ᠬᠥᠪᠡᠭᠡᠲᠦ ᠰᠢᠷ᠎ᠠ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠦᠨᠳᠦᠰᠦᠲᠡᠨ ᠤ ᠪᠦᠯᠬᠦᠮᠳᠡᠯ ᠤᠨ ︽ᠡᠶ᠎ᠡ ᠵᠣᠬᠢᠴᠠᠩᠭᠤᠢ ᠠᠶᠠᠯᠭᠤ︾ ᠶᠢ ᠵᠣᠬᠢᠶᠠᠵᠤ ᠵᠠᠮ ᠬᠠᠷᠢᠯᠴᠠᠭᠠᠨ ᠤ ᠠᠮᠤᠷ ᠲᠦᠪᠰᠢᠨ ᠤ ︽ᠰᠡᠷᠭᠡᠶᠢᠯᠡᠯᠲᠡ ᠶᠢᠨ ᠬᠡᠷᠡᠮ︾ ᠢ ᠪᠠᠶᠢᠭᠤᠯᠬᠤ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/9/28
      ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠥᠷᠨᠢᠭᠦᠯᠵᠦ ᠬᠠᠷᠢᠶᠠᠳᠤ ᠣᠷᠣᠨ ᠤ ᠰᠤᠷᠤᠭᠴᠢᠳ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠤᠬᠠᠮᠰᠠᠷ ᠪᠠ ᠥᠪᠡᠷ ᠢ ᠪᠠᠨ ᠬᠠᠮᠠᠭᠠᠯᠠᠬᠤ ᠤᠬᠠᠮᠰᠠᠷ ᠢ ᠲᠠᠰᠤᠷᠠᠯᠲᠠ ᠦᠭᠡᠢ ᠴᠢᠩᠭᠠᠳᠬᠠᠵᠤ᠂ ᠰᠤᠷᠭᠠᠭᠤᠯᠢ ᠶᠢᠨ ᠬᠦᠷᠢᠶᠡᠨ ᠤ ᠵᠠᠮ ᠬᠠᠷᠢᠯᠴᠠᠭᠠᠨ ᠤ ᠠᠮᠤᠷ ᠲᠦᠪᠰᠢᠨ ᠤ ᠤᠬᠠᠭᠤᠯᠭ᠎ᠠ ᠶᠢᠨ ᠠᠵᠢᠯ ᠢ ᠴᠢᠩᠭᠠᠳᠬᠠᠵᠤ ᠶᠢᠨ ᠲᠥᠯᠥᠭᠡ᠂  9 ᠰᠠᠷ᠎ᠠ ᠶᠢᠨ 19 ᠤ ᠡᠳᠦᠷ ᠤᠨ ᠦᠳᠡ ᠶᠢᠨ ᠡᠮᠦᠨ᠎ᠡ᠂ ᠬᠥᠪᠡᠭᠡᠲᠦ ᠰᠢᠷ᠎ᠠ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠡᠯ᠎ᠡ ᠨᠠᠮ ᠤᠨ ᠡᠭᠦᠷ ᠤᠨ ᠨᠠᠮ ᠤᠨ ᠭᠡᠰᠢᠭᠦᠨ ᠤ ᠲᠥᠯᠥᠭᠡᠯᠡᠭᠴᠢ ᠨᠢᠭᠡᠳᠦᠭᠡᠷ ᠪᠠᠭ᠎ᠠ ᠰᠤᠷᠭᠠᠭᠤᠯᠢ᠂ ᠬᠤᠶᠠᠳᠤᠭᠠᠷ ᠪᠠᠭ᠎ᠠ ᠰᠤᠷᠭᠠᠭᠤᠯᠢ ᠳᠤ ᠭᠦᠨᠵᠡᠭᠡᠶᠢᠷᠡᠨ ᠦᠨᠳᠦᠰᠦᠲᠡᠨ ᠤ ᠪᠦᠯᠬᠦᠮᠳᠡᠯ ᠤᠨ ︽ᠡᠶ᠎ᠡ ᠵᠣᠬᠢᠴᠠᠯᠳᠤ ᠠᠶᠠᠯᠭᠤ︾ ᠶᠢ ᠵᠣᠬᠢᠶᠠᠵᠤ ᠵᠠᠮ ᠬᠠᠷᠢᠯᠴᠠᠭᠠᠨ ᠤ ᠠᠮᠤᠷ ᠲᠦᠪᠰᠢᠨ ᠤ ︽ᠰᠡᠷᠭᠡᠶᠢᠯᠡᠯᠲᠡ ᠶᠢᠨ ᠬᠡᠷᠡᠮ︾  ᠢ ᠪᠠᠶᠢᠭᠤᠯᠬᠤ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠢ ᠥᠷᠨᠢᠭᠦᠯᠦᠭᠰᠡᠨ ᠪᠥᠭᠡᠳ ᠰᠤᠷᠤᠭᠴᠢᠳ ᠲᠤ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠪᠠ᠃
微信图片_20230925112213.jpg
     ᠠᠵᠢᠯᠯᠠᠭ᠎ᠠ ᠶᠢᠨ ᠳᠤᠮᠳᠠ᠂ ᠨᠠᠮ ᠤᠨ ᠭᠡᠰᠢᠭᠦᠨ ᠴᠠᠭᠳᠠᠭ᠎ᠠ ᠬᠠᠷᠢᠶᠠᠲᠤ ᠣᠷᠣᠨ ᠤ ᠰᠤᠷᠭᠠᠭᠤᠯᠢ ᠶᠢᠨ ᠡᠷᠭᠢᠨ ᠲᠣᠭᠤᠷᠢᠨ ᠤ ᠵᠠᠮ ᠬᠠᠷᠢᠯᠴᠠᠭᠠᠨ ᠤ ᠣᠷᠴᠢᠨ ᠲᠣᠭᠤᠷᠢᠨ ᠪᠠ ᠰᠤᠷᠤᠭᠴᠢᠳ ᠤᠨ ᠲᠤᠰ ᠪᠡᠶ᠎ᠡ ᠶᠢᠨ ᠨᠠᠰᠤᠨ ᠤ ᠣᠨᠴᠠᠯᠢᠭ ᠲᠠᠢ ᠤᠶᠠᠯᠳᠤᠭᠤᠯᠵᠤ᠂ ᠬᠢᠯᠪᠠᠷ ᠣᠶᠢᠯᠠᠭᠠᠮᠵᠢᠲᠠᠢ᠂ ᠠᠮᠢᠳᠤ ᠴᠣᠪᠣᠭᠤᠯᠢᠭ ᠦᠭᠡ ᠶᠠᠷᠢᠶ᠎ᠠ ᠶᠢ ᠠᠰᠢᠭᠯᠠᠨ᠂ ᠬᠡᠷᠬᠢᠨ ᠠᠮᠤᠷ ᠲᠦᠪᠰᠢᠨ ᠢᠶᠠᠷ ᠶᠠᠪᠤᠬᠤ᠂ ᠲᠡᠷᠭᠡᠨ ᠳᠤ ᠰᠠᠭᠤᠬᠤ᠂ ᠳᠤᠭᠤᠢ ᠤᠨᠤᠬᠤ ᠵᠡᠷᠭᠡ ᠠᠩᠬᠠᠷᠬᠤ ᠵᠦᠢᠯᠡᠰ ᠢ ᠭᠤᠣᠯᠳᠠᠯᠭ᠎ᠠ ᠲᠠᠢ ᠲᠠᠶᠢᠯᠪᠤᠷᠢᠯᠠᠵᠤ᠂ ᠰᠤᠷᠤᠭᠴᠢᠳ ᠢ ᠶᠠᠪᠠᠭᠠᠨ ᠶᠠᠪᠤᠬᠤ᠂ ᠲᠡᠷᠭᠡᠨ ᠳᠤ ᠰᠠᠭᠤᠬᠤ᠂ ᠳᠤᠭᠤᠢ ᠤᠨᠤᠬᠤ ᠳᠤ ᠪᠠᠨ ᠵᠠᠮ ᠬᠠᠷᠢᠯᠴᠠᠭᠠᠨ ᠤ ᠬᠠᠤᠯᠢ ᠲᠣᠭᠲᠠᠭᠠᠯ ᠢ ᠴᠢᠩᠭ᠎ᠠ ᠵᠢᠷᠤᠮᠯᠠᠨ᠂ ︽ᠨᠢᠭᠡ ᠳᠤ ᠦᠵᠡᠬᠦ᠂ ᠬᠤᠶᠠᠷ ᠲᠤ ᠤᠳᠠᠭᠠᠨ ᠶᠠᠪᠤᠬᠤ᠂ ᠭᠤᠷᠪᠠ ᠳᠤ ᠥᠩᠭᠡᠷᠡᠬᠦ︾ ᠶᠢ ᠪᠡᠶᠡᠯᠡᠭᠦᠯᠵᠦ᠂ ᠰᠤᠷᠤᠭᠴᠢᠳ ᠲᠤ ᠬᠠᠤᠯᠢ ᠶᠢ ᠰᠠᠬᠢᠬᠤ ᠤᠬᠠᠮᠰᠠᠷ ᠪᠠ ᠥᠪᠡᠷ ᠢ ᠪᠠᠨ ᠬᠠᠮᠠᠭᠠᠯᠠᠬᠤ ᠤᠬᠠᠮᠰᠠᠷ ᠢᠶᠠᠨ ᠴᠢᠩᠭᠠᠳᠬᠠᠬᠤ ᠬᠡᠷᠡᠭᠲᠡᠢ ᠭᠡᠵᠦ ᠰᠠᠨᠠᠭᠤᠯᠪᠠ᠃ ᠡᠭᠦᠨ ᠤ ᠬᠠᠮᠲᠤ᠂ ᠠᠷᠠᠳ ᠤᠨ ᠴᠠᠭᠳᠠᠭ᠎ᠠ ᠣᠶᠢᠷ᠎ᠠ ᠶᠢᠨ ᠵᠢᠯ ᠤᠳ ᠲᠤ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠲᠤ ᠬᠤᠯᠪᠣᠭᠳᠠᠭᠰᠠᠨ ᠵᠠᠮ ᠬᠠᠷᠢᠯᠴᠠᠭᠠᠨ ᠤ ᠭᠡᠨᠡᠳᠡᠯ ᠤᠨ ᠨᠡᠶᠢᠲᠡᠯᠢᠭ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ᠂ ᠬᠡᠷᠡᠭ ᠢᠶᠠᠷ ᠬᠠᠤᠯᠢ ᠶᠠᠷᠢᠵᠤ᠂ ᠵᠠᠮ ᠬᠠᠷᠢᠯᠴᠠᠭᠠᠨ ᠤ ᠭᠡᠨᠡᠳᠡᠯ ᠤᠨ ᠬᠤᠣᠷ ᠬᠥᠨᠥᠭᠡᠯᠳᠦ ᠴᠢᠨᠠᠷ ᠢ ᠲᠣᠭᠠᠴᠢᠨ᠂ ᠥᠷᠭᠡᠨ ᠣᠯᠠᠨ ᠰᠤᠷᠤᠭᠴᠢᠳ ᠤᠨ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠡᠯ᠎ᠡ  ᠦᠶᠯᠡ ᠠᠵᠢᠯᠯᠠᠭ᠎ᠠ ᠶᠢ ᠤᠬᠠᠮᠰᠠᠷ ᠠᠴᠠ ᠪᠠᠨ ᠡᠰᠡᠷᠭᠦᠴᠡᠨ ᠬᠤᠷᠢᠭᠯᠠᠬᠤ ᠶᠢ ᠤᠷᠢᠶᠠᠯᠠᠭᠰᠠᠨ ᠪᠠᠶᠢᠨ᠎ᠠ᠃
微信图片_20230925112231.jpg
     ᠲᠣᠰ ᠤᠳᠠᠭᠠᠨ ᠤ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠳᠤ ᠨᠡᠶᠢᠲᠡ 200 ᠭᠠᠷᠤᠢ ᠵᠢᠵᠢᠭ ᠰᠢᠷ᠎ᠠ ᠮᠠᠯᠠᠭᠠᠢ ᠶᠢ ᠲᠦᠭᠡᠭᠡᠵᠦ᠂ ᠰᠤᠷᠤᠭᠴᠢᠳ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠤᠬᠠᠮᠰᠠᠷ᠂ ᠪᠣᠯᠪᠠᠰᠤᠨ ᠤ ᠤᠬᠠᠮᠰᠠᠷ ᠢ ᠪᠦᠲᠦᠮᠵᠢᠲᠡᠶ ᠪᠠᠷ ᠳᠡᠭᠡᠭᠰᠢᠯᠡᠭᠦᠯᠵᠦ᠂ ᠥᠷᠭᠡᠨ ᠣᠯᠠᠨ ᠪᠠᠭᠰᠢ ᠰᠤᠷᠤᠭᠴᠢᠳ ᠢ ᠵᠠᠮ ᠬᠠᠷᠢᠯᠴᠠᠭᠠᠨ ᠤ ᠠᠮᠤᠷ ᠲᠦᠪᠰᠢᠨ ᠤ ᠣᠷᠣᠯᠴᠠᠭᠴᠢ ᠪᠣᠯᠬᠤ ᠪᠠᠷ ᠢᠳᠡᠪᠬᠢᠲᠡᠢ ᠴᠢᠷᠮᠠᠶᠢᠵᠤ᠂ ᠣᠯᠠᠨ ᠤ ᠠᠶᠤᠯ ᠲᠦᠭᠰᠢᠭᠦᠷᠢ ᠠᠴᠠ ᠵᠠᠶᠢᠯᠠᠬᠤ ᠪᠠ ᠠᠳᠡᠯ ᠬᠡᠷᠡᠭ ᠠᠴᠠ  ᠵᠠᠶᠢᠯᠠᠬᠤ ᠦᠵᠡᠯ ᠤᠬᠠᠮᠰᠠᠷ ᠢ ᠤᠯᠠᠮ  ᠴᠢᠩᠭᠠᠳᠬᠠᠭᠰᠠᠨ ᠪᠠᠶᠢᠨ᠎ᠠ᠃ 
ᠢᠷᠡᠯᠲᠡ᠄ ᠰᠢᠯᠢ ᠶᠢᠨ ᠭᠣᠣᠯ ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ
Baidu
map