ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠵᠧᠩ ᠭᠤᠸᠠᠩ ᠵᠤᠤ ᠤᠯᠠᠭᠠᠨᠴᠠᠪ ᠬᠤᠲᠠ ᠳᠤ ᠭᠦᠨᠵᠡᠭᠡᠶᠢᠷᠡᠨ ᠳᠣᠲᠣᠭᠠᠳᠤ ᠶᠢ ᠬᠠᠮᠠᠭᠠᠯᠠᠬᠤ ᠦᠨᠳᠦᠰᠦᠨ ᠱᠠᠲᠤᠨ ᠤ ᠰᠠᠭᠤᠷᠢ ᠠᠵᠢᠯ ᠢ ᠪᠠᠶᠢᠴᠠᠭᠠᠨ ᠰᠤᠳᠤᠯᠬᠤ ᠶᠢᠨ ᠬᠠᠮᠲᠤ ᠣᠶ ᠰᠢᠭᠤᠶ ᠶᠢᠨ ᠳᠠᠷᠤᠭ᠎ᠠ ᠶᠢᠨ ᠲᠦᠷᠢᠮ ᠤᠨ ᠲᠣᠭᠤᠷᠢᠨ ᠪᠠᠶᠢᠴᠠᠭᠠᠬᠤ ᠠᠵᠢᠯ ᠢ ᠥᠷᠨᠢᠭᠦᠯᠪᠡ
ᠨᠡᠶᠢᠲᠡᠯᠡᠭᠰᠡᠨ ᠴᠠᠭ᠄
2023/6/20
      6 ᠳ᠋ᠤᠭᠠᠷ ᠰᠠᠷ᠎ᠠ ᠶᠢᠨ 15 ᠤ ᠡᠳᠦᠷ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ᠂ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠨᠠᠮ ᠤᠨ ᠬᠤᠷᠢᠶ᠎ᠠ ᠶᠢᠨ ᠱᠦᠵᠢ᠂ ᠲᠢᠩᠬᠢᠮ ᠤᠨ ᠳᠠᠷᠤᠭ᠎ᠠ ᠵᠧᠩ ᠭᠤᠸᠠᠩ ᠵᠣᠣ ᠤᠯᠠᠭᠠᠨᠴᠠᠪ ᠬᠤᠲᠠ ᠶᠢᠨ ᠵᠢᠨᠢᠩ ᠲᠣᠭᠤᠷᠢᠭ ᠲᠤ ᠭᠦᠨᠵᠡᠭᠡᠶᠢᠷᠡᠨ᠂ ᠳᠣᠲᠣᠭᠠᠳᠤ ᠶᠢ ᠬᠠᠮᠠᠭᠠᠯᠠᠬᠤ ᠦᠨᠳᠦᠰᠦᠨ ᠱᠠᠲᠤᠨ ᠤ ᠰᠠᠭᠤᠷᠢ ᠠᠵᠢᠯ ᠢ ᠪᠠᠶᠢᠴᠠᠭᠠᠨ ᠰᠤᠳᠤᠯᠬᠤ ᠶᠢᠨ ᠬᠠᠮᠲᠤ ᠣᠶ ᠰᠢᠭᠤᠶ ᠶᠢᠨ ᠳᠠᠷᠤᠭ᠎ᠠ ᠶᠢᠨ ᠲᠦᠷᠢᠮ ᠤᠨ ᠲᠣᠭᠤᠷᠢᠨ ᠪᠠᠶᠢᠴᠠᠭᠠᠬᠤ ᠠᠵᠢᠯ ᠢ ᠥᠷᠨᠢᠭᠦᠯᠪᠡ᠃
1.jpg
     ᠵᠧᠩ ᠭᠤᠸᠠᠩ ᠵᠣᠣ ᠡᠩ ᠲᠡᠷᠢᠭᠦᠨ ᠳᠤ ᠵᠢᠨᠢᠩ ᠲᠣᠭᠤᠷᠢᠭ ᠤᠨ ᠪᠠᠢ ᠴᠢᠤᠸᠠᠨ ᠱᠠᠨ ᠠᠭᠤᠯᠠᠨ ᠤ ᠠᠮᠢ ᠠᠬᠤᠢ ᠶᠢᠨ ᠴᠡᠴᠡᠷᠯᠢᠭ ᠲᠤ ᠬᠦᠷᠴᠦ᠂ ᠤᠢ ᠰᠢᠭᠤᠢ ᠶᠢᠨ ᠳᠠᠷᠤᠭ᠎ᠠ ᠶᠢᠨ ᠳᠦᠷᠢᠮ ᠤᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠠᠭᠤᠯᠠᠨ ᠴᠣᠭᠴᠠ ᠶᠢᠨ ᠤᠷᠭᠤᠮᠠᠯ ᠤᠨ ᠬᠤᠴᠢᠯᠭ᠎ᠠ ᠶᠢᠨ ᠨᠣᠭᠤᠭᠠᠷᠠᠭᠤᠯᠤᠯᠲᠠ ᠶᠢᠨ ᠪᠠᠶᠢᠳᠠᠯ ᠢ ᠲᠤᠬᠠᠢ ᠶᠢᠨ ᠭᠠᠵᠠᠷ ᠲᠤ ᠨᠢ ᠪᠠᠶᠢᠴᠠᠭᠠᠨ ᠦᠵᠡᠵᠦ᠂ ᠤᠢ ᠮᠣᠳᠣᠨ ᠤ ᠲᠦᠷᠦᠯ ᠵᠦᠢᠯ᠂ ᠠᠮᠢ ᠠᠬᠤᠢ ᠶᠢᠨ ᠰᠡᠷᠭᠦᠭᠡᠯᠲᠡ᠂ ᠠᠵᠤ ᠠᠬᠤᠢ ᠶᠢᠨ ᠦᠷ᠎ᠡ ᠠᠰᠢᠭ ᠵᠡᠷᠭᠡ ᠪᠠᠶᠢᠳᠠᠯ ᠤᠨ ᠲᠤᠬᠠᠢ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠰᠠᠨᠠᠯ ᠢᠶᠠᠨ ᠰᠣᠯᠢᠯᠴᠠᠪᠠ᠃ ᠵᠧᠩ ᠭᠤᠸᠠᠩ ᠵᠣᠣ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ︾ ᠭᠡᠬᠦ ᠤᠢᠢᠯᠠᠭᠠᠭᠳᠠᠬᠤᠨ ᠢ ᠪᠠᠲᠤ ᠪᠤᠢ ᠪᠣᠯᠭᠠᠵᠤ᠂ ᠤᠢ ᠰᠢᠭᠤᠢ ᠶᠢᠨ ᠳᠠᠷᠤᠭ᠎ᠠ ᠶᠢᠨ ᠳᠦᠷᠢᠮ ᠢ ᠪᠣᠬᠢᠷᠲᠤᠯ ᠦᠭᠡᠢ ᠬᠥᠭᠵᠢᠯᠲᠡ ᠶᠢ ᠦᠷᠭᠦᠯᠵᠢᠯᠡᠨ ᠠᠬᠢᠭᠤᠯᠬᠤ ᠴᠢᠬᠤᠯᠠ ᠭᠠᠷᠳᠠᠴᠠ ᠪᠣᠯᠭᠠᠵᠤ᠂ ᠠᠭᠤᠯᠠ ᠤᠰᠤ ᠤᠢ ᠰᠢᠭᠤᠢ ᠲᠠᠷᠢᠶᠠᠨ ᠭᠠᠵᠠᠷ ᠨᠠᠭᠤᠷ ᠡᠪᠡᠰᠦ ᠡᠯᠡᠰᠦ ᠶᠢ ᠨᠢᠭᠡ ᠴᠤᠬᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ ᠵᠠᠰᠠᠬᠤ ᠶᠢ ᠪᠠᠷᠢᠮᠲᠠᠯᠠᠵᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠲᠣᠭᠲᠠᠴᠠ ᠠᠷᠭ᠎ᠠ ᠬᠡᠮᠵᠢᠶ᠎ᠡ ᠪᠠᠨ ᠲᠡᠭᠦᠯᠳᠡᠷᠵᠢᠭᠦᠯᠵᠦ᠂ ᠠᠵᠢᠯ ᠤᠨ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠵᠤ᠂ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠢ ᠡᠷᠡᠰ ᠰᠠᠬᠢᠬᠤ ᠬᠡᠷᠡᠭᠲᠡᠢ ᠭᠡᠵᠦ ᠴᠢᠬᠤᠯᠠᠴᠢᠯᠠᠪᠠ᠃
2.jpg
     ᠳᠠᠷᠠᠭ᠎ᠠ ᠳᠤ ᠨᠢ᠂ ᠵᠧᠩ ᠭᠤᠸᠠᠩ ᠵᠤᠤ ᠵᠢᠨᠢᠩ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠪᠠᠢ ᠬᠠᠢ ᠽᠢ ᠲᠣᠮᠢᠯᠠᠭᠰᠠᠨ ᠰᠠᠯᠪᠤᠷᠢ᠂ ᠤᠯᠠᠭᠠᠨᠴᠠᠪ ᠬᠤᠳᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠴᠢᠮᠡᠭᠡ ᠮᠡᠳᠡᠭᠡ ᠵᠢᠯᠣᠭᠤᠳᠬᠤ ᠲᠥᠪ ᠪᠣᠯᠤᠨ ᠮᠡᠬᠡᠯᠡᠯ ᠢ ᠡᠰᠡᠷᠭᠦᠴᠡᠬᠦ ᠲᠥᠪ ᠲᠤ ᠭᠦᠨᠵᠡᠭᠡᠶᠢᠷᠡᠨ ᠦᠨᠳᠦᠰᠦᠨ ᠱᠠᠲᠤᠨ ᠤ ᠰᠠᠭᠤᠷᠢ ᠠᠵᠢᠯ ᠤᠨ ᠲᠤᠬᠠᠢ ᠪᠠᠶᠢᠴᠠᠭᠠᠨ ᠰᠤᠳᠤᠯᠤᠯᠲᠠ ᠬᠢᠵᠡᠢ᠃ ᠲᠣᠮᠢᠯᠠᠭᠰᠠᠨ ᠰᠠᠯᠪᠤᠷᠢ ᠶᠢᠨ ᠬᠡᠷᠡᠭ ᠰᠢᠢᠳᠪᠦᠷᠢᠯᠡᠬᠦ ᠲᠣᠭᠤᠷᠢᠭ᠂ ᠠᠯᠪᠠᠯᠠᠬᠤ ᠲᠣᠭᠤᠷᠢᠭ ᠪᠠ ᠠᠷᠠᠳ ᠤᠨ ᠴᠠᠭᠳᠠᠭ᠎ᠠ ᠶᠢᠨ ᠠᠮᠢᠳᠤᠷᠠᠯ ᠤᠨ ᠲᠣᠭᠤᠷᠢᠭ ᠤᠨ ᠵᠥᠭᠡᠯᠡᠨ ᠬᠠᠲᠠᠭᠤ ᠲᠣᠨᠤᠭ ᠤᠨ ᠪᠥᠲᠥᠭᠡᠨ ᠪᠠᠶᠢᠭᠤᠯᠤᠯᠲᠠ ᠶᠢ ᠲᠤᠬᠠᠶ ᠶᠢᠨ ᠭᠠᠵᠠᠷ ᠲᠤ ᠨᠢ ᠪᠠᠶᠢᠴᠠᠭᠠᠨ ᠦᠵᠡᠵᠦ᠂ ᠡᠯ᠎ᠡ ᠲᠥᠷᠥᠯ ᠤᠨ ᠴᠠᠭᠳᠠᠭᠠᠨ ᠤ ᠲᠣᠨᠤᠭ ᠲᠥᠬᠦᠭᠡᠷᠦᠮᠵᠢ ᠶᠢᠨ ᠲᠣᠬᠢᠷᠠᠭᠤᠯᠤᠯᠲᠠ ᠶᠢᠨ ᠪᠠᠶᠢᠳᠠᠯ ᠢ ᠨᠠᠷᠢᠨ ᠠᠰᠠᠭᠤᠨ ᠯᠠᠪᠯᠠᠵᠠᠶ᠃ ᠵᠧᠩ ᠭᠤᠸᠠᠩ ᠵᠣᠣ᠂ ᠲᠣᠮᠢᠯᠠᠭᠰᠠᠨ ᠰᠠᠯᠪᠤᠷᠢ ᠪᠣᠯ ᠳᠣᠲᠣᠭᠠᠳᠤ ᠶᠢ ᠬᠠᠮᠠᠭᠠᠯᠠᠬᠤ ᠠᠵᠢᠯ ᠤᠨ ᠡᠮᠦᠨ᠎ᠡ ᠹᠷᠣᠨᠲ ᠤᠨ ᠵᠢᠭᠰᠠᠭᠠᠯ ᠤᠨ ᠭᠠᠵᠠᠷ ᠮᠥᠨ᠂ ᠪᠠᠰᠠ ᠴᠤ ᠤᠯᠠᠨ ᠲᠦᠮᠡᠨ ᠳᠤ ᠦᠢᠯᠡᠴᠢᠯᠡᠬᠦ ᠨᠢᠭᠡᠳᠦᠭᠡᠷ ᠴᠣᠩᠬᠤ ᠮᠥᠨ᠂ ᠰᠢᠨ᠎ᠡ ᠨᠢᠭᠡ ᠡᠭᠡᠯᠵᠢ ᠶᠢᠨ ᠲᠣᠮᠢᠯᠠᠭᠰᠠᠨ ᠰᠠᠯᠪᠤᠷᠢ ᠶᠢᠨ ᠠᠵᠢᠯ ᠢ ᠴᠢᠩᠭᠠᠳᠬᠠᠬᠤ ᠭᠤᠷᠪᠠᠨ ᠵᠢᠯ ᠤᠨ ᠠᠵᠢᠯᠯᠠᠭ᠎ᠠ ᠶᠢᠨ ᠲᠥᠯᠥᠪᠯᠡᠭᠡ ᠶᠢᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ᠂ ᠰᠠᠭᠤᠷᠢ ᠠᠵᠢᠯ᠂ ᠦᠨᠳᠦᠰᠦᠨ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠭᠤᠣᠯᠳᠠᠯᠭ᠎ᠠ ᠪᠠᠨ ᠳᠣᠷᠣᠭᠰᠢ ᠰᠢᠯᠵᠢᠭᠦᠯᠬᠦ᠂ ᠴᠠᠭᠳᠠᠭᠠᠨ ᠤ ᠬᠦᠴᠦᠨ ᠢᠶᠠᠨ ᠳᠣᠷᠣᠭᠰᠢ ᠪᠠᠭᠤᠯᠭᠠᠬᠤ᠂ ᠪᠠᠲᠤᠯᠠᠭ᠎ᠠ ᠪᠠᠨ ᠳᠣᠷᠣᠭᠰᠢ ᠬᠠᠨᠳᠤᠭᠤᠯᠬᠤ ᠶᠢ ᠦᠷᠭᠦᠯᠵᠢᠯᠡᠨ ᠠᠬᠢᠭᠤᠯᠵᠤ᠂ ᠳᠣᠲᠣᠭᠠᠳᠤ ᠶᠢ ᠬᠠᠮᠠᠭᠠᠯᠠᠬᠤ ᠠᠵᠢᠯ ᠤᠨ ︽ᠪᠠᠬᠢᠯᠡᠯᠲᠡ︾ ᠶᠢ ᠲᠠᠰᠤᠷᠠᠯᠲᠠ ᠦᠭᠡᠢ ᠪᠠᠲᠤᠳᠬᠠᠬᠤ ᠬᠡᠷᠡᠭᠲᠡᠢ ᠭᠡᠵᠦ ᠴᠢᠬᠤᠯᠠᠴᠢᠯᠠᠪᠠ᠃
ᠢᠷᠡᠯᠲᠡ᠄ ᠦᠪᠦᠷ ᠮᠤᠩᠭᠤᠯ ᠤᠨ ᠲᠤᠳᠤᠭᠠᠳᠦ  ᠶᠢ ᠬᠠᠮᠠᠭᠠᠯᠠᠬᠤ ᠲᠢᠩᠬᠢᠮ
Baidu
map