ᠥᠪᠥᠷ ᠮᠣᠩᠭᠤᠯ ᠭᠠᠨᠰᠤ ᠬᠤᠶᠠᠷ ᠭᠠᠵᠠᠷ ᠤᠨ ᠴᠠᠭᠳᠠᠭᠠᠨ ᠤ ᠲᠠᠯ᠎ᠠ ᠶᠢᠨ ᠬᠢᠨ ᠬᠠᠮᠲᠤᠷᠠᠨ ᠮᠡᠬᠡᠯᠡᠭᠳᠡᠨ ᠬᠤᠳᠠᠯᠳᠤᠭᠳᠠᠭᠰᠠᠨ ᠡᠮᠡᠭᠲᠡᠶ ᠶᠢ ᠠᠪᠤᠷᠠᠨ ᠭᠠᠷᠭᠠᠪᠠ
ᠨᠡᠶᠢᠲᠡᠯᠡᠭᠰᠡᠨ ᠴᠠᠭ᠄
2023/8/23
      2023 ᠣᠨ ᠤ 7 ᠰᠠᠷ᠎ᠠ ᠶᠢᠨ 18 ᠤ ᠡᠳᠦᠷ᠂ ᠪᠠᠶᠠᠨᠨᠠᠭᠤᠷ ᠬᠤᠲᠠ ᠶᠢᠨ ᠤᠷᠠᠳ ᠤᠨ ᠡᠮᠦᠨᠡᠲᠦ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠡᠷᠡᠭᠦᠤ ᠶᠢᠨ ᠬᠡᠷᠡᠭ ᠢ ᠲᠤᠷᠰᠢᠨ ᠪᠠᠶᠢᠴᠠᠭᠠᠬᠤ ᠶᠡᠭᠡ ᠠᠩᠭᠢ ᠶᠢᠨ ᠠᠷᠠᠳ ᠤᠨ ᠴᠠᠭᠳᠠᠭ᠎ᠠ ᠭᠠᠨᠰᠦ ᠶᠢᠨ ᠬᠦᠯᠠᠩ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠪᠥᠬᠦ ᠤᠯᠤᠰ ᠤᠨ ᠡᠷᠡᠭᠦᠤ ᠶᠢᠨ ᠬᠡᠷᠡᠭ ᠤᠨ ᠲᠤᠰᠬᠠᠶ ᠲᠠᠪᠴᠠᠩ ᠢᠶᠠᠷ ᠳᠠᠮᠵᠢᠭᠤᠯᠤᠨ ᠢᠷᠡᠭᠦᠯᠦᠭᠰᠡᠨ ᠬᠠᠮᠵᠢᠯᠴᠠᠬᠤ ᠵᠠᠬᠢᠳᠠᠯ ᠢ ᠲᠤᠰᠪᠠ᠂ ᠵᠠᠬᠢᠳᠠᠯ ᠤᠨ ᠠᠭᠤᠯᠭ᠎ᠠ ᠨᠢ᠄ ᠭᠠᠨᠰᠦ ᠮᠤᠵᠢ ᠶᠢᠨ ᠬᠦᠯᠠᠩ ᠰᠢᠶᠠᠨ ᠤ ᠰᠠᠭᠤᠭᠠᠯᠢ ᠠᠷᠠᠳ ᠵᠠᠩ ᠶᠢᠨ ᠼᠦᠨ ᠬᠡᠷ ᠠᠴᠠ ᠪᠠᠨ ᠰᠠᠯᠤᠭᠠᠳ ᠰᠠᠷ᠎ᠠ ᠭᠠᠷᠤᠶ ᠪᠣᠯᠵᠣ᠂ ᠬᠡᠷ ᠤᠨ ᠬᠥᠮᠦᠰ ᠨᠢ ᠬᠠᠷᠢᠯᠴᠠᠵᠤ ᠳᠡᠶᠢᠯᠦᠭᠰᠡᠨ ᠥᠬᠡᠶ᠂ ᠲᠡᠭᠦᠨ ᠤ ᠣᠶᠤᠨ ᠴᠢᠳᠠᠪᠤᠷᠢ ᠨᠢ ᠳᠤᠲᠠᠮᠠᠭ ᠠᠴᠠ ᠪᠣᠯᠵᠣ ᠪᠤᠰᠤᠳ ᠲᠤ ᠮᠡᠬᠡᠯᠡᠭᠳᠡᠨ ᠬᠤᠳᠠᠯᠳᠤᠭᠳᠠᠭᠰᠠᠨ ᠰᠡᠵᠢᠭᠯᠡᠯᠲᠡᠢ ᠭᠡᠪᠡ᠃ ᠬᠦᠯᠠᠩ ᠰᠢᠶᠠᠨ ᠤ ᠴᠠᠭᠳᠠᠭᠠᠨ ᠤ ᠲᠠᠯ᠎ᠠ ᠶᠢᠨ ᠬᠢᠨ ᠶᠡᠭᠡ ᠬᠡᠮᠵᠢᠶᠡᠨ ᠤ ᠠᠵᠢᠯ ᠢᠶᠠᠷ ᠳᠠᠮᠵᠢᠨ ᠵᠠᠩ ᠶᠢᠨ ᠼᠦᠨ ᠪᠣᠯᠤᠨ ᠭᠠᠨᠰᠦ ᠨᠤᠲᠤᠭ ᠲᠠᠢ ᠨᠢᠭᠡ ᠡᠷᠡᠭᠲᠡᠶ ᠮᠠᠨ ᠤ ᠬᠤᠰᠢᠭᠤᠨ ᠤ ᠮᠤᠨᠠ ᠠᠭᠤᠯᠠ ᠪᠠᠯᠭᠠᠰᠤᠨ ᠳᠤ ᠬᠥᠳᠡᠯᠭᠡᠭᠡᠨ ᠤ ᠣᠷᠣ ᠮᠥᠷ ᠪᠠᠶᠢᠬᠤ ᠶᠢ ᠣᠯᠵᠤ ᠮᠡᠳᠡᠪᠡ᠂ ᠮᠠᠨ ᠤ ᠲᠣᠪᠴᠢᠶ᠎ᠠ ᠪᠠᠷ ᠬᠠᠮᠵᠢᠭᠤᠯᠤᠨ ᠡᠷᠢᠵᠦ ᠲᠡᠮᠳᠡᠭᠯᠡᠯ ᠬᠢᠯᠭᠡᠬᠦ ᠪᠠᠷ ᠭᠤᠶᠤᠴᠢᠯᠠᠪᠠ᠃ ᠭᠠᠨᠰᠤ ᠶᠢᠨ ᠴᠠᠭᠳᠠᠭᠠᠨ ᠤ ᠲᠠᠯ᠎ᠠ ᠶᠢᠨ ᠬᠢᠨ ᠵᠠᠬᠢᠳᠠᠯ ᠢ ᠣᠯᠣᠮᠠᠭᠴᠠ᠂ ᠶᠡᠭᠡ ᠠᠩᠭᠢ ᠶᠢᠨ ᠳᠠᠷᠤᠭ᠎ᠠ ᠲᠡᠷᠡ ᠳᠠᠷᠤᠶ ᠳᠤ ᠨᠢ ᠶᠡᠭᠡ ᠴᠢᠬᠤᠯᠠ ᠬᠡᠷᠡᠭ ᠤᠨ ᠳᠤᠮᠳᠠ ᠠᠩᠭᠢ ᠳᠤ ᠲᠣᠰ ᠬᠡᠷᠡᠭ ᠢ ᠬᠠᠷᠢᠭᠤᠴᠠᠨ ᠰᠢᠢᠳᠪᠦᠷᠢᠯᠡᠬᠦ ᠬᠡᠷᠡᠭᠲᠡᠶ ᠭᠡᠵᠦ ᠵᠢᠭᠠᠪᠤᠷᠢᠯᠠᠪᠠ᠃
mmexport1690509061119.jpg
      7 ᠰᠠᠷ᠎ᠠ ᠶᠢᠨ 19 ᠤ ᠡᠳᠦᠷ᠂ ᠶᠡᠭᠡ ᠴᠢᠬᠤᠯᠠ ᠬᠡᠷᠡᠭ ᠤᠨ ᠳᠤᠮᠳᠠ ᠠᠩᠭᠢ ᠶᠢᠨ ᠬᠢᠨ ᠣᠯᠠᠨ ᠲᠠᠯ᠎ᠠ ᠶᠢᠨ ᠠᠵᠢᠯ ᠢᠶᠠᠷ ᠳᠡᠮᠵᠢᠨ ᠵᠠᠩ ᠶᠢᠨ ᠼᠦᠨ ᠪᠠᠯᠭᠠᠰᠤᠨ ᠤ ᠰᠢᠨ᠎ᠡ ᠣᠪᠣᠭ᠎ᠠ ᠳᠥᠷᠪᠡᠳᠦᠭᠡᠷ ᠳᠤᠭᠤᠶᠢᠯᠠᠩ ᠳᠤ ᠬᠥᠯᠥᠰᠥᠨ ᠠᠵᠢᠯ ᠬᠢᠵᠦ ᠰᠠᠭᠤᠵᠤ ᠪᠠᠶᠢᠬᠤ ᠶᠢ ᠣᠯᠵᠤ ᠮᠡᠳᠡᠵᠡᠶ᠂ ᠲᠤᠬᠠᠶ ᠶᠢᠨ ᠡᠳᠦᠷ ᠤᠨ ᠦᠳᠡ ᠶᠢᠨ ᠬᠤᠶᠢᠨ᠎ᠠ᠂ ᠠᠷᠠᠳ ᠤᠨ ᠴᠠᠭᠳᠠᠭ᠎ᠠ ᠲᠡᠷᠭᠡ ᠵᠢᠯᠣᠭᠤᠳᠤᠨ ᠰᠢᠨ᠎ᠡ ᠣᠪᠣᠭ᠎ᠠ ᠳᠥᠷᠪᠡᠳᠦᠭᠡᠷ ᠳᠤᠭᠤᠶᠢᠯᠠᠩ ᠳᠤ ᠬᠦᠷᠴᠦ᠂ ᠲᠤᠬᠠᠶ ᠶᠢᠨ ᠭᠠᠵᠠᠷ ᠤᠨ ᠲᠣᠰᠬᠤᠨ ᠤ ᠠᠷᠠᠳ ᠤᠨ ᠬᠠᠪᠰᠤᠷᠤᠯᠭ᠎ᠠ ᠳᠣᠤᠷ᠎ᠠ ᠵᠠᠩ ᠶᠢᠨ ᠼᠦᠨ ᠪᠣᠯᠤᠨ ᠭᠠᠨᠰᠦ ᠨᠤᠲᠤᠭ ᠲᠠᠢ ᠡᠷᠡᠭᠲᠡᠶ ᠲᠠᠢ ᠠᠭᠤᠯᠵᠠᠪᠠ᠃ ᠳᠠᠷᠠᠭ᠎ᠠ ᠨᠢ ᠬᠤᠶᠠᠭᠤᠯᠠ ᠶᠢ ᠤᠷᠠᠳ ᠤᠨ ᠡᠮᠦᠨᠡᠲᠦ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠬᠡᠷᠡᠭ ᠰᠢᠢᠳᠪᠦᠷᠢᠯᠡᠬᠦ ᠲᠥᠪ ᠲᠤ ᠳᠠᠭᠤᠳᠠᠨ ᠯᠠᠪᠯᠠᠨ ᠠᠰᠠᠭᠤᠬᠤ ᠶᠢᠨ ᠬᠠᠮᠲᠤ ᠲᠡᠷᠡ ᠳᠠᠷᠤᠶ ᠳᠤ ᠨᠢ ᠬᠦᠯᠠᠩ ᠰᠢᠶᠠᠨ ᠤ ᠴᠠᠭᠳᠠᠭᠠᠨ ᠤ ᠲᠠᠯ᠎ᠠ ᠶᠢᠨ ᠬᠢᠨ ᠳᠤ ᠮᠡᠳᠡᠭᠳᠡᠵᠡᠶ᠃ 7 ᠰᠠᠷ᠎ᠠ ᠶᠢᠨ 20 ᠤ ᠡᠳᠦᠷ ᠂ ᠭᠠᠨᠰᠤ ᠶᠢᠨ ᠴᠠᠭᠳᠠᠭᠠᠨ ᠤ ᠲᠠᠯ᠎ᠠ ᠶᠢᠨ ᠬᠢᠨ ᠮᠠᠨ ᠤ ᠬᠤᠰᠢᠭᠤᠨ ᠳᠤ ᠢᠷᠠᠵᠤ᠂ ᠲᠤᠬᠠᠢ ᠶᠢᠨ ᠬᠥᠮᠥᠨ ᠢ ᠲᠤᠰᠴᠤ ᠠᠪᠠᠴᠢᠭᠠᠳ᠂ ᠠᠮᠤᠷ ᠲᠦᠪᠰᠢᠨ ᠢᠶᠠᠷ ᠬᠡᠷ ᠤᠨ ᠬᠥᠮᠦᠰ ᠲᠤ ᠨᠢ ᠲᠤᠰᠢᠶᠠᠵᠠᠶ᠃ 
ᠢᠷᠡᠯᠲᠡ᠄ ᠪᠠᠶᠠᠨᠨᠠᠭᠤᠷ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ
Baidu
map