6 ᠳ᠋ᠤᠭᠠᠷ ᠰᠠᠷ᠎ᠠ ᠶᠢᠨ 11 ᠤ ᠣᠷᠣᠶ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠰᠢᠭᠤᠳ ᠬᠠᠷᠢᠶ᠎ᠠ | ᠪᠠᠶᠢᠭᠤᠯᠭ᠎ᠠ ᠶᠢᠨ ᠠᠵᠢᠯ ᠤᠨ ᠬᠤᠷᠢᠶ᠎ᠠ᠂ ᠥᠪᠥᠷ ᠮᠣᠩᠭᠤᠯ ᠤᠨ ᠪᠠᠩᠬᠢ᠂ ᠥᠪᠥᠷ ᠮᠣᠩᠭᠤᠯ ᠤᠨ ᠬᠥᠯ ᠪᠥᠮᠪᠦᠭᠡ ᠶᠢᠨ ᠨᠡᠶᠢᠭᠡᠮᠯᠢᠭ ᠤᠨ ᠬᠠᠮᠲᠤᠷᠠᠨ | ᠡᠷᠭᠢᠯᠡᠭᠰᠡᠨ ︽ᠬᠤᠷᠢᠳᠤᠭᠠᠷ ᠶᠡᠭᠡ ᠬᠤᠷᠠᠯ ᠢ ᠪᠠᠶᠠᠷᠯᠠᠨ ᠤᠭᠲᠤᠵᠤ ᠰᠢᠨ᠎ᠡ ᠠᠶᠠᠨ ᠳᠤ ᠡᠷᠡᠯᠬᠡᠭᠯᠡᠨ ᠤᠷᠤᠭᠰᠢᠯᠠᠬᠤ︾ ᠥᠪᠡᠷᠲᠡᠭᠡᠨ ᠵᠠᠰᠠᠬᠤ ᠣᠷᠣᠨ ᠤ ᠰᠢᠭᠤᠳ | ᠬᠠᠷᠢᠶ᠎ᠠ ᠪᠠᠶᠢᠭᠤᠯᠭ᠎ᠠ ᠶᠢᠨ ︽ᠪᠣᠬᠢᠷᠲᠤᠯ ᠥᠬᠡᠶ ᠨᠤᠲᠤᠭᠲᠤ ᠬᠤᠨᠳᠠᠭᠠᠲᠤ︾ ᠠᠵᠢᠯᠲᠠᠨ ᠠᠵᠢᠯᠴᠢᠨ ᠤ ᠬᠥᠯ ᠪᠥᠮᠪᠦᠭᠡ ᠶᠢᠨ ᠤᠷᠤᠯᠳᠤᠭᠠᠨ ᠲᠡᠭᠦᠰ | ᠠᠮᠵᠢᠯᠲᠠ ᠲᠠᠢ ᠲᠡᠭᠦᠰᠪᠡ᠃ ᠲᠣᠰ ᠬᠤᠭᠤᠴᠠᠭᠠᠨ ᠤ ᠤᠷᠤᠯᠳᠤᠭᠠᠨ ᠪᠣᠯ ᠠᠷᠪᠠᠨ ᠨᠢᠭᠡᠨ ᠬᠥᠮᠦᠨ ᠤ ᠳᠦᠷᠢᠮᠲᠦ ᠬᠥᠯ ᠪᠥᠮᠪᠦᠭᠡ ᠶᠢᠨ ᠤᠷᠤᠯᠳᠤᠭᠠᠨ ᠪᠣᠯᠤᠨ᠎ᠠ᠂ | ᠥᠪᠥᠷ ᠮᠣᠩᠭᠤᠯ ᠤᠨ ᠡᠯ᠎ᠡ ᠲᠢᠩᠬᠢᠮ ᠲᠣᠪᠴᠢᠶ᠎ᠠ ᠵᠦᠪᠯᠡᠯ ᠠᠯᠪᠠᠨ ᠬᠡᠷ ᠠᠴᠠ ᠠᠵᠢᠯᠲᠠᠨ ᠲᠣᠮᠢᠯᠠᠨ ᠳᠤᠭᠤᠶᠢᠯᠠᠩ ᠪᠠᠶᠢᠭᠤᠯᠤᠨ ᠣᠷᠣᠯᠴᠠᠵᠤ᠂ ᠨᠡᠶᠢᠲᠡ 26 | ᠤᠷᠤᠯᠳᠤᠭᠠᠨ ᠳᠤ ᠣᠷᠣᠯᠴᠠᠬᠤ ᠠᠩᠭᠢ᠂ ᠪᠠᠷᠤᠭ 600 ᠲᠠᠮᠢᠷᠴᠢᠨ ᠪᠠᠶᠢᠵᠤ᠂ ᠥᠪᠥᠷ ᠮᠣᠩᠭᠤᠯ ᠤᠨ ᠪᠠᠩᠬᠢ ᠠᠴᠠ ᠲᠤᠰᠬᠠᠶ ᠮᠡᠷᠭᠡᠵᠢᠯ ᠤᠨ ᠬᠢᠨᠠᠭᠴᠢ ᠶᠢᠨ | ᠪᠦᠯᠬᠦᠮ ᠢ ᠤᠷᠢᠵᠤ ᠲᠣᠰ ᠤᠳᠠᠭᠠᠨ ᠤ ᠤᠷᠤᠯᠳᠤᠭᠠᠨ ᠢ ᠭᠦᠢᠴᠡᠳᠬᠡᠭᠦᠯᠪᠡ᠃ 10 ᠭᠠᠷᠤᠢ ᠤᠳᠠᠭ᠎ᠠ ᠶᠢᠨ ᠰᠢᠷᠦᠭᠦᠨ ᠤᠷᠤᠯᠳᠤᠭᠠᠨ ᠢᠶᠠᠷ᠂ ᠥᠪᠥᠷ ᠮᠣᠩᠭᠤᠯ ᠤᠨ | ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠲᠥᠯᠥᠭᠡᠯᠡᠭᠴᠢᠳ ᠤᠨ ᠠᠩᠬᠢ ᠶᠢᠨ ᠬᠢᠨ ᠰᠢᠨᠲᠠᠷᠠᠰᠢ ᠦᠭᠡᠢ ᠵᠣᠷᠢᠭ ᠰᠥᠰᠥ ᠪᠣᠯᠤᠨ ᠳᠠᠪᠲᠠᠭᠳᠠᠨ ᠪᠣᠯᠪᠠᠰᠤᠷᠠᠭᠰᠠᠨ | ᠪᠦᠯᠬᠦᠮ ᠤᠨ ᠬᠠᠮᠵᠢᠯᠴᠠᠭ᠎ᠠ ᠪᠠᠷ ᠢᠶᠠᠨ ᠮᠠᠩᠯᠠᠶᠢᠯᠠᠵᠤ᠂ ᠥᠪᠥᠷ ᠮᠣᠩᠭᠤᠯ ᠤᠨ ᠳᠣᠲᠣᠭᠠᠳᠤ ᠶᠢ ᠬᠠᠮᠠᠭᠠᠯᠠᠬᠤ ᠠᠵᠢᠯ ᠤᠨ ᠴᠢᠯᠥᠭᠡᠨ ᠤ ᠬᠦᠯ ᠪᠥᠮᠪᠦᠭᠡ ᠶᠢᠨ | ᠬᠥᠳᠡᠯᠭᠡᠭᠡᠨ ᠤ ᠲᠦᠪᠰᠢᠨ ᠢ ᠰᠢᠨ᠎ᠡ ᠲᠦᠪᠰᠢᠨ ᠳᠤ ᠬᠦᠷᠭᠡᠵᠦ᠂ ᠥᠪᠥᠷ ᠮᠣᠩᠭᠤᠯ ᠤᠨ ᠳᠣᠲᠣᠭᠠᠳᠤ ᠶᠢ ᠬᠠᠮᠠᠭᠠᠯᠠᠬᠤ ᠲᠡᠮᠤᠷ ᠴᠡᠷᠢᠭ ᠤᠨ ᠰᠢᠯᠭᠠᠷᠠᠭᠰᠠᠨ ᠶᠡᠷᠦᠩᠬᠡᠢ | ᠬᠡᠪ ᠴᠢᠨᠠᠷ ᠢ ᠢᠯᠡᠷᠡᠭᠦᠯᠵᠦ᠂ ᠥᠪᠥᠷ ᠮᠣᠩᠭᠤᠯ ᠤᠨ ᠳᠣᠲᠣᠭᠠᠳᠤ ᠶᠢ ᠬᠠᠮᠠᠭᠠᠯᠠᠬᠤ ᠠᠵᠢᠯ ᠤᠨ ᠪᠦᠯᠬᠦᠮᠳᠡᠨ ᠲᠡᠮᠡᠴᠡᠵᠦ᠂ ᠬᠠᠲᠠᠭᠤ ᠳᠠᠶᠢᠯᠠᠯᠳᠤᠭᠠᠨ ᠬᠢᠵᠦ ᠳᠡᠶᠢᠯᠬᠦ | ᠰᠠᠶᠢᠨ ᠰᠠᠶᠢᠬᠠᠨ ᠲᠦᠷᠢ ᠲᠥᠷᠬᠦ ᠶᠢ ᠪᠤᠢ ᠪᠣᠯᠭᠠᠭᠰᠠᠨ ᠪᠠᠶᠢᠨ᠎ᠠ᠃ | | | | ᠨᠣᠭᠤᠭᠠᠨ ᠵᠦᠯᠭᠡᠨ ᠳᠡᠭᠡᠷ᠎ᠡ᠂ ᠥᠪᠥᠷ ᠮᠣᠩᠭᠤᠯ ᠤᠨ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠲᠥᠯᠥᠭᠡᠯᠡᠭᠴᠢᠳ ᠤᠨ ᠠᠩᠭᠢ ᠶᠢᠨ ᠭᠡᠰᠢᠭᠦᠳ ᠤᠳᠠᠭ᠎ᠠ | ᠪᠦᠷᠢ ᠶᠢᠨ ᠪᠣᠯᠪᠠᠰᠤᠷᠠᠯ ᠤᠨ ᠤᠷᠤᠯᠳᠤᠭᠠᠨ ᠳᠤ ᠪᠦᠬᠦ ᠬᠦᠴᠦᠨ ᠢᠶᠠᠷ ᠢᠶᠠᠨ ᠴᠢᠷᠮᠠᠶᠢᠵᠤ᠂ ᠤᠳᠠᠭ᠎ᠠ ᠪᠦᠷᠢ ᠶᠢᠨ ᠳᠠᠭᠠᠷᠢᠯᠲᠠ ᠬᠤᠷᠢᠭᠯᠠᠯᠲᠠ ᠳᠤ ᠥᠴᠦᠬᠡᠨ ᠴᠦ | ᠬᠤᠶᠢᠷᠭᠤᠰᠢᠬᠤ ᠦᠭᠡᠢ ᠪᠠᠶᠢᠵᠤ᠂ ᠬᠤᠴᠣᠷᠴᠤ ᠪᠠᠶᠢᠭᠰᠠᠨ ᠠᠴᠠ ᠪᠠᠨ ᠳᠠᠬᠢᠨ ᠢᠯᠠᠯᠲᠠ ᠳᠤ ᠬᠦᠷᠴᠦ᠂ ᠡᠷᠡᠯᠬᠡᠭᠯᠡᠨ ᠲᠡᠮᠡᠴᠡᠵᠦ ᠡᠷᠡᠯᠬᠡᠭᠯᠡᠨ ᠤᠷᠤᠭᠰᠢᠯᠠᠬᠤ᠂ ᠡᠭᠦᠷᠢᠳᠡ | ᠢᠯᠠᠨ᠎ᠠ ᠭᠡᠬᠦ ᠪᠡᠶ᠎ᠡ ᠶᠢᠨ ᠲᠠᠮᠢᠷ ᠤᠨ ᠵᠣᠷᠢᠭ ᠰᠠᠨᠠᠭ᠎ᠠ ᠶᠢ ᠢᠯᠡᠷᠡᠭᠦᠯᠵᠦ᠂ ᠨᠥᠭᠦᠭᠡ ᠲᠠᠯ᠎ᠠ ᠵᠢᠴᠢ ᠦᠵᠡᠭᠴᠢᠳ ᠤᠨ ᠬᠦᠨᠳᠦᠳᠬᠡᠯ ᠪᠠ ᠬᠦᠷᠢᠶᠡᠯᠡᠯ ᠢ ᠣᠯᠤᠭᠰᠠᠨ | ᠪᠠᠶᠢᠨ᠎ᠠ᠃ | | | | | | | ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠨᠠᠮ ᠤᠨ ᠬᠤᠷᠢᠶ᠎ᠠ ᠶᠢᠨ ᠬᠦᠴᠦᠲᠡᠢ ᠳᠡᠮᠵᠢᠯᠭᠡ ᠳᠣᠣᠷ᠎ᠠ᠂ ᠲᠢᠩᠬᠢᠮ ᠤᠨ | ᠪᠠᠶᠢᠭᠤᠯᠭ᠎ᠠ ᠶᠢᠨ ᠨᠠᠮ ᠤᠨ ᠬᠤᠷᠢᠶ᠎ᠠ᠂ ᠥᠪᠥᠷ ᠮᠣᠩᠭᠤᠯ ᠤᠨ ᠳᠣᠲᠣᠭᠠᠳᠤ ᠶᠢ ᠬᠠᠮᠠᠭᠠᠯᠠᠬᠤ ᠪᠡᠶ᠎ᠡ ᠶᠢᠨ ᠲᠠᠮᠢᠷ ᠤᠨ ᠨᠡᠶᠢᠭᠡᠮᠯᠢᠭ ᠤᠨ ᠬᠢᠨ ᠤᠷᠤᠯᠳᠤᠭᠠᠨ ᠢ ᠨᠠᠷᠢᠨ | ᠨᠢᠮᠪᠠᠢ ᠪᠡᠯᠡᠳᠬᠡᠵᠦ᠂ ᠪᠣᠯᠪᠠᠰᠤᠷᠠᠯ ᠢ ᠰᠢᠨᠵᠢᠯᠡᠬᠦ ᠤᠬᠠᠭᠠᠨᠴᠢ ᠪᠠᠷ ᠵᠣᠬᠢᠶᠠᠨ ᠪᠠᠶᠢᠭᠤᠯᠵᠤ᠂ ᠪᠦᠬᠦ ᠶᠠᠪᠤᠴᠠ ᠳᠤ ᠦᠢᠯᠡᠴᠢᠯᠡᠨ ᠪᠦᠬᠦ ᠶᠠᠪᠤᠴᠠ ᠶᠢ ᠪᠠᠲᠤᠯᠠᠪᠠ᠃ | ᠤᠷᠤᠯᠳᠤᠭᠠᠨ ᠤ ᠲᠤᠬᠠᠶ ᠶᠢᠨ ᠡᠳᠦᠷ᠂ ᠥᠪᠥᠷ ᠮᠣᠩᠭᠤᠯ ᠤᠨ ᠴᠠᠭᠳᠠᠭ᠎ᠠ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ 100 ᠰᠣᠷᠣᠭᠴᠢ ᠵᠢᠴᠢ | ᠲᠢᠩᠬᠢᠮ ᠤᠨ ᠬᠥᠯ ᠪᠥᠮᠪᠦᠭᠡ ᠶᠢᠨ ᠴᠠᠭᠳᠠᠭ᠎ᠠ ᠶᠢᠨ ᠪᠡᠶ᠎ᠡ ᠶᠢᠨ ᠲᠠᠮᠢᠷ ᠤᠨ ᠳᠤᠭᠤᠶᠢᠯᠠᠩ ᠤᠨ ᠭᠡᠰᠢᠭᠦᠨ ᠵᠢᠴᠢ ᠬᠡᠷ ᠪᠦᠯᠢ ᠶᠢᠨ ᠬᠢᠨ ᠵᠡᠷᠭᠡ 180 ᠭᠠᠷᠤᠶ | ᠬᠥᠮᠦᠨ ᠢᠶᠠᠷ ᠪᠦᠷᠢᠯᠳᠦᠭᠰᠡᠨ ᠵᠣᠷᠢᠭᠵᠢᠭᠤᠯᠬᠤ ᠠᠩᠭᠢ ᠲᠤᠬᠠᠶ ᠶᠢᠨ ᠲᠠᠯᠠᠪᠤᠷ ᠲᠤ ᠬᠦᠴᠦ ᠨᠡᠮᠡᠪᠡ᠃ ᠤᠷᠤᠯᠳᠤᠭᠠᠨ ᠤ ᠲᠠᠯᠠᠪᠤᠷ ᠲᠤ ᠴᠠᠭᠳᠠᠭᠠᠨ ᠤ ᠲᠤᠭ ᠨᠠᠮᠢᠷᠠᠵᠤ᠂ | ᠬᠡᠩᠭᠡᠷᠭᠡ ᠶᠢᠨ ᠳᠠᠭᠤᠨ ᠪᠠ ᠵᠣᠷᠢᠭᠵᠢᠭᠤᠯᠤᠭ᠎ᠠ ᠶᠢᠨ ᠳᠠᠭᠤᠨ ᠢᠶᠠᠷ ᠳᠦᠭᠦᠷᠴᠦ᠂ ᠲᠠᠮᠢᠷᠴᠢᠳ ᠤᠨ ᠨᠢᠭᠲᠠᠷᠠᠯ ᠤᠨ ᠬᠦᠴᠦᠨ᠂ ᠳᠠᠶᠢᠴᠢᠨ ᠬᠦᠴᠦᠨ ᠢ ᠬᠦᠴᠦᠲᠡᠶ | ᠬᠥᠭᠵᠢᠭᠡᠵᠦ᠂ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠬᠥᠯ ᠪᠥᠮᠪᠦᠭᠡ ᠶᠢᠨ ᠠᠩᠭᠢ ᠶᠢᠨ ᠣᠮᠤᠭ ᠰᠦᠷ ᠢ ᠬᠥᠪᠴᠢᠯᠡᠭᠰᠡᠨ ᠪᠠᠶᠢᠨ᠎ᠠ᠃ ᠤᠷᠤᠯᠳᠤᠭᠠᠨ ᠤ ᠦᠷ᠎ᠡ | ᠳ᠋ᠦᠩ ᠳᠤ᠂ ᠥᠪᠥᠷ ᠮᠣᠩᠭᠤᠯ ᠤᠨ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠲᠥᠯᠥᠭᠡᠯᠡᠭᠴᠢᠳ ᠤᠨ ᠠᠩᠭᠢ ᠣᠯᠠᠨ ᠤ ᠬᠦᠰᠡᠯ ᠢ ᠬᠥᠰᠡᠷᠳᠡᠭᠦᠯᠦᠯ ᠥᠬᠡᠶ ᠪᠠᠷ | ᠭᠠᠨᠵᠤᠭ᠎ᠠ ᠳᠦᠭᠦᠷᠡᠩ ᠪᠤᠴᠠᠵᠤ᠂ ᠥᠪᠥᠷ ᠮᠣᠩᠭᠤᠯ ᠤᠨ ᠴᠠᠭᠳᠠᠭᠠᠨ ᠤ ᠪᠡᠶ᠎ᠡ ᠶᠢᠨ ᠲᠠᠮᠢᠷ ᠤᠨ ᠦᠢᠯᠡᠰ ᠲᠤ ᠪᠠᠰᠠ ᠨᠢᠭᠡᠨ ᠢᠷᠠᠭᠤ ᠠᠯᠳᠠᠷ ᠤᠨ ᠱᠠᠩᠨᠠᠯ ᠤᠨ ᠮᠧᠳᠠᠯ | ᠠᠪᠴᠢᠷᠠᠵᠠᠢ᠃ |