| 8 ᠳ᠋ᠣᠭᠠᠷ ᠰᠠᠷ᠎ᠠ ᠶᠢᠨ 25 ᠤ ᠡᠳᠦᠷ᠂ ᠨᠢᠭᠡ ᠰᠠᠷ᠎ᠠ ᠶᠢᠨ ᠬᠤᠭᠤᠴᠠᠭ᠎ᠠ ᠲᠠᠢ ᠥᠷᠭᠦᠯᠵᠢᠯᠡᠭᠰᠡᠨ 40 ᠰᠣᠷᠣᠭᠴᠢ ᠪᠠᠷ ᠪᠥᠷᠢᠯᠳᠥᠭᠰᠡᠨ ︽ᠴᠠᠭᠳᠠᠭᠠᠨ | ᠬᠤᠸᠠᠷᠠᠨ ᠤ ᠬᠡᠥᠬᠡᠳ ᠤᠨ ᠴᠡᠴᠡᠷᠯᠢᠭ︾ ᠤᠨ ᠵᠣᠨ ᠤ ᠠᠮᠠᠷᠠᠯᠲᠡ ᠶᠢᠨ ᠠᠩᠬᠢ ᠠᠮᠵᠢᠯᠲᠡ ᠲᠠᠢ ᠪᠠᠷ ᠰᠣᠷᠣᠯᠭ᠎ᠠ ᠪᠠᠨ ᠲᠡᠭᠦᠰᠭᠡᠯ᠎ᠡ᠃ | | | | ᠣᠲᠤᠭ ᠤᠨ ᠡᠮᠣᠨᠡᠲᠦ ᠬᠤᠰᠢᠭᠤᠨ ᠤ ᠲᠣᠲᠣᠭᠠᠳᠦ ᠢ ᠬᠠᠮᠠᠭᠠᠯᠠᠬᠤ ᠳᠣᠪᠴᠢᠶᠠᠨ ᠤ ᠬᠢᠨ 2021 ᠣᠨ ᠳᠤ ᠲᠣᠰᠬᠠᠶᠢᠯᠠᠨ ᠠᠷᠠᠳ ᠤᠨ ᠴᠠᠭᠳᠠᠭ᠎ᠠ᠂ | ᠬᠠᠪᠰᠦᠷᠣᠭᠴᠢ ᠴᠠᠭᠳᠠᠭᠠᠨ ᠨᠠᠷ ᠤᠨ ᠠᠵᠢᠯ ᠤᠨ ᠶᠠᠭᠠᠷᠠᠤ ᠠᠴᠠ ᠪᠣᠯᠵᠣ ᠡᠪᠥᠯ ᠵᠣᠨ ᠤ ᠠᠮᠠᠷᠠᠯᠲᠠ ᠶᠢᠨ ᠬᠤᠭᠤᠴᠠᠭᠠᠨ ᠳᠤ ᠥᠪᠡᠷ ᠤᠨ ᠬᠡᠥᠬᠡᠳ ᠢᠶᠠᠨ | ᠬᠠᠷᠠᠭᠠᠯᠵᠠᠵᠣ ᠳᠡᠶᠢᠯᠬᠦ ᠦᠭᠡᠢ ᠪᠠᠶᠢᠬᠤ ᠪᠣᠳᠠᠳᠠᠢ ᠠᠰᠠᠭᠤᠳᠠᠯ ᠢ ᠰᠢᠢᠳᠪᠦᠷᠢᠯᠡᠬᠦ ᠶᠢᠨ ᠲᠥᠯᠥᠭᠡ᠂ ︽ᠴᠠᠭᠳᠠᠭᠠᠨ ᠬᠤᠸᠠᠷᠠᠨ ᠤ ᠬᠡᠥᠬᠡᠳ ᠤᠨ ᠴᠡᠴᠡᠷᠯᠢᠭ︾ ᠢ | ᠪᠠᠶᠢᠭᠤᠯᠵᠣ᠂ ᠲᠣᠰᠬᠠᠶᠢᠯᠠᠨ ᠬᠡᠥᠬᠡᠳ ᠤᠨ ᠰᠣᠷᠭᠠᠨ ᠬᠦᠮᠥᠵᠢᠯ ᠤᠨ ᠲᠠᠯ᠎ᠠ ᠪᠠᠷ ᠲᠣᠷᠰᠢᠯᠭ᠎ᠠ ᠦᠨᠳᠥᠷ ᠲᠣᠰᠬᠠᠢ ᠮᠡᠷᠭᠡᠵᠢᠯ ᠤᠨ ᠬᠤᠶᠠᠷ ᠪᠠᠭᠰᠢ ᠶᠢ ᠣᠷᠢᠨ | ᠠᠪᠴᠢᠷᠠᠵᠣ᠂ ᠵᠢᠭᠠᠨ ᠵᠢᠯᠣᠭᠤᠳᠣᠭᠤᠯᠵᠣ᠂ ᠴᠡᠴᠡᠷᠯᠢᠭ ᠲᠤ ᠵᠢᠷᠤᠭ ᠤᠨ ᠲᠡᠪᠲᠡᠷ᠂ ᠲᠣᠭᠯᠠᠭᠠᠮ᠂ ᠣᠶᠣᠨ ᠢ ᠨᠡᠬᠡᠭᠡᠭᠳᠡᠭᠦᠯᠬᠦ᠂ ᠵᠣᠬᠢᠶᠠᠨ ᠪᠥᠲᠥᠭᠡᠬᠦ᠂ ᠵᠢᠷᠤᠭ ᠵᠢᠷᠣᠬᠤ | ᠵᠡᠷᠭᠡ ᠬᠥᠳᠡᠯᠭᠡᠭᠡᠨ ᠤ ᠲᠣᠭᠤᠷᠢᠭ ᠢ ᠪᠠᠶᠢᠷᠢᠯᠠᠭᠤᠯᠵᠣ᠂ ᠣᠯᠠᠨ ᠲᠠᠯ᠎ᠠ ᠶᠢᠨ ᠥᠩᠭᠡ ᠣᠨᠴᠠᠯᠢᠭ ᠲᠠᠢ ᠬᠡᠥᠬᠡᠳ ᠪᠠᠭᠠᠴᠦᠳ ᠤᠨ ᠬᠦᠳᠡᠯᠭᠡᠭᠡᠨ ᠳᠤ ᠣᠷᠥᠯᠴᠠᠭᠤᠯᠵᠣ᠂ | ᠬᠡᠥᠬᠡᠳ ᠨᠢᠭᠡᠪᠦᠷᠢ ᠶᠢ ᠲᠣᠭᠯᠠᠭᠠᠮ ᠨᠠᠭᠠᠳᠥᠮ ᠢᠶᠠᠷ ᠳᠠᠮᠵᠢᠨ ᠪᠢᠯᠢᠭ ᠣᠶᠣᠨ ᠢ ᠰᠠᠶᠢᠵᠢᠷᠠᠭᠤᠯᠬᠤ᠂ ᠰᠢᠨ᠎ᠡ ᠮᠡᠳᠡᠯᠭᠡ ᠴᠢᠳᠠᠪᠣᠷᠢ ᠰᠣᠷᠣᠯᠴᠠᠬᠤ᠂ ᠬᠠᠯᠠᠭᠤᠨ ᠳᠣᠯᠠᠭᠠᠨ᠂ | ᠰᠣᠨᠢᠷᠬᠠᠯᠲᠠᠢ᠂ ᠪᠠᠶᠠᠯᠢᠭ ᠰᠠᠶᠢᠬᠠᠨ ᠠᠮᠢᠳᠣᠷᠠᠯ ᠤᠨ ᠣᠷᠴᠢᠨ ᠢ ᠪᠣᠢ ᠪᠣᠯᠭᠠᠵᠣ ᠥᠭᠪᠡ᠃ | | | | ᠡᠳᠥᠭᠡ ᠪᠣᠯᠲᠠᠯ᠎ᠠ᠂ ᠣᠲᠤᠭ ᠤᠨ ᠡᠮᠦᠨᠡᠲᠦ ᠬᠤᠰᠢᠭᠤᠨ ᠤ ᠲᠣᠲᠣᠭᠠᠳᠦ ᠶᠢ ᠬᠠᠮᠠᠭᠠᠯᠠᠬᠤ ᠳᠣᠪᠴᠢᠶᠠᠨ ᠤ ︽ᠴᠠᠭᠳᠠᠭᠠᠨ ᠬᠤᠸᠠᠷᠠᠨ ᠤ ᠬᠡᠥᠬᠡᠳ ᠤᠨ | ᠴᠡᠴᠡᠷᠯᠢᠭ︾ ᠨᠢ ᠣᠷᠢᠳ ᠬᠤᠵᠢᠳ 133 ᠴᠠᠭᠳᠠᠭ᠎ᠠ ᠶᠢᠨ ᠠᠮᠠᠷᠠᠯᠳᠠ ᠶᠢᠨ ᠬᠤᠭᠤᠴᠠᠭᠠᠨ ᠳᠤ ᠬᠡᠥᠬᠡᠳ ᠢᠶᠠᠨ ᠬᠠᠷᠠᠭᠠᠯᠵᠠᠵᠣ ᠳᠡᠶᠢᠯᠬᠦ ᠦᠭᠡᠢ ᠪᠠᠶᠢᠬᠤ ᠪᠣᠳᠠᠳᠠᠢ | ᠠᠰᠠᠭᠤᠳᠠᠯ ᠢ ᠰᠢᠢᠳᠪᠦᠷᠢᠯᠡᠭᠰᠡᠨ ᠠᠴᠠ ᠬᠤᠰᠢᠭᠤᠨ ᠤ ᠠᠵᠢᠯᠴᠢᠨ ᠤ ᠶᠡᠷᠥᠩᠬᠡᠢ ᠡᠪᠯᠡᠯ ᠠᠴᠠ ︽ᠬᠠᠯᠠᠮᠵᠢᠳᠣ ᠠᠰᠠᠷᠠᠨ ᠬᠠᠮᠠᠭᠠᠯᠠᠬᠤ ᠠᠩᠬᠢ︾ ᠬᠡᠮᠡᠨ ᠰᠠᠶᠢᠰᠢᠶᠠᠨ | ᠨᠡᠷᠡᠶᠢᠳᠪᠡ᠃ | ᠣᠶᠢᠷ᠎ᠠ ᠶᠢᠨ ᠬᠤᠶᠠᠷ ᠵᠢᠯ ᠠᠴᠠ ᠳᠣᠪᠴᠢᠶᠠᠨ ᠤ ᠨᠠᠮ ᠤᠨ ᠬᠤᠷᠢᠶ᠎ᠠ ᠴᠠᠭᠳᠠᠭ᠎ᠠ ᠶᠢ ᠬᠠᠶᠢᠷᠠᠯᠠᠵᠣ ᠴᠠᠭᠳᠠᠭ᠎ᠠ ᠶᠢ ᠬᠠᠯᠠᠮᠵᠢᠯᠠᠬᠤ ᠠᠵᠢᠯ ᠢ ᠥᠷᠭᠦᠯᠵᠢᠯᠡᠨ | ᠴᠢᠩᠭᠠᠳᠬᠠᠵᠣ᠂ ᠴᠠᠭᠳᠠᠭᠠᠨ ᠤ ᠠᠵᠢᠯ ᠤᠨ ᠢᠷᠠᠭᠤ ᠠᠯᠳᠠᠷ ᠤᠨ ᠰᠡᠳᠬᠢᠯᠭᠡ᠂ ᠣᠮᠤᠭ ᠪᠠᠭ᠋ᠠᠳᠣᠯᠲᠦ ᠰᠡᠳᠬᠢᠯᠭᠡ᠂ ᠬᠠᠷᠢᠶᠠᠯᠠᠭᠳᠠᠬᠤ ᠰᠡᠳᠬᠢᠯᠭᠡ ᠶᠢ ᠦᠨᠡᠨ | ᠴᠢᠩᠭᠠᠳᠬᠠᠨ᠂ ᠠᠵᠢᠯ ᠤᠨ ᠢᠳᠡᠪᠬᠢᠵᠢᠯ ᠢ ᠳᠠᠶᠢᠴᠢᠯᠠᠨ᠂ ᠡᠩᠨᠡᠭᠡ ᠶᠢᠨ ᠪᠥᠯᠬᠦᠮᠳᠡᠯ ᠤᠨ ᠬᠦᠴᠦᠨ ᠢ ᠪᠥᠲᠥᠮᠵᠢᠲᠠᠢ ᠳᠡᠭᠡᠭᠰᠢᠯᠡᠭᠦᠯᠪᠡ᠃ | |