ᠣᠶᠢᠷ᠎ᠠ ᠳᠤ᠂ ᠣᠷᠳᠣᠰ ᠬᠤᠲᠠ ᠶᠢᠨ ᠣᠲᠤᠭ ᠤᠨ ᠡᠮᠦᠨᠡᠲᠦ ᠬᠤᠰᠢᠭᠤᠨ ᠤ ᠱᠠᠩᠬᠤ ᠶᠢᠨ ᠰᠦᠮ᠎ᠡ ᠪᠠᠯᠭᠠᠰᠤᠨ ᠳᠤ ᠦᠢᠯᠡᠳᠪᠦᠷᠢ ᠠᠭᠤᠷᠬᠠᠶ ᠶᠢᠨ | ᠠᠵᠢᠯᠲᠠᠨ ᠠᠵᠢᠯᠴᠢᠨ ᠤ ᠪᠠᠶᠢᠷᠢ ᠶᠢᠨ ᠡᠳ᠋ ᠬᠤᠭᠰᠢᠯ ᠬᠤᠯᠠᠭᠠᠶᠢᠯᠠᠭᠳᠠᠭᠰᠠᠨ ᠬᠡᠷᠡᠭ ᠵᠠᠯᠭᠠᠭ᠎ᠠ ᠪᠠᠷ ᠣᠯᠠᠨ ᠤᠳᠠᠭ᠎ᠠ ᠭᠠᠷᠴᠠᠶ᠃ | ᠬᠡᠷᠡᠭ ᠭᠠᠷᠤᠭᠰᠠᠨ ᠤ ᠳᠠᠷᠠᠭ᠎ᠠ᠂ ᠣᠲᠤᠭ ᠤᠨ ᠡᠮᠦᠨᠡᠲᠦ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠡᠷᠡᠭᠦᠤ ᠶᠢᠨ ᠬᠡᠷᠡᠭ ᠢ ᠲᠤᠷᠰᠢᠨ | ᠪᠠᠶᠢᠴᠠᠭᠠᠬᠤ ᠶᠡᠭᠡ ᠠᠩᠭᠢ ᠣᠯᠠᠨ ᠰᠠᠯᠠᠭ᠎ᠠ ᠮᠥᠴᠢᠷ ᠲᠠᠢ ᠬᠠᠮᠲᠤᠷᠠᠨ ᠬᠠᠮᠵᠢᠯᠴᠠᠨ ᠪᠠᠶᠢᠯᠳᠤᠵᠤ᠂ ᠬᠡᠷᠡᠭ ᠢ ᠢᠯᠡᠷᠡᠭᠦᠯᠬᠦ ᠪᠣᠭᠤᠮᠲᠠ ᠰᠢᠪᠲᠤᠯᠬᠤ ᠠᠵᠢᠯ ᠢ ᠪᠥᠬᠦ | ᠬᠦᠴᠦᠨ ᠢᠶᠠᠷ ᠢᠶᠠᠨ ᠥᠷᠨᠢᠭᠦᠯᠪᠡ᠃ ᠠᠷᠠᠳ ᠤᠨ ᠴᠠᠭᠳᠠᠭ᠎ᠠ ᠲᠤᠬᠠᠶ ᠶᠢᠨ ᠲᠠᠯᠠᠪᠤᠷ ᠲᠤ ᠬᠠᠶᠢᠨ ᠪᠠᠶᠢᠴᠠᠭᠠᠯᠲᠠ ᠬᠢᠬᠦ᠂ ᠰᠤᠷᠪᠤᠯᠵᠢᠯᠠᠵᠤ ᠪᠠᠶᠢᠴᠠᠭᠠᠨ ᠦᠵᠡᠬᠦ ᠪᠠᠷ | ᠳᠡᠮᠵᠢᠨ᠂ ᠬᠡᠳᠦᠨ ᠤᠳᠠᠭᠠᠨ ᠤ ᠬᠤᠯᠠᠭᠠᠶᠢᠯᠠᠭᠰᠠᠨ ᠬᠡᠷᠡᠭ ᠤᠨ ᠬᠡᠷᠡᠭ ᠬᠢᠭᠰᠡᠨ ᠴᠠᠭ᠂ ᠠᠷᠭ᠎ᠠ ᠪᠠᠷᠢᠯ ᠨᠢ ᠮᠠᠰᠢ ᠠᠳᠠᠯᠢᠪᠲᠤᠷ ᠪᠠᠶᠢᠬᠤ ᠶᠢ ᠣᠯᠵᠤ ᠮᠡᠳᠡᠵᠡᠶ᠂ | ᠡᠶᠢᠮᠦ ᠠᠴᠠ ᠨᠢᠭᠡᠨ ᠶᠠᠯᠠᠲᠤ ᠪᠦᠯᠦᠭ ᠤᠨ ᠬᠢᠭᠰᠡᠨ ᠬᠡᠷᠡᠭ ᠢᠶᠠᠷ ᠲᠣᠳᠣᠯᠠᠵᠤ᠂ ᠲᠡᠷᠡ ᠳᠠᠷᠤᠶ ᠳᠤ ᠨᠢ ᠬᠡᠷᠡᠭ ᠢ ᠨᠡᠶᠢᠯᠡᠭᠦᠯᠦᠨ ᠲᠤᠷᠰᠢᠨ ᠪᠠᠶᠢᠴᠠᠭᠠᠪᠠ᠃ ᠣᠯᠠᠨ | ᠡᠳᠦᠷ ᠦᠷᠭᠦᠯᠵᠢᠯᠡᠨ ᠲᠡᠪᠴᠢᠶᠡᠷᠢᠲᠡᠢ ᠪᠠᠷ ᠰᠠᠬᠢᠨ ᠭᠡᠳᠡᠬᠦ ᠪᠠ ᠰᠦᠪᠡᠭᠴᠢ ᠶᠢ ᠣᠯᠠᠨ ᠤᠳᠠᠭ᠎ᠠ ᠡᠮᠬᠢᠯᠡᠨ ᠵᠠᠳᠠᠯᠬᠤ ᠪᠠᠷ ᠳᠡᠮᠵᠢᠨ᠂ ᠯᠸᠢ ᠣᠪᠣᠭᠲᠤ᠂ ᠵᠠᠶ | ᠣᠪᠣᠭᠲᠤ᠂ ᠶᠠᠩ ᠣᠪᠣᠭᠲᠤ ᠵᠡᠷᠭᠡ 3 ᠬᠥᠮᠦᠨ ᠬᠡᠷᠡᠭ ᠬᠢᠭᠰᠡᠨ ᠬᠦᠨᠳᠦ ᠶᠡᠭᠡ ᠰᠡᠵᠢᠭᠯᠡᠯ ᠲᠠᠢ ᠪᠥᠭᠡᠳ ᠬᠡᠷᠡᠭ ᠭᠠᠷᠤᠭᠰᠠᠨ ᠤ ᠳᠠᠷᠠᠭ᠎ᠠ 3 ᠬᠥᠮᠦᠨ ᠨᠢᠭᠡᠨᠲᠡ | ᠶᠢᠨᠴᠤᠸᠠᠨ ᠬᠤᠲᠠ ᠳᠤ ᠳᠤᠲᠠᠭᠠᠨ ᠣᠴᠢᠭᠰᠠᠨ ᠪᠠᠶᠢᠨ᠎ᠠ᠃ | | | | ᠬᠡᠷᠡᠭ ᠰᠢᠢᠳᠪᠦᠷᠢᠯᠡᠬᠦ ᠠᠷᠠᠳ ᠤᠨ ᠴᠠᠭᠳᠠᠭ᠎ᠠ ᠰᠦᠪᠡᠭᠴᠢ ᠮᠥᠷ ᠢᠶᠠᠷ ᠨᠢ ᠮᠥᠷᠳᠡᠨ ᠨᠡᠬᠡᠮᠵᠢᠯᠡᠵᠦ᠂ ᠡᠴᠦᠰ ᠲᠤ ᠪᠠᠨ ᠶᠠᠯ᠎ᠠ ᠬᠢᠭᠰᠡᠨ ᠰᠡᠵᠢᠭᠳᠡᠨ ᠤ | ᠣᠷᠤᠰᠢᠨ ᠲᠤᠭᠳᠠᠨᠢᠬᠤ ᠭᠠᠵᠠᠷ ᠢ ᠲᠣᠳᠣᠯᠠᠭᠰᠠᠨ ᠪᠥᠭᠡᠳ 3 ᠰᠡᠵᠢᠭᠳᠡᠨ ᠢ ᠠᠮᠵᠢᠯᠲᠠ ᠲᠠᠢ ᠪᠠᠷ ᠪᠠᠷᠢᠪᠴᠢᠯᠠᠵᠤ᠂ ᠬᠤᠯᠠᠭᠠᠶᠢᠯᠠᠭᠳᠠᠭᠰᠠᠨ 19 ᠭᠠᠷ ᠤᠲᠠᠰᠤ᠂ | 10 ᠺᠣᠮᠫᠢᠦ᠋ᠲ᠋ᠧᠷ᠂ 2 ᠮᠠᠰᠢᠨ ᠲᠡᠷᠭᠡ ᠶᠢ ᠲᠤᠬᠠᠶ ᠶᠢᠨ ᠲᠠᠯᠠᠪᠤᠷ ᠲᠤ ᠪᠠᠷᠢᠴᠠᠭᠠᠨ ᠳᠤ ᠦᠯᠡᠳᠡᠭᠡᠵᠦ᠂ ᠬᠤᠯᠠᠭᠠᠶᠢᠯᠠᠭᠰᠠᠨ 9 ᠬᠡᠷᠡᠭ ᠢ ᠪᠦᠬᠦᠨ ᠢ ᠢᠯᠡᠷᠡᠭᠦᠯᠪᠡ᠃ | |