ᠬᠢᠩᠭᠠᠨ ᠲᠣᠮᠢᠯᠠᠭᠰᠠᠨ ᠰᠠᠯᠪᠤᠷᠢ ᠶᠢᠨ ᠨᠠᠮ ᠤᠨ ᠡᠭᠦᠷ ᠤᠨ ᠱᠦᠵᠢ ᠨᠠᠮ ᠤᠨ ᠬᠢᠴᠢᠶᠡᠯ ᠲᠠᠶᠢᠯᠪᠤᠷᠢᠯᠠᠪᠠ
ᠨᠡᠶᠢᠲᠡᠯᠡᠭᠰᠡᠨ ᠴᠠᠭ᠄
2023/7/4
      ᠤᠷᠴᠢᠮ ᠤᠨ ᠡᠳᠦᠷ᠂ ᠳᠡᠭᠡᠳᠦ ᠱᠠᠲᠤᠨ ᠤ ᠨᠠᠮ ᠤᠨ ᠬᠤᠷᠢᠶ᠎ᠠ ᠶᠢᠨ ︽ᠨᠠᠮ ᠤᠨ ᠪᠠᠶᠢᠭᠤᠯᠤᠯᠲᠠ ᠶᠢ ᠠᠳᠬᠤᠬᠤ᠂ ᠰᠤᠷᠲᠠᠯ ᠢ ᠴᠡᠭᠴᠡᠯᠡᠬᠦ᠂ ᠬᠡᠪ ᠴᠢᠨᠠᠷ ᠢ ᠴᠢᠩᠭᠠᠳᠬᠠᠬᠤ᠂ ᠳᠦᠷᠢ ᠲᠥᠷᠬᠦ ᠶᠢ ᠪᠣᠶ ᠪᠣᠯᠭᠠᠬᠤ︾ ᠲᠤᠬᠠᠢ ᠲᠤᠰᠬᠠᠢ ᠠᠵᠢᠯᠯᠠᠭ᠎ᠠ ᠶᠢᠨ ᠱᠠᠭᠠᠷᠳᠠᠯᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ᠂ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠶᠢᠨ ᠦᠵᠡᠯ ᠰᠠᠨᠠᠭ᠎ᠠ ᠲᠠᠨᠢᠯᠲᠠ ᠪᠠ ᠤᠯᠤᠰ ᠲᠥᠷᠥ ᠶᠢᠨ ᠦᠵᠡᠯ ᠤᠬᠠᠮᠰᠠᠷ ᠢ ᠦᠨᠡᠨ ᠬᠦ ᠳᠡᠭᠡᠭᠰᠢᠯᠡᠭᠦᠯᠬᠦ ᠶᠢᠨ ᠲᠦᠯᠦᠭᠡ᠂ ᠬᠢᠩᠭᠠᠨ ᠠᠶᠢᠮᠠᠭ ᠤᠨ ᠤᠯᠠᠭᠠᠬᠬᠤᠲᠠ ᠶᠢᠨ ᠬᠢᠩᠭᠠᠨ ᠲᠣᠮᠢᠯᠠᠭᠰᠠᠨ ᠰᠠᠯᠪᠤᠷᠢ ᠶᠢᠨ ᠨᠠᠮ ᠤᠨ ᠡᠭᠦᠷ ᠨᠢ ᠨᠠᠮ ᠤᠨ ᠡᠭᠦᠷ ᠤᠨ ᠱᠦᠵᠢ ᠶᠢᠨ ᠨᠠᠮ ᠤᠨ ᠬᠢᠴᠢᠶᠡᠯ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠵᠦ᠂ ᠲᠤᠰ ᠤᠳᠠᠭ᠎ᠠ ᠶᠢᠨ ᠬᠢᠴᠢᠶᠡᠯ ᠤᠨ ᠲᠠᠩᠬᠢᠮ ᠢ ᠨᠠᠮ ᠤᠨ ᠡᠭᠦᠷ ᠤᠨ ᠱᠦᠵᠢ ᠵᠦ ᠬᠤᠤ ᠲᠢᠶᠠᠨ ᠡᠷᠬᠢᠯᠡᠵᠦ᠂ ᠪᠦᠬᠦ ᠨᠠᠮ ᠤᠨ ᠭᠡᠰᠢᠭᠦᠨ᠂ ᠢᠳᠡᠪᠬᠢᠲᠡᠨ ᠣᠷᠣᠯᠴᠠᠪᠠ᠃
1.jpg  
     ᠨᠢᠭᠡᠳᠦᠭᠡᠷ ᠵᠥᠪᠯᠡᠬᠦ ᠰᠡᠳᠦᠪ ᠤᠨ ᠳᠦᠷᠢᠮ᠄ ︽ᠰᠢ ᠶᠢᠨ ᠫᠢᠩ᠄ ᠡᠷᠡᠯᠬᠡᠭᠯᠡᠨ ᠤᠷᠤᠭᠰᠢᠯᠠᠵᠤ᠂ ᠳᠤᠮᠳᠠᠳᠤ ᠣᠷᠣᠰ ᠤᠨ ᠨᠥᠬᠦᠷᠰᠡᠭ ᠬᠠᠮᠲᠤᠷᠠᠯᠴᠠᠭ᠎ᠠ ᠶᠢ ᠨᠡᠭᠡᠭᠡᠵᠦ᠂ ᠬᠠᠮᠲᠤ ᠶᠢᠨ ᠬᠥᠭᠵᠢᠯᠲᠡ ᠶᠢᠨ ᠰᠢᠨ᠎ᠡ ᠬᠠᠭᠤᠳᠠᠰᠤ︾ ᠶᠢ ᠰᠤᠷᠤᠯᠴᠠᠰᠤᠭᠠᠢ᠃
3.jpg  
     ᠬᠢᠴᠢᠶᠡᠯ ᠳᠡᠭᠡᠷ᠎ᠡ᠂ ᠨᠠᠮ ᠤᠨ ᠡᠭᠦᠷ ᠤᠨ ᠱᠦᠵᠢ ᠵᠦ ᠬᠤᠤ ᠲᠢᠶᠠᠨ ︽ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ︾ ᠪᠠᠷ ᠭᠤᠣᠯ ᠰᠡᠳᠦᠪ ᠪᠣᠯᠭᠠᠭᠰᠠᠨ ᠪᠥᠭᠡᠳ ᠲᠤᠰ ᠪᠡᠶ᠎ᠡ ᠶᠢᠨ ᠰᠤᠷᠤᠯᠴᠠᠭᠰᠠᠨ ᠲᠥᠷᠥᠭᠳᠡᠯ ᠲᠠᠢ ᠪᠠᠨ ᠤᠶᠠᠯᠳᠤᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠬᠡᠷᠬᠢᠨ ᠨᠡᠩ ᠰᠠᠶᠢᠲᠤᠷ ᠣᠶᠢᠯᠠᠭᠠᠬᠤ ᠲᠤᠬᠠᠢ ᠨᠠᠷᠢᠨ ᠲᠠᠶᠢᠯᠪᠤᠷᠢᠯᠠᠵᠠᠢ᠃ ᠭᠠᠪᠢᠶᠠᠲᠤ ᠬᠥᠮᠥᠰ ᠤᠨ ᠰᠢᠯᠢᠳᠡᠭ ᠰᠤᠷᠲᠠᠯ ᠢ ᠪᠠᠳᠠᠷᠠᠭᠤᠯᠬᠤ᠂ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠴᠢᠩᠭ᠎ᠠ ᠴᠣᠬᠢᠯᠲᠠ ᠥᠭᠬᠦ ᠵᠡᠷᠭᠡ ᠬᠡᠳᠦᠨ ᠲᠠᠯ᠎ᠠ ᠪᠠᠷ ᠭᠤᠣᠯᠳᠠᠭᠤᠯᠵᠤ᠂ ᠭᠠᠪᠢᠶᠠᠲᠤ ᠬᠥᠮᠥᠰ ᠤᠨ ᠲᠡᠷᠢᠭᠦᠨ ᠤ ᠦᠢᠯᠡ ᠠᠵᠢᠯᠯᠠᠭ᠎ᠠ ᠵᠢᠴᠢ ᠲᠥᠪ ᠶᠣᠰᠣᠨ ᠤ ᠮᠥᠨ ᠴᠢᠨᠠᠷ ᠢᠶᠠᠨ ᠪᠠᠲᠤ ᠰᠠᠬᠢᠬᠤ ᠶᠢ ᠭᠦᠨᠵᠡᠭᠡᠢ ᠲᠣᠳᠣᠷᠬᠠᠶᠢᠯᠠᠨ ᠥᠭᠦᠯᠡᠵᠦ᠂ ᠨᠤᠭᠤᠷᠠᠰᠢ ᠦᠭᠡᠢ ᠡᠷᠴᠢ ᠵᠣᠷᠢᠭ ᠢᠶᠠᠨ ᠪᠠᠷᠢᠮᠲᠠᠯᠠᠬᠤ ᠪᠠᠷ ᠪᠠᠷᠠᠬᠤ ᠦᠭᠡᠢ ᠪᠠᠰᠠ ᠴᠠᠭᠠᠷᠠᠭᠰᠠᠨ ᠴᠢᠳᠠᠪᠤᠷᠢᠲᠠᠨ ᠢ ᠬᠦᠮᠦᠵᠢᠭᠦᠯᠬᠦ ᠲᠤᠬᠠᠢ ᠲᠠᠶᠢᠯᠪᠤᠷᠢᠯᠠᠨ ᠱᠠᠭᠠᠷᠳᠠᠪᠠ᠃     ᠵᠦ ᠬᠤᠤ ᠲᠢᠶᠠᠨ ᠨᠥᠬᠦᠷ᠄ ᠪᠦᠬᠦ ᠨᠠᠮ ᠤᠨ ᠭᠡᠰᠢᠭᠦᠨ᠂ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠨᠠᠷ ᠤᠯᠤᠰ ᠲᠦᠷᠦ ᠶᠢᠨ ᠦᠨᠡᠨᠴᠢ ᠰᠢᠳᠤᠷᠭᠤ ᠶᠢ ᠪᠠᠲᠤ ᠪᠤᠢ ᠪᠣᠯᠭᠠᠵᠤ᠂ ᠢᠮᠠᠭᠲᠠ ᠤᠯᠤᠰ ᠲᠦᠷᠦ ᠶᠢ ᠡᠷᠬᠢᠮᠯᠡᠬᠦ ᠶᠢ ᠲᠡᠷᠢᠭᠦᠨ ᠪᠠᠶᠢᠷᠢᠨ ᠳᠤ ᠲᠠᠯᠪᠢᠵᠤ᠂ ᠢᠮᠠᠭᠲᠠ ᠰᠢ ᠶᠢᠨ ᠫᠢᠩ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠵᠤ᠂ ᠢᠮᠠᠭᠲᠠ ᠨᠠᠮ ᠳᠤ ᠪᠠᠨ ᠬᠠᠷᠢᠴᠠᠯᠠᠰᠢ ᠦᠭᠡᠢ ᠦᠨᠡᠨᠴᠢ ᠰᠢᠳᠤᠷᠭᠤ ᠪᠠᠶᠢᠬᠤ ᠶᠢ ᠪᠠᠷᠢᠮᠲᠠᠯᠠᠵᠤ᠂ ᠢᠮᠠᠭᠲᠠ ᠳᠣᠲᠣᠭᠠᠳᠤ ᠶᠢ ᠬᠠᠮᠠᠭᠠᠯᠠᠬᠤ ᠠᠵᠢᠯ ᠳᠠᠬᠢ ᠨᠠᠮ ᠤᠨ ᠬᠠᠷᠢᠴᠠᠯᠠᠰᠢ ᠦᠭᠡᠢ ᠤᠳᠤᠷᠢᠳᠤᠯᠭ᠎ᠠ ᠶᠢ ᠪᠠᠷᠢᠮᠲᠠᠯᠠᠬᠤ ᠬᠡᠷᠡᠭᠲᠡᠢ ᠭᠡᠵᠦ ᠴᠢᠬᠤᠯᠠᠴᠢᠯᠠᠪᠠ᠃     ᠨᠠᠮ ᠤᠨ ᠬᠢᠴᠢᠶᠡᠯ ᠲᠡᠭᠦᠰᠦᠭᠰᠡᠨ ᠤ ᠲᠠᠷᠠᠭ᠎ᠠ᠂ ᠤᠯᠠᠨ ᠢᠶᠠᠷ ᠢᠶᠠᠨ᠂ ᠲᠤᠰ ᠤᠳᠠᠭ᠎ᠠ ᠶᠢᠨ ᠨᠠᠮ ᠤᠨ ᠬᠢᠴᠢᠶᠡᠯ ᠨᠢ ᠪᠢᠳᠡᠨ ᠢ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠳᠤ ᠨᠡᠩ ᠭᠦᠨᠵᠡᠭᠡᠢ ᠣᠶᠢᠯᠠᠭᠠᠯᠲᠠ ᠲᠠᠢ ᠪᠤᠯᠭᠠᠵᠦ᠂ ᠪᠢᠳᠡ ᠲᠤᠰ ᠤᠳᠠᠭ᠎ᠠ ᠶᠢᠨ ᠨᠠᠮ ᠤᠨ ᠬᠢᠴᠢᠶᠡᠯ ᠢᠶᠠᠷ ᠵᠢᠯᠣᠭᠤᠳᠤᠯᠭ᠎ᠠ ᠪᠣᠯᠭᠠᠵᠤ᠂ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠵᠤ᠂ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠲᠤ ᠰᠠᠬᠢᠨ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠲᠤᠬᠠᠶᠢᠯᠠᠭᠰᠠᠨ ᠠᠵᠢᠯ ᠳᠤ ᠪᠠᠨ ᠰᠠᠭᠤᠷᠢᠯᠠᠵᠤ᠂ ᠪᠣᠳᠠᠲᠤ ᠠᠵᠢᠯᠯᠠᠭ᠎ᠠ ᠪᠠᠷ ᠢᠶᠠᠨ ᠳᠡᠭᠡᠳᠦ ᠱᠠᠲᠤᠨ ᠠᠴᠠ ᠲᠤᠰᠢᠶᠠᠭᠰᠠᠨ ᠡᠯ᠎ᠡ ᠵᠦᠢᠯ ᠤᠨ ᠠᠵᠢᠯ ᠢ ᠰᠠᠶᠢᠲᠤᠷ ᠬᠢᠨ᠎ᠡ ᠭᠡᠵᠦ ᠢᠯᠡᠳᠬᠡᠵᠡᠭᠡᠪᠡ᠃ 
ᠢᠷᠡᠯᠲᠡ᠄ ᠬᠢᠩᠭᠠᠨ ᠠᠶᠢᠮᠠᠭ ᠤᠨ ᠲᠣᠳᠤᠭᠠᠳᠤ ᠶᠢ ᠬᠠᠮᠠᠭᠠᠯᠠᠬᠤ ᠲᠣᠪᠴᠢᠶ᠎ᠠ
Baidu
map