮ ᠤᠨ ᠭᠡᠰᠢᠭᠦᠨ ᠡᠯᠰᠡᠬᠦ᠂ ᠨᠠᠮ ᠤᠨ ᠭᠡᠰᠢᠭᠦᠨ ᠤ ᠡᠳᠦᠷ | ᠲᠤᠳᠤᠮ ᠤᠨ ᠬᠥᠮᠦᠵᠢᠯ᠂ ᠵᠣᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ ᠪᠠ ︽ᠭᠤᠷᠪᠠᠨ ᠬᠤᠷᠠᠯ ᠨᠢᠭᠡ ᠬᠢᠴᠢᠶᠡᠯ︾᠂ ᠭᠤᠣᠯ ᠰᠡᠳᠦᠪᠲᠦ ᠨᠠᠮ ᠤᠨ ᠡᠳᠦᠷ᠂ | ᠠᠷᠠᠳᠴᠢᠯᠠᠭᠰᠠᠨ ᠠᠮᠢᠳᠤᠷᠠᠯ ᠤᠨ ᠬᠤᠷᠠᠯ ︵ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ︶᠂ ᠰᠡᠳᠬᠢᠯ ᠤᠨ ᠶᠠᠷᠢᠯᠴᠠᠭ᠎ᠠ ᠵᠡᠷᠭᠡ ᠲᠦᠷᠢᠮ ᠤᠨ | ᠨᠠᠶᠢᠳᠠᠪᠤᠷᠢᠵᠢᠭᠤᠯᠤᠯᠲᠠ ᠶᠢ ᠦᠨᠡᠨ ᠬᠦ ᠴᠢᠩᠭᠠᠳᠬᠠᠵᠤ᠂ ᠡᠯ᠎ᠡ ᠨᠠᠮ ᠤᠨ ᠡᠭᠦᠷ ᠤᠨ ᠪᠠᠷᠢᠮᠵᠢᠶᠠᠵᠢᠭᠤᠯᠤᠯᠲᠠ᠂ ᠵᠢᠷᠤᠮᠵᠢᠭᠤᠯᠤᠯᠲᠠ ᠶᠢᠨ ᠪᠠᠶᠢᠭᠤᠯᠤᠯᠲᠠ ᠶᠢ | ᠯᠠᠪᠳᠠᠭᠤᠨ ᠢᠶᠠᠷ ᠠᠬᠢᠭᠤᠯᠪᠠ᠃ ᠠᠵᠢᠯᠯᠠᠭᠠᠨ ᠤ ᠲᠣᠭᠲᠠᠴᠠ ᠶᠢ ᠬᠠᠮᠤᠭ ᠠᠴᠠ ᠲᠡᠭᠦᠯᠳᠡᠷᠵᠢᠭᠦᠯᠵᠦ᠂ ᠨᠠᠮ ᠤᠨ ᠬᠤᠷᠢᠶᠠᠨ ᠤ ᠪᠡᠶᠡᠴᠢ ᠴᠣᠭᠴᠠ ᠶᠢᠨ ᠬᠠᠷᠢᠭᠤᠴᠠᠯᠭ᠎ᠠ᠂ | ᠰᠠᠬᠢᠯᠭ᠎ᠠ ᠪᠠᠲᠤ ᠪᠠᠶᠢᠴᠠᠭᠠᠬᠤ ᠬᠢᠨᠠᠯᠲᠠ ᠲᠠᠯᠪᠢᠬᠤ ᠬᠠᠷᠢᠭᠤᠴᠠᠯᠭ᠎ᠠ᠂ ᠨᠠᠮ ᠤᠨ ᠬᠤᠷᠢᠶᠠᠨ ᠤ ᠱᠦᠵᠢ ᠶᠢᠨ ᠨᠢᠭᠡᠳᠦᠭᠡᠷ ᠬᠠᠷᠢᠭᠤᠴᠠᠯᠭ᠎ᠠ᠂ ᠪᠠᠭ ᠤᠨ ᠪᠦᠷᠢᠯᠳᠦᠬᠦᠨ ᠤ | ︽ᠨᠢᠭᠡ ᠠᠵᠢᠯ ᠤᠨ ᠪᠠᠶᠢᠷᠢ ᠳᠤ ᠬᠤᠣᠰ ᠬᠠᠷᠢᠭᠤᠴᠠᠯᠭ᠎ᠠ︾᠂ ᠬᠦᠴᠦ ᠪᠠᠨ ᠬᠠᠮᠲᠤᠳᠬᠠᠨ ᠠᠵᠢᠯᠯᠠᠬᠤ ᠬᠠᠷᠢᠭᠤᠴᠠᠯᠭ᠎ᠠ ᠶᠢᠨ ᠰᠢᠰᠲ᠋ᠧᠮ ᠪᠠ ᠬᠠᠷᠢᠭᠤᠴᠠᠯᠭ᠎ᠠ ᠶᠢᠨ | ᠬᠡᠯᠬᠢᠶ᠎ᠡ ᠶᠢ ᠦᠷᠭᠦᠯᠵᠢᠯᠡᠨ ᠪᠦᠷᠢᠨᠰᠢᠬᠦᠯᠦᠨ ᠲᠡᠭᠦᠯᠳᠡᠷᠵᠢᠭᠦᠯᠦᠨ᠎ᠡ᠃ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠬᠠᠮᠤᠭ ᠤᠨ ᠵᠢᠷᠤᠮᠵᠢᠭᠤᠨ ᠪᠠᠶᠢᠵᠤ᠂ ︽ᠨᠢᠭᠡᠳᠦᠭᠡᠷ | ᠵᠥᠪᠯᠡᠬᠦ ᠰᠡᠳᠦᠪ︾ ᠪᠠ ᠨᠠᠮ ᠤᠨ ᠬᠤᠷᠢᠶ᠎ᠠ ᠶᠢᠨ ᠣᠨᠣᠯ ᠤᠨ ᠭᠤᠤᠯ ᠳᠤᠭᠤᠶᠢᠯᠠᠩ ᠤᠨ ᠰᠤᠷᠤᠯᠴᠠᠬᠤ ᠲᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ ᠬᠤᠰᠢᠭᠤᠨ ᠤ | ᠲᠣᠪᠴᠢᠶ᠎ᠠ ᠶᠢᠨ ᠳᠣᠲᠣᠭᠠᠳᠤ ᠶᠢ ᠬᠠᠮᠠᠭᠠᠯᠠᠬᠤ ᠨᠠᠮ ᠤᠨ ᠰᠤᠷᠭᠠᠭᠤᠯᠢ ᠶᠢᠨ ᠤᠯᠤᠰ ᠲᠥᠷᠥ ᠶᠢᠨ ᠡᠭᠡᠯᠵᠢᠯᠡᠨ ᠪᠣᠯᠪᠠᠰᠤᠷᠠᠭᠤᠯᠬᠤ ᠭᠤᠤᠯ ᠵᠢᠭᠰᠠᠭᠠᠯ ᠤᠨ ᠭᠠᠵᠠᠷ ᠤᠨ | ᠦᠢᠯᠡᠳᠦᠯ ᠢ ᠰᠠᠶᠢᠲᠤᠷ ᠪᠠᠳᠠᠷᠠᠭᠤᠯᠵᠤ᠂ ᠤᠯᠤᠰ ᠲᠥᠷᠥ ᠶᠢᠨ ᠡᠭᠡᠯᠵᠢᠯᠡᠨ ᠪᠣᠯᠪᠠᠰᠤᠷᠠᠭᠤᠯᠬᠤ ᠲᠥᠯᠥᠪᠯᠡᠭᠡ ᠲᠣᠭᠲᠠᠭᠠᠵᠤ᠂ ᠤᠯᠤᠰ ᠲᠥᠷᠥ ᠶᠢᠨ ᠦᠨᠡᠨᠴᠢ | ᠰᠢᠳᠤᠷᠭᠤ ᠪᠠᠶᠢᠬᠤ ᠬᠥᠮᠦᠵᠢᠯ ᠪᠠ ᠨᠠᠮᠴᠢ ᠴᠢᠨᠠᠷ ᠤᠨ ᠬᠥᠮᠦᠵᠢᠯ ᠢ ᠴᠢᠩᠭᠠᠳᠬᠠᠪᠠ᠃ ᠨᠠᠮ ᠤᠨ ᠭᠡᠰᠢᠭᠦᠨ ᠤ ᠬᠠᠮᠢᠶᠠᠷᠤᠯᠲᠠ ᠶᠢ ᠬᠠᠮᠤᠭ ᠤᠨ ᠪᠣᠳᠠᠲᠠᠢ | ᠨᠠᠶᠢᠳᠠᠪᠤᠷᠢᠵᠢᠭᠤᠯᠵᠤ᠂ ᠨᠠᠮ ᠤᠨ ᠭᠡᠰᠢᠭᠦᠨ ᠢ ᠡᠯᠰᠡᠬᠦ ᠠᠵᠢᠯ ᠢ ᠵᠢᠷᠤᠮᠵᠢᠭᠤᠯᠵᠤ᠂ ᠡᠯᠰᠡᠬᠦ ᠡᠲᠡᠭᠡᠳ᠂ ᠨᠠᠮ ᠳᠤ ᠣᠷᠣᠬᠤ ᠢᠳᠡᠪᠬᠢᠲᠡᠨ᠂ ᠰᠢᠨ᠎ᠡ ᠨᠠᠮ ᠤᠨ ᠭᠡᠰᠢᠭᠦᠨ ᠢ | ᠰᠢᠯᠭᠠᠨ ᠪᠠᠶᠢᠴᠠᠭᠠᠬᠤ ᠪᠠ ᠬᠥᠮᠦᠵᠢᠭᠦᠯᠬᠦ ᠶᠢ ᠴᠢᠩᠭᠠᠳᠬᠠᠵᠤ᠂ ᠨᠠᠮ ᠤᠨ ᠵᠣᠬᠢᠶᠠᠨ ᠪᠠᠶᠢᠭᠤᠯᠤᠯᠲᠠ ᠶᠢᠨ ︽ᠡᠬᠢ ᠪᠤᠯᠠᠭ︾ ᠢ ᠰᠠᠶᠢᠲᠤᠷ ᠬᠠᠮᠠᠭᠠᠯᠠᠪᠠ᠃ ᠰᠠᠬᠢᠯᠭ᠎ᠠ | ᠪᠠᠲᠤ ᠣᠪᠣᠷ ᠰᠤᠷᠲᠠᠯ ᠬᠠᠮᠤᠭ ᠠᠴᠠ ᠴᠢᠩᠭ᠎ᠠ ᠪᠠᠶᠢᠵᠤ᠂ ︽ᠨᠠᠮ ᠤᠨ ᠪᠠᠶᠢᠭᠤᠯᠤᠯᠲᠠ ᠶᠢ ᠠᠳᠬᠤᠬᠤ᠂ ᠰᠤᠷᠲᠠᠯ ᠢ ᠴᠡᠭᠴᠡᠯᠡᠬᠦ᠂ ᠬᠡᠪ ᠴᠢᠨᠠᠷ ᠢ ᠴᠢᠩᠭᠠᠳᠬᠠᠬᠤ᠂ | ᠲᠦᠷᠢ ᠲᠥᠷᠬᠦ ᠶᠢ ᠪᠤᠢ ᠪᠣᠯᠭᠠᠬᠤ︾ ᠲᠤᠰᠬᠠᠢ ᠠᠵᠢᠯᠯᠠᠭ᠎ᠠ ᠶᠢᠨ ᠠᠵᠢᠯ ᠤᠨ ᠲᠥᠰᠦᠯ︾ ᠢ ᠲᠣᠭᠲᠠᠭᠠᠪᠠ᠃ ᠦᠢᠯᠡᠳᠦᠯ ᠢ ᠬᠠᠮᠤᠭ ᠠᠴᠠ ᠳᠤᠪᠤᠶᠢᠮ᠎ᠠ ᠪᠠᠳᠠᠷᠠᠭᠤᠯᠵᠤ᠂ | ᠨᠠᠮ ᠤᠨ ᠪᠠᠶᠢᠭᠤᠯᠤᠯᠲᠠ ᠶᠢᠨ ᠬᠦᠳᠦᠯᠦᠨ ᠳᠠᠭᠠᠭᠤᠯᠬᠤ ᠦᠢᠯᠡᠳᠦᠯ ᠢ ᠢᠯᠡᠳᠲᠡ ᠪᠠᠳᠠᠷᠠᠭᠤᠯᠪᠠ᠃ | ︽ᠭᠤᠷᠪᠠᠨ ᠬᠠᠭᠤᠳᠠᠰᠤ ᠨᠠᠷᠢᠨ ᠲᠠᠩᠰᠠ︾ ᠶᠢᠨ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠪᠡ᠃ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠶᠢᠨ | ᠬᠠᠭᠤᠳᠠᠰᠤ ᠶᠢ ᠦᠨᠳᠦᠰᠦᠯᠡᠨ᠂ ᠡᠭᠦᠳᠡ ᠪᠠᠨ ᠨᠡᠭᠡᠭᠡᠵᠦ ᠢᠳᠬᠠᠯ ᠰᠠᠨᠠᠭᠤᠯᠭ᠎ᠠ ᠶᠢ ᠪᠠᠶᠢᠩᠭᠤ ᠥᠷᠨᠢᠭᠦᠯᠵᠦ᠂ ᠰᠠᠨᠠᠭᠠᠴᠢᠯᠠᠭ᠎ᠠ ᠠᠴᠠ ᠪᠠᠨ ᠠᠵᠤ ᠠᠬᠤᠶᠢᠯᠠᠯ᠂ ᠨᠢᠭᠡᠴᠢ᠂ | ᠨᠡᠶᠢᠭᠡᠮ ᠲᠣᠭᠤᠷᠢᠭ᠂ ᠰᠤᠷᠭᠠᠭᠤᠯᠢ ᠶᠢᠨ ᠬᠦᠷᠢᠶᠡᠨ ᠳᠤ ᠣᠷᠣᠵᠤ ᠰᠠᠨᠠᠯ ᠰᠠᠨᠠᠭᠤᠯᠭ᠎ᠠ ᠴᠤᠭᠯᠠᠭᠤᠯᠬᠤ ᠶᠢᠨ ᠬᠠᠮᠲᠤ᠂ ᠴᠠᠭᠳᠠᠭ᠎ᠠ ᠠᠵᠤ ᠠᠬᠤᠶᠢᠯᠠᠯ ᠤᠨ ᠶᠠᠷᠢᠯᠴᠠᠬᠤ | ᠬᠤᠷᠠᠯ᠂ ᠴᠠᠭᠳᠠᠭ᠎ᠠ ᠠᠷᠠᠳ ᠤᠨ ᠵᠥᠪᠳᠡᠯᠴᠡᠬᠡᠷ ᠤᠨ ᠬᠤᠷᠠᠯ ᠢ ᠪᠠᠶᠢᠩᠭᠤᠵᠢᠭᠤᠯᠤᠨ ᠬᠤᠷᠠᠯᠳᠤᠭᠤᠯᠵᠤ᠂ ᠠᠵᠤ ᠠᠬᠤᠶᠢᠯᠠᠯ ᠪᠠ ᠨᠡᠶᠢᠭᠡᠮ ᠤᠨ ᠡᠯ᠎ᠡ ᠡᠲᠡᠭᠡᠳ ᠤᠨ | ᠣᠯᠠᠨ ᠲᠦᠮᠡᠨ ᠠᠴᠠ ᠢᠳᠡᠪᠬᠢᠲᠡᠶ ᠪᠠᠷ ᠰᠠᠨᠠᠯ ᠰᠠᠨᠠᠭᠤᠯᠭ᠎ᠠ ᠴᠤᠭᠯᠠᠭᠤᠯᠪᠠ᠃ ᠠᠵᠢᠯ ᠤᠨ ᠠᠬᠢᠴᠠ ᠶᠢᠨ ᠬᠠᠭᠤᠳᠠᠰᠤ ᠳᠤ᠂ ᠦᠢᠯᠡᠴᠢᠯᠡᠭᠡᠨ ᠤ ᠠᠷᠭ᠎ᠠ ᠮᠠᠶ᠋ᠢᠭ ᠢ | ᠲᠠᠰᠤᠷᠠᠯᠲᠠ ᠥᠬᠡᠶ ᠰᠢᠨ᠎ᠡ ᠪᠠᠷ ᠡᠭᠦᠳᠴᠦ᠂ ᠦᠢᠯᠡᠴᠢᠯᠡᠭᠡᠨ ᠤ ᠴᠤᠪᠤᠷᠠᠯ ᠢ ᠰᠢᠯᠢᠳᠡᠭᠵᠢᠭᠦᠯᠦᠨ᠂ ᠦᠢᠯᠡᠴᠢᠯᠡᠭᠡᠨ ᠤ ᠪᠠᠷᠢᠮᠵᠢᠶ᠎ᠠ ᠶᠢ ᠵᠢᠷᠤᠮᠵᠢᠭᠤᠯᠵᠤ᠂ ᠠᠷᠠᠳ ᠲᠤ | ᠲᠥᠬᠦᠮ ᠦᠵᠡᠭᠦᠯᠵᠦ ᠠᠷᠠᠳ ᠲᠤ ᠠᠰᠢᠭ ᠬᠦᠷᠲᠡᠭᠡᠬᠦ 13 ᠵᠦᠢᠯ ᠤᠨ ᠠᠷᠭ᠎ᠠ ᠬᠡᠮᠵᠢᠶ᠎ᠡ᠂ ᠠᠵᠤ ᠠᠬᠤᠶᠢᠯᠠᠯ ᠳᠤ ᠠᠰᠢᠭ ᠬᠦᠷᠲᠡᠭᠡᠬᠦ 6 ᠵᠦᠢᠯ ᠤᠨ ᠠᠷᠭ᠎ᠠ | ᠬᠡᠮᠵᠢᠶ᠎ᠡ ᠶᠢ ᠨᠠᠩ ᠰᠠᠶᠢᠨ ᠨᠠᠩ ᠭᠦᠨ᠂ ᠨᠠᠩ ᠪᠣᠳᠠᠲᠠᠶ᠂ ᠨᠠᠩ ᠨᠠᠷᠢᠯᠢᠭ᠂ ᠨᠠᠩ ᠰᠠᠶᠢᠲᠤᠷ ᠨᠠᠶᠢᠳᠠᠪᠤᠷᠢᠵᠢᠭᠤᠯᠬᠤ ᠶᠢ ᠦᠷᠭᠦᠯᠵᠢᠯᠡᠨ ᠠᠬᠢᠭᠤᠯᠪᠠ᠃ ᠣᠯᠠᠨ ᠲᠦᠮᠡᠨ ᠤ | ᠰᠡᠳᠬᠢᠯ ᠬᠠᠨᠤᠮᠵᠢᠲᠠᠶ ᠪᠠᠶᠢᠬᠤ ᠬᠠᠭᠤᠳᠠᠰᠤ ᠳᠤ᠂ ︽ᠪᠢ ᠣᠯᠠᠨ ᠲᠦᠮᠡᠨ ᠳᠤ ᠪᠣᠳᠠᠲᠠᠶ ᠠᠵᠢᠯ ᠬᠢᠵᠦ ᠥᠭᠬᠦ︾ ︽ᠪᠢ ᠠᠵᠤ ᠠᠬᠤᠶᠢᠯᠠᠯ ᠤᠨ ᠵᠣᠪᠠᠨᠢᠯ ᠢ | ᠰᠢᠢᠳᠪᠦᠷᠢᠯᠡᠵᠦ ᠥᠭᠬᠦ︾ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ︽ᠦᠢᠯᠡᠴᠢᠯᠡᠭᠡᠨ ᠤ ᠵᠦᠢᠯᠡᠰ ᠤᠨ ᠪᠦᠲᠦᠭᠡᠨ ᠪᠠᠶᠢᠭᠤᠯᠤᠯᠲᠠ ᠶᠢᠨ ᠠᠵᠤ ᠦᠢᠯᠡᠰ ᠤᠨ | ᠬᠥᠭᠵᠢᠯᠲᠡ ᠶᠢ ᠬᠠᠮᠠᠭᠠᠯᠠᠬᠤ ︿ᠠᠷᠪᠠᠨ ᠵᠦᠢᠯ ᠤᠨ ᠠᠮᠠᠯᠠᠯᠲᠠ﹀︾᠂ ᠰᠢᠭᠤᠳ ᠨᠢᠭᠤᠷᠳᠠᠨ ᠬᠠᠪᠰᠤᠷᠤᠨ ᠲᠡᠳᠬᠦᠬᠦ᠂ ︽ᠲᠣᠮᠢᠯᠠᠨ ᠰᠠᠭᠤᠯᠭᠠᠭᠰᠠᠨ ᠨᠢᠭᠡᠳᠦᠭᠡᠷ | ᠱᠦᠵᠢ ᠭᠠᠴᠠᠭ᠎ᠠ ᠳᠤ ᠰᠠᠭᠤᠵᠤ ᠬᠠᠪᠰᠤᠷᠤᠨ ᠲᠡᠳᠬᠦᠬᠦ︾ ︽ᠠᠵᠢᠯ ᠳᠤ ᠪᠠᠶᠢᠭ᠎ᠠ ᠨᠠᠮ ᠤᠨ ᠭᠡᠰᠢᠭᠦᠨ ᠨᠡᠶᠢᠭᠡᠮ ᠲᠣᠭᠤᠷᠢᠭ ᠲᠤ ᠣᠷᠣᠬᠤ︾ ︽ᠰᠢᠨ᠎ᠡ ᠴᠠᠭ | ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠠᠵᠢᠯᠯᠠᠭ᠎ᠠ︾ ᠵᠡᠷᠭᠡ ᠠᠵᠢᠯᠯᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠪᠠᠷ ᠭᠠᠷᠳᠠᠴᠠ ᠪᠣᠯᠭᠠᠵᠤ᠂ | ᠦᠨᠳᠦᠰᠦᠨ ᠱᠠᠲᠤᠨ ᠤ ᠵᠠᠰᠠᠯᠲᠠ ᠶᠢᠨ ᠪᠣᠳᠠᠲᠠᠶ ᠠᠰᠠᠭᠤᠳᠠᠯ ᠢ ᠰᠢᠢᠳᠪᠦᠷᠢᠯᠡᠬᠦ ᠳᠤ ᠬᠦᠴᠦᠨ ᠨᠡᠮᠡᠷᠢᠯᠡᠪᠡ᠃ | ︽ᠲᠠᠪᠤ ᠶᠢ ᠪᠠᠷᠢᠮᠲᠠᠯᠠᠬᠤ︾ ᠬᠡᠪ ᠪᠣᠯᠪᠠᠰᠤᠷᠠᠯ ᠲᠠᠢ ᠲᠡᠮᠦᠷ ᠴᠡᠷᠢᠭ ᠢ ᠳᠠᠪᠲᠠᠨ ᠪᠣᠯᠪᠠᠰᠤᠷᠠᠭᠤᠯᠪᠠ᠃ ᠤᠯᠤᠰ ᠲᠦᠷᠦ ᠪᠠᠷ ᠴᠠᠭᠳᠠᠭ᠎ᠠ ᠪᠠᠶᠢᠭᠤᠯᠬᠤ ᠶᠢ | ᠪᠠᠷᠢᠮᠲᠠᠯᠠᠵᠤ᠂ ᠤᠯᠤᠰ ᠲᠦᠷᠦ ᠪᠠᠷ ᠡᠭᠡᠯᠵᠢᠯᠡᠨ ᠪᠣᠯᠪᠠᠰᠤᠷᠠᠭᠤᠯᠬᠤ᠂ ᠲᠤᠰᠬᠠᠶ ᠰᠡᠳᠦᠪ ᠢᠶᠠᠷ ᠤᠬᠠᠭᠤᠯᠤᠨ ᠲᠠᠶᠢᠯᠪᠤᠷᠢᠯᠠᠬᠤ᠂ ᠲᠤᠰᠬᠠᠶ ᠰᠡᠳᠦᠪ ᠢᠶᠠᠷ ᠮᠡᠳᠡᠭᠦᠯᠬᠦ᠂ | ᠰᠤᠳᠤᠯᠤᠨ ᠶᠠᠷᠢᠯᠴᠠᠵᠤ ᠰᠣᠯᠢᠯᠴᠠᠬᠤ ᠵᠡᠷᠭᠡ ᠬᠡᠯᠪᠡᠷᠢ ᠪᠠᠷ ᠳᠠᠮᠵᠢᠭᠤᠯᠤᠨ ᠰᠤᠷᠤᠯᠴᠠᠨ ᠲᠤᠭᠤᠰᠢᠯᠠᠭᠤᠯᠬᠤ ᠬᠠᠯᠠᠭᠤᠨ ᠥᠷᠨᠢᠯᠲᠡ ᠶᠢ ᠦᠳᠲᠡᠷ ᠲᠦᠷᠭᠡᠨ ᠪᠤᠢ | ᠪᠣᠯᠭᠠᠪᠠ᠃ ᠬᠡᠪ ᠪᠣᠯᠪᠠᠰᠤᠷᠠᠯ ᠢᠶᠠᠷ ᠴᠠᠭᠳᠠᠭ᠎ᠠ ᠶᠢ ᠬᠦᠴᠦᠷᠬᠡᠭᠵᠢᠭᠦᠯᠬᠦ ᠶᠢ ᠪᠠᠷᠢᠮᠲᠠᠯᠠᠵᠤ᠂ ︽ᠪᠣᠳᠠᠲᠤ ᠳᠠᠶᠢᠨ ᠤ ᠶᠡᠭᠡ ᠪᠣᠯᠪᠠᠰᠤᠷᠠᠯ︾ ᠢ ᠯᠠᠪᠳᠠᠭᠤᠨ ᠪᠠᠲᠤᠲᠠᠢ | ᠥᠷᠨᠢᠭᠦᠯᠵᠦ᠂ ︽ᠤᠨᠤᠯ + ᠤᠷ᠎ᠠ ᠴᠢᠳᠠᠪᠤᠷᠢ︾᠂ ︽ᠲᠥᠪᠯᠡᠷᠡᠭᠦᠯᠬᠦ + ᠥᠪᠡᠷ ᠢᠶᠠᠨ ᠰᠤᠷᠤᠯᠴᠠᠬᠤ︾᠂ ︽ᠪᠠᠭᠰᠢ + ᠱᠠᠪᠢ︾ ᠵᠡᠷᠭᠡ ᠬᠡᠯᠪᠡᠷᠢ ᠪᠠᠷ | ᠴᠠᠭᠳᠠᠭ᠎ᠠ ᠶᠢ ᠰᠠᠶᠢᠳᠤᠷ ᠪᠣᠯᠪᠠᠰᠤᠷᠠᠭᠤᠯᠵᠤ᠂ ᠠᠷᠠᠳ ᠤᠨ ᠴᠠᠭᠳᠠᠭ᠎ᠠ ᠶᠢᠨ ᠴᠢᠳᠠᠪᠤᠷᠢ ᠶᠢᠨ ᠳᠤᠲᠠᠭᠤᠳᠠᠯ ᠪᠠᠭᠤᠷᠠᠢ ᠲᠠᠯ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ | ᠪᠣᠳᠠᠲᠤ ᠳᠠᠶᠢᠨ ᠳᠤ ᠬᠠᠨᠳᠤᠭᠤᠯᠤᠨ᠂ ᠤᠨᠢᠨ ᠳᠡᠭᠡᠷ᠎ᠡ ᠨᠢ ᠪᠣᠯᠪᠠᠰᠤᠷᠠᠯ ᠬᠢᠬᠦ ᠬᠡᠷᠡᠭᠲᠡᠢ᠃ ᠰᠣᠶᠣᠯ ᠢᠶᠠᠷ ᠴᠠᠭᠳᠠᠭ᠎ᠠ ᠶᠢ ᠬᠥᠮᠦᠵᠢᠭᠦᠯᠬᠦ ᠶᠢ ᠪᠠᠷᠢᠮᠲᠠᠯᠠᠵᠤ᠂ | ᠴᠠᠭᠳᠠᠭᠠᠨ ᠤ ᠪᠡᠶ᠎ᠡ ᠶᠢᠨ ᠲᠠᠮᠢᠷ ᠰᠣᠶᠣᠯ ᠤᠨ ᠳᠤᠷ᠎ᠠ ᠰᠣᠨᠢᠷᠬᠠᠯ ᠤᠨ ᠳᠤᠭᠤᠶᠢᠯᠠᠩ ᠢ 12 ᠪᠠᠶᠢᠭᠤᠯᠵᠤ᠂ ᠠᠷᠠᠳ ᠤᠨ ᠴᠠᠭᠳᠠᠭ᠎ᠠ ᠶᠢᠨ ᠲᠤᠷ᠎ᠠ ᠰᠣᠨᠢᠷᠬᠠᠯᠲᠤ ᠶᠠᠷᠢᠶ᠎ᠠ | ᠢᠯᠡᠳᠬᠡᠯ᠂ ᠭᠡᠷᠡᠯ ᠵᠢᠷᠤᠭ᠂ ᠤᠷᠠᠨ ᠪᠢᠴᠢᠯᠭᠡ᠂ ᠪᠥᠮᠪᠥᠭᠡᠨ ᠤ ᠲᠦᠷᠦᠯ ᠵᠡᠷᠭᠡ ᠰᠣᠶᠣᠯ ᠪᠡᠶ᠎ᠡ ᠶᠢᠨ ᠲᠠᠮᠢᠷ ᠵᠤᠭ᠎ᠠ ᠴᠡᠩᠭᠡᠯ ᠤᠨ ᠠᠵᠢᠯᠯᠠᠭ᠎ᠠ ᠶᠢ ᠢᠳᠡᠪᠬᠢᠲᠡᠶ ᠪᠠᠷ | ᠵᠣᠬᠢᠶᠠᠨ ᠪᠠᠶᠢᠭᠤᠯᠵᠤ ᠥᠷᠨᠢᠭᠦᠯᠪᠡ᠃ ᠴᠠᠭᠳᠠᠭ᠎ᠠ ᠶᠢ ᠬᠠᠷᠠᠭᠠᠯᠵᠠᠬᠤ᠂ ᠪᠣᠳᠠᠲᠤ ᠴᠣᠭᠴᠠᠲᠤ ᠠᠵᠢᠯᠯᠠᠭᠠᠨ ᠤ ᠴᠠᠭᠳᠠᠭ᠎ᠠ ᠶᠢ ᠬᠠᠶᠢᠷᠠᠯᠠᠵᠤ ᠬᠠᠯᠠᠮᠵᠢᠯᠠᠬᠤ ᠠᠯᠪᠠᠨ | ᠬᠡᠷ ᠠᠴᠠ ᠴᠠᠭᠳᠠᠭ᠎ᠠ ᠶᠢᠨ ᠬᠡᠤᠬᠡᠳ ᠤᠨ ᠴᠡᠩᠭᠡᠯ ᠤᠨ ᠬᠦᠷᠢᠶᠡᠯᠡᠩ᠂ ᠠᠵᠢᠯᠲᠠᠨ ᠠᠵᠢᠯᠴᠢᠨ ᠤ ᠬᠡᠷ ᠡᠷᠥᠬᠡ ᠵᠡᠷᠭᠡ ᠴᠠᠭᠳᠠᠭ᠎ᠠ ᠶᠢ ᠬᠠᠶᠢᠷᠠᠯᠠᠬᠤ ᠬᠠᠯᠠᠮᠵᠢᠯᠠᠬᠤ | ᠢᠨᠵᠧᠨᠧᠷᠢᠩ ᠢ ᠪᠥᠬᠦ ᠲᠠᠯ᠎ᠠ ᠪᠠᠷ ᠠᠵᠢᠯᠯᠠᠭᠤᠯᠬᠤ ᠶᠢ ᠪᠠᠷᠢᠮᠲᠠᠯᠠᠵᠤ᠂ ︽ᠠᠭᠤᠯᠵᠠᠬᠤ ᠲᠥᠯᠥᠪᠯᠡᠭᠡ︾᠂ ᠦᠷ᠎ᠡ ᠬᠡᠤᠬᠡᠳ ᠤᠨ ᠰᠤᠷᠭᠠᠭᠤᠯᠢ ᠳᠤ ᠣᠷᠣᠬᠤ ᠶᠢ | ᠬᠠᠯᠠᠮᠵᠢᠯᠠᠬᠤ ᠵᠡᠷᠭᠡ ᠴᠠᠭᠳᠠᠭ᠎ᠠ ᠶᠢ ᠬᠠᠯᠠᠮᠵᠢᠯᠠᠬᠤ ᠠᠷᠭ᠎ᠠ ᠬᠡᠮᠵᠢᠶ᠎ᠡ ᠶᠢ ᠦᠷᠭᠦᠯᠵᠢᠯᠡᠨ ᠠᠬᠢᠭᠤᠯᠪᠠ᠃ ᠡᠨᠡ ᠵᠢᠯ ᠠᠴᠠ ᠨᠠᠭᠠᠰᠢ᠂ ᠠᠵᠢᠯᠴᠢᠨ ᠤ ᠡᠪᠯᠡᠯ ᠢ ᠠᠰᠢᠭᠯᠠᠨ | ᠠᠯᠪᠠᠨ ᠶᠠᠪᠤᠳᠠᠯ ᠢᠶᠠᠷ ᠰᠢᠷᠬᠠᠲᠤᠭᠰᠠᠨ 2 ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠶᠢ ᠰᠤᠷᠪᠤᠯᠵᠢᠯᠠᠵᠤ᠂ ᠴᠢᠬᠤᠯᠠ ᠶᠡᠭᠡ ᠪᠠᠶᠠᠷ ᠤᠨ ᠡᠳᠦᠷ ᠤᠨ | ᠲᠣᠬᠤᠨᠢᠭᠤᠯᠬᠤ ᠪᠣᠳᠠᠰ 9 ᠲᠦᠮᠡ ᠭᠠᠷᠤᠶ ᠲᠥᠭᠦᠷᠢᠭ ᠲᠠᠷᠬᠠᠭᠠᠵᠤ᠂ ᠲᠥᠷᠥᠭᠰᠡᠨ ᠡᠳᠦᠷ ᠤᠨ ᠪᠣᠭᠤᠷᠰᠤᠭ ᠤᠨ ᠲᠡᠮᠳᠡᠭᠲᠦ 1 ᠲᠦᠮᠡ ᠭᠠᠷᠤᠶ ᠲᠥᠭᠦᠷᠢᠭ | ᠲᠠᠷᠬᠠᠭᠠᠵᠠᠶ᠃ ᠴᠠᠭᠳᠠᠭ᠎ᠠ ᠶᠢ ᠴᠢᠩᠭ᠎ᠠ ᠵᠠᠰᠠᠬᠤ ᠶᠢ ᠪᠠᠷᠢᠮᠲᠠᠯᠠᠨ᠂ ︽ᠣᠷᠳᠣᠰ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠤᠪᠢ ᠪᠤᠳᠤᠬᠤ | ᠬᠠᠮᠢᠶᠠᠷᠤᠯᠲᠠ ᠶᠢᠨ ᠠᠷᠭ᠎ᠠ︾ ᠶᠢ ᠴᠢᠩᠭ᠎ᠠ ᠨᠠᠶᠢᠳᠠᠪᠤᠷᠢᠵᠢᠭᠤᠯᠵᠤ᠂ ︽ᠦᠦᠰᠢᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠡᠯ᠎ᠡ ᠰᠠᠯᠠᠭ᠎ᠠ | ᠮᠥᠴᠢᠷ ᠤᠨ ᠵᠢᠩᠬᠢᠨᠢ ᠲᠤᠰᠢᠶᠠᠯ ᠤᠨ ᠬᠤᠪᠢ ᠬᠤᠷᠠᠮᠳᠤᠭᠤᠯᠬᠤ ᠲᠦᠷᠢᠮ ᠤᠨ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠦᠨᠡᠯᠡᠬᠦ ᠠᠷᠭ᠎ᠠ︾ ︽ᠦᠦᠰᠢᠨ | ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠶᠢᠨ ᠬᠤᠪᠢ ᠬᠥᠮᠦᠨ ᠤ ᠬᠤᠪᠢ | ᠬᠤᠷᠠᠮᠳᠤᠭᠤᠯᠬᠤ ᠲᠦᠷᠢᠮ ᠤᠨ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠦᠨᠡᠯᠡᠬᠦ ᠠᠷᠭ᠎ᠠ︾ ᠶᠢ ᠲᠣᠭᠲᠠᠭᠠᠵᠤ᠂ ᠬᠤᠪᠢ ᠬᠤᠷᠠᠮᠳᠤᠭᠤᠯᠵᠤ ᠰᠢᠯᠭᠠᠨ | ᠦᠨᠡᠯᠡᠭᠰᠡᠨ ᠦᠷ᠎ᠡ ᠳ᠋ᠦᠩ ᠢ ᠲᠤᠰᠢᠶᠠᠯ ᠤᠨ ᠲᠠᠰ ᠳᠡᠪᠰᠢᠬᠦ᠂ ᠭᠠᠪᠢᠶ᠎ᠠ ᠪᠠᠶᠢᠭᠤᠯᠵᠤ ᠱᠠᠩᠨᠠᠯ ᠤᠯᠬᠤ᠂ ᠰᠢᠯᠢᠳᠡᠭ ᠢ ᠰᠢᠯᠭᠠᠷᠠᠭᠤᠯᠵᠤ ᠲᠡᠷᠢᠭᠦᠨ ᠢ | ᠰᠢᠯᠭᠠᠷᠠᠭᠤᠯᠬᠤ ᠯᠤᠭ᠎ᠠ ᠬᠤᠯᠪᠤᠭᠳᠠᠭᠤᠯᠪᠠ᠃ | ︽ᠲᠠᠪᠤᠨ ᠶᠡᠭᠡ ᠵᠢᠭᠠᠯᠲᠠ ᠲᠤᠭ᠎ᠠ︾ ᠳᠤ ᠠᠩᠬᠠᠷᠤᠯ ᠢᠶᠠᠨ ᠲᠥᠪᠯᠡᠷᠡᠭᠦᠯᠵᠦ ᠠᠷᠠᠳ ᠲᠦᠮᠡᠨ ᠳᠤ ᠦᠢᠯᠡᠴᠢᠯᠡᠬᠦ ᠶᠠᠰᠤ ᠴᠢᠨᠠᠷ ᠦᠷ᠎ᠡ ᠪᠦᠲᠦᠮᠵᠢ ᠶᠢ | ᠳᠡᠭᠡᠭᠰᠢᠯᠡᠭᠦᠯᠪᠡ᠃ ︽ᠲᠠᠪᠤᠨ ᠶᠡᠭᠡ ᠵᠢᠭᠠᠯᠲᠠ ᠲᠤᠭ᠎ᠠ︾ ᠨᠢ ᠳᠠᠷᠤᠢ ᠠᠷᠠᠳ ᠤᠯᠠᠨ ᠤ ᠠᠮᠤᠷ ᠲᠦᠪᠰᠢᠨ ᠤ ᠵᠢᠭᠠᠯᠲᠠ ᠲᠤᠭ᠎ᠠ᠂ ᠨᠡᠶᠢᠭᠡᠮ ᠤᠨ ᠠᠮᠤᠷ ᠲᠦᠪᠰᠢᠨ ᠤ | ᠲᠣᠭᠲᠠᠭᠤᠨ ᠤ ᠵᠢᠭᠠᠯᠲᠠ ᠲᠤᠭ᠎ᠠ᠂ ᠳᠣᠲᠣᠭᠠᠳᠤ ᠶᠢ ᠬᠠᠮᠠᠭᠠᠯᠠᠬᠤ ᠲᠤᠬᠠᠶᠢᠯᠠᠭᠰᠠᠨ ᠠᠵᠢᠯ ᠤᠨ ᠲᠦᠪᠰᠢᠨ ᠤ ᠵᠢᠭᠠᠯᠲᠠ ᠲᠤᠭ᠎ᠠ᠂ ᠤᠯᠠᠨ ᠲᠦᠮᠡᠨ ᠤ ᠲᠤᠰ ᠪᠡᠶ᠎ᠡ ᠶᠢᠨ | ᠰᠡᠷᠭᠡᠶᠢᠯᠡᠯᠲᠡ ᠶᠢᠨ ᠵᠢᠭᠠᠯᠲᠠ ᠲᠤᠭ᠎ᠠ ᠪᠣᠯᠤᠨ ᠠᠷᠠᠳ ᠤᠯᠠᠨ ᠤ ᠬᠠᠨᠤᠮᠵᠢᠲᠠᠢ ᠪᠠᠶᠢᠬᠤ ᠵᠢᠭᠠᠯᠲᠠ ᠲᠤᠭ᠎ᠠ ᠶᠢ ᠵᠢᠭᠠᠵᠤ ᠪᠠᠶᠢᠨ᠎ᠠ᠃ ᠵᠥᠷᠢᠴᠡᠯ ᠵᠠᠭᠤᠷᠠᠯᠳᠤᠭᠠᠨ ᠢ | ᠨᠠᠮᠳᠠᠭᠤᠯᠬᠤ ᠳᠤ ᠠᠩᠬᠠᠷᠤᠯ ᠢᠶᠠᠨ ᠲᠥᠪᠯᠡᠷᠡᠭᠦᠯᠦᠨ᠂ ︽ᠰᠢᠯᠢᠳᠡᠭᠵᠢᠭᠦᠯᠦᠨ ᠲᠠᠰ ᠳᠡᠪᠰᠢᠭᠦᠯᠬᠦ ︿ᠭᠤᠷᠪᠠᠨ ᠬᠤᠪᠢ ᠶᠢᠨ ᠰᠣᠷᠤᠯᠲᠠ ᠶᠢᠨ ᠠᠷᠭ᠎ᠠ﹀ ᠶᠢ ᠪᠥᠬᠦ | ᠲᠠᠯ᠎ᠠ ᠪᠠᠷ ᠬᠡᠷᠡᠭᠵᠢᠭᠦᠯᠦᠨ ︿ᠵᠠᠬᠢᠳᠠᠯ ᠰᠤᠷᠪᠤᠯᠵᠢᠯᠠᠭ᠎ᠠ ᠶᠢ ᠣᠷᠣᠯᠠᠨ ᠭᠦᠢᠴᠡᠳᠬᠡᠬᠦ ᠳᠦᠷᠢᠮ﹀ ᠤᠨ ᠠᠵᠢᠯ ᠤᠨ ᠬᠡᠷᠡᠭᠵᠢᠭᠦᠯᠬᠦ ᠲᠥᠰᠥᠯ ︵ᠲᠤᠷᠰᠢᠨ | ᠬᠡᠷᠡᠭᠵᠢᠭᠦᠯᠬᠦ︶︾ ᠢ ᠳᠠᠷᠤᠮᠠᠯᠯᠠᠨ ᠲᠠᠷᠬᠠᠭᠠᠵᠤ᠂ ᠡᠨᠡ ᠵᠢᠯ ᠠᠴᠠ ᠨᠠᠭᠠᠰᠢ᠂ ᠡᠯ᠎ᠡ ᠲᠦᠷᠦᠯ ᠤᠨ ᠵᠥᠷᠢᠴᠡᠯ ᠵᠠᠭᠤᠷᠠᠯᠳᠤᠭᠠᠨ ᠢ ᠨᠡᠶᠢᠳᠡ 127 ᠤᠳᠠᠭ᠎ᠠ ᠨᠠᠮᠳᠠᠭᠤᠯᠤᠨ | ᠢᠯᠭᠠᠷᠠᠭᠤᠯᠤᠨ ᠪᠠᠶᠢᠴᠠᠭᠠᠪᠠ᠃ ᠵᠠᠮ ᠬᠠᠷᠢᠯᠴᠠᠭᠠᠨ ᠤ ᠠᠮᠤᠷ ᠲᠦᠪᠰᠢᠨ ᠳᠤ ᠠᠩᠬᠠᠷᠤᠯ ᠢᠶᠠᠨ ᠲᠥᠪᠯᠡᠷᠡᠭᠦᠯᠵᠦ᠂ ᠡᠨᠡ ᠵᠢᠯ ᠠᠴᠠ ᠨᠠᠭᠠᠰᠢ᠂ ᠵᠠᠮ ᠬᠠᠷᠢᠯᠴᠠᠭᠠᠨ ᠤ | ᠬᠠᠤᠯᠢ ᠠᠴᠠ ᠵᠥᠷᠢᠴᠡᠭᠰᠡᠨ ᠡᠯ᠎ᠡ ᠲᠥᠷᠥᠯ ᠤᠨ ᠦᠢᠯᠡ ᠠᠵᠢᠯᠯᠠᠭ᠎ᠠ ᠶᠢ 33485 ᠪᠠᠶᠢᠴᠠᠭᠠᠨ ᠰᠢᠢᠳᠪᠦᠷᠢᠯᠡᠵᠦ᠂ ᠵᠠᠮ ᠬᠠᠷᠢᠯᠴᠠᠭᠠᠨ ᠤ ᠠᠮᠤᠷ ᠲᠦᠪᠰᠢᠨ ᠤ ᠬᠡᠮ | ᠰᠣᠭᠤᠭ ᠢ 19 ᠪᠠᠶᠢᠴᠠᠭᠠᠵᠤ᠂ ᠵᠠᠮ ᠬᠠᠷᠢᠯᠴᠠᠭᠠᠨ ᠤ ᠠᠮᠤᠷ ᠲᠦᠪᠰᠢᠨ ᠤ ᠬᠡᠮ ᠰᠣᠭᠤᠭ ᠢ 8 ᠪᠦᠲᠦᠮᠵᠢᠲᠡᠶ ᠵᠠᠰᠠᠪᠠ᠃ ︽ᠲᠠᠯᠪᠢᠬᠤ ᠬᠠᠮᠢᠶᠠᠷᠬᠤ ᠦᠢᠯᠡᠴᠢᠯᠡᠬᠦ︾ | ᠥᠭᠡᠷᠡᠴᠢᠯᠡᠯᠲᠡ ᠳᠤ ᠠᠩᠬᠠᠷᠤᠯ ᠢᠶᠠᠨ ᠲᠥᠪᠯᠡᠷᠡᠭᠦᠯᠵᠦ᠂ ᠡᠷᠦᠬᠡ ᠠᠮᠠ ᠶᠢᠨ ᠶᠠᠪᠤᠳᠠᠯ᠂ ᠬᠢᠯᠢ ᠪᠠᠷ ᠣᠷᠤᠬᠤ ᠭᠠᠷᠬᠤ᠂ ᠵᠠᠮ ᠬᠠᠷᠢᠯᠴᠠᠭᠠᠨ ᠤ ᠬᠠᠮᠢᠶᠠᠷᠤᠯᠲᠠ ᠶᠢᠨ | ᠶᠡᠷᠦᠩᠬᠡᠶᠢᠯᠡᠭᠰᠡᠨ ᠴᠣᠩᠬᠤ 3 ᠭᠠᠷᠭᠠᠵᠤ᠂ ᠲᠤᠭ ᠤᠨ ᠲᠣᠮᠢᠯᠠᠭᠰᠠᠨ ᠰᠠᠯᠪᠤᠷᠢ᠂ ᠰᠢᠷᠬᠤᠰᠤᠨ ᠭᠤᠤᠯ ᠪᠠᠯᠭᠠᠰᠤᠨ ᠤ ᠬᠤᠶᠠᠳᠤᠭᠠᠷ ᠲᠣᠮᠢᠯᠠᠭᠰᠠᠨ ᠰᠠᠯᠪᠤᠷᠢ ᠳᠤ | ︽ᠨᠢᠭᠡ ᠥᠷᠲᠡᠭᠡᠨ ᠤ ᠮᠠᠶ᠋ᠢᠭ︾ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠠᠭᠪᠤᠷ ᠢ ᠬᠡᠷᠡᠭᠵᠢᠭᠦᠯᠦᠨ᠂ ᠴᠣᠩᠬᠤᠨ ᠤ ᠦᠷ᠎ᠡ ᠪᠦᠲᠦᠮᠵᠢ᠂ ᠣᠯᠠᠨ ᠲᠦᠮᠡᠨ ᠤ | ᠲᠥᠷᠥᠭᠳᠡᠯ᠂ ᠦᠢᠯᠡᠴᠢᠯᠡᠭᠡᠨ ᠤ ᠦᠢᠯᠡᠳᠦᠯ ᠴᠢᠳᠠᠪᠤᠷᠢ ᠭᠤᠷᠪᠠ ᠶᠢ ᠳᠡᠭᠡᠭᠰᠢᠯᠡᠭᠦᠯᠪᠡ᠃ ᠡᠨᠡ ᠵᠢᠯ ᠠᠴᠠ ᠨᠠᠭᠠᠰᠢ᠂ ᠨᠡᠶᠢᠲᠡ 7000 ᠭᠠᠷᠤᠶ ᠡᠷᠦᠬᠡ ᠠᠮᠠ ᠶᠢᠨ | ᠲᠠᠩᠰᠠ ᠶᠢᠨ ᠲᠤᠬᠠᠶᠢᠯᠠᠭᠰᠠᠨ ᠠᠵᠢᠯ ᠢ ᠭᠦᠢᠴᠡᠳᠭᠡᠵᠡᠢ᠃ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠳᠤ ᠠᠩᠬᠠᠷᠤᠯ ᠢᠶᠠᠨ | ᠲᠥᠪᠯᠡᠷᠡᠭᠦᠯᠵᠦ᠂ ᠠᠮᠢᠨ ᠬᠡᠷᠡᠭ ᠢ ᠰᠡᠷᠭᠡᠶᠢᠯᠡᠨ ᠡᠵᠡᠮᠳᠡᠬᠦ᠂ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠳᠤ ᠴᠣᠬᠢᠯᠲᠠ ᠥᠭᠬᠦ ᠵᠡᠷᠭᠡ ᠭᠤᠣᠯᠳᠠᠯᠭ᠎ᠠ ᠲᠠᠢ ᠠᠵᠢᠯ ᠢ | ᠦᠷᠭᠦᠯᠵᠢᠯᠡᠨ ᠠᠬᠢᠭᠤᠯᠪᠠ᠃ ᠡᠨᠡ ᠵᠢᠯ ᠠᠴᠠ ᠨᠠᠭᠠᠰᠢ᠂ ᠡᠯ᠎ᠡ ᠲᠥᠷᠥᠯ ᠤᠨ ᠡᠷᠡᠭᠦᠤ ᠶᠢᠨ ᠬᠡᠷᠡᠭ ᠢ ᠨᠡᠶᠢᠲᠡ 53 ᠪᠠᠶᠢᠭᠤᠯᠵᠤ᠂ 41 ᠡᠷᠡᠭᠦᠤ ᠶᠢᠨ ᠬᠡᠷᠡᠭ ᠢ | ᠢᠯᠡᠷᠡᠭᠦᠯᠵᠦ᠂ ᠬᠡᠷᠡᠭ ᠢᠯᠡᠷᠡᠭᠦᠯᠦᠭᠰᠡᠨ ᠨᠣᠷᠮ᠎ᠠ ᠨᠢ 67.9% ᠪᠠᠶᠢᠵᠤ᠂ ᠠᠳᠠᠯᠢ ᠬᠤᠭᠤᠴᠠᠭᠠᠨ ᠤ ᠬᠢ ᠠᠴᠠ 17.9% ᠪᠠᠷ ᠳᠡᠭᠡᠭᠰᠢᠯᠡᠵᠦ᠂ 106 ᠶᠠᠯ᠎ᠠ ᠬᠢᠭᠰᠡᠨ | ᠰᠡᠵᠢᠭᠳᠡᠨ ᠢ ᠪᠠᠷᠢᠪᠴᠢᠯᠠᠪᠠ᠃ 151 ᠠᠮᠤᠷ ᠢ ᠬᠠᠮᠠᠭᠠᠯᠠᠬᠤ ᠬᠡᠷᠡᠭ ᠢ ᠬᠦᠯᠢᠶᠡᠨ ᠠᠪᠴᠤ ᠰᠢᠢᠳᠪᠦᠷᠢᠯᠡᠨ ᠳᠠᠭᠤᠰᠬᠠᠵᠤ᠂ ᠠᠳᠠᠯᠢ ᠬᠤᠭᠤᠴᠠᠭᠠᠨ ᠤ ᠬᠢ ᠠᠴᠠ | 25% ᠪᠠᠷ ᠪᠠᠭᠤᠷᠠᠵᠤ᠂ ᠬᠠᠤᠯᠢ ᠶᠢ ᠵᠥᠷᠢᠴᠡᠭᠰᠡᠨ 90 ᠬᠥᠮᠦᠨ᠂ 8 ᠠᠵᠤ ᠠᠬᠤᠶᠢᠯᠠᠯ ᠢ ᠪᠠᠶᠢᠴᠠᠭᠠᠨ ᠰᠢᠢᠳᠪᠦᠷᠢᠯᠡᠪᠡ᠃ | ᠦᠦᠰᠢᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠬᠢᠨ ᠨᠠᠮ ᠤᠨ ᠪᠠᠶᠢᠭᠤᠯᠤᠯᠲᠠ ᠶᠢᠨ ᠨᠠᠷᠠᠲᠤ ᠲᠥᠷᠥᠯ ᠲᠡᠮᠳᠡᠭᠲᠦ ᠶᠢᠨ ᠲᠤᠰᠠᠯᠠᠬᠤ | ᠦᠢᠯᠡᠳᠦᠯ ᠢ ᠬᠠᠮᠤᠭ ᠤᠨ ᠶᠡᠭᠡ ᠬᠡᠮᠵᠢᠶ᠎ᠡ ᠪᠠᠷ ᠪᠠᠳᠠᠷᠠᠭᠤᠯᠵᠤ᠂ ᠨᠠᠷᠠᠲᠤ ᠲᠥᠷᠥᠯ ᠲᠡᠮᠳᠡᠭᠲᠦ ᠪᠠᠷ ᠨᠠᠮ ᠤᠨ ᠪᠠᠶᠢᠭᠤᠯᠤᠯᠲᠠ ᠶᠢ ᠠᠬᠢᠭᠤᠯᠵᠤ᠂ ᠨᠠᠮ ᠤᠨ | ᠪᠠᠶᠢᠭᠤᠯᠤᠯᠲᠠ ᠪᠠᠷ ᠲᠤᠬᠠᠶᠢᠯᠠᠭᠰᠠᠨ ᠠᠵᠢᠯ ᠢ ᠠᠬᠢᠭᠤᠯᠵᠤ᠂ ᠨᠠᠷᠠᠲᠤ ᠲᠥᠷᠥᠯ ᠲᠡᠮᠳᠡᠭᠲᠦ ᠶᠢᠨ ᠪᠠᠶᠢᠭᠤᠯᠤᠯᠲᠠ ᠶᠢᠨ ᠦᠷ᠎ᠡ ᠪᠦᠳᠦᠮᠵᠢ ᠪᠠᠷ ᠳᠣᠲᠣᠭᠠᠳᠤ ᠶᠢ | ᠬᠠᠮᠠᠭᠠᠯᠠᠬᠤ ᠠᠵᠢᠯ ᠪᠠ ᠡᠩᠨᠡᠭᠡ ᠶᠢᠨ ᠪᠠᠶᠢᠭᠤᠯᠤᠯᠲᠠ ᠶᠢᠨ ᠰᠢᠨ᠎ᠡ ᠶᠢ ᠡᠭᠦᠳᠬᠦ ᠬᠥᠭᠵᠢᠯᠲᠡ ᠶᠢ ᠠᠬᠢᠭᠤᠯᠵᠤ ᠪᠠᠶᠢᠨ᠎ᠠ᠃ ︵ᠡᠬᠡ ᠪᠢᠴᠢᠭ ᠬᠠᠩᠭᠠᠬᠤ᠄ ᠦᠦᠰᠢᠨ | ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠳ᠋ᠤᠸᠠᠨ ᠰᠢᠶᠤᠤ ᠯᠢᠩ ᠰᠠᠴᠤᠷᠠᠯ︶ | |