ᠪᠦᠬᠦ ᠣᠷᠣᠨ ᠤ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ ᠶᠢᠨ ᠪᠣᠯᠪᠠᠰᠤᠷᠠᠯ ᠤᠨ ᠠᠩᠭᠢ ᠳᠤᠮᠳᠠᠳᠤ ᠤᠯᠤᠰ ᠤᠨ ᠠᠷᠠᠳ ᠤᠨ ᠳᠣᠲᠣᠭᠠᠳᠤ ᠶᠢ ᠬᠠᠮᠠᠭᠠᠯᠠᠬᠤ ᠶᠡᠭᠡ ᠰᠤᠷᠭᠠᠭᠤᠯᠢ ᠳᠤ ᠬᠢᠴᠢᠶᠡᠯ ᠡᠬᠢᠯᠡᠭᠦᠯᠪᠡ
ᠨᠡᠶᠢᠲᠡᠯᠡᠭᠰᠡᠨ ᠴᠠᠭ᠄
2023/5/17
      ᠪᠥᠬᠦ ᠣᠷᠣᠨ ᠤ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ ᠶᠢᠨ ᠤᠯᠤᠰ ᠲᠥᠷᠥ ᠶᠢᠨ ᠬᠡᠪ ᠴᠢᠨᠠᠷ ᠪᠠ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠥᠯᠥᠭᠡ᠂ ᠭᠤᠤᠯ ᠰᠡᠳᠦᠪᠲᠦ ᠬᠥᠮᠦᠵᠢᠯ ᠤᠨ ᠨᠢᠭᠡᠳᠦᠯᠲᠡᠶ ᠲᠣᠬᠢᠷᠠᠭᠤᠯᠤᠯᠲᠠ ᠵᠢᠴᠢ ᠲᠥᠪ ᠤᠨ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠪᠠ ᠳᠣᠲᠣᠭᠠᠳᠤ ᠶᠢ ᠬᠠᠮᠠᠭᠠᠯᠠᠬᠤ ᠶᠠᠮᠤᠨ ᠤ ᠨᠠᠮ ᠤᠨ ᠬᠤᠷᠢᠶ᠎ᠠ ᠶᠢᠨ ᠬᠤᠯᠪᠣᠭᠳᠠᠯ ᠪᠥᠬᠦᠶ ᠱᠠᠭᠠᠷᠳᠠᠯᠭ᠎ᠠ ᠶᠣᠰᠣᠭᠠᠷ᠂ ᠶᠠᠭ ᠥᠷᠨᠢᠭᠦᠯᠵᠦ ᠪᠠᠶᠢᠭ᠎ᠠ ︽ᠨᠠᠮ ᠤᠨ ᠪᠠᠶᠢᠭᠤᠯᠤᠯᠲᠠ ᠶᠢ ᠠᠳᠬᠤᠬᠤ᠂ ᠰᠤᠷᠲᠠᠯ ᠢ ᠴᠡᠭᠴᠡᠯᠡᠬᠦ᠂ ᠬᠡᠪ ᠴᠢᠨᠠᠷ ᠢ ᠴᠢᠩᠭᠠᠳᠬᠠᠬᠤ᠂ ᠳᠦᠷᠢ ᠲᠥᠷᠬᠦ ᠶᠢ ᠪᠣᠶ ᠪᠣᠯᠭᠠᠬᠤ︾ ᠲᠤᠰᠬᠠᠶ ᠠᠵᠢᠯᠯᠠᠭ᠎ᠠ ᠲᠠᠢ ᠤᠶᠠᠯᠳᠤᠭᠤᠯᠤᠨ᠂ 5 ᠰᠠᠷ᠎ᠠ ᠶᠢᠨ 11 ᠤ ᠡᠳᠦᠷ᠂ ᠪᠥᠬᠦ ᠣᠷᠣᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠳᠠᠷᠤᠭ᠎ᠠ ᠶᠢᠨ ᠪᠣᠯᠪᠠᠰᠤᠷᠠᠯ ᠤᠨ ᠠᠩᠭᠢ ᠳᠤᠮᠳᠠᠳᠤ ᠤᠯᠤᠰ ᠤᠨ ᠠᠷᠠᠳ ᠤᠨ ᠳᠣᠲᠣᠭᠠᠳᠤ ᠶᠢ ᠬᠠᠮᠠᠭᠠᠯᠠᠬᠤ ᠶᠡᠭᠡ ᠰᠤᠷᠭᠠᠭᠤᠯᠢ ᠳᠤ ᠬᠢᠴᠢᠶᠡᠯ ᠡᠬᠢᠯᠡᠪᠡ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ᠂ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠨᠠᠮ ᠤᠨ ᠬᠤᠷᠢᠶ᠎ᠠ ᠶᠢᠨ ᠱᠦᠵᠢ᠂ ᠲᠢᠩᠬᠢᠮ ᠤᠨ ᠳᠠᠷᠤᠭ᠎ᠠ ᠵᠧᠩ ᠭᠤᠸᠠᠩ ᠵᠣᠤ ᠠᠩᠭᠢ ᠡᠬᠢᠯᠡᠬᠦ ᠶᠣᠰᠣᠯᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠳᠤᠮᠳᠠᠳᠤ ᠤᠯᠤᠰ ᠤᠨ ᠠᠷᠠᠳ ᠤᠨ ᠳᠣᠲᠣᠭᠠᠳᠤ ᠶᠢ ᠬᠠᠮᠠᠭᠠᠯᠠᠬᠤ ᠶᠡᠭᠡ ᠰᠤᠷᠭᠠᠭᠤᠯᠢ ᠶᠢᠨ ᠨᠠᠮ ᠤᠨ ᠬᠤᠷᠢᠶᠠᠨ ᠤ ᠱᠦᠵᠢ ᠽᠧᠩ ᠬᠠᠢ ᠶᠠᠨ ᠦᠭᠡ ᠬᠡᠯᠡᠵᠦ᠂ ᠳᠤᠮᠳᠠᠳᠤ ᠤᠯᠤᠰ ᠤᠨ ᠠᠷᠠᠳ ᠤᠨ ᠳᠣᠲᠣᠭᠠᠳᠤ ᠶᠢ ᠬᠠᠮᠠᠭᠠᠯᠠᠬᠤ ᠶᠡᠭᠡ ᠰᠤᠷᠭᠠᠭᠤᠯᠢ ᠶᠢᠨ ᠨᠠᠮ ᠤᠨ ᠬᠤᠷᠢᠶᠠᠨ ᠤ ᠭᠡᠰᠢᠭᠦᠨ᠂ ᠳᠡᠳ᠋ ᠵᠠᠬᠢᠷᠤᠯ ᠯᠢ ᠺᠧ ᠮᠧᠢ ᠠᠩᠬᠢ ᠡᠬᠢᠯᠡᠬᠦ ᠶᠣᠰᠣᠯᠠᠯ ᠳᠤ ᠣᠷᠣᠯᠴᠠᠪᠠ᠃ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠨᠠᠮ ᠤᠨ ᠬᠤᠷᠢᠶ᠎ᠠ ᠶᠢᠨ ᠭᠡᠰᠢᠭᠦᠨ᠂ ᠤᠯᠤᠰ ᠲᠥᠷᠥ ᠶᠢᠨ ᠬᠡᠯᠲᠡᠰ ᠤᠨ ᠡᠷᠬᠢᠯᠡᠭᠴᠢ ᠸᠠᠩ ᠪᠢᠨ ᠠᠩᠭᠢ ᠡᠬᠢᠯᠡᠬᠦ ᠶᠣᠰᠣᠯᠠᠯ ᠢ ᠡᠷᠭᠢᠯᠡᠪᠡ᠃ ᠪᠥᠬᠦ ᠣᠷᠣᠨ ᠤ 74 ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ ᠠᠩᠭᠢ ᠡᠬᠢᠯᠡᠬᠦ ᠶᠣᠰᠣᠯᠠᠯ ᠳᠤ ᠣᠷᠣᠯᠴᠠᠭᠰᠠᠨ ᠪᠥᠭᠡᠳ ᠰᠤᠷᠤᠯᠴᠠᠯᠭ᠎ᠠ ᠪᠣᠯᠪᠠᠰᠤᠷᠠᠯ ᠳᠤ ᠣᠷᠣᠯᠴᠠᠵᠠᠶ᠃
图片2.png
     ᠽᠧᠩ ᠬᠠᠢ ᠶᠠᠨ᠂ ᠤᠢᠢᠷ᠎ᠠ ᠶᠢᠨ ᠵᠢᠯ ᠠᠴᠠ᠂ ᠳᠣᠲᠣᠭᠠᠳᠤ ᠶᠢ ᠬᠠᠮᠠᠭᠠᠯᠠᠬᠤ ᠶᠠᠮᠤᠨ ᠤ ᠨᠠᠮ ᠤᠨ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠥᠪᠥᠷ ᠮᠣᠩᠭᠤᠯ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠥᠭᠡᠷᠡᠴᠢᠯᠡᠯᠲᠡ ᠪᠠᠷ ᠴᠠᠭᠳᠠᠭ᠎ᠠ ᠶᠢ ᠬᠦᠴᠦᠷᠬᠡᠭᠵᠢᠭᠦᠯᠬᠦ ᠵᠠᠮ ᠢᠶᠠᠷ ᠵᠠᠮᠨᠠᠬᠤ ᠶᠢ ᠪᠠᠷᠢᠮᠲᠠᠯᠠᠵᠤ᠂ ᠪᠣᠳᠠᠲᠤ ᠳᠠᠶᠢᠨ ᠤ ᠳᠤᠮᠳᠠ ᠰᠢᠨ᠎ᠡ ᠶᠢ ᠡᠭᠦᠳᠬᠦ ᠬᠥᠭᠵᠢᠯᠲᠡ ᠶᠢ ᠠᠬᠢᠭᠤᠯᠵᠤ᠂ ᠳᠣᠲᠣᠭᠠᠳᠤ ᠶᠢ ᠬᠠᠮᠠᠭᠠᠯᠠᠬᠤ ᠠᠵᠢᠯ ᠤᠨ ᠣᠳᠣᠬᠢᠴᠢᠯᠠᠯᠲᠠ ᠶᠢᠨ ᠪᠦᠳᠦᠬᠡᠨ ᠪᠠᠶᠢᠭᠤᠯᠤᠯᠲᠠ ᠶᠢᠨ ᠲᠠᠯ᠎ᠠ ᠪᠠᠷ ᠯᠠᠪᠳᠠᠭᠤᠨ ᠪᠠᠲᠤᠲᠠᠢ ᠠᠯᠬᠤᠮ ᠢ ᠠᠯᠬᠤᠵᠠᠢ᠃ ᠢᠯᠠᠩᠭᠤᠶ᠎ᠠ ᠰᠤᠷᠭᠠᠭᠤᠯᠢ ᠲᠢᠩᠬᠢᠮ ᠤᠨ ᠪᠠᠶᠢᠯᠳᠤᠬᠤ ᠪᠤᠳᠤᠯᠭ᠎ᠠ ᠶᠢᠨ ᠬᠠᠮᠲᠤᠷᠠᠯᠴᠠᠭᠠᠨ ᠤ ᠵᠥᠪᠯᠡᠯᠴᠡᠭᠡᠷ ᠲᠤ ᠭᠠᠷ ᠤᠨ ᠦᠰᠦᠭ ᠵᠢᠷᠤᠭᠰᠠᠨ ᠠᠴᠠ ᠨᠠᠭᠠᠰᠢ᠂ ᠬᠤᠶᠠᠷ ᠲᠠᠯ᠎ᠠ ᠪᠠᠷ ᠢᠶᠠᠨ ᠳᠣᠲᠣᠭᠠᠳᠤ ᠶᠢ ᠬᠠᠮᠠᠭᠠᠯᠠᠬᠤ ᠴᠢᠳᠠᠪᠤᠷᠢᠲᠠᠨ ᠢ ᠬᠥᠮᠦᠵᠢᠭᠦᠯᠬᠦ᠂ ᠠᠵᠢᠯ ᠤᠨ ᠪᠠᠶᠢᠷᠢ ᠶᠢᠨ ᠪᠣᠯᠪᠠᠰᠤᠷᠠᠯ᠂ ᠰᠢᠨᠵᠢᠯᠡᠬᠦ ᠤᠬᠠᠭᠠᠨ ᠤ ᠰᠤᠳᠤᠯᠭᠠᠨ᠂ ᠨᠠᠮ ᠤᠨ ᠪᠠᠶᠢᠭᠤᠯᠤᠯᠲᠠ ᠵᠡᠷᠭᠡ ᠲᠠᠯ᠎ᠠ ᠪᠠᠷ ᠪᠦᠬᠦ ᠲᠠᠯ᠎ᠠ ᠶᠢᠨ ᠬᠠᠮᠲᠤᠷᠠᠯᠴᠠᠭ᠎ᠠ ᠥᠷᠨᠢᠭᠦᠯᠵᠦ᠂ ᠰᠤᠷᠭᠠᠭᠤᠯᠢ ᠲᠢᠩᠬᠢᠮ ᠬᠠᠮᠲᠤᠪᠠᠷ ᠪᠠᠶᠢᠭᠤᠯᠬᠤ᠂ ᠡᠬᠢ ᠪᠠᠶᠠᠯᠢᠭ ᠢ ᠬᠠᠮᠲᠤᠪᠠᠷ ᠡᠳ᠋ᠯᠡᠬᠦ᠂ ᠴᠢᠳᠠᠪᠤᠷᠢᠲᠠᠨ ᠢ ᠬᠠᠮᠲᠤᠪᠠᠷ ᠬᠥᠮᠦᠵᠢᠭᠦᠯᠬᠦ ᠬᠠᠮᠲᠤᠷᠠᠯᠴᠠᠭᠠᠨ ᠤ ᠪᠠᠶᠢᠳᠠᠯ ᠢ ᠪᠤᠢ ᠪᠣᠯᠭᠠᠪᠠ᠃ ᠲᠣᠰ ᠤᠳᠠᠭᠠᠨ ᠤ ᠪᠣᠯᠪᠠᠰᠤᠷᠠᠯ ᠳᠤ ᠳᠣᠲᠣᠭᠠᠳᠤ ᠶᠢ ᠬᠠᠮᠠᠭᠠᠯᠠᠬᠤ ᠶᠡᠭᠡ ᠰᠤᠷᠭᠠᠭᠤᠯᠢ ᠶᠢᠨ ᠰᠢᠨᠵᠢᠯᠡᠬᠦ ᠤᠬᠠᠭᠠᠨᠴᠢ ᠪᠠᠷ ᠬᠢᠴᠢᠶᠡᠯ ᠲᠥᠯᠥᠪᠯᠡᠵᠦ᠂ ᠪᠠᠭᠰᠢ ᠶᠢᠨ ᠡᠩᠨᠡᠭᠡ ᠶᠢ ᠵᠦᠶ ᠵᠣᠬᠢᠰᠲᠠᠶ ᠳᠣᠭᠢᠷᠠᠭᠤᠯᠤᠨ᠂ ᠪᠡᠭᠡᠵᠢᠩ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠲᠠᠢ ᠦᠢᠯᠡᠳᠦᠯᠭᠡ ᠶᠢᠨ ᠵᠢᠭᠠᠨ ᠰᠤᠷᠭᠠᠯᠲᠠ ᠶᠢᠨ ᠴᠡᠭ ᠢ ᠨᠠᠷᠢᠨ ᠨᠢᠮᠪᠠᠶ ᠰᠣᠩᠭᠤᠨ ᠲᠣᠭᠲᠠᠭᠠᠵᠤ᠂ ᠰᠤᠷᠤᠯᠴᠠᠯᠭ᠎ᠠ ᠪᠣᠯᠪᠠᠰᠤᠷᠠᠯ ᠤᠨ ᠬᠠᠨᠳᠤᠯᠭᠠᠲᠤ ᠴᠢᠨᠠᠷ ᠪᠠ ᠪᠣᠳᠠᠲᠤ ᠪᠦᠲᠦᠮᠵᠢᠲᠦ ᠴᠢᠨᠠᠷ ᠢ ᠨᠡᠮᠡᠭᠳᠡᠭᠦᠯᠦᠨ᠂ ᠡᠯ᠎ᠡ ᠰᠤᠷᠤᠭᠴᠢᠳ ᠤᠨ ᠰᠤᠷᠤᠯᠴᠠᠪᠠᠯ ᠣᠯᠤᠯᠲᠠ ᠲᠠᠢ᠂ ᠰᠤᠷᠤᠯᠴᠠᠪᠠᠯ ᠠᠮᠵᠢᠯᠲᠠ ᠲᠠᠢ ᠪᠠᠶᠢᠬᠤ ᠶᠢ ᠪᠥᠬᠦ ᠬᠦᠴᠦᠨ ᠢᠶᠠᠷ ᠢᠶᠠᠨ ᠪᠠᠲᠤᠯᠠᠪᠠ᠃
图片3.png
     ᠵᠧᠩ ᠭᠤᠸᠠᠩ ᠵᠣᠣ᠂ ᠡᠨᠡ ᠵᠢᠯ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠴᠢᠬᠤᠯᠠ ᠨᠢᠭᠡ ᠵᠢᠯ ᠪᠣᠯᠤᠨ᠎ᠠ᠂ ᠡᠨᠡ ᠬᠦ ᠲᠠᠰᠢᠷᠠᠮ ᠢᠶᠠᠷ ᠪᠦᠬᠦ ᠣᠷᠣᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠳᠠᠷᠤᠭ᠎ᠠ ᠶᠢᠨ ᠪᠣᠯᠪᠠᠰᠤᠷᠠᠯ ᠤᠨ ᠠᠩᠬᠢ ᠶᠢ ᠡᠷᠬᠢᠯᠡᠬᠦ ᠨᠢ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ ᠡᠨᠡ ᠤᠳᠠᠭ᠎ᠠ ᠶᠢᠨ ᠪᠣᠯᠪᠠᠰᠤᠷᠠᠯ ᠪᠣᠯ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ᠂ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠪᠣᠯᠤᠨ ᠶᠡᠷᠦᠩᠬᠡᠢ ᠱᠦᠵᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠣᠲᠣᠭᠠᠳᠤ ᠶᠢ ᠬᠠᠮᠠᠭᠠᠯᠠᠬᠤ ᠠᠵᠢᠯ ᠤᠨ ᠲᠤᠬᠠᠢ ᠴᠢᠬᠤᠯᠠ ᠥᠭᠦᠯᠡᠯᠲᠡ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠭᠤᠣᠯ ᠰᠡᠳᠦᠪᠲᠦ ᠬᠥᠮᠦᠵᠢᠯ ᠢ ᠭᠦᠨᠵᠡᠭᠡᠢ ᠥᠷᠨᠢᠭᠦᠯᠵᠦ᠂ ᠲᠤᠰ ᠪᠡᠶ᠎ᠡ ᠶᠢᠨ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠦ ᠶᠢᠨ ᠣᠶᠢᠯᠭᠠᠬᠤ ᠴᠢᠳᠠᠪᠤᠷᠢ᠂ ᠤᠯᠤᠰ ᠲᠦᠷᠦ ᠶᠢᠨ ᠬᠡᠷᠡᠭᠵᠢᠭᠦᠯᠬᠦ ᠴᠢᠳᠠᠪᠤᠷᠢ ᠪᠠᠨ ᠳᠡᠭᠡᠭᠰᠢᠯᠡᠭᠦᠯᠬᠦ ᠶᠢᠨ ᠲᠤᠯᠭᠠᠮ᠎ᠠ ᠱᠠᠭᠠᠷᠳᠠᠯᠭ᠎ᠠ ᠪᠣᠯᠤᠨ᠎ᠠ ᠭᠡᠳᠡᠭ ᠢ ᠪᠦᠬᠦ ᠰᠤᠷᠤᠭᠴᠢᠳ ᠭᠦᠨᠵᠡᠭᠡᠢ ᠲᠠᠨᠢᠬᠤ ᠬᠡᠷᠡᠭᠲᠡᠢ︔ ᠲᠥᠪ ᠤᠨ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ᠂ ᠳᠣᠲᠣᠭᠠᠳᠤ ᠶᠢ ᠬᠠᠮᠠᠭᠠᠯᠠᠬᠤ ᠶᠠᠮᠤᠨ ᠤ ᠨᠠᠮ ᠤᠨ ᠬᠤᠷᠢᠶ᠎ᠠ ᠶᠢᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠭᠦᠨᠵᠡᠭᠡᠶ ᠲᠤᠭᠤᠰᠢᠯᠠᠭᠤᠯᠵᠤ᠂ ︽ᠳᠥᠷᠪᠡᠨ ᠲᠡᠮᠦᠷ ᠮᠡᠲᠦ︾ ︽ᠲᠠᠪᠤᠨ ᠲᠡᠷᠢᠭᠦᠨ ᠳᠡᠰ︾ ᠤᠨ ᠥᠪᠥᠷ ᠮᠣᠩᠭᠤᠯ ᠤᠨ ᠳᠣᠲᠣᠭᠠᠳᠤ ᠶᠢ ᠬᠠᠮᠠᠭᠠᠯᠠᠬᠤ ᠲᠡᠮᠦᠷ ᠵᠠᠮ ᠤᠨ ᠴᠡᠷᠢᠭ ᠢ ᠬᠦᠴᠦᠯᠡᠨ ᠪᠣᠶ ᠪᠣᠯᠭᠠᠬᠤ ᠶᠢᠨ ᠲᠤᠯᠭᠠᠮ᠎ᠠ ᠱᠠᠭᠠᠷᠳᠠᠯᠭ᠎ᠠ ᠮᠥᠨ︔ ︽ᠲᠠᠪᠤᠨ ᠶᠡᠭᠡ ᠡᠭᠦᠷᠭᠡ︾ ᠶᠢ ᠨᠠᠶᠢᠳᠠᠪᠤᠷᠢᠵᠢᠭᠤᠯᠬᠤ ᠪᠠ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠥᠲᠥᠭᠡᠨ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ ᠴᠢᠨᠠᠷ ᠰᠠᠶᠢᠲᠠᠶ ᠬᠥᠭᠵᠢᠯᠲᠡ ᠶᠢ ᠪᠠᠲᠤᠯᠠᠬᠤ ᠤᠯᠤᠰ ᠲᠥᠷᠥ ᠶᠢᠨ ᠡᠭᠦᠷᠭᠡ ᠶᠢ ᠡᠷᠡᠰ ᠪᠠᠲᠤ ᠡᠭᠦᠷᠭᠡᠯᠡᠬᠦ ᠶᠢᠨ ᠲᠤᠯᠭᠠᠮ᠎ᠠ ᠱᠠᠭᠠᠷᠳᠠᠯᠭ᠎ᠠ ᠮᠥᠨ᠃ ᠪᠦᠬᠦ ᠰᠤᠷᠤᠭᠴᠢᠳ ᠣᠯᠳᠠᠬᠤᠶ᠎ᠠ ᠪᠡᠷᠬᠡ ᠰᠤᠷᠤᠯᠴᠠᠬᠤ ᠵᠠᠪᠰᠢᠶᠠᠨ ᠢᠶᠠᠨ ᠨᠠᠨᠳᠢᠩᠨᠠᠵᠤ᠂ ᠰᠢᠨ᠎ᠡ ᠮᠡᠳᠡᠯᠭᠡ ᠶᠢ ᠴᠢᠷᠮᠠᠶᠢᠨ ᠰᠤᠷᠤᠯᠴᠠᠵᠤ᠂ ᠰᠢᠨ᠎ᠡ ᠴᠢᠳᠠᠪᠤᠷᠢ ᠪᠠᠨ ᠳᠡᠭᠡᠭᠰᠢᠯᠡᠭᠦᠯᠵᠦ᠂ ᠡᠯ᠎ᠡ ᠵᠦᠢᠯ ᠤᠨ ᠡᠭᠦᠷᠭᠡ ᠪᠠᠨ ᠨᠡᠩ ᠰᠠᠶᠢᠲᠤᠷ ᠪᠡᠶᠡᠯᠡᠭᠦᠯᠬᠦ ᠶᠢᠨ ᠲᠥᠯᠥᠭᠡ ︽ᠴᠠᠬᠢᠯᠭᠠᠨ ᠴᠡᠨᠡᠭᠯᠡᠵᠦ ᠡᠨᠧᠷᠭᠢ ᠬᠠᠳᠠᠭᠠᠯᠠᠬᠤ︾ ᠬᠡᠷᠡᠭᠲᠡᠢ ᠱᠠᠭᠠᠷᠳᠠᠪᠠ᠃     ᠵᠧᠩ ᠭᠤᠸᠠᠩ ᠵᠣᠣ᠂ ᠡᠯ᠎ᠡ ᠱᠠᠲᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ ᠢᠯᠠᠩᠭᠤᠶ᠎ᠠ ᠬᠤᠰᠢᠭᠤ ᠰᠢᠶᠠᠨ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠳᠠᠷᠤᠭ᠎ᠠ ᠪᠣᠯ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠨᠠᠮ ᠤᠨ ᠬᠤᠷᠢᠶ᠎ᠠ ᠪᠣᠯᠤᠨ ᠦᠨᠳᠦᠰᠦᠨ ᠱᠠᠲᠤᠨ ᠤ ᠡᠮᠦᠨ᠎ᠡ ᠹᠷᠣᠨᠲ ᠤᠨ ᠤᠷᠢᠳᠤᠬᠢ ᠶᠢ ᠵᠠᠯᠭᠠᠮᠵᠢᠯᠠᠨ ᠬᠤᠶᠢᠰᠢᠬᠢ ᠳᠤ ᠵᠠᠮ ᠨᠡᠭᠡᠭᠡᠬᠦ ᠬᠥᠭᠦᠷᠭᠡ ᠮᠥᠨ᠂ ᠪᠦᠬᠦ ᠣᠷᠣᠨ ᠤ ᠳᠣᠲᠣᠭᠠᠳᠤ ᠶᠢ ᠬᠠᠮᠠᠭᠠᠯᠠᠬᠤ ᠠᠵᠢᠯ ᠤᠨ ᠤᠷᠢᠳᠤᠬᠢ ᠶᠢ ᠵᠠᠯᠭᠠᠮᠵᠢᠯᠠᠨ ᠬᠤᠶᠢᠰᠢᠬᠢ ᠳᠤ ᠵᠠᠮ ᠨᠡᠭᠡᠭᠡᠬᠦ ᠭᠤᠣᠯ ᠬᠦᠴᠦᠨ ᠮᠥᠨ᠂ ᠤᠯᠤᠰ ᠲᠦᠷᠦ ᠶᠢᠨ ᠪᠠᠶᠢᠭᠤᠯᠤᠯᠲᠠ ᠶᠢᠨ ᠴᠢᠳᠠᠪᠤᠷᠢ᠂ ᠤᠯᠤᠰ ᠲᠦᠷᠦ ᠶᠢᠨ ᠠᠮᠤᠷ ᠲᠦᠪᠰᠢᠨ ᠢ ᠬᠠᠮᠠᠭᠠᠯᠠᠬᠤ ᠴᠢᠳᠠᠪᠤᠷᠢ᠂ ᠨᠡᠶᠢᠭᠡᠮ ᠤᠨ ᠠᠮᠤᠷ ᠲᠣᠭᠲᠠᠭᠤᠨ ᠢ ᠬᠠᠮᠠᠭᠠᠯᠠᠬᠤ ᠴᠢᠳᠠᠪᠤᠷᠢ᠂ ᠠᠵᠤ ᠠᠬᠤᠢ ᠨᠡᠶᠢᠭᠡᠮ ᠤᠨ ᠬᠥᠭᠵᠢᠯᠲᠡ ᠳᠤ ᠦᠢᠯᠡᠴᠢᠯᠡᠵᠦ ᠪᠠᠲᠤᠯᠠᠬᠤ ᠴᠢᠳᠠᠪᠤᠷᠢ᠂ ᠤᠳᠤᠷᠢᠳᠬᠤ ᠪᠠᠭ ᠢ ᠠᠳᠬᠤᠵᠤ ᠡᠩᠨᠡᠭᠡ ᠶᠢ ᠳᠠᠭᠠᠭᠤᠯᠬᠤ ᠴᠢᠳᠠᠪᠤᠷᠢ ᠪᠠᠨ ᠦᠨᠡᠨ ᠬᠦ ᠳᠡᠭᠡᠭᠰᠢᠯᠡᠭᠦᠯᠬᠦ ᠬᠡᠷᠡᠭᠲᠡᠢ᠃ ᠰᠢᠨ᠎ᠡ ᠪᠠᠶᠢᠳᠠᠯ ᠰᠢᠨ᠎ᠡ ᠬᠤᠪᠢᠷᠠᠯᠲᠠ ᠳᠤ ᠢᠳᠡᠪᠬᠢᠲᠡᠶ ᠵᠣᠬᠢᠴᠠᠵᠤ᠂ ᠥᠪᠡᠷᠲᠡᠭᠡᠨ ᠵᠠᠰᠠᠬᠤ ᠣᠷᠣᠨ ᠤ ︽ᠬᠤᠶᠠᠷ ᠶᠡᠭᠡ ᠶᠠᠪᠤᠳᠠᠯ︾ ᠳᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠨ ᠬᠥᠭᠵᠢᠯᠲᠡ ᠶᠢ ᠡᠷᠢᠯᠬᠢᠯᠡᠵᠦ᠂ ᠨᠠᠶᠢᠳᠠᠪᠤᠷᠢᠵᠢᠭᠤᠯᠤᠯᠲᠠ ᠶᠢ ᠠᠳᠬᠤᠵᠤ᠂ ᠨᠠᠮ ᠤᠨ ᠲᠥᠪ ᠬᠤᠷᠢᠶ᠎ᠠ ᠶᠢᠨ ᠵᠣᠷᠢᠭ ᠰᠠᠨᠠᠭ᠎ᠠ ᠪᠠ ᠥᠪᠡᠷᠲᠡᠭᠡᠨ ᠵᠠᠰᠠᠬᠤ ᠣᠷᠣᠨ ᠤ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠶᠢ ᠣᠨᠣᠪᠴᠢᠲᠠᠶ ᠨᠡᠪᠲᠡᠷᠡᠲᠡᠯ᠎ᠡ ᠣᠶᠢᠯᠠᠭᠠᠵᠤ᠂ ᠭᠦᠨᠵᠡᠭᠡᠶ ᠪᠠᠶᠢᠴᠠᠭᠠᠨ ᠰᠤᠳᠤᠯᠤᠯᠲᠠ ᠬᠢᠭᠰᠡᠨ ᠰᠠᠭᠤᠷᠢᠨ ᠳᠡᠭᠡᠷ᠎ᠡ᠂ ᠲᠤᠬᠠᠶ ᠶᠢᠨ ᠭᠠᠵᠠᠷ ᠣᠷᠣᠨ ᠤ ᠪᠠᠶᠢᠳᠠᠯ ᠳᠤ ᠨᠢ ᠳᠣᠭᠢᠷᠠᠭᠤᠯᠤᠨ ᠳᠣᠲᠣᠭᠠᠳᠤ ᠶᠢ ᠬᠠᠮᠠᠭᠠᠯᠠᠬᠤ ᠠᠵᠢᠯ ᠤᠨ ᠣᠨᠴᠠᠯᠢᠭ᠂ ᠲᠤᠬᠠᠶ ᠶᠢᠨ ᠭᠠᠵᠠᠷ ᠤᠨ ᠪᠣᠳᠠᠲᠠᠶ ᠳᠤ ᠨᠡᠶᠢᠴᠡᠭᠰᠡᠨ ᠠᠵᠢᠯ ᠤᠨ ᠠᠷᠭ᠎ᠠ ᠬᠡᠮᠵᠢᠶ᠎ᠡ ᠶᠢ ᠰᠤᠳᠤᠯᠤᠨ ᠲᠣᠭᠲᠠᠭᠠᠵᠤ᠂ ᠥᠪᠡᠷᠲᠡᠭᠡᠨ ᠵᠠᠰᠠᠬᠤ ᠣᠷᠣᠨ ᠤ ᠴᠢᠨᠠᠷ ᠰᠠᠶᠢᠲᠠᠶ ᠬᠥᠭᠵᠢᠯᠲᠡ ᠶᠢ ᠪᠠᠲᠤᠯᠠᠬᠤ ᠳᠤ ᠪᠥᠬᠦ ᠬᠦᠴᠦᠨ ᠢᠶᠠᠷ ᠢᠶᠠᠨ ᠦᠢᠯᠡᠴᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃     ᠰᠤᠷᠤᠯᠭ᠎ᠠ ᠡᠬᠢᠯᠡᠬᠦ ᠶᠣᠰᠣᠯᠠᠯ ᠠᠴᠠ ᠡᠮᠦᠨ᠎ᠡ᠂ ᠵᠧᠩ ᠭᠤᠸᠠᠩ ᠵᠤᠤ ᠽᠧᠩ ᠬᠠᠢ ᠶᠠᠨ ᠲᠠᠢ ᠶᠠᠷᠢᠯᠴᠠᠵᠤ᠂ ᠬᠤᠶᠠᠷ ᠲᠠᠯ᠎ᠠ ᠪᠠᠷ ᠢᠶᠠᠨ ︽ᠰᠤᠷᠭᠠᠭᠤᠯᠢ ᠲᠢᠩᠬᠢᠮ ᠤᠨ ᠬᠠᠮᠲᠤᠷᠠᠯᠴᠠᠭ᠎ᠠ︾ ᠶᠢ ᠭᠦᠨᠵᠡᠭᠡᠢ ᠠᠬᠢᠭᠤᠯᠬᠤ ᠲᠤᠬᠠᠢ ᠰᠠᠨᠠᠯ ᠢᠶᠠᠨ ᠰᠣᠯᠢᠯᠴᠠᠬᠤ ᠶᠢᠨ ᠬᠠᠮᠲᠤ ᠦᠷᠭᠦᠯᠵᠢᠯᠡᠨ ᠤᠷᠢᠭᠳᠠᠭᠰᠠᠨ ᠳᠤᠮᠳᠠᠳᠤ ᠤᠯᠤᠰ ᠤᠨ ᠠᠷᠠᠳ ᠤᠨ ᠳᠣᠲᠣᠭᠠᠳᠤ ᠶᠢ ᠬᠠᠮᠠᠭᠠᠯᠠᠬᠤ ᠶᠡᠭᠡ ᠰᠤᠷᠭᠠᠭᠤᠯᠢ ᠶᠢᠨ ᠴᠧᠨ ᠭᠠᠩ᠂ ᠶᠢᠨ ᠭᠤᠤ ᠹᠧᠩ ᠵᠢᠴᠢ ᠰᠢᠨ᠎ᠡ ᠪᠠᠷ ᠤᠷᠢᠭᠳᠠᠭᠰᠠᠨ ᠵᠦ ᠰᠢᠤᠢ ᠳ᠋ᠦᠩ᠂ ᠯᠢ ᠢᠦᠢ ᠬᠤᠸᠠ ᠵᠡᠷᠭᠡ ᠲᠦᠷᠪᠡᠨ ᠫᠷᠤᠹᠧᠰᠰᠤᠷ ᠲᠤ ᠤᠷᠢᠯᠭ᠎ᠠ ᠶᠢᠨ ᠪᠢᠴᠢᠭ ᠭᠠᠷᠳᠠᠭᠤᠯᠵᠠᠢ᠃
ᠢᠷᠡᠯᠲᠡ᠄ ᠦᠪᠦᠷ ᠮᠤᠩᠭᠤᠯ ᠤᠨ ᠲᠤᠳᠤᠭᠠᠳᠦ ᠶᠢ ᠬᠠᠮᠠᠭᠠᠯᠠᠬᠤ ᠲᠢᠩᠬᠢᠮ
Baidu
map