22 ᠵᠢᠯ ᠤᠨ ᠡᠮᠦᠨᠡᠬᠢ ᠶᠢ ᠡᠷᠭᠢᠴᠡᠭᠦᠯᠪᠡᠯ᠂ 2001 ᠣᠨ ᠤ 11 ᠰᠠᠷ᠎ᠠ ᠶᠢᠨ 20 ᠤ ᠡᠳᠦᠷ᠂ ᠬᠥᠬᠡᠬᠤᠲᠠ ᠶᠢᠨ ᠢᠦᠶ ᠴᠢᠤᠸᠠᠨ ᠲᠣᠭᠤᠷᠢᠭ ᠤᠨ ᠰᠢ | ᠼᠠᠢ ᠶᠤᠸᠠᠨ ᠵᠢᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠰᠢᠨ᠎ᠡ ᠪᠠᠶᠢᠰᠢᠩ ᠲᠤᠰᠬᠤᠨ ᠳᠤ ᠣᠨᠴᠠ ᠶᠡᠭᠡ ᠬᠥᠮᠦᠨ ᠠᠯᠠᠭᠰᠠᠨ ᠬᠡᠷᠡᠭ ᠭᠠᠷᠪᠠ᠃ ᠲᠡᠷᠡ | ᠤᠷᠤᠢ ᠶᠢᠨ 23 ᠴᠠᠭ ᠲᠤ᠂ ᠬᠤᠶᠠᠷ ᠵᠠᠯᠠᠭᠤ ᠵᠢᠵᠢᠭ ᠳᠡᠯᠭᠡᠭᠦᠷ ᠲᠤ ᠤᠲᠠᠰᠤ ᠠᠪᠬᠤ ᠪᠠᠷ ᠣᠴᠢᠵᠤ᠂ ᠳᠡᠯᠭᠡᠭᠦᠷ ᠤᠨ ᠡᠭᠦᠳᠡ ᠶᠢ ᠨᠢ ᠨᠡᠭᠡᠭᠡᠭᠰᠡᠨ ᠳᠤ ᠭᠠᠵᠠᠷ ᠲᠤ | ᠨᠢᠭᠡ ᠬᠥᠮᠥᠨ ᠬᠡᠪᠲᠡᠵᠦ ᠪᠠᠶᠢᠬᠤ ᠪᠥᠭᠡᠳ ᠪᠡᠶ᠎ᠡ ᠳᠡᠭᠡᠷ᠎ᠡ ᠨᠢ ᠴᠢᠰᠤ ᠲᠠᠢ ᠪᠠᠶᠢᠬᠤ ᠶᠢ ᠬᠠᠷᠠᠭᠠᠳ ᠳᠣᠣᠷ᠎ᠠ ᠨᠢ ᠴᠠᠭᠳᠠᠭ᠎ᠠ ᠳᠤ ᠮᠡᠳᠡᠭᠦᠯᠵᠡᠶ᠃ ᠢᠦᠶ ᠴᠢᠤᠸᠠᠨ | ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠲᠤᠬᠠᠶ ᠶᠢᠨ ᠲᠠᠯᠠᠪᠤᠷ ᠤᠨ ᠬᠠᠶᠢᠨ ᠪᠠᠶᠢᠴᠠᠭᠠᠯᠲᠠ ᠪᠠᠷ ᠳᠡᠮᠵᠢᠨ᠂ ᠵᠢᠵᠢᠭ ᠳᠡᠯᠭᠡᠭᠦᠷ | ᠡᠷᠭᠢᠯᠡᠭᠰᠡᠨ ᠬᠥᠭᠰᠢᠨ ᠡᠷ᠎ᠡ ᠡᠮ᠎ᠡ ᠬᠤᠶᠠᠭᠤᠯᠠ ᠪᠠᠨ ᠥᠪᠡᠷ ᠤᠨ ᠵᠢᠵᠢᠭ ᠳᠡᠯᠭᠡᠭᠦᠷ ᠲᠤ ᠪᠠᠨ ᠠᠯᠠᠭᠳᠠᠵᠠᠶ᠃ | | | | ᠲᠤᠷᠰᠢᠨ ᠪᠠᠶᠢᠴᠠᠭᠠᠭᠴᠢ ᠲᠣᠰ ᠬᠡᠷᠡᠭ ᠲᠤ ᠬᠤᠷᠢ ᠭᠠᠷᠤᠶ ᠵᠢᠯ ᠤᠨ ᠬᠠᠲᠠᠭᠤᠵᠢᠯᠲᠠᠶ ᠳᠡᠩᠨᠡᠨ ᠢᠯᠡᠷᠡᠭᠦᠯᠬᠦ ᠠᠵᠢᠯ ᠢ ᠥᠷᠨᠢᠭᠦᠯᠦᠭᠰᠡᠨ ᠪᠥᠭᠡᠳ ᠬᠡᠷᠡᠭ ᠤᠨ | ᠲᠤᠬᠠᠶ ᠶᠢᠨ ᠲᠠᠯᠠᠪᠤᠷ ᠠᠴᠠ ᠭᠠᠷᠭᠠᠨ ᠠᠪᠤᠭᠰᠠᠨ ᠴᠢᠬᠤᠯᠠ ᠭᠡᠷᠡᠴᠢ ᠪᠠᠷᠢᠮᠲᠠ ᠶᠢ ᠣᠯᠠᠨ ᠤᠳᠠᠭ᠎ᠠ ᠰᠢᠯᠭᠠᠨ ᠪᠠᠶᠢᠴᠠᠭᠠᠵᠤ ᠬᠢᠨᠠᠨ ᠲᠣᠭᠲᠠᠭᠠᠭᠰᠠᠨ ᠪᠠᠶᠢᠨ᠎ᠠ᠃ | ᠭᠡᠪᠡᠴᠦ ᠬᠡᠷᠡᠭ ᠤᠨ ᠰᠦᠪᠡᠭᠴᠢ ᠨᠡᠯᠢᠶᠡᠳ ᠴᠥᠭᠡᠨ ᠪᠥᠭᠡᠳ ᠰᠢᠨᠵᠢᠯᠡᠬᠦ ᠤᠬᠠᠭᠠᠨ ᠮᠡᠷᠭᠡᠵᠢᠯ ᠤᠨ ᠨᠥᠬᠦᠴᠡᠯ ᠤᠨ ᠬᠢᠵᠠᠭᠠᠷᠯᠠᠯ ᠠᠴᠠ ᠪᠣᠯᠵᠤ᠂ ᠲᠤᠰ ᠬᠡᠷᠡᠭ ᠢ | ᠳᠡᠩᠨᠡᠨ ᠢᠯᠡᠷᠡᠭᠦᠯᠬᠦ ᠠᠵᠢᠯ ᠨᠢᠭᠡ ᠦᠶ᠎ᠡ ᠬᠦᠴᠢᠷᠳᠡᠯ ᠳᠤ ᠲᠤᠯᠭᠠᠷᠠᠵᠤ ᠵᠣᠭᠰᠣᠩᠭᠤᠢ ᠪᠠᠶᠢᠳᠠᠯ ᠳᠤ ᠣᠷᠣᠭᠰᠠᠨ ᠪᠠᠶᠢᠨ᠎ᠠ᠃ | 2023 ᠣᠨ ᠳᠤ᠂ ᠡᠷᠡᠭᠦᠤ ᠶᠢᠨ ᠬᠡᠷᠡᠭ ᠤᠨ ᠲᠤᠷᠰᠢᠨ ᠪᠠᠶᠢᠴᠠᠭᠠᠬᠤ ᠶᠡᠭᠡ ᠠᠩᠭᠢ ᠲᠣᠰ ᠬᠡᠷᠡᠭ ᠢ 2023 ᠣᠨ ᠤ ᠠᠮᠢᠨ ᠬᠡᠷᠡᠭ ᠳᠠᠷᠤᠭᠳᠠᠮᠠᠯ | ᠬᠡᠷᠡᠭ ᠤᠨ ᠪᠡᠷᠬᠡ ᠰᠡᠳᠦᠪ ᠢ ᠰᠢᠢᠳᠪᠦᠷᠢᠯᠡᠬᠦ ᠬᠠᠷᠠᠯᠲᠠᠲᠤ ᠬᠡᠷᠡᠭ ᠲᠤ ᠵᠢᠭᠰᠠᠭᠠᠵᠤ᠂ ᠲᠤᠰᠬᠠᠶ ᠬᠡᠷᠡᠭ ᠤᠨ ᠳᠤᠭᠤᠶᠢᠯᠠᠩ ᠪᠠ ᠮᠡᠷᠭᠡᠵᠢᠯ ᠤᠨ ᠬᠠᠮᠲᠤᠷᠠᠭᠰᠠᠨ | ᠪᠠᠶᠢᠯᠳᠤᠭᠠᠨ ᠤ ᠲᠤᠰᠬᠠᠶ ᠠᠩᠭᠢ ᠪᠠᠶᠢᠭᠤᠯᠤᠨ᠂ ᠲᠣᠮᠣ ᠳ᠋ᠠᠶᠢᠲ᠋ᠠ ᠶᠢ ᠰᠤᠳᠤᠯᠤᠨ ᠮᠠᠭᠠᠳᠯᠠᠬᠤ ᠠᠵᠢᠯ ᠢ ᠲᠥᠪᠯᠡᠷᠡᠭᠦᠯᠦᠨ ᠥᠷᠨᠢᠭᠦᠯᠵᠦ᠂ 6 ᠰᠠᠷ᠎ᠠ ᠶᠢᠨ | ᠬᠤᠭᠤᠴᠠᠭ᠎ᠠ ᠲᠠᠢ ᠰᠤᠷᠪᠤᠯᠵᠢᠯᠠᠨ ᠪᠠᠶᠢᠴᠠᠭᠠᠵᠤ ᠰᠢᠢᠳᠪᠦᠷᠢᠯᠡᠬᠦ ᠪᠠᠷ ᠳᠡᠮᠵᠢᠨ᠂ ᠭᠤᠤᠯᠳᠠᠯᠭ᠎ᠠ ᠲᠠᠢ ᠬᠥᠮᠦᠰ ᠢ ᠡᠮᠬᠢᠯᠡᠨ ᠪᠠᠶᠢᠴᠠᠭᠠᠵᠤ᠂ ᠵᠣᠬᠢᠬᠤ ᠨᠠᠰᠤᠨ ᠤ | ᠰᠡᠵᠢᠭᠳᠡᠨ ᠤ ᠬᠡᠪᠴᠢᠶ᠎ᠡ ᠶᠢ ᠪᠠᠭᠠᠰᠬᠠᠨ᠂ ᠭᠤᠤᠯᠳᠠᠯᠭ᠎ᠠ ᠲᠠᠢ ᠬᠥᠮᠦᠰ ᠨᠢ ᠴᠥᠮ ᠬᠡᠷᠡᠭ ᠤᠨ ᠰᠡᠵᠢᠭᠳᠡᠨ ᠪᠢᠰᠢ ᠪᠠᠶᠢᠬᠤ ᠶᠢ ᠣᠯᠵᠤ ᠮᠡᠳᠡᠭᠡᠳ᠂ ᠲᠠᠩᠨᠠᠨ | ᠢᠯᠡᠷᠡᠭᠦᠯᠬᠦ ᠠᠵᠢᠯ ᠳᠠᠬᠢᠨᠲᠠ ᠵᠣᠭᠰᠣᠩᠭᠤᠢ ᠪᠠᠶᠢᠳᠠᠯ ᠳᠤ ᠣᠷᠣᠪᠠ᠃ | | | | ᠡᠨᠡ ᠵᠢᠯ ᠤᠨ 6 ᠰᠠᠷ᠎ᠠ ᠳᠤ᠂ ᠡᠷᠡᠭᠦᠦ ᠶᠢᠨ ᠬᠡᠷᠡᠭ ᠤᠨ ᠲᠤᠷᠰᠢᠨ ᠪᠠᠶᠢᠴᠠᠭᠠᠬᠤ ᠶᠡᠭᠡ ᠠᠩᠭᠢ ᠲᠤᠷᠰᠢᠨ ᠪᠠᠶᠢᠴᠠᠭᠠᠬᠤ ᠴᠢᠭᠯᠡᠯ ᠢᠶᠠᠨ ᠲᠣᠬᠢᠷᠠᠭᠤᠯᠵᠤ᠂ | ᠲᠤᠬᠠᠢ ᠶᠢᠨ ᠭᠠᠵᠠᠷ ᠲᠤ ᠳᠠᠬᠢᠨᠲᠠ ᠬᠦᠷᠴᠦ ᠪᠠᠶᠢᠴᠠᠭᠠᠨ ᠦᠵᠡᠵᠦ᠂ ᠴᠢᠬᠤᠯᠠ ᠶᠡᠭᠡ ᠰᠦᠪᠡᠭᠴᠢ ᠣᠯᠤᠭᠰᠠᠨ ᠪᠥᠭᠡᠳ ᠦᠳᠲᠡᠷ ᠲᠦᠷᠭᠡᠨ ᠢᠶᠠᠷ ᠯᠢᠦ | ᠣᠪᠣᠭᠲᠤ ᠶᠢ ᠬᠠᠷᠠᠯᠲᠠ ᠪᠠᠷ ᠲᠣᠭᠲᠠᠭᠠᠭᠰᠠᠨ ᠪᠠᠶᠢᠨ᠎ᠠ᠃ ᠳᠠᠷᠠᠭ᠎ᠠ ᠨᠢ᠂ ᠠᠷᠠᠳ ᠤᠨ ᠴᠠᠭᠳᠠᠭ᠎ᠠ ᠯᠢᠦ ᠣᠪᠣᠭᠲᠤ ᠲᠠᠢ ᠬᠠᠷᠢᠯᠴᠠᠬᠤ ᠦᠶ᠎ᠡ ᠳᠤ᠂ ᠯᠢᠦ ᠣᠪᠣᠭᠲᠤ | ᠭᠠᠳᠠᠨ᠎ᠠ ᠣᠷᠣᠨ ᠳᠤ ᠣᠴᠢᠨ᠎ᠠ ᠭᠡᠵᠦ ᠬᠤᠳᠠᠯ ᠬᠡᠯᠡᠭᠡᠳ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠲᠠᠢ ᠬᠠᠷᠢᠯᠴᠠᠬᠤ ᠶᠢ ᠲᠡᠪᠴᠢᠪᠡ᠂ ᠠᠷᠠᠳ ᠤᠨ ᠴᠠᠭᠳᠠᠭ᠎ᠠ | ᠯᠢᠦ ᠣᠪᠣᠭᠲᠤ ᠬᠦᠨᠳᠦ ᠶᠡᠭᠡ ᠬᠡᠷᠡᠭ ᠬᠢᠭᠰᠡᠨ ᠰᠡᠵᠢᠭ ᠲᠠᠢ ᠪᠥᠭᠡᠳ ᠳᠤᠲᠠᠭᠠᠬᠤ ᠪᠠᠷ ᠪᠡᠯᠡᠳᠬᠡᠵᠦ ᠪᠠᠶᠢᠬᠤ ᠮᠠᠭᠠᠳ ᠭᠡᠵᠦ ᠮᠠᠭᠠᠳᠯᠠᠭᠠᠳ᠂ ᠬᠡᠷᠡᠭ ᠰᠢᠢᠳᠪᠦᠷᠢᠯᠡᠬᠦ | ᠠᠷᠠᠳ ᠤᠨ ᠴᠠᠭᠳᠠᠭ᠎ᠠ ᠲᠡᠷᠡ ᠳᠠᠷᠤᠶ ᠳᠤ ᠨᠢ ᠡᠷᠡᠰ ᠰᠢᠭᠤᠷᠬᠠᠶ ᠪᠠᠷ ᠬᠥᠬᠡᠬᠤᠲᠠ ᠶᠢᠨ ᠨᠢᠭᠡᠨ ᠰᠠᠭᠤᠭᠠᠯᠢ ᠲᠣᠭᠤᠷᠢᠭ ᠲᠤ ᠯᠢᠦ ᠣᠪᠣᠭᠲᠤ ᠶᠢ ᠤᠷᠢᠳ ᠢᠶᠠᠷ | ᠡᠵᠡᠮᠳᠡᠪᠡ᠃ ᠨᠠᠷᠢᠨ ᠨᠢᠮᠪᠠᠶ ᠰᠢᠭᠦᠨ ᠠᠰᠠᠭᠤᠬᠤ ᠪᠠᠷ ᠳᠠᠮᠵᠢᠭᠠᠳ᠂ ᠯᠢᠦ ᠣᠪᠣᠭᠲᠤ 2001 ᠣᠨ ᠤ 11 ᠰᠠᠷ᠎ᠠ ᠶᠢᠨ 20 ᠤ ᠡᠳᠦᠷ ᠪᠤᠯᠢᠶᠠᠨ ᠳᠡᠭᠡᠷᠡᠮᠳᠡᠵᠦ᠂ | ᠬᠥᠮᠦᠨ ᠠᠯᠠᠭᠰᠠᠨ ᠤ ᠳᠠᠷᠠᠭ᠎ᠠ ᠣᠷᠭᠤᠨ ᠳᠤᠲᠠᠭᠠᠭᠰᠠᠨ ᠶᠠᠯᠠᠲᠤ ᠠᠵᠢᠯᠯᠠᠭ᠎ᠠ ᠪᠠᠨ ᠥᠴᠢᠭᠯᠡᠨ ᠮᠡᠳᠡᠷᠡᠵᠡᠶ᠃ | ᠢᠦᠶ ᠴᠢᠤᠸᠠᠨ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶᠠᠨ ᠤ ᠡᠷᠡᠭᠦᠦ ᠶᠢᠨ ᠬᠡᠷᠡᠭ ᠢ ᠲᠤᠷᠰᠢᠨ ᠪᠠᠶᠢᠴᠠᠭᠠᠬᠤ ᠶᠡᠭᠡ ᠠᠩᠭᠢ ᠶᠢᠨ | ᠴᠢᠬᠤᠯᠠ ᠬᠡᠷᠡᠭ ᠢ ᠲᠤᠷᠰᠢᠨ ᠪᠠᠶᠢᠴᠠᠭᠠᠬᠤ ᠳᠤᠮᠳᠠ ᠠᠩᠭᠢ ᠶᠢᠨ ᠬᠢᠨ ︽ᠠᠷᠠᠳ ᠲᠦᠮᠡᠨ ᠢ ᠲᠡᠷᠢᠭᠦᠨ ᠳᠤ ᠲᠠᠯᠪᠢᠵᠤ᠂ ᠠᠮᠢ ᠨᠠᠰᠤ ᠶᠢ ᠳᠡᠭᠡᠳᠦᠯᠡᠬᠦ︾ ᠶᠢ | ᠢᠮᠠᠭᠲᠠ ᠪᠠᠷᠢᠮᠲᠠᠯᠠᠵᠤ᠂ ᠢᠲᠡᠭᠡᠯ ᠵᠣᠷᠢᠭ ᠢᠶᠠᠨ ᠪᠠᠲᠤᠳᠬᠠᠨ᠂ ᠠᠮᠢᠨ ᠬᠡᠷᠡᠭ ᠳᠠᠷᠤᠭᠳᠠᠮᠠᠯ ᠬᠡᠷᠡᠭ ᠤᠨ ᠪᠡᠷᠬᠡ ᠰᠡᠳᠦᠪ ᠢ ᠰᠢᠢᠳᠪᠦᠷᠢᠯᠡᠬᠦ ᠠᠵᠢᠯ ᠢ ᠦᠷᠭᠦᠯᠵᠢᠯᠡᠨ | ᠠᠬᠢᠭᠤᠯᠵᠤ᠂ 22 ᠵᠢᠯ ᠤᠨ ᠡᠮᠦᠨᠡᠬᠢ ᠠᠮᠢᠨ ᠬᠡᠷᠡᠭ ᠳᠠᠷᠤᠭᠳᠠᠮᠠᠯ ᠬᠡᠷᠡᠭ ᠢ ᠠᠮᠵᠢᠯᠲᠠ ᠲᠠᠢ ᠪᠠᠷ ᠳᠡᠩᠨᠡᠨ ᠢᠯᠡᠷᠡᠭᠦᠯᠵᠦ᠂ ᠪᠤᠯᠢᠶᠠᠨ ᠳᠡᠭᠡᠷᠡᠮᠳᠡᠵᠦ ᠬᠥᠮᠦᠨ | ᠠᠯᠠᠭᠰᠠᠨ ᠶᠠᠯ᠎ᠠ ᠬᠢᠭᠰᠡᠨ ᠰᠡᠵᠢᠭᠳᠡᠨ ᠯᠢᠦ ᠣᠪᠣᠭᠲᠤ ᠶᠢ ᠪᠠᠷᠢᠵᠤ᠂ ᠣᠳᠣ ᠶᠠᠭ ᠬᠡᠷᠡᠭ ᠢ ᠤᠯᠠᠮ ᠨᠢᠭᠡ ᠠᠯᠬᠤᠮ ᠳᠡᠩᠨᠡᠨ ᠰᠢᠢᠳᠪᠦᠷᠢᠯᠡᠵᠦ ᠪᠠᠶᠢᠨ᠎ᠠ᠃ |