| 6 ᠰᠠᠷ᠎ᠠ ᠶᠢᠨ 21 ᠤ ᠡᠳᠦᠷ᠂ ︽ᠲᠤᠯᠤᠭᠠᠨ ᠰᠠᠷ᠎ᠠ ᠶᠢᠨ ᠨᠢᠭᠡᠨ︾ ᠤ ᠨᠠᠮ ᠪᠠᠶᠢᠭᠤᠯᠤᠭᠳᠠᠭᠰᠠᠨ ᠪᠠᠶᠠᠷ᠂ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ | ᠪᠠᠶᠠᠷ ᠬᠦᠷᠴᠦ ᠢᠷᠡᠬᠦ ᠲᠠᠰᠢᠷᠠᠮ ᠢᠶᠠᠷ᠂ ᠦᠬᠠᠶ ᠬᠤᠲᠠ ᠶᠢᠨ ᠬᠠᠶᠢᠨᠠᠨ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ︽ᠲᠤᠯᠤᠭᠠᠨ | ᠰᠠᠷ᠎ᠠ ᠶᠢᠨ ᠨᠢᠭᠡᠨ ᠢ ᠤᠭᠲᠤᠵᠤ᠂ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠢ ᠪᠡᠯᠭᠡᠯᠡᠬᠦ︾ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠳᠤᠮᠳᠠᠳᠤ | ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 102 ᠵᠢᠯ ᠤᠨ ᠣᠶ ᠵᠢᠴᠢ ᠳᠤᠮᠳᠠᠳᠤ ᠤᠯᠤᠰ ᠤᠨ ᠤᠯᠠᠮᠵᠢᠯᠠᠯᠲᠤ ᠪᠠᠶᠠᠷ ᠤᠨ ᠡᠳᠦᠷ — ᠲᠠᠪᠤᠨ | ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ ᠢ ᠪᠠᠶᠠᠷᠯᠠᠨ ᠪᠡᠯᠭᠡᠯᠡᠪᠡ᠃ 17 ᠨᠠᠮ ᠤᠨ ᠡᠭᠦᠷ ᠠᠴᠠ ᠢᠷᠡᠭᠰᠡᠨ 40 ᠭᠠᠷᠤᠢ ᠨᠠᠮ ᠤᠨ ᠭᠡᠰᠢᠭᠦᠨ ᠠᠷᠠᠳ ᠤᠨ | ᠴᠠᠭᠳᠠᠭ᠎ᠠ ᠬᠠᠪᠰᠤᠷᠤᠭᠴᠢ ᠴᠠᠭᠳᠠᠭ᠎ᠠ ᠠᠵᠢᠯᠯᠠᠭ᠎ᠠ ᠳᠤ ᠣᠷᠣᠯᠴᠠᠪᠠ᠃ | | | | ᠨᠢᠭᠡ᠂ ᠬᠤᠪᠢᠰᠬᠠᠯ ᠤᠨ ᠭᠧᠨ ᠢ ᠳᠠᠬᠢᠨ ᠣᠶᠢᠯᠭᠠᠵᠤ ᠵᠠᠯᠭᠠᠮᠵᠢᠯᠠᠶ᠎ᠠ | ᠬᠤᠪᠢᠰᠬᠠᠯ ᠤᠨ ᠵᠣᠷᠢᠭ ᠰᠠᠨᠠᠭ᠎ᠠ ᠶᠢ ᠤᠯᠠᠮ ᠴᠢᠨᠠᠭᠰᠢᠳᠠ ᠪᠠᠳᠠᠷᠠᠭᠤᠯᠤᠨ᠂ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠵᠤ᠂ ᠪᠦᠬᠦ ᠲᠠᠯ᠎ᠠ ᠶᠢᠨ ᠨᠠᠮ ᠤᠨ | ᠭᠡᠰᠢᠭᠦᠨ ᠨᠥᠬᠦᠳ ᠤᠨ ᠠᠵᠢᠯ ᠬᠢᠵᠦ ᠦᠢᠯᠡᠰ ᠪᠤᠰᠬᠠᠬᠤ ᠬᠠᠷᠢᠭᠤᠴᠠᠯᠭᠠᠲᠤ ᠰᠡᠳᠬᠢᠯᠭᠡ ᠪᠣᠯᠤᠨ ᠡᠭᠦᠷᠭᠡᠲᠦ ᠰᠡᠳᠬᠢᠯᠭᠡ ᠶᠢ ᠴᠢᠩᠭᠠᠳᠬᠠᠨ᠂ ᠪᠦᠬᠦ ᠠᠷᠠᠳ ᠤᠨ | ᠴᠠᠭᠳᠠᠭ᠎ᠠ ᠬᠠᠪᠰᠤᠷᠤᠭᠴᠢ ᠴᠠᠭᠳᠠᠭ᠎ᠠ ᠶᠢ ᠬᠠᠪᠰᠤᠷᠤᠨ ᠰᠢᠨ᠎ᠡ ᠡᠭᠦᠷᠭᠡᠯᠡᠯ ᠰᠢᠨ᠎ᠡ ᠵᠢᠳᠬᠦᠯ ᠴᠢᠷᠮᠠᠶᠢᠯᠭ᠎ᠠ ᠪᠠᠨ ᠢᠯᠡᠷᠡᠭᠦᠯᠬᠦ ᠶᠢ ᠵᠣᠷᠢᠭᠵᠢᠭᠤᠯᠬᠤ ᠶᠢᠨ ᠲᠥᠯᠥᠭᠡ᠂ | ᠨᠠᠮ ᠤᠨ ᠭᠡᠰᠢᠭᠦᠨ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠶᠢᠨ ᠲᠥᠯᠥᠭᠡᠯᠡᠭᠴᠢ ︽ᠪᠠᠭ᠎ᠠ ᠭᠤᠷᠪᠠᠳᠡᠬᠢ ᠬᠤᠲᠠ︾ ᠶᠢᠨ ᠬᠤᠪᠢᠰᠬᠠᠯ ᠤᠨ | ᠬᠥᠮᠦᠵᠢᠯ ᠤᠨ ᠰᠠᠭᠤᠷᠢᠨ ᠳᠤ ᠲᠣᠭᠤᠷᠢᠨ ᠦᠵᠡᠵᠦ ᠰᠤᠷᠤᠯᠴᠠᠪᠠ᠃ ᠭᠠᠯ ᠤᠯᠠᠭᠠᠨ ᠨᠠᠮ ᠤᠨ ᠲᠤᠭ ᠤᠨ ᠡᠮᠦᠨ᠎ᠡ᠂ ᠪᠦᠬᠦ ᠨᠠᠮ ᠤᠨ ᠭᠡᠰᠢᠭᠦᠳ ᠪᠠᠷᠠᠭᠤᠨ | ᠨᠢᠳᠤᠷᠭ᠎ᠠ ᠪᠠᠨ ᠳᠠᠬᠢᠨᠲᠠ ᠥᠨᠳᠥᠷ ᠡᠷᠭᠦᠵᠦ᠂ ᠤᠯᠠᠨ ᠢᠶᠠᠷ ᠢᠶᠠᠨ ᠲᠥᠪ ᠬᠢᠴᠢᠶᠡᠩᠭᠦᠢ᠂ ᠢᠳᠡ ᠬᠦᠴᠦᠲᠡᠢ ᠡᠷᠡᠰ ᠪᠠᠲᠤ ᠲᠠᠩᠭᠠᠷᠢᠭ ᠢᠶᠠᠷ ᠢᠶᠠᠨ ᠡᠪ | ᠬᠠᠮᠲᠤᠴᠤᠳ ᠤᠨ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠶᠢ ᠢᠯᠡᠷᠡᠭᠦᠯᠪᠡ᠃ | | | | ᠠᠵᠢᠯᠯᠠᠭ᠎ᠠ ᠶᠢᠨ ᠳᠤᠮᠳᠠ᠂ ᠤᠯᠠᠨ ᠢᠶᠠᠷ ᠢᠶᠠᠨ ᠴᠡᠷᠢᠭ ᠤᠨ ᠠᠵᠤ ᠦᠢᠯᠡᠳᠪᠦᠷᠢ ᠶᠢᠨ ᠰᠣᠶᠣᠯ ᠤᠨ ᠳᠤᠷᠠᠰᠬᠠᠯ ᠤᠨ ᠣᠷᠳᠣᠨ ᠤ ︽ᠲᠡᠦᠬᠡ ᠶᠢᠨ | ᠴᠤᠤᠷᠢᠶ᠎ᠠ︾᠂ ︽ᠭᠠᠶᠢᠬᠠᠮᠰᠢᠭᠲᠤ ᠣᠨ ᠰᠠᠷ᠎ᠠ︾᠂ ︽ᠬᠤᠪᠢᠷᠠᠯᠲᠠ︾ ᠭᠡᠬᠦ ᠭᠤᠷᠪᠠᠨ ᠦᠵᠡᠭᠦᠯᠦᠯᠭᠡ ᠶᠢᠨ ᠲᠣᠭᠤᠷᠢᠭ ᠵᠢᠴᠢ ᠢ ᠲᠦᠩ ᠦᠢᠯᠡᠳᠪᠦᠷᠢ ᠶᠢᠨ | ᠬᠠᠭᠤᠴᠢᠨ ᠪᠠᠭᠤᠷᠢ ᠶᠢᠨ ᠬᠡᠰᠡᠭ ᠦᠢᠯᠡᠳᠪᠦᠷᠢ ᠶᠢᠨ ᠲᠠᠰᠤᠭ ᠢ ᠲᠣᠭᠤᠷᠢᠨ ᠦᠵᠡᠪᠡ᠃ ᠲᠠᠶᠢᠯᠪᠤᠷᠢᠯᠠᠭᠴᠢ ᠶᠢᠨ ᠲᠠᠶᠢᠯᠤᠮᠵᠢ ᠶᠢ ᠰᠣᠨᠣᠰᠬᠤ᠂ ᠬᠤᠪᠣᠷ ᠨᠠᠨᠳᠢᠨ | ᠲᠡᠦᠬᠡ ᠶᠢᠨ ᠳᠤᠷᠠᠰᠬᠠᠯᠲᠤ ᠵᠦᠢᠯᠡᠰ ᠢ ᠰᠣᠨᠢᠷᠬᠠᠬᠤ᠂ ᠵᠢᠷᠤᠭ ᠦᠰᠦᠭ ᠤᠨ ᠦᠵᠡᠭᠦᠯᠦᠯᠭᠡ ᠶᠢᠨ ᠰᠠᠮᠪᠠᠷ᠎ᠠ᠂ ᠰᠤᠷᠪᠤᠯᠵᠢ ᠪᠢᠴᠢᠭ ᠮᠠᠲ᠋ᠧᠷᠢᠶᠠᠯ ᠢ ᠦᠵᠡᠬᠦ ᠪᠠ | ᠦᠵᠡᠭᠳᠡᠯᠲᠦ ᠵᠦᠴᠦᠭᠡ ᠦᠵᠡᠬᠦ ᠵᠡᠷᠭᠡ ᠬᠡᠯᠪᠡᠷᠢ ᠪᠠᠷ ᠳᠠᠮᠵᠢᠭᠤᠯᠵᠤ᠂ ︽ᠪᠠᠭ᠎ᠠ ᠭᠤᠷᠪᠠᠳᠡᠬᠢ ᠬᠤᠲᠠ︾ ᠶᠢᠨ ᠪᠦᠳᠦᠭᠡᠨ ᠪᠠᠶᠢᠭᠤᠯᠤᠭᠴᠢᠳ ᠤᠨ ᠦᠬᠠᠢ ᠳᠤ | ᠦᠨᠳᠦᠰᠦᠯᠡᠵᠦ ᠰᠢᠷᠭᠠᠭᠤ ᠬᠠᠲᠠᠭᠤᠵᠢᠯᠲᠠᠢ ᠲᠡᠮᠡᠴᠡᠭᠰᠡᠨ ᠭᠠᠶᠢᠬᠠᠮᠰᠢᠭᠲᠤ ᠣᠨ ᠰᠠᠷ᠎ᠠ ᠶᠢ ᠡᠷᠭᠢᠴᠡᠭᠦᠯᠦᠨ᠂ ᠠᠬᠠᠮᠠᠳ ᠨᠢᠭᠡ ᠦᠶ᠎ᠡ ᠶᠢᠨ ᠡᠪ ᠬᠠᠮᠲᠤ ᠨᠠᠮ ᠤᠨ | ᠭᠡᠰᠢᠭᠦᠨ ᠤ ᠰᠢᠷᠭᠠᠭᠤ ᠬᠠᠲᠠᠭᠤᠵᠢᠯᠲᠠᠢ ᠠᠵᠢᠯ ᠠᠮᠢᠳᠤᠷᠠᠯ ᠤᠨ ᠣᠷᠴᠢᠨ ᠲᠣᠭᠤᠷᠢᠨ ᠢ ᠪᠡᠶᠡᠴᠢᠯᠡᠨ ᠣᠶᠢᠯᠠᠭᠠᠵᠠᠢ᠃ | | | | ᠬᠤᠶᠠᠷ᠂ ᠲᠠᠩᠰᠤᠭ ᠰᠠᠶᠢᠬᠠᠨ ᠴᠠᠭᠳᠠᠭ᠎ᠠ ᠶᠢᠨ ᠬᠤᠸᠠᠷᠠᠨ ᠤ ᠪᠠᠶᠠᠷ ᠬᠦᠷ | ᠦᠳᠡ ᠶᠢᠨ ᠡᠮᠦᠨᠡᠬᠢ 10 ᠴᠠᠭ ᠲᠤ᠂ ᠬᠥᠲᠥᠯᠥᠭᠴᠢ ᠶᠢᠨ ︽ᠡᠬᠢᠯᠡᠬᠦ︾ ᠲᠠᠭᠤᠨ ᠭᠠᠷᠬᠤ ᠶᠢ ᠳᠠᠭᠠᠯᠳᠤᠨ᠂ ᠤᠷᠤᠯᠳᠤᠭᠠᠨ ᠵᠢᠩᠬᠢᠨᠢ ᠪᠠᠷ ᠡᠬᠢᠯᠡᠪᠡ᠂ ᠲᠣᠰ | ᠤᠳᠠᠭᠠᠨ ᠤ ᠽᠦᠩᠽᠢ ᠪᠠᠭᠯᠠᠬᠤ ᠤᠷᠤᠯᠳᠤᠭᠠᠨ ᠢ 15 ᠳᠤᠭᠤᠶᠢᠯᠠᠩ ᠬᠤᠪᠢᠶᠠᠵᠤ ᠶᠠᠪᠤᠭᠳᠠᠭᠤᠯᠤᠨ᠎ᠠ᠂ ᠤᠷᠤᠯᠳᠤᠭᠠᠨ ᠤ ᠴᠠᠭ ᠨᠢ 30 ᠮᠢᠨᠦ᠋ᠲ ᠪᠣᠯᠤᠨ᠎ᠠ᠂ | ᠳᠤᠭᠤᠶᠢᠯᠠᠩ ᠪᠦᠷᠢ ᠳᠤ 2 ᠨᠥᠬᠦᠳ ᠥᠪᠡᠷ ᠤᠨ ᠪᠠᠶᠢᠭ᠎ᠠ ᠨᠠᠮ ᠤᠨ ᠡᠭᠦᠷ ᠢᠶᠠᠨ ᠲᠥᠯᠥᠭᠡᠯᠡᠨ ᠤᠷᠤᠯᠳᠤᠭᠠᠨ ᠳᠤ ᠣᠷᠣᠯᠴᠠᠵᠤ᠂ ᠲᠣᠭᠲᠠᠭᠰᠠᠨ ᠴᠠᠭ ᠤᠨ | ᠳᠣᠲᠣᠷ᠎ᠠ ᠽᠦᠩᠽᠢ ᠪᠠᠭᠯᠠᠭᠰᠠᠨ ᠲᠤᠭ᠎ᠠ ᠨᠢ ᠣᠯᠠᠨ᠂ ᠴᠢᠨᠠᠷ ᠨᠢ ᠰᠠᠶᠢᠨ᠂ ᠢᠳᠡᠭᠡᠨ ᠤ ᠮᠠᠲ᠋ᠧᠷᠢᠶᠠᠯ ᠢ ᠪᠦᠷᠢᠯᠭᠡᠬᠦ ᠥᠬᠡᠶ ᠮᠥᠷᠲᠡᠭᠡᠨ ᠲᠠᠯᠠᠪᠤᠷ ᠭᠠᠵᠠᠷ ᠢ ᠴᠡᠪᠡᠷ | ᠲᠡᠭᠰᠢ ᠪᠠᠶᠢᠯᠭᠠᠭᠰᠠᠳ ᠢ ᠢᠯᠠᠭᠰᠠᠨ ᠢᠶᠠᠷ ᠪᠣᠳᠣᠨ᠎ᠠ᠃ | ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ ᠪᠠᠶᠠᠷ ᠬᠦᠷ ᠢᠶᠠᠷ ᠪᠢᠯᠬᠠᠵᠤ᠂ ᠽᠦᠩᠽᠢ ᠶᠢᠨ ᠨᠠᠪᠴᠢ ᠠᠴᠠ ᠠᠩᠭᠢᠯᠣᠮ᠎ᠠ ᠦᠨᠦᠷ ᠬᠠᠩᠬᠤᠯᠵᠤ᠂ ᠮᠥᠬᠦᠯᠢᠭ | ᠮᠥᠬᠦᠯᠢᠭ ᠰᠢᠯᠦᠬᠡᠶ ᠲᠤᠲᠤᠷᠭ᠎ᠠ ᠳᠤ ᠴᠠᠭᠳᠠᠭ᠎ᠠ ᠶᠢᠨ ᠬᠤᠸᠠᠷᠠᠨ ᠤ ᠬᠠᠶᠢᠷ᠎ᠠ ᠰᠡᠳᠬᠢᠯᠭᠡ ᠳᠦᠭᠦᠷᠡᠩ᠃ ᠬᠤᠷᠴᠠ ᠰᠢᠷᠦᠭᠦᠨ ᠥᠷᠢᠰᠥᠯᠳᠦᠭᠡᠨ ᠢᠶᠠᠷ ᠳᠠᠮᠵᠢᠨ᠂ | ᠡᠴᠦᠰ ᠲᠤ ᠪᠠᠨ ᠴᠠᠭᠳᠠᠭᠠᠨ ᠤ ᠶᠠᠪᠤᠳᠠᠯ ᠤᠨ ᠪᠠᠲᠤᠯᠠᠪᠤᠷᠢ ᠶᠢᠨ ᠲᠠᠰᠤᠭ ᠤᠨ ᠨᠠᠮ ᠤᠨ ᠡᠭᠦᠷ ᠲᠡᠷᠢᠭᠦᠯᠡᠵᠦ᠂ ᠰᠢᠪᠠᠳᠠᠨ ᠪᠠᠶᠢᠴᠠᠭᠠᠬᠤ ᠬᠠᠤᠯᠢ ᠳᠦᠷᠢᠮ ᠤᠨ ᠶᠡᠭᠡ | ᠠᠩᠬᠢ ᠶᠢᠨ ᠨᠠᠮ ᠤᠨ ᠡᠭᠦᠷ᠂ ᠭᠦᠨ ᠤᠰᠤ ᠲᠣᠮᠢᠯᠠᠭᠰᠠᠨ ᠰᠠᠯᠪᠤᠷᠢ ᠶᠢᠨ ᠨᠠᠮ ᠤᠨ ᠡᠭᠦᠷ ᠬᠤᠶᠠᠳᠤᠭᠠᠷ ᠲᠤ ᠣᠷᠣᠵᠤ᠂ ᠰᠦᠷᠳᠡᠭᠦᠯᠦᠯ ᠢ ᠡᠰᠡᠷᠭᠦᠴᠡᠬᠦ ᠪᠠ ᠣᠨᠴᠠ | ᠲᠦᠷᠦᠯ ᠤᠨ ᠴᠠᠭᠳᠠᠭ᠎ᠠ ᠶᠢᠨ ᠶᠡᠭᠡ ᠠᠩᠬᠢ ᠶᠢᠨ ᠨᠠᠮ ᠤᠨ ᠡᠭᠦᠷ᠂ ᠡᠷᠡᠭᠦᠦ ᠶᠢᠨ ᠬᠡᠷᠡᠭ ᠤᠨ ᠲᠤᠷᠰᠢᠨ ᠪᠠᠶᠢᠴᠠᠭᠠᠬᠤ ᠶᠡᠭᠡ ᠠᠩᠬᠢ ᠶᠢᠨ ᠨᠠᠮ ᠤᠨ ᠡᠭᠦᠷ᠂ ᠪᠠᠷᠠᠭᠤᠨ | ᠵᠦᠸᠧ ᠽᠢ ᠱᠠᠨ ᠤ ᠲᠣᠮᠢᠯᠠᠭᠰᠠᠨ ᠰᠠᠯᠪᠤᠷᠢ ᠶᠢᠨ ᠨᠠᠮ ᠤᠨ ᠡᠭᠦᠷ ᠭᠤᠷᠪᠠᠳᠤᠭᠠᠷ ᠲᠤ ᠣᠷᠣᠪᠠ᠃ | | | | ᠲᠣᠰ ᠤᠳᠠᠭᠠᠨ ᠤ ᠠᠵᠢᠯᠯᠠᠭ᠎ᠠ ᠨᠢ ᠴᠠᠭᠳᠠᠭᠠᠨ ᠤ ᠬᠤᠸᠠᠷᠠᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠤᠭᠰᠠᠨ ᠢᠶᠠᠷ ᠪᠠᠷᠠᠬᠤ ᠥᠬᠡᠶ ᠪᠠᠰᠠ ᠲᠠᠪᠤᠨ | ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ ᠲᠤ ᠠᠭᠤᠯᠤᠭᠳᠠᠵᠤ ᠪᠠᠶᠢᠭ᠎ᠠ ᠡᠬᠡ ᠣᠷᠣᠨᠴᠢ ᠦᠵᠡᠯ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠬᠠᠮᠲᠤ ᠶᠢᠨ | ᠨᠢᠭᠲᠠᠷᠠᠯ ᠤᠨ ᠬᠦᠴᠦᠨ ᠢ ᠴᠢᠩᠭᠠᠷᠠᠭᠤᠯᠵᠠᠶ᠃ ᠣᠯᠠᠨ ᠢᠶᠠᠷ ᠢᠶᠠᠨ ᠪᠦᠷ ᠬᠥᠳᠡᠯᠭᠡᠭᠡᠨ ᠬᠢᠬᠦ ᠪᠠᠷ ᠳᠡᠮᠵᠢᠨ ᠪᠡᠶ᠎ᠡ ᠰᠡᠳᠬᠢᠯ ᠢᠶᠠᠨ ᠲᠠᠶᠢᠪᠤᠰᠢᠷᠠᠭᠤᠯᠵᠤ᠂ | ᠰᠣᠯᠢᠯᠴᠠᠭ᠎ᠠ ᠪᠠᠨ ᠴᠢᠩᠭᠠᠳᠬᠠᠬᠤ ᠶᠢᠨ ᠬᠠᠮᠲᠤ ᠽᠦᠩᠽᠢ ᠪᠠᠭᠯᠠᠬᠤ ᠬᠡᠯᠪᠡᠷᠢ ᠪᠠᠷ ᠥᠪᠡᠷ ᠤᠨ ᠭᠠᠷ ᠬᠥᠳᠡᠯᠬᠦ ᠴᠢᠳᠠᠪᠤᠷᠢ᠂ ᠰᠤᠷᠤᠯᠴᠠᠬᠤ ᠴᠢᠳᠠᠪᠤᠷᠢ ᠵᠢᠴᠢ | ᠪᠦᠯᠬᠦᠮ ᠨᠡᠶᠢᠲᠡ ᠶᠢᠨ ᠬᠠᠮᠲᠤᠷᠠᠨ ᠠᠵᠢᠯᠯᠠᠬᠤ ᠴᠢᠳᠠᠪᠤᠷᠢ ᠪᠠᠨ ᠳᠠᠪᠲᠠᠨ ᠪᠣᠯᠪᠠᠰᠤᠷᠠᠭᠤᠯᠵᠤ᠂ ᠬᠤᠶᠢᠰᠢᠳᠠ ᠶᠢᠨ ᠠᠵᠢᠯ ᠤᠨ ᠳᠤᠮᠳᠠ ᠪᠠᠨ ᠵᠠᠯᠠᠭᠤ ᠨᠠᠰᠤᠨ ᠳᠤ ᠪᠠᠨ | ᠣᠰᠣᠯᠳᠠᠬᠤ ᠥᠬᠡᠶ᠂ ᠴᠢᠷᠮᠠᠶᠢᠨ ᠲᠡᠮᠡᠴᠡᠬᠦ ᠠᠵᠢᠯ ᠤᠨ ᠪᠠᠶᠢᠳᠠᠯ ᠢᠶᠠᠷ ᠠᠵᠢᠯ ᠤᠨ ᠪᠠᠶᠢᠷᠢ ᠳᠤ ᠪᠠᠨ ᠰᠠᠭᠤᠷᠢᠯᠠᠨ᠂ ᠡᠭᠦᠷᠭᠡ ᠲᠤᠰᠢᠶᠠᠯ ᠢᠶᠠᠨ ᠬᠢᠨᠠᠮᠠᠭᠠᠶ | ᠭᠦᠢᠴᠡᠳᠬᠡᠵᠦ᠂ ᠪᠥᠬᠦ ᠣᠷᠣᠨ ᠤ ᠠᠮᠤᠷ ᠢ ᠬᠠᠮᠠᠭᠠᠯᠠᠬᠤ ᠶᠡᠭᠡ ᠲᠠᠯ᠎ᠠ ᠶᠢᠨ ᠦᠷᠭᠦᠯᠵᠢᠯᠡᠨ ᠲᠣᠭᠲᠠᠭᠤᠨ ᠪᠠᠶᠢᠬᠤ ᠶᠢ ᠬᠠᠮᠠᠭᠠᠯᠠᠬᠤ ᠳᠤ ᠨᠠᠩ ᠶᠡᠭᠡ ᠰᠢᠨ᠎ᠡ ᠬᠤᠪᠢ | ᠨᠡᠮᠡᠷᠢ ᠦᠵᠡᠭᠦᠯᠦᠨ᠎ᠡ ᠭᠡᠵᠡᠶ᠃ | |