ᠠᠤᠬᠠᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠴᠠᠭᠳᠠᠭ᠎ᠠ ᠡᠪᠡᠳᠴᠢᠯᠡᠭᠰᠡᠨ ᠬᠡᠦᠬᠡᠳ ᠲᠤ ︽ᠬᠠᠮᠤᠭ ᠤᠨ ᠭᠤᠶᠣ ᠭᠡᠷᠡᠴᠢ ᠦᠨᠡᠮᠯᠡᠯ ᠤᠨ ᠰᠡᠭᠦᠳᠡᠷ︾ ᠲᠠᠲᠠᠵᠤ ᠥᠭᠪᠡ
ᠨᠡᠶᠢᠲᠡᠯᠡᠭᠰᠡᠨ ᠴᠠᠭ᠄
2023/8/1
     ᠣᠶᠢᠷ᠎ᠠ ᠳᠤ᠂ ᠤᠯᠠᠭᠠᠨᠬᠠᠳᠠ ᠬᠤᠲᠠ ᠶᠢᠨ ᠠᠤᠬᠠᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠲᠤ ᠨᠢᠭᠡᠨ ᠦᠨᠡᠮᠯᠡᠯ ᠰᠡᠭᠦᠳᠡᠷᠯᠡᠬᠦ ᠴᠢᠬᠤᠯᠠᠲᠠᠶ ᠣᠨᠴᠠᠭᠠᠶ ︽ᠪᠠᠭ᠎ᠠ ᠬᠡᠥᠬᠡᠳ︾ ᠢᠷᠡᠪᠡ᠃ ︽ᠪᠠᠭ᠎ᠠ ᠬᠡᠥᠬᠡᠳ︾ ᠵᠥᠪᠬᠡᠨ 29 ᠰᠠᠷ᠎ᠠ ᠪᠣᠯᠵᠤ ᠪᠠᠶᠢᠬᠤ ᠮᠥᠷᠳᠡᠭᠡᠨ ᠡᠪᠡᠳᠴᠢᠯᠡᠭᠰᠡᠨ ᠠᠴᠠ ᠪᠣᠯᠵᠣ ᠦᠷᠭᠦᠯᠵᠢ ᠭᠠᠳᠠᠷ ᠣᠷᠣᠨ ᠳᠤ ᠬᠦᠷᠴᠦ ᠡᠮᠨᠡᠭᠦᠯᠬᠦ ᠴᠢᠬᠤᠯᠠᠲᠠᠶ ᠪᠠᠶᠢᠵᠤ᠂ ᠡᠮ ᠡᠮᠨᠡᠯᠭᠡ ᠶᠢᠨ ᠳᠠᠭᠠᠳᠬᠠᠯ ᠤᠨ ᠲᠠᠩᠰᠠ ᠲᠠᠶᠢᠯᠬᠤ ᠳᠤ ᠲᠥᠬᠦᠮ ᠦᠵᠡᠭᠦᠯᠬᠦ ᠶᠢᠨ ᠲᠥᠯᠥᠭᠡ᠂ ᠪᠡᠶ᠎ᠡ ᠶᠢᠨ ᠦᠨᠡᠮᠯᠡᠯ ᠠᠪᠬᠤ ᠪᠠᠴᠢᠮ ᠬᠡᠷᠡᠭᠴᠡᠭᠡ ᠲᠠᠢ ᠪᠣᠯᠵᠣ᠂ ᠲᠤᠰᠬᠠᠶᠢᠯᠠᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠲᠤᠰᠠᠯᠠᠮᠵᠢ ᠭᠤᠶᠤᠬᠤ ᠪᠠᠷ ᠢᠷᠡᠪᠡ᠃ ᠭᠡᠪᠡᠴᠦ ︽ᠪᠠᠭ᠎ᠠ ᠬᠡᠥᠬᠡᠳ︾ ᠡᠪᠡᠳᠴᠢᠯᠡᠭᠰᠡᠨ ᠠᠴᠠ ᠪᠣᠯᠵᠣ ᠵᠣᠭᠰᠣᠵᠤ ᠳᠡᠶᠢᠯᠬᠦ ᠥᠬᠡᠶ᠂ ᠬᠡᠷᠡᠯ ᠵᠢᠷᠤᠭ ᠰᠡᠭᠦᠳᠡᠷᠯᠡᠬᠦ ᠶᠠᠪᠤᠴᠠ ᠳᠤ ᠵᠣᠭᠰᠣᠯ ᠥᠬᠡᠶ ᠡᠷᠭᠢᠯᠳᠦᠵᠦ᠂ ᠣᠯᠠᠨ ᠤᠳᠠᠭ᠎ᠠ ᠴᠤᠭᠯᠠᠭᠤᠯᠤᠭᠰᠠᠨ ᠬᠡᠷᠡᠯ ᠵᠢᠷᠤᠭ ᠨᠢ ᠴᠥᠮ ᠢᠯᠠᠭᠳᠠᠯ ᠢᠶᠠᠷ ᠳᠠᠭᠤᠰᠤᠭᠰᠠᠨ ᠪᠠᠶᠢᠨ᠎ᠠ᠃  
05c8070b5d914e9dc443131415ad5ef.jpg   
     ᠬᠠᠮᠤᠭ ᠰᠡᠭᠦᠯ ᠳᠤ᠂ ᠰᠡᠴᠡᠨ ᠰᠡᠷᠭᠦᠯᠡᠩ ᠡᠮᠡᠭᠲᠡᠶ ᠴᠠᠭᠳᠠᠭ᠎ᠠ ᠭᠠᠷ ᠤᠲᠠᠰᠤ ᠪᠠᠷ ᠺᠠᠷᠲ᠋ᠣᠨ ᠺᠢᠨᠣ᠋ ᠦᠵᠡᠭᠦᠯᠵᠦ᠂ ᠬᠡᠦᠬᠡᠳ ᠤᠨ ᠠᠩᠬᠠᠷᠤᠯ ᠢ ᠲᠠᠲᠠᠵᠤ᠂ ᠬᠠᠵᠠᠭᠤ ᠶᠢᠨ ᠡᠷᠡᠭᠲᠡᠶ ᠴᠠᠭᠳᠠᠭ᠎ᠠ ᠮᠠᠰᠢ ᠲᠦᠷᠭᠡᠨ ᠰᠡᠭᠦᠳᠡᠷᠯᠡᠵᠡᠶ᠃ ᠣᠯᠠᠨ ᠤᠳᠠᠭᠠᠨ ᠤ ᠴᠢᠷᠮᠠᠶᠢᠯᠭ᠎ᠠ ᠪᠠᠷ ᠳᠡᠮᠵᠢᠨ᠂ ᠡᠴᠦᠰ ᠲᠤ ᠡᠪᠡᠳᠴᠢᠨ ᠲᠠᠢ ᠬᠡᠦᠬᠡᠳ ᠲᠤ ᠠᠩᠬᠠᠨ ᠤ ︽ᠬᠠᠮᠤᠭ ᠤᠨ ᠭᠤᠶᠣ ᠭᠡᠷᠡᠴᠢ ᠦᠨᠡᠮᠯᠡᠯ ᠤᠨ ᠰᠡᠭᠦᠳᠡᠷ︾ ᠢ ᠲᠠᠲᠠᠵᠤ ᠥᠭᠭᠦᠭᠰᠡᠨ ᠪᠠᠶᠢᠨ᠎ᠠ᠃ 
ᠢᠷᠡᠯᠲᠡ᠄ ᠤᠯᠠᠭᠠᠨᠬᠠᠳᠠ ᠬᠣᠲᠠ ᠶᠢᠨ ᠲᠣᠳᠤᠭᠠᠳᠤ ᠶᠢ ᠬᠠᠮᠠᠭᠠᠯᠠᠬᠤ ᠲᠣᠪᠴᠢᠶ᠎ᠠ
Baidu
map