ᠰᠤᠷᠤᠯᠴᠠᠨ ᠰᠡᠳᠬᠢᠵᠦ ᠦᠢᠯᠡᠳᠦᠯᠭᠡᠵᠢᠭᠦᠯᠦᠨ ᠣᠶᠢᠯᠭᠠᠵᠤ ᠦᠨᠳᠦᠰᠦ ᠰᠠᠭᠤᠷᠢ ᠪᠠᠨ ᠪᠠᠲᠤᠳᠬᠠᠵᠤ ᠭᠤᠣᠯ ᠰᠡᠳᠦᠪᠲᠦ ᠬᠥᠮᠦᠵᠢᠯ ᠢᠶᠠᠷ ᠴᠠᠭᠳᠠᠭ᠎ᠠ ᠶᠢᠨ ᠰᠦᠭ ᠰᠦᠨᠡᠰᠦ ᠶᠢ ᠴᠣᠭᠴᠠᠯᠠᠨᠠᠮ — ︽ᠪᠦᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠭᠠᠲᠤᠷ ᠵᠢᠱᠢᠶᠡᠴᠢ ᠶᠢᠨ ᠲᠡᠷᠢᠭᠦᠨ ᠤ ᠦᠢᠯᠡ ᠠᠵᠢᠯᠯᠠᠭ᠎ᠠ ᠶᠢ ᠤᠬᠠᠭᠤᠯᠤᠨ ᠲᠠᠶᠢᠯᠪᠤᠷᠢᠯᠠᠬᠤ ᠬᠤᠷᠠᠯ︾ ᠢ ᠲᠣᠭᠤᠷᠢᠨ ᠤᠬᠠᠭᠤᠯᠤᠨ ᠲᠠᠶᠢᠯᠪᠤᠷᠢᠯᠠᠬᠤ ᠬᠤᠷᠠᠯ ᠬᠥᠬᠡᠬᠤᠲᠠ ᠳᠤ ᠶᠠᠪᠤᠭᠳᠠᠭᠤᠯᠪᠠ
ᠨᠡᠶᠢᠲᠡᠯᠡᠭᠰᠡᠨ ᠴᠠᠭ᠄
2023/7/17
      ᠦᠯᠢᠭᠡᠷ ᠳᠠᠭᠤᠷᠢᠶᠠᠯ ᠪᠠᠷ ᠳᠠᠭᠠᠭᠤᠯᠤᠨ ᠤᠷᠤᠭᠰᠢᠯᠠᠵᠤ᠂ ᠡᠷᠡᠯᠬᠡᠭᠯᠡᠨ ᠤᠷᠤᠭᠰᠢᠯᠠᠬᠤ ᠬᠦᠴᠦᠨ ᠢ ᠨᠢᠭᠲᠠᠷᠠᠭᠤᠯᠤᠨ᠎ᠠ᠃ 7 ᠳ᠋ᠤᠭᠠᠷ ᠰᠠᠷ᠎ᠠ ᠶᠢᠨ 13 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠰᠢᠭᠤᠳ ᠬᠠᠷᠢᠶ᠎ᠠ ᠪᠠᠶᠢᠭᠤᠯᠭ᠎ᠠ ᠶᠢᠨ ᠠᠵᠢᠯ ᠤᠨ ᠬᠤᠷᠢᠶ᠎ᠠ ᠶᠢᠨ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠲᠠᠢ ᠬᠠᠮᠲᠤᠷᠠᠨ ᠵᠣᠬᠢᠶᠠᠨ ᠪᠠᠶᠢᠭᠤᠯᠵᠤ ᠥᠷᠨᠢᠭᠦᠯᠦᠭᠰᠡᠨ ︽ᠪᠥᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠭᠠᠲᠤᠷ ᠵᠢᠱᠢᠶᠡᠴᠢ ᠶᠢᠨ ᠲᠡᠷᠢᠭᠦᠨ ᠤ ᠦᠢᠯᠡ ᠠᠵᠢᠯᠯᠠᠭ᠎ᠠ ᠶᠢ ᠤᠬᠠᠭᠤᠯᠤᠨ ᠲᠠᠶᠢᠯᠪᠤᠷᠢᠯᠠᠬᠤ ᠬᠤᠷᠠᠯ︾ ᠥᠪᠥᠷ ᠮᠣᠩᠭᠤᠯ ᠤᠨ ᠠᠷᠠᠳ ᠤᠨ ᠬᠤᠷᠠᠯ ᠤᠨ ᠲᠠᠩᠬᠢᠮ ᠳᠤ ᠶᠠᠪᠤᠭᠳᠠᠭᠤᠯᠪᠠ᠂ ᠡᠨᠡ ᠪᠣᠯ ᠠᠯᠠᠱᠠ ᠠᠶᠢᠮᠠᠭ᠂ ᠪᠠᠶᠠᠨᠨᠠᠭᠤᠷ ᠬᠤᠲᠠ᠂ ᠬᠢᠩᠭᠠᠨ ᠠᠶᠢᠮᠠᠭ᠂ ᠪᠤᠭᠤᠲᠤ ᠬᠤᠲᠠ ᠶᠢᠨ ᠳᠠᠷᠠᠭᠠᠬᠢ ︽ᠪᠥᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠭᠠᠲᠤᠷ ᠵᠢᠱᠢᠶᠡᠴᠢ ᠶᠢᠨ ᠲᠡᠷᠢᠭᠦᠨ ᠤ ᠦᠢᠯᠡ ᠠᠵᠢᠯᠯᠠᠭ᠎ᠠ ᠶᠢ ᠤᠬᠠᠭᠤᠯᠤᠨ ᠲᠠᠶᠢᠯᠪᠤᠷᠢᠯᠠᠬᠤ ᠬᠤᠷᠠᠯ︾ ᠤᠨ ᠮᠡᠳᠡᠭᠦᠯᠦᠯᠲᠡ ᠶᠢᠨ ᠪᠦᠯᠬᠦᠮ ᠤᠨ ᠡᠴᠦᠰ ᠤᠨ ᠥᠷᠲᠡᠭᠡ ᠪᠣᠯᠤᠨ᠎ᠠ᠃ ᠥᠪᠡᠷᠲᠡᠭᠡᠨ ᠵᠠᠰᠠᠬᠤ ᠣᠷᠣᠨ ᠤ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠤᠨ ᠲᠠᠪᠤᠳᠤᠭᠠᠷ ᠲᠣᠭᠤᠷᠢᠨ ᠵᠢᠯᠣᠭᠤᠳᠬᠤ ᠳᠤᠭᠤᠶᠢᠯᠠᠩ ᠤᠨ ᠬᠠᠮᠢᠶ᠎ᠠ ᠪᠦᠬᠦᠢ ᠨᠥᠬᠦᠳ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ ᠠᠯᠪᠠᠨ ᠭᠡᠷ ᠲᠢᠩᠬᠢᠮ ᠲᠤᠪᠴᠢᠶ᠎ᠠ ᠶᠢᠨ ᠲᠥᠯᠥᠭᠡᠯᠡᠭᠴᠢ᠂ ᠬᠥᠬᠡᠬᠤᠲᠠ ᠶᠢᠨ ᠨᠠᠮ ᠤᠨ ᠬᠤᠷᠢᠶ᠎ᠠ ᠶᠢᠨ ᠤᠯᠤᠰ ᠲᠦᠷᠦ ᠬᠠᠤᠯᠢ ᠴᠠᠭᠠᠵᠠ ᠶᠢᠨ ᠵᠥᠪᠯᠡᠯ᠂ ᠬᠤᠳᠠ ᠶᠢᠨ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ᠤᠨ ᠬᠠᠮᠢᠶ᠎ᠠ ᠪᠦᠬᠦᠢ ᠨᠥᠬᠦᠳ᠂ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠪᠣᠯᠤᠨ ᠬᠥᠬᠡᠬᠤᠲᠠ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠶᠢᠨ ᠲᠥᠯᠥᠭᠡᠯᠡᠭᠴᠢ ᠵᠡᠷᠭᠡ ᠨᠡᠶᠢᠳᠡ 1200 ᠭᠠᠷᠤᠢ ᠬᠥᠮᠦᠨ ᠲᠤᠬᠠᠢ ᠶᠢᠨ ᠲᠠᠯᠠᠪᠠᠢ ᠳᠤ ᠤᠬᠠᠭᠤᠯᠤᠨ ᠲᠠᠶᠢᠯᠪᠤᠷᠢᠯᠠᠬᠤ ᠶᠢ ᠰᠣᠨᠣᠰᠴᠠᠢ᠃ ᠲᠣᠰ ᠤᠳᠠᠭᠠᠨ ᠤ ᠤᠬᠠᠭᠤᠯᠤᠨ ᠲᠠᠶᠢᠯᠪᠤᠷᠢᠯᠠᠬᠤ ᠬᠤᠷᠠᠯ ᠨᠢ ᠸᠢᠴᠠᠲ ᠤᠨ ᠨᠡᠶᠢᠲᠡ ᠶᠢᠨ ᠳ᠋ᠤᠭᠠᠷ ︽ᠠᠮᠤᠷ ᠠᠮᠤᠭᠤᠯᠠᠩ ᠥᠪᠥᠷ ᠮᠣᠩᠭᠤᠯ︾ ᠵᠢᠴᠢ ᠪᠧᠨ ᠲᠧᠩ ᠬᠠᠮ ᠵᠠᠭᠤᠴᠢᠯᠠᠭᠤᠷ ᠢᠶᠠᠷ ᠳᠠᠮᠵᠢᠭᠤᠯᠤᠨ ᠪᠥᠬᠦ ᠶᠠᠪᠤᠴᠠ ᠶᠢ ᠰᠦᠯᠵᠢᠶ᠎ᠡ ᠪᠠᠷ ᠰᠢᠭᠤᠳ ᠨᠡᠪᠲᠡᠷᠡᠭᠦᠯᠪᠡ᠃
1.jpg
     ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠤᠬᠠᠭᠤᠯᠵᠤ ᠲᠤᠭᠤᠰᠢᠯᠠᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠵᠤ᠂ ᠥᠪᠥᠷ ᠮᠣᠩᠭᠤᠯ ᠤᠨ ᠳᠣᠲᠣᠭᠠᠳᠤ ᠶᠢ ᠬᠠᠮᠠᠭᠠᠯᠠᠬᠤ ᠲᠡᠷᠢᠭᠦᠨ ᠤ ᠨᠡᠶᠢᠲᠡᠯᠢᠭ ᠵᠢᠱᠢᠶ᠎ᠡ ᠶᠢᠨ ᠦᠢᠯᠡ ᠠᠵᠢᠯᠯᠠᠭ᠎ᠠ ᠶᠢ ᠶᠡᠬᠡᠪᠡᠷ ᠤᠬᠠᠭᠤᠯᠵᠤ᠂ ᠳᠣᠲᠣᠭᠠᠳᠤ ᠶᠢ ᠬᠠᠮᠠᠭᠠᠯᠠᠬᠤ ᠪᠠᠭᠠᠲᠤᠷ ᠵᠢᠱᠢᠶᠡᠴᠢ ᠶᠢᠨ ᠵᠣᠷᠢᠭ ᠰᠠᠨᠠᠭ᠎ᠠ ᠶᠢ ᠪᠠᠳᠠᠷᠠᠭᠤᠯᠬᠤ ᠶᠢᠨ ᠲᠥᠯᠥᠭᠡ᠂ ︽ᠪᠦᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠭᠠᠲᠤᠷ ᠵᠢᠱᠢᠶᠡᠴᠢ ᠶᠢᠨ ᠲᠡᠷᠢᠭᠦᠨ ᠤ ᠦᠢᠯᠡ ᠠᠵᠢᠯᠯᠠᠭ᠎ᠠ ᠶᠢ ᠤᠬᠠᠭᠤᠯᠤᠨ ᠲᠠᠶᠢᠯᠪᠤᠷᠢᠯᠠᠬᠤ ᠬᠤᠷᠠᠯ︾ ᠤᠨ ᠲᠣᠭᠤᠷᠢᠨ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠡᠨᠡ ᠵᠢᠯ ᠤᠨ 6 ᠰᠠᠷ᠎ᠠ ᠶᠢᠨ ᠰᠡᠭᠦᠯᠴᠢ ᠪᠠᠷ ᠵᠢᠩᠬᠢᠨᠢ ᠪᠠᠷ ᠡᠬᠢᠯᠡᠪᠡ᠃ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠬᠢᠨ ᠤᠯᠠᠨ ᠭᠠᠵᠠᠷ ᠲᠤ ᠭᠦᠨᠵᠡᠭᠡᠶᠢᠷᠡᠨ ᠲᠣᠭᠤᠷᠢᠨ ᠮᠡᠳᠡᠭᠦᠯᠦᠯᠲᠡ ᠬᠢᠵᠦ᠂ ᠪᠣᠷᠣᠭᠵᠢᠭᠤᠨ ᠦᠭᠡ ᠬᠡᠯᠡ᠂ ᠦᠨᠡᠨᠴᠢ ᠰᠡᠳᠬᠢᠯᠭᠡ᠂ ᠠᠮᠢᠳᠤᠯᠢᠭ ᠪᠣᠳᠠᠲᠤ ᠵᠢᠱᠢᠶ᠎ᠡ ᠪᠠᠷ ᠪᠦᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠪᠠᠭᠠᠲᠤᠷ ᠵᠢᠱᠢᠶᠡᠴᠢ ᠪᠣᠯᠤᠨ ᠲᠡᠷᠢᠭᠦᠨ ᠤ ᠨᠡᠶᠢᠲᠡᠯᠢᠭ ᠵᠢᠱᠢᠶ᠎ᠡ ᠶᠢᠨ ᠬᠥᠮᠦᠰ ᠤᠨ ᠰᠡᠳᠬᠢᠯ ᠢ ᠬᠥᠳᠡᠯᠭᠡᠮ᠎ᠡ ᠦᠢᠯᠡ ᠠᠵᠢᠯᠯᠠᠭ᠎ᠠ ᠶᠢ ᠶᠠᠷᠢᠵᠤ᠂ ᠰᠢᠨ᠎ᠡ ᠴᠠᠭ ᠦᠶ᠎ᠡ ᠶᠢᠨ ᠥᠪᠥᠷ ᠮᠣᠩᠭᠤᠯ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠭᠤᠶᠢᠪᠢᠰᠢ ᠦᠭᠡᠢ ᠦᠨᠡᠨᠴᠢ ᠰᠢᠳᠤᠷᠭᠤ ᠢᠲᠡᠭᠡᠯ ᠪᠢᠰᠢᠷᠡᠯ᠂ ᠮᠠᠷᠲᠠᠭᠳᠠᠰᠢ ᠦᠭᠡᠢ ᠪᠠᠲᠤ ᠰᠠᠬᠢᠬᠤ ᠤᠭ ᠰᠠᠨᠠᠭ᠎ᠠ ᠡᠭᠦᠷᠭᠡ ᠬᠠᠷᠢᠭᠤᠴᠠᠯᠭ᠎ᠠ᠂ ᠭᠤᠶᠢᠪᠢᠰᠢ ᠦᠭᠡᠢ ᠬᠠᠷᠢᠭᠤᠴᠠᠯᠭ᠎ᠠ ᠶᠢ ᠭᠦᠢᠴᠡᠳ ᠢᠯᠡᠷᠡᠭᠦᠯᠪᠡ᠃
2.jpg
     8 ᠤᠬᠠᠭᠤᠯᠤᠨ ᠲᠠᠶᠢᠯᠪᠤᠷᠢᠯᠠᠭᠴᠢ ᠤᠢᠢᠷ᠎ᠠ ᠶᠢᠨ ᠵᠢᠯ ᠤᠨ ᠲᠤᠷᠰᠢᠬᠢ ᠥᠪᠥᠷ ᠮᠣᠩᠭᠤᠯ ᠤᠨ ᠳᠣᠲᠣᠭᠠᠳᠤ ᠶᠢ ᠬᠠᠮᠠᠭᠠᠯᠠᠬᠤ ᠰᠢᠰᠲ᠋ᠧᠮ ᠤᠨ ᠡᠯ᠎ᠡ ᠹᠷᠣᠨᠲ ᠲᠤ ᠴᠣᠯᠭᠤᠷᠠᠨ ᠭᠠᠷᠤᠭᠰᠠᠨ ᠰᠢᠯᠢᠳᠡᠭ ᠨᠡᠶᠢᠲᠡᠯᠢᠭ ᠲᠥᠯᠥᠭᠡᠯᠡᠭᠴᠢ ᠶᠢᠨ ᠲᠡᠷᠢᠭᠦᠨ ᠤ ᠦᠢᠯᠡ ᠠᠵᠢᠯᠯᠠᠭ᠎ᠠ ᠶᠢ ᠶᠠᠷᠢᠪᠠ᠃ ᠲᠡᠳᠡ ᠪᠣᠯ᠂ ᠪᠡᠶ᠎ᠡ ᠳᠤ ᠪᠠᠨ ᠳᠠᠷᠢ ᠠᠪᠴᠤ ᠪᠠᠶᠢᠭ᠎ᠠ ᠮᠠᠭᠤ ᠡᠲᠡᠭᠡᠳ ᠲᠠᠢ ᠰᠢᠭᠤᠳ ᠨᠢᠭᠤᠷᠯᠠᠭᠰᠠᠨ ︽ᠣᠨᠴᠠ ᠲᠦᠷᠦᠯ ᠤᠨ ᠴᠠᠭᠳᠠᠭ᠎ᠠ ᠶᠢᠨ ᠰᠣᠳᠣᠨ︾᠂ 2021 ᠣᠨ ᠤ ︽ᠤᠮᠠᠷᠠᠲᠤ ᠬᠢᠯᠢ ᠶᠢ ᠳᠣᠭᠳᠣᠯᠤᠭᠤᠯᠤᠭᠰᠠᠨ · ᠬᠠᠮᠤᠭ ᠤᠨ ᠪᠠᠭ᠋ᠠᠷᠬᠠᠯᠲᠠᠢ ᠴᠠᠭᠳᠠᠭ᠎ᠠ︾ ᠶᠢᠨ ᠴᠤᠯᠠ ᠬᠦᠷᠲᠡᠭᠴᠢ᠂ ᠬᠥᠬᠡᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠰᠦᠷᠳᠡᠭᠦᠯᠦᠯ ᠢ ᠡᠰᠡᠷᠭᠦᠴᠡᠬᠦ ᠪᠠ ᠣᠨᠴᠠ ᠲᠦᠷᠦᠯ ᠤᠨ ᠴᠠᠭᠳᠠᠭ᠎ᠠ ᠶᠢᠨ ᠰᠠᠯᠪᠤᠷᠢ ᠠᠩᠭᠢ ᠶᠢᠨ ᠪᠠᠶᠢᠯᠳᠤᠭᠠᠨ ᠤ ᠬᠠᠷᠴᠠᠭᠠᠶ ᠶᠢᠨ ᠭᠠᠪᠰᠢᠭᠠᠶ ᠠᠩᠭᠢ ᠶᠢᠨ ᠳᠡᠳ᠋ ᠳᠠᠷᠤᠭ᠎ᠠ ᠯᠢ ᠱᠠᠨ ᠽᠦᠨ︔ ᠬᠠᠭᠠᠰ ᠵᠢᠯ ᠳᠤ ᠣᠯᠠᠨ ᠲᠦᠮᠡᠨ ᠤ ᠬᠦᠷᠭᠡᠭᠰᠡᠨ 31 ᠬᠡᠮᠡᠷᠯᠢᠭ ᠲᠤᠭ ᠢ ᠣᠯᠤᠭᠰᠠᠨ ︽ᠠᠷᠠᠳ ᠣᠯᠠᠨ ᠤ ᠳᠣᠲᠣᠨᠣ ᠨᠠᠶᠢᠵᠠ︾᠂ ︽ᠤᠮᠠᠷᠠᠲᠤ ᠬᠢᠯᠢ ᠶᠢ ᠳᠣᠭᠳᠣᠯᠤᠭᠤᠯᠤᠭᠰᠠᠨ · ᠬᠠᠮᠤᠭ ᠤᠨ ᠪᠠᠭ᠋ᠠᠷᠬᠠᠯᠲᠠᠢ ᠬᠠᠪᠰᠤᠷᠤᠭᠴᠢ ᠴᠠᠭᠳᠠᠭ᠎ᠠ︾᠂ ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠰᠦᠷᠳᠡᠭᠦᠯᠦᠯ ᠢ ᠡᠰᠡᠷᠭᠦᠴᠡᠬᠦ ᠪᠠ ᠴᠠᠭᠳᠠᠨ ᠪᠠᠶᠢᠴᠠᠭᠠᠬᠤ ᠣᠨᠴᠠ ᠲᠥᠷᠥᠯ ᠤᠨ ᠴᠠᠭᠳᠠᠭ᠎ᠠ ᠶᠢᠨ ᠶᠡᠭᠡ ᠠᠩᠭᠢ ᠶᠢᠨ ᠬᠠᠪᠰᠤᠷᠤᠭᠴᠢ ᠴᠠᠭᠳᠠᠭ᠎ᠠ  ᠰᠢᠨ  ᠶᠦᠩ  ᠬᠤᠩ︔ ᠮᠤᠨᠠ  ᠠᠭᠤᠯᠠ  ᠶᠢᠨ  ᠬᠥᠬᠡᠮᠳᠦᠭ  ᠨᠣᠭᠤᠭᠠᠨ  ᠠᠭᠤᠯᠠ  ᠤᠰᠤ  ᠶᠢ  ᠰᠠᠬᠢᠨ  ᠬᠠᠮᠠᠭᠠᠯᠠᠭᠴᠢ ︽ᠪᠠᠭᠠᠲᠤᠷ︾᠂ ᠪᠦᠬᠦ ᠤᠯᠤᠰ ᠤᠨ ︽ᠬᠠᠮᠤᠭ ᠤᠨ ᠪᠠᠭ᠋ᠠᠷᠬᠠᠯᠲᠠᠢ ᠦᠨᠳᠦᠰᠦᠨ ᠱᠠᠲᠤᠨ ᠤ ᠠᠷᠠᠳ ᠤᠨ ᠴᠠᠭᠳᠠᠭ᠎ᠠ︾ ᠶᠢᠨ ᠴᠤᠯᠠ ᠬᠦᠷᠳᠡᠭᠴᠢ᠂ ᠪᠤᠭᠤᠲᠤ ᠬᠤᠳᠠ ᠶᠢᠨ ᠵᠢᠤ ᠶᠤᠸᠠᠨ ᠲᠣᠭᠤᠷᠢᠭ  ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠤᠪᠴᠢᠶ᠎ᠠ ᠶᠢᠨ ᠠᠭᠠᠷᠠᠳᠠᠢ ᠲᠣᠮᠢᠯᠠᠭᠰᠠᠨ ᠰᠠᠯᠪᠤᠷᠢ ᠶᠢᠨ ᠳᠠᠷᠤᠭ᠎ᠠ ᠮᠠ ᠴᠦᠨ ᠢᠦᠢ︔ 27 ᠵᠢᠯ ᠪᠠᠲᠤ ᠰᠠᠬᠢᠵᠤ᠂ ᠬᠤᠷᠤᠭᠤᠨ ᠬᠡ ᠶᠢᠨ ᠨᠢᠭᠤᠴᠠ ᠨᠣᠮᠧᠷ ᠢ ᠲᠠᠶᠢᠯᠤᠨ ᠣᠷᠴᠢᠭᠤᠯᠤᠭᠰᠠᠨ ︽ᠬᠤᠷᠤᠭᠤᠨ ᠦᠵᠦᠭᠦᠷ ᠤᠨ ᠮᠡᠷᠭᠡᠨ ᠲᠠᠩᠨᠠᠭᠤᠯ︾᠂ 2022 ᠣᠨ ᠤ ︽ᠤᠮᠠᠷᠠᠲᠤ ᠬᠢᠯᠢ ᠶᠢ ᠳᠣᠭᠳᠣᠯᠤᠭᠤᠯᠤᠭᠰᠠᠨ · ᠬᠠᠮᠤᠭ ᠤᠨ ᠪᠠᠭ᠋ᠠᠷᠬᠠᠯᠲᠠᠢ ᠴᠠᠭᠳᠠᠭ᠎ᠠ︾ ᠶᠢᠨ ᠴᠤᠯᠠ ᠬᠦᠷᠳᠡᠭᠴᠢ᠂ ᠬᠢᠩᠭᠠᠨ ᠠᠶᠢᠮᠠᠭ ᠤᠨ ᠵᠠᠯᠠᠶᠢᠳ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠡᠷᠡᠭᠦᠦ ᠶᠢᠨ ᠬᠡᠷᠡᠭ ᠤᠨ ᠲᠤᠷᠰᠢᠨ ᠪᠠᠶᠢᠴᠠᠭᠠᠬᠤ ᠶᠡᠭᠡ ᠠᠩᠬᠢ ᠶᠢᠨ ᠳᠡᠳ᠋ ᠳᠠᠷᠤᠭ᠎ᠠ ᠴᠢ ᠰᠢᠤᠸᠠᠢ ᠴᠢᠶᠠᠨ︔ ᠤᠮᠠᠷᠠᠲᠤ ᠬᠢᠯᠢ ᠶᠢᠨ ᠠᠮᠤᠷ ᠲᠦᠪᠰᠢᠨ ᠢ ᠰᠠᠬᠢᠨ ᠬᠠᠮᠠᠭᠠᠯᠠᠵᠤ᠂ ᠬᠠᠭᠤᠴᠢᠨ ᠪᠠᠷᠭᠤ ᠶᠢᠨ ᠲᠠᠯ᠎ᠠ ᠨᠤᠲᠤᠭ ᠲᠤ ᠳᠠᠪᠬᠢᠵᠤ ᠠᠷᠠᠳ ᠢᠷᠭᠡᠳ ᠤᠨ ᠠᠮᠤᠷ ᠠᠮᠤᠭᠤᠯᠠᠩ ᠢ ᠬᠠᠮᠠᠭᠠᠯᠠᠬᠤ ︽ᠱᠤᠩᠬᠤᠷ︾ ᠮᠣᠷᠢᠲᠤ ᠴᠠᠭᠳᠠᠭ᠎ᠠ ᠶᠢᠨ ᠠᠩᠬᠢ︔ ︽ᠠᠮᠢ ᠨᠠᠰᠤᠨ ᠤ ᠬᠤᠷᠢᠭᠠᠲᠤ ᠣᠷᠣᠨ︾ ᠳᠤ ᠬᠡᠷᠡᠯ ᠰᠠᠴᠤᠷᠠᠩᠭᠤᠶ ᠲᠤᠭ ᠡᠷᠭᠦᠵᠦ᠂ ᠠᠷᠠᠳ ᠢᠶᠠᠨ ᠬᠠᠶᠢᠷᠠᠯᠠᠬᠤ ᠰᠢᠨ᠎ᠡ ᠬᠠᠭᠤᠳᠠᠰᠤ ᠶᠢ ᠪᠢᠴᠢᠭᠯᠡᠭᠰᠡᠨ ︽ᠪᠥᠬᠦ ᠤᠯᠤᠰ ᠤᠨ ᠳᠣᠲᠣᠭᠠᠳᠤ ᠶᠢ ᠬᠠᠮᠠᠭᠠᠯᠠᠬᠤ ᠰᠢᠯᠢᠳᠡᠭ ᠦᠨᠳᠦᠰᠦᠨ ᠱᠠᠲᠤᠨ ᠤ ᠨᠢᠭᠡᠴᠢ︾ ︽ᠤᠮᠠᠷᠠᠲᠤ ᠬᠢᠯᠢ ᠶᠢᠨ ᠳᠠᠭᠤᠷᠢᠶᠠᠯ︾᠂ ᠠᠯᠠᠱᠠ ᠶᠢᠨ ᠬᠢᠯᠢ ᠶᠢᠨ ᠬᠠᠮᠢᠶᠠᠷᠤᠯᠲᠠ ᠶᠢᠨ ᠰᠠᠯᠪᠤᠷᠢ ᠠᠩᠭᠢ ᠶᠢᠨ ᠲᠣᠭᠠᠨ ᠤ ᠤᠬᠠᠭᠠᠨᠲᠠᠨ ᠤ ᠬᠢᠯᠢ ᠶᠢᠨ ᠰᠤᠸᠠᠨ ᠵᠢᠩ ᠽᠢ ᠲᠣᠮᠢᠯᠠᠭᠰᠠᠨ ᠰᠠᠯᠪᠤᠷᠢ︔ ᠴᠠᠭᠳᠠᠭ᠎ᠠ ᠶᠢᠨ ᠰᠤᠷᠪᠤᠯᠵᠢᠲᠤ ᠬᠡᠷ ᠤᠨ ᠭᠠᠷᠤᠯ ᠲᠠᠢ᠂ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠳᠤ ᠬᠦᠴᠦᠲᠡᠶ ᠲᠦᠰᠢᠭ ᠲᠤᠯᠭᠠᠭᠤᠷᠢ ᠬᠠᠩᠭᠠᠭᠰᠠᠨ ︽ᠲᠡᠮᠦᠷ ᠰᠠᠷᠭᠠᠶ︾︔ ᠪᠥᠬᠦ ᠤᠯᠤᠰ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠠᠷᠠᠳ ᠢᠶᠠᠨ ᠬᠠᠶᠢᠷᠠᠯᠠᠭᠰᠠᠨ ᠵᠢᠱᠢᠶᠡᠴᠢ᠂ ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠴᠠᠭᠳᠠᠭᠠᠨ ᠤ ᠶᠠᠪᠤᠳᠠᠯ ᠤᠨ ᠲᠤᠰᠠᠯᠠᠯᠲᠠ ᠶᠢᠨ ᠶᠡᠭᠡ ᠠᠩᠭᠢ ᠶᠢᠨ ᠳᠡᠳ᠋ ᠳᠠᠷᠤᠭ᠎ᠠ ᠵᠤ᠋ ᠶᠤᠸᠠᠨ︔ ᠭᠠᠭᠴᠠᠮᠤᠳᠤ ᠪᠣᠭᠤᠮᠲᠠ ᠶᠢᠨ ᠡᠮᠦᠨ᠎ᠡ ᠹᠷᠣᠨᠲ ᠲᠤ ᠦᠨᠳᠦᠰᠦᠯᠡᠵᠦ᠂ ᠳᠤᠮᠳᠠᠳᠤ ᠮᠣᠩᠭᠤᠯ ᠬᠤᠶᠠᠷ ᠤᠯᠤᠰ ᠤᠨ ᠵᠢᠯᠣᠭᠤᠴᠢᠳ ᠤᠨ ︽ᠠᠮᠤᠷ ᠲᠦᠪᠰᠢᠨ ᠤ ᠡᠯᠴᠢ︾᠂ ᠪᠦᠬᠦ ᠤᠯᠤᠰ ᠤᠨ ᠬᠠᠮᠤᠭ ᠤᠨ ᠪᠠᠭ᠋ᠠᠷᠬᠠᠯᠲᠠᠢ ᠦᠨᠳᠦᠰᠦᠨ ᠱᠠᠲᠤᠨ ᠤ ᠠᠷᠠᠳ ᠤᠨ ᠴᠠᠭᠳᠠᠭ᠎ᠠ᠂ ᠪᠦᠬᠦ ᠤᠯᠤᠰ ᠤᠨ ᠳᠣᠲᠣᠭᠠᠳᠤ ᠶᠢ ᠬᠠᠮᠠᠭᠠᠯᠠᠬᠤ ᠰᠢᠰᠲ᠋ᠧᠮ ᠤᠨ ᠬᠤᠶᠠᠳᠤᠭᠠᠷ ᠳᠡᠰ ᠤᠨ ᠪᠠᠭᠠᠲᠤᠷ ᠵᠢᠱᠢᠶᠡᠴᠢ᠂ ᠪᠠᠶᠠᠨᠨᠠᠭᠤᠷ ᠬᠤᠳᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠪᠤᠷᠢ ᠠᠩᠬᠢ ᠶᠢᠨ ᠭᠠᠭᠴᠠᠮᠤᠳᠤ ᠶᠡᠭᠡ ᠠᠩᠬᠢ ᠶᠢᠨ ᠳᠡᠳ᠋ ᠳᠠᠷᠤᠭ᠎ᠠ ᠰᠡᠷᠭᠦᠯᠡᠩ ᠪᠣᠢ᠃
3.jpg
     ᠮᠡᠳᠡᠭᠦᠯᠦᠯᠲᠡ ᠶᠢᠨ ᠬᠤᠷᠠᠯ ᠤᠨ ᠲᠤᠬᠠᠢ ᠶᠢᠨ ᠲᠠᠯᠠᠪᠠᠢ ᠳᠤ᠂ ᠨᠠᠮ ᠤᠨ ᠲᠤᠭ ᠤᠨ ᠤᠯᠠᠭᠠᠨ ᠪᠣᠯᠤᠨ ᠴᠠᠭᠳᠠᠭ᠎ᠠ ᠶᠢᠨ ᠬᠦᠬᠡ ᠦᠩᠬᠡ ᠰᠣᠯᠪᠢᠴᠠᠨ ᠬᠡᠷᠡᠯᠳᠦᠵᠦ᠂ ᠲᠠᠶᠢᠰᠠᠨ ᠳᠡᠭᠡᠷᠡᠬᠢ ᠪᠠ ᠲᠠᠶᠢᠰᠠᠨ ᠳᠣᠣᠷᠠᠬᠢ ᠬᠠᠶᠢᠷ᠎ᠠ ᠰᠡᠳᠬᠢᠯᠭᠡ ᠨᠢᠭᠲᠠ ᠠᠭᠤᠰᠤᠯᠴᠠᠵᠠᠢ᠃ ᠸᠢᠳᠢᠣ᠋ ᠪᠠᠷ ᠳᠡᠯᠭᠡᠨ ᠦᠵᠡᠭᠦᠯᠬᠦ ᠪᠠ ᠮᠡᠳᠡᠭᠦᠯᠦᠭᠴᠢ ᠶᠢᠨ ᠲᠤᠬᠠᠶ ᠶᠢᠨ ᠲᠠᠯᠠᠪᠤᠷ ᠲᠤ ᠶᠠᠷᠢᠬᠤ ᠪᠠᠷ ᠳᠡᠮᠵᠢᠨ᠂ ᠳᠣᠲᠣᠭᠠᠳᠤ ᠶᠢ ᠬᠠᠮᠠᠭᠠᠯᠠᠬᠤ ᠪᠠᠭᠠᠲᠤᠷ ᠵᠢᠱᠢᠶᠡᠴᠢ ᠶᠢᠨ ᠦᠢᠯᠡ ᠠᠵᠢᠯᠯᠠᠭ᠎ᠠ ᠨᠢ ᠨᠠᠩ ᠲᠣᠳᠣᠷᠬᠠᠶ ᠪᠣᠯᠵᠣ᠂ ᠳᠣᠲᠣᠭᠠᠳᠤ ᠶᠢ ᠬᠠᠮᠠᠭᠠᠯᠠᠬᠤ ᠪᠠᠭᠠᠲᠤᠷ ᠵᠢᠱᠢᠶᠡᠴᠢ ᠶᠢᠨ ᠵᠣᠷᠢᠭ ᠰᠠᠨᠠᠭ᠎ᠠ ᠨᠢ ᠬᠥᠮᠦᠰ ᠤᠨ ᠰᠡᠳᠬᠢᠯ ᠢ ᠨᠠᠩ ᠳᠣᠭᠳᠣᠯᠤᠭᠤᠯᠤᠨ᠎ᠠ᠃ ᠬᠠᠯᠠᠭᠤᠨ ᠨᠢᠯᠪᠤᠰᠤ ᠮᠡᠯᠮᠡᠯᠵᠡᠭᠦᠯᠦᠭᠰᠡᠨ ᠪᠠ ᠠᠯᠠᠭ᠎ᠠ ᠲᠠᠰᠢᠯᠳᠠ ᠶᠢᠨ ᠲᠠᠭᠤᠨ ᠠᠶᠤᠩᠭ᠎ᠠ ᠨᠢᠵᠢᠭᠢᠨᠡᠲᠡᠯ᠎ᠡ ᠳᠠᠭᠤᠷᠢᠰᠴᠤ ᠪᠠᠶᠢᠭ᠎ᠠ ᠨᠢ ᠴᠥᠮ ᠳᠣᠲᠣᠭᠠᠳᠤ ᠶᠢ ᠬᠠᠮᠠᠭᠠᠯᠠᠬᠤ ᠪᠠᠭᠠᠲᠤᠷ ᠵᠢᠱᠢᠶᠡᠴᠢ ᠳᠤ ᠬᠦᠨᠳᠦᠳᠬᠡᠯ ᠳᠡᠪᠰᠢᠭᠦᠯᠵᠦ᠂ ᠰᠢᠨ᠎ᠡ ᠴᠠᠭ ᠦᠶ᠎ᠡ ᠶᠢᠨ ᠤᠮᠠᠷᠠᠲᠤ ᠬᠢᠯᠢ ᠶᠢᠨ ᠬᠠᠮᠠᠭᠠᠯᠠᠭᠴᠢ ᠳᠤ ᠬᠦᠨᠳᠦᠳᠬᠡᠯ ᠳᠡᠪᠰᠢᠭᠦᠯᠵᠦ ᠪᠠᠶᠢᠭ᠎ᠠ ᠶᠠᠪᠤᠳᠠᠯ ᠪᠣᠯᠤᠨ᠎ᠠ᠃     ᠨᠢᠭᠡᠨ ᠪᠠᠭᠠᠲᠤᠷ ᠵᠢᠱᠢᠶᠡᠴᠢ ᠪᠣᠯ ᠳᠠᠷᠤᠶ ᠨᠢᠭᠡᠨ ᠲᠤᠬ ᠮᠥᠨ᠂ ᠲᠡᠷᠢᠭᠦᠨ ᠤ ᠬᠢ ᠪᠣᠯ ᠳᠠᠷᠤᠶ ᠨᠢᠭᠡᠨ ᠳᠠᠭᠤᠷᠢᠶᠠᠯ ᠮᠥᠨ᠃ 5 ᠤᠳᠠᠭ᠎ᠠ ᠶᠢᠨ ᠲᠣᠭᠤᠷᠢᠨ ᠮᠡᠳᠡᠭᠦᠯᠦᠯᠲᠡ ᠶᠢᠨ ᠬᠤᠷᠠᠯ ᠪᠣᠯ ᠪᠠᠭᠠᠲᠤᠷ ᠵᠢᠱᠢᠶᠡᠴᠢ ᠶᠢᠨ ᠦᠢᠯᠡ ᠠᠵᠢᠯᠯᠠᠭ᠎ᠠ ᠶᠢ ᠠᠮᠢᠳᠤᠯᠢᠭ ᠢᠶᠠᠷ ᠤᠬᠠᠭᠤᠯᠤᠨ ᠲᠠᠶᠢᠯᠪᠤᠷᠢᠯᠠᠭᠰᠠᠨ ᠶᠠᠪᠤᠳᠠᠯ ᠪᠣᠯᠤᠨ᠎ᠠ᠂ ᠨᠡᠩ ᠴᠤ ᠪᠦᠬᠦ ᠣᠷᠣᠨ ᠤ ᠳᠣᠲᠣᠭᠠᠳᠤ ᠶᠢ ᠬᠠᠮᠠᠭᠠᠯᠠᠬᠤ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠶᠢᠨ ᠬᠠᠲᠠᠭᠤᠵᠢᠯ ᠪᠣᠯᠤᠨ᠎ᠠ᠂ ᠪᠦᠬᠦ ᠣᠷᠣᠨ ᠤ ᠡᠯ᠎ᠡ ᠱᠠᠲᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠳᠤᠮᠳᠠ ᠮᠡᠷᠭᠡᠳ ᠠᠴᠠ ᠲᠠᠭᠠᠨ ᠰᠤᠷᠤᠯᠴᠠᠬᠤ᠂ ᠪᠠᠭᠠᠲᠤᠷ ᠠᠴᠠ ᠰᠤᠷᠤᠯᠴᠠᠬᠤ᠂ ᠪᠠᠭᠠᠲᠤᠷ ᠢ ᠡᠷᠬᠢᠮᠯᠡᠬᠦ᠂ ᠪᠠᠭᠠᠲᠤᠷ ᠪᠣᠯᠬᠤ ᠪᠠᠷ ᠴᠢᠷᠮᠠᠶᠢᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠬᠤ ᠶᠢ ᠠᠬᠢᠭᠤᠯᠤᠭᠰᠠᠨ ᠪᠠᠶᠢᠨ᠎ᠠ᠃
4.jpg
     ᠲᠤᠬᠠᠢ ᠶᠢᠨ ᠲᠠᠯᠠᠪᠠᠢ ᠳᠤ ᠤᠬᠠᠭᠤᠯᠤᠨ ᠲᠠᠶᠢᠯᠪᠤᠷᠢᠯᠠᠬᠤ ᠶᠢ ᠰᠣᠨᠣᠰᠤᠭᠰᠠᠨ ᠴᠢᠩ ᠱᠦᠢ ᠡᡁᠧ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠤᠯᠤᠰ ᠲᠦᠷᠦ ᠶᠢᠨ ᠭᠡᠰᠢᠭᠦᠨ ᠨᠠᠷᠠᠰᠤ᠂ ᠡᠨᠡ ᠤᠳᠠᠭ᠎ᠠ ᠶᠢᠨ ᠳᠣᠲᠣᠭᠠᠳᠤ ᠶᠢ ᠬᠠᠮᠠᠭᠠᠯᠠᠬᠤ ᠪᠠᠭᠠᠲᠤᠷ ᠵᠢᠱᠢᠶᠡᠴᠢ ᠶᠢᠨ ᠲᠡᠷᠢᠭᠦᠨ ᠤ ᠦᠢᠯᠡ ᠠᠵᠢᠯᠯᠠᠭ᠎ᠠ ᠶᠢ ᠤᠬᠠᠭᠤᠯᠤᠨ ᠲᠠᠶᠢᠯᠪᠤᠷᠢᠯᠠᠬᠤ ᠬᠤᠷᠠᠯ ᠪᠣᠯ ᠥᠪᠥᠷ ᠮᠣᠩᠭᠤᠯ ᠤᠨ ᠳᠣᠲᠣᠭᠠᠳᠤ ᠶᠢ ᠬᠠᠮᠠᠭᠠᠯᠠᠬᠤ ᠰᠢᠰᠲ᠋ᠧᠮ ᠤᠨ ᠨᠢᠭᠡ ᠤᠳᠠᠭ᠎ᠠ ᠶᠢᠨ ︽ᠪᠠᠭᠠᠲᠤᠷᠴᠤᠳ ᠤᠨ ᠴᠤᠭᠯᠠᠭᠠᠨ︾ ᠪᠣᠯᠤᠨ᠎ᠠ᠃ ᠲᠡᠳᠡ ᠪᠣᠯ ᠮᠠᠨ ᠤ ᠳᠣᠲᠣᠭᠠᠳᠤ ᠶᠢ ᠬᠠᠮᠠᠭᠠᠯᠠᠬᠤ ᠠᠷᠠᠳ ᠤᠨ ᠴᠠᠭᠳᠠᠭ᠎ᠠ ᠶᠢᠨ ᠳᠠᠭᠤᠷᠢᠶᠠᠯ ᠪᠣᠯᠬᠤ ᠪᠠᠷ ᠪᠠᠷᠠᠬᠤ ᠦᠭᠡᠢ ᠨᠡᠩ ᠴᠤ ᠴᠠᠭ ᠦᠶ᠎ᠡ ᠶᠢᠨ ᠳᠠᠭᠤᠷᠢᠶᠠᠯ ᠪᠣᠯᠬᠤ ᠶᠤᠮ᠃ ᠪᠢᠳᠡ ᠳᠡᠷᠭᠡᠳᠡᠬᠢ ᠪᠠᠭᠠᠲᠤᠷ ᠵᠢᠱᠢᠶᠡᠴᠢ ᠪᠠᠷ ᠢᠶᠠᠨ ᠳᠠᠭᠤᠷᠢᠶᠠᠯ ᠪᠣᠯᠭᠠᠵᠤ᠂ ᠴᠢᠬᠤᠯᠠ ᠰᠤᠷᠭᠠᠯ ᠦᠭᠡ ᠶᠢᠨ ᠵᠣᠷᠢᠭ ᠰᠠᠨᠠᠭ᠎ᠠ ᠶᠢ ᠪᠠᠲᠤ ᠴᠡᠭᠡᠵᠢᠯᠡᠵᠦ᠂ ᠡᠭᠦᠷᠭᠡ ᠬᠠᠷᠢᠭᠤᠴᠠᠯᠭ᠎ᠠ ᠪᠠᠨ ᠦᠨᠡᠨᠴᠢ ᠪᠠᠷ ᠭᠦᠢᠴᠡᠳᠬᠡᠵᠦ᠂ ᠡᠷᠡᠰ ᠰᠢᠭᠤᠷᠬᠠᠢ ᠪᠠᠷ ᠡᠷᠡᠯᠬᠡᠭᠯᠡᠨ ᠤᠷᠤᠭᠰᠢᠯᠠᠵᠤ᠂ ᠨᠠᠮ ᠪᠣᠯᠤᠨ ᠠᠷᠠᠳ ᠲᠦᠮᠡᠨ ᠠᠴᠠ ᠳᠠᠭᠠᠭᠠᠯᠭᠠᠭᠰᠠᠨ ᠰᠢᠨ᠎ᠡ ᠴᠠᠭ ᠦᠶ᠎ᠡ ᠶᠢᠨ ᠡᠭᠦᠷᠭᠡ ᠬᠠᠷᠢᠭᠤᠴᠠᠯᠭ᠎ᠠ ᠪᠠᠨ ᠦᠨᠡᠨ ᠬᠦ ᠰᠠᠶᠢᠲᠤᠷ ᠭᠦᠢᠴᠡᠳᠬᠡᠵᠦ᠂ ᠡᠭᠦᠷᠢᠳᠡ ᠵᠢᠪᠡᠷᠡᠬᠦ ᠦᠭᠡᠢ ᠡᠷᠭᠢ ᠱᠤᠷᠠᠭ ᠪᠣᠯᠤᠨ᠎ᠠ ᠭᠡᠵᠦ ᠢᠯᠡᠳᠬᠡᠪᠡ᠃     ᠬᠥᠬᠡᠬᠤᠲᠠ ᠶᠢᠨ ᠰᠢᠨ᠎ᠡ ᠬᠤᠲᠠ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠤᠯᠤᠰ ᠲᠥᠷᠥ ᠶᠢᠨ ᠠᠯᠪᠠᠨ ᠭᠡᠷ ᠤᠨ ᠳᠡᠳ᠋ ᠡᠷᠬᠢᠯᠡᠭᠴᠢ ᠶᠤᠸᠠᠨ ᠵᠢᠩ ᠴᠦ ᠮᠠᠰᠢ ᠰᠡᠳᠬᠢᠯ ᠬᠥᠳᠡᠯᠵᠦ᠂ ᠲᠡᠷᠡ᠂ ᠳᠣᠲᠣᠭᠠᠳᠤ ᠶᠢ ᠬᠠᠮᠠᠭᠠᠯᠠᠬᠤ ᠠᠷᠠᠳ ᠤᠨ ᠴᠠᠭᠳᠠᠭ᠎ᠠ ᠪᠣᠯᠤᠭᠰᠠᠨ ᠤ ᠬᠤᠪᠢ ᠳᠤ᠂ ᠪᠢᠳᠡ ᠲᠤᠬᠠᠶᠢᠯᠠᠭᠰᠠᠨ ᠠᠵᠢᠯ ᠲᠠᠢ ᠪᠠᠨ ᠤᠶᠠᠯᠳᠤᠭᠤᠯᠵᠤ᠂ ᠪᠠᠭᠠᠲᠤᠷ ᠵᠢᠱᠢᠶᠡᠴᠢ ᠨᠡᠷ ᠤᠨ ᠨᠠᠮ ᠳᠤ ᠪᠠᠨ ᠦᠨᠡᠨᠴᠢ ᠰᠢᠳᠤᠷᠭᠤ᠂ ᠬᠠᠤᠯᠢ ᠶᠢ ᠭᠤᠣᠯᠴᠢ ᠪᠠᠷ ᠬᠡᠷᠡᠭᠵᠢᠭᠦᠯᠬᠦ ᠲᠥᠪ ᠰᠤᠷᠲᠠᠯ ᠢ ᠰᠤᠷᠤᠯᠴᠠᠵᠤ᠂ ᠲᠡᠳᠡᠨ ᠤ ᠬᠦᠴᠢᠷ ᠪᠡᠷᠬᠡᠰᠢᠶᠡᠯ ᠠᠴᠠ ᠥᠴᠦᠬᠡᠨ ᠴᠦ ᠠᠶᠤᠬᠤ ᠦᠭᠡᠢ᠂ ᠡᠷᠡᠯᠬᠡᠭᠯᠡᠨ ᠤᠷᠤᠭᠰᠢᠯᠠᠬᠤ ᠵᠣᠷᠢᠭ ᠰᠠᠨᠠᠭ᠎ᠠ ᠶᠢ ᠰᠤᠷᠤᠯᠴᠠᠵᠤ᠂ ᠪᠢᠳᠡ ᠳᠣᠲᠣᠭᠠᠳᠤ ᠶᠢ ᠬᠠᠮᠠᠭᠠᠯᠠᠬᠤ ᠪᠠᠭᠠᠲᠤᠷ ᠵᠢᠱᠢᠶᠡᠴᠢ ᠨᠡᠷ ᠤᠨ ᠳᠠᠭᠠᠭᠤᠯᠭ᠎ᠠ ᠳᠣᠣᠷ᠎ᠠ᠂ ᠨᠠᠮ ᠪᠣᠯᠤᠨ ᠠᠷᠠᠳ ᠲᠦᠮᠡᠨ ᠤ ᠰᠠᠨᠠᠭᠠᠨ ᠳᠤ ᠨᠡᠶᠢᠴᠡᠭᠰᠡᠨ ᠥᠪᠥᠷ ᠮᠣᠩᠭᠤᠯ ᠤᠨ ᠳᠣᠲᠣᠭᠠᠳᠤ ᠶᠢ ᠬᠠᠮᠠᠭᠠᠯᠠᠬᠤ ᠲᠡᠮᠤᠷ ᠴᠡᠷᠢᠭ ᠢ ᠪᠦᠬᠦ ᠲᠠᠯ᠎ᠠ ᠪᠠᠷ ᠳᠠᠪᠲᠠᠨ ᠪᠣᠯᠪᠠᠰᠤᠷᠠᠭᠤᠯᠤᠨ᠎ᠠ ᠭᠡᠵᠦ ᠢᠯᠡᠳᠬᠡᠪᠡ᠃
5.png
     ᠮᠡᠳᠡᠭᠦᠯᠦᠯᠲᠡ ᠶᠢᠨ ᠬᠤᠷᠠᠯ ᠤᠨ ᠤᠬᠠᠭᠤᠯᠤᠨ ᠲᠠᠶᠢᠯᠪᠤᠷᠢᠯᠠᠬᠤ ᠦᠭᠡ ᠬᠡᠯᠡ ᠨᠢ ᠪᠣᠷᠣᠭᠵᠢᠭᠤᠨ᠂ ᠬᠠᠶᠢᠷ᠎ᠠ ᠰᠡᠳᠬᠢᠯᠭᠡ ᠨᠢ ᠦᠨᠡᠨᠴᠢ ᠰᠢᠳᠤᠷᠭᠤ᠂ ᠬᠥᠮᠦᠰ ᠤᠨ ᠰᠡᠳᠬᠢᠯ ᠢ ᠶᠡᠬᠡᠳᠡ ᠳᠣᠭᠳᠣᠯᠤᠭᠤᠯᠵᠤ᠂ ᠮᠠᠰᠢ ᠶᠡᠭᠡ ᠵᠣᠷᠢᠭᠵᠢᠭᠤᠯᠤᠯ ᠣᠯᠭᠤᠵᠤ᠂ ᠥᠷᠭᠡᠨ ᠤᠯᠠᠨ ᠳᠣᠲᠣᠭᠠᠳᠤ ᠶᠢ ᠬᠠᠮᠠᠭᠠᠯᠠᠬᠤ ᠠᠷᠠᠳ ᠤᠨ ᠴᠠᠭᠳᠠᠭ᠎ᠠ ᠶᠢᠨ  ᠬᠠᠪᠰᠤᠷᠤᠭᠴᠢ ᠴᠠᠭᠳᠠᠭ᠎ᠠ᠂ ᠪᠠᠭᠠᠲᠤᠷ ᠵᠢᠱᠢᠶᠡᠴᠢ ᠶᠢᠨ ᠵᠣᠷᠢᠭ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠦᠨᠡᠨᠴᠢ ᠰᠢᠳᠤᠷᠭᠤ ᠪᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠨ ᠠᠵᠢᠯᠯᠠᠵᠤ᠂ ᠨᠠᠮ ᠪᠣᠯᠤᠨ ᠠᠷᠠᠳ ᠲᠦᠮᠡᠨ ᠤ ᠰᠠᠨᠠᠭᠠᠨ ᠳᠤ ᠨᠡᠶᠢᠴᠡᠭᠰᠡᠨ ᠠᠵᠢᠯ ᠤᠨ ᠠᠮᠵᠢᠯᠲᠠ ᠶᠢ ᠳᠠᠰᠤᠷᠠᠯᠳᠠ ᠦᠬᠡᠢ ᠡᠭᠦᠳᠴᠦ᠂ ᠥᠪᠡᠷᠲᠡᠭᠡᠨ ᠵᠠᠰᠠᠬᠤ ᠣᠷᠣᠨ ᠤ ︽ᠬᠤᠶᠠᠷ ᠶᠡᠭᠡ ᠶᠠᠪᠤᠳᠠᠯ︾ ᠢ ᠰᠠᠶᠢᠲᠤᠷ ᠪᠡᠶᠡᠯᠡᠭᠦᠯᠬᠦ ᠶᠢ ᠡᠷᠡᠰ ᠪᠠᠲᠤᠯᠠᠨ᠎ᠠ ᠭᠡᠵᠦ ᠢᠯᠡᠳᠬᠡᠵᠡᠭᠡᠪᠡ᠃
ᠢᠷᠡᠯᠲᠡ᠄ ᠬᠦᠬᠡᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ
Baidu
map