ᠡᠨᠡ ᠵᠢᠯ ᠠᠴᠠ ᠨᠠᠭᠠᠰᠢ᠂ ᠡᠷᠭᠦᠨ᠎ᠡ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠳᠣᠲᠣᠭᠠᠳᠤ ᠶᠢ ᠬᠠᠮᠠᠭᠠᠯᠠᠬᠤ ᠥᠭᠡᠷᠡᠴᠢᠯᠡᠯᠲᠡ ᠶᠢ ᠦᠷᠭᠦᠯᠵᠢᠯᠡᠨ | ᠭᠦᠨᠵᠡᠭᠡᠢᠷᠡᠭᠦᠯᠵᠦ᠂ ︽ᠵᠢᠭᠤᠯᠴᠢᠯᠠᠭᠰᠠᠳ ᠢ ᠬᠠᠮᠠᠭᠠᠯᠠᠬᠤ ᠴᠠᠭᠳᠠᠭᠠᠨ ᠤ ᠶᠠᠪᠤᠳᠠᠯ︾ ᠢ ᠶᠡᠬᠡᠪᠡᠷ ᠬᠡᠷᠡᠭᠵᠢᠭᠦᠯᠵᠦ᠂ ᠬᠠᠷᠢᠶ᠎ᠠ ᠲᠣᠭᠤᠷᠢᠭ ᠤᠨ ᠭᠤᠣᠯᠳᠠᠯᠭ᠎ᠠ ᠲᠠᠢ | ᠵᠢᠭᠤᠯᠴᠢᠯᠠᠯ ᠤᠨ ᠦᠵᠡᠮᠵᠢ ᠶᠢᠨ ᠣᠷᠣᠨ ᠳᠤ ︽ᠤᠮᠠᠷᠠᠲᠤ ᠬᠢᠯᠢ · ᠪᠠᠷᠠᠭᠤᠨ ᠡᠷᠭᠢ︾ ᠶᠢᠨ ᠲᠦᠷᠭᠡᠨ ᠴᠠᠭᠳᠠᠭ᠎ᠠ ᠶᠢᠨ ᠥᠷᠲᠡᠭᠡ ᠪᠠᠶᠢᠭᠤᠯᠵᠤ᠂ ︽ᠦᠵᠡᠮᠵᠢ ᠶᠢᠨ | ᠳᠤᠮᠳᠠ ᠴᠠᠭᠳᠠᠭ᠎ᠠ ᠲᠠᠢ᠂ ᠳᠣᠲᠣᠭᠠᠳᠤ ᠶᠢ ᠬᠠᠮᠠᠭᠠᠯᠠᠬᠤ ᠵᠢᠭᠤᠯᠴᠢᠯᠠᠭᠰᠠᠳ ᠢ ᠬᠠᠮᠠᠭᠠᠯᠠᠬᠤ︾ ᠶᠢᠨ ᠴᠠᠭᠳᠠᠭᠠᠨ ᠤ ᠶᠠᠪᠤᠳᠠᠯ ᠤᠨ ᠲᠣᠭᠲᠠᠴᠠ ᠶᠢᠨ | ᠥᠭᠡᠷᠡᠴᠢᠯᠡᠯᠲᠡ ᠶᠢᠨ ᠰᠢᠨ᠎ᠡ ᠶᠢ ᠡᠭᠦᠳᠴᠦ᠂ ᠠᠷᠠᠳ ᠤᠨ ᠳᠣᠲᠣᠭᠠᠳᠤ ᠶᠢ ᠬᠠᠮᠠᠭᠠᠯᠠᠬᠤ ᠶᠢᠨ ᠦᠨᠡᠨᠴᠢ ᠰᠡᠳᠭᠢᠯ ᠢᠶᠠᠷ ᠬᠤᠲᠠ ᠶᠢᠨ ᠳᠦᠷᠢ ᠲᠥᠷᠬᠦ ᠶᠢ ᠵᠢᠷᠤᠭᠯᠠᠪᠠ᠃ | | | | | ᠡᠨᠡ ᠵᠢᠯ ᠤᠨ 7 ᠳ᠋ᠤᠭᠠᠷ ᠰᠠᠷ᠎ᠠ ᠶᠢᠨ 1 ᠤ ᠡᠳᠦᠷ ᠡᠷᠭᠦᠨ᠎ᠡ ᠨᠤᠭᠤ ᠭᠠᠵᠠᠷ ᠤᠨ ᠦᠵᠡᠮᠵᠢ ᠶᠢᠨ ᠣᠷᠣᠨ᠂ ᠡᠷᠭᠦᠨ᠎ᠡ ᠤᠯᠤᠰ ᠤᠨ ᠨᠤᠭᠤ ᠭᠠᠵᠠᠷ ᠤᠨ | ᠴᠡᠴᠡᠷᠯᠢᠭ ᠤᠨ ᠦᠵᠡᠮᠵᠢ ᠶᠢᠨ ᠣᠷᠣᠨ᠂ ᠴᠠᠭᠠᠨ ᠬᠤᠰᠤᠨ ᠣᠢ ᠶᠢᠨ ᠦᠵᠡᠮᠵᠢ ᠶᠢᠨ ᠣᠷᠣᠨ ᠵᠡᠷᠭᠡ ᠭᠤᠷᠪᠠᠨ ᠲᠦᠷᠭᠡᠨ ᠴᠠᠭᠳᠠᠭᠠᠨ ᠤ ᠥᠷᠲᠡᠭᠡ ᠵᠢᠩᠬᠢᠨᠢ ᠪᠠᠷ | ᠠᠰᠢᠭᠯᠠᠯᠲᠠ ᠳᠤ ᠣᠷᠤᠭᠰᠠᠨ ᠠᠴᠠ ᠨᠠᠭᠠᠰᠢ᠂ ᠡᠷᠭᠦᠨ᠎ᠡ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ︽ᠤᠮᠠᠷᠠᠲᠤ ᠬᠢᠯᠢ · ᠪᠠᠷᠠᠭᠤᠨ ᠡᠷᠭᠢ ᠶᠢᠨ | ᠲᠦᠷᠭᠡᠨ ᠴᠠᠭᠳᠠᠭ᠎ᠠ ᠶᠢᠨ ᠥᠷᠲᠡᠭᠡ︾ ᠶᠢᠨ ᠦᠨᠳᠦᠰᠦᠨ ᠱᠠᠲᠤᠨ ᠤ ᠨᠡᠢᠭᠡᠮ ᠤᠨ ᠵᠠᠰᠠᠯᠲᠠ ᠶᠢᠨ ᠰᠢᠨ᠎ᠡ ᠵᠠᠭᠪᠤᠷ ᠤᠨ ᠲᠣᠭᠤᠷᠢᠨ ᠳᠤ᠂ ᠠᠵᠢᠯ ᠤᠨ ᠡᠭᠦᠷᠭᠡ | ᠴᠢᠳᠠᠪᠤᠷᠢ ᠪᠠᠨ ᠭᠦᠢᠴᠡᠳ ᠪᠠᠳᠠᠷᠠᠭᠤᠯᠵᠤ᠂ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠢ ᠴᠡᠪᠡᠷᠰᠢᠭᠦᠯᠵᠦ᠂ ᠵᠢᠭᠤᠯᠴᠢᠯᠠᠭᠰᠠᠳ ᠲᠤ ᠨᠢᠭᠡ | ᠦᠷᠳᠡᠭᠡᠴᠢᠯᠡᠭᠰᠡᠨ ᠮᠠᠶᠢᠭ ᠤᠨ ᠦᠢᠯᠡᠴᠢᠯᠡᠭᠡ ᠬᠠᠩᠭᠠᠪᠠ᠃ ᠣᠳᠣᠬᠠᠨ ᠪᠣᠯᠲᠠᠯ᠎ᠠ ᠲᠦᠷᠭᠡᠨ ᠴᠠᠭᠳᠠᠭᠠᠨ ᠤ ᠥᠷᠲᠡᠭᠡ ᠨᠡᠶᠢᠲᠡ 113 ᠲᠦᠭᠰᠢᠭᠦᠷᠢ | ᠮᠡᠳᠡᠭᠦᠯᠦᠯᠳᠡ ᠶᠢ ᠭᠥᠯᠢᠶᠡᠨ ᠠᠪᠴᠤ᠂ ᠵᠢᠭᠤᠯᠴᠢᠯᠠᠯ ᠳᠤ ᠬᠤᠯᠪᠣᠭᠳᠠᠭᠰᠠᠨ 4 ᠬᠡᠷᠡᠭ ᠢ ᠰᠢᠢᠳᠪᠦᠷᠢᠯᠡᠨ᠂ 28 ᠵᠥᠷᠢᠴᠡᠯ ᠵᠠᠭᠤᠷᠠᠯᠳᠤᠭᠠᠨ ᠢ ᠰᠢᠢᠳᠪᠦᠷᠢᠯᠡᠵᠦ᠂ 81 | ᠵᠤᠭᠠᠴᠠᠭᠰᠠᠳ ᠤᠨ ᠲᠤᠰᠠᠯᠠᠮᠵᠢ ᠭᠤᠶᠤᠭᠰᠠᠨ ᠢ ᠬᠠᠪᠰᠤᠷᠤᠨ ᠰᠢᠢᠳᠪᠦᠷᠢᠯᠡᠪᠡ︔ ᠵᠤᠭᠠᠴᠠᠭᠰᠠᠳ ᠤᠨ ᠭᠠᠷ ᠤᠲᠠᠰᠤ 6᠂ ᠰᠡᠭᠦᠳᠡᠷᠯᠡᠬᠦ ᠮᠠᠰᠢᠨ 3᠂ ᠵᠢᠯᠣᠭᠤᠴᠢ | ᠦᠭᠡᠢ ᠨᠢᠰᠬᠡᠯ 2 ᠵᠢᠴᠢ ᠡᠭᠦᠷᠬᠦ ᠪᠣᠭᠴᠣ ᠪᠠ ᠵᠣᠭᠤᠰ ᠤᠨ ᠴᠥᠩᠬᠦ ᠶᠢ 10 ᠭᠠᠷᠤᠶ ᠡᠷᠢᠨ ᠠᠪᠴᠢᠷᠠᠵᠤ᠂ 20 ᠲᠦᠮᠡᠨ ᠲᠥᠭᠦᠷᠢᠭ ᠤᠨ ᠬᠤᠬᠢᠷᠠᠯ ᠠᠴᠠ | ᠵᠠᠶᠢᠯᠠᠭᠤᠯᠪᠠ︔ ᠲᠦᠷᠭᠡᠨ ᠴᠢᠨᠠᠷᠲᠠᠢ ᠵᠢᠷᠦᠬᠡᠨ ᠲᠦᠭᠵᠢᠷᠡᠯ ᠤᠨ ᠨᠢᠭᠡᠨ ᠡᠪᠡᠳᠴᠢᠲᠡᠨ ᠳᠤ ᠰᠠᠭᠠᠳ ᠦᠭᠡᠢ ᠨᠡᠪᠳᠡᠷᠡᠬᠦ ᠵᠠᠮ ᠨᠡᠭᠡᠭᠡᠵᠦ ᠥᠭᠪᠡ︔ 7 ᠬᠤᠪᠢ | ᠲᠠᠯᠠᠷᠬᠠᠯ ᠤᠨ ᠵᠠᠬᠢᠳᠠᠯ ᠪᠠ 3 ᠬᠤᠪᠢ ᠬᠡᠮᠡᠷᠯᠢᠭ ᠲᠤᠭ ᠢ ᠲᠤᠰᠴᠤ᠂ ᠥᠷᠭᠡᠨ ᠤᠯᠠᠨ ᠵᠤᠭᠠᠴᠠᠭᠰᠠᠳ ᠤᠨ ᠥᠨᠲᠦᠷ ᠦᠨᠡᠯᠡᠯᠳᠡ ᠶᠢ ᠣᠯᠪᠠ᠃ | | | | ᠠᠷᠠᠳ ᠤᠨ ᠴᠠᠭᠳᠠᠭ᠎ᠠ ᠠᠷᠠᠳ ᠲᠦᠮᠡᠨ ᠤ ᠳᠤᠮᠳᠠ ᠠᠴᠠ ᠢᠷᠡᠵᠦ᠂ ᠠᠷᠠᠳ ᠲᠦᠮᠡᠨ ᠤ ᠳᠤᠮᠳᠠ ᠰᠠᠭᠤᠷᠢᠯᠠᠵᠤ᠂ ᠪᠦᠬᠦ ᠰᠡᠳᠬᠢᠯ ᠪᠦᠬᠦ ᠵᠣᠷᠢᠭ ᠢᠶᠠᠷ ᠢᠶᠠᠨ | ᠠᠷᠠᠳ ᠲᠦᠮᠡᠨ ᠳᠤ ᠦᠢᠯᠡᠴᠢᠯᠡᠬᠦ ᠪᠣᠯ ᠠᠷᠠᠳ ᠤᠨ ᠴᠠᠭᠳᠠᠭ᠎ᠠ ᠶᠢᠨ ᠮᠥᠨ ᠴᠢᠨᠠᠷ ᠮᠥᠨ᠃ ᠡᠷᠭᠦᠨ᠎ᠡ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ | ᠦᠷᠭᠦᠯᠵᠢᠯᠡᠨ ᠬᠠᠷᠢᠶᠠᠲᠤ ᠣᠷᠣᠨ ᠤ ᠪᠠᠶᠢᠳᠠᠯ ᠤᠨ ᠣᠨᠴᠠᠯᠢᠭ ᠲᠤ ᠰᠠᠭᠤᠷᠢᠯᠠᠨ᠂ ᠴᠠᠭᠳᠠᠭᠠᠨ ᠤ ᠶᠠᠪᠤᠳᠠᠯ ᠤᠨ ᠲᠣᠭᠲᠠᠴᠠ ᠶᠢᠨ ᠥᠭᠡᠷᠡᠴᠢᠯᠡᠯᠲᠡ ᠶᠢ ᠦᠷᠭᠦᠯᠵᠢᠯᠡᠨ | ᠭᠦᠨᠵᠡᠭᠡᠶᠢᠷᠡᠭᠦᠯᠵᠦ᠂ ᠪᠦᠬᠦ ᠤᠯᠤᠰ ᠤᠨ ᠬᠠᠮᠤᠭ ᠤᠨ ᠠᠮᠤᠷ ᠲᠥᠪᠰᠢᠨ ᠵᠢᠭᠤᠯᠴᠢᠯᠠᠯ ᠤᠨ ᠬᠤᠲᠠ ᠶᠢ ᠪᠠᠶᠢᠭᠤᠯᠬᠤ ᠪᠠᠷ ᠲᠡᠮᠡᠴᠡᠬᠦ ᠬᠠᠷᠠᠯᠲᠠ ᠪᠠᠨ ᠪᠣᠯᠭᠠᠵᠤ᠂ | ︽ᠤᠮᠠᠷᠠᠲᠤ ᠬᠢᠯᠢ · ᠪᠠᠷᠠᠭᠤᠨ ᠡᠷᠭᠢ︾ ᠶᠢᠨ ᠲᠦᠷᠭᠡᠨ ᠴᠠᠭᠳᠠᠭ᠎ᠠ ᠶᠢᠨ ᠥᠷᠲᠡᠭᠡ ᠶᠢᠨ ᠪᠠᠢᠭᠤᠯᠤᠯᠲᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠲᠤᠰ | ᠬᠤᠲᠠ ᠶᠢᠨ ᠵᠢᠭᠤᠯᠴᠢᠯᠠᠯ ᠤᠨ ᠠᠵᠤ ᠠᠬᠤᠢ ᠶᠢᠨ ᠴᠢᠨᠠᠷ ᠰᠠᠢᠲᠠᠢ ᠬᠥᠭᠵᠢᠯᠲᠡ ᠶᠢ ᠬᠠᠮᠠᠭᠠᠯᠠᠰᠤᠭᠠᠢ᠃ | |