2023 ᠣᠨ ᠤ ︽ᠨᠠᠢᠮᠠᠨ ᠰᠠᠷ᠎ᠠ ᠶᠢᠨ ᠠᠷᠪᠠᠨ ᠲᠠᠪᠤᠨ ᠤ ᠪᠠᠶᠠᠷ᠂ ᠤᠯᠤᠰ ᠤᠨ ᠪᠠᠶᠠᠷ︾ ᠤᠨ ᠠᠮᠠᠷᠠᠯᠲᠠ ᠬᠦᠷᠴᠦ ᠢᠷᠡᠬᠦ ᠲᠠᠰᠢᠷᠠᠮ ᠳᠤ᠂ ᠭᠠᠳᠠᠭᠰᠢ | ᠭᠠᠷᠴᠤ ᠵᠢᠭᠤᠯᠴᠢᠯᠠᠬᠤ᠂ ᠨᠠᠮᠤᠷ ᠤᠨ ᠬᠤᠷᠢᠶᠠᠯᠲᠠ ᠬᠤᠷᠢᠶᠠᠬᠤ᠂ ᠲᠥᠷᠥᠯ ᠰᠠᠳᠤᠨ ᠨᠠᠶᠢᠵᠠ ᠨᠥᠬᠦᠳ ᠢᠶᠠᠨ ᠡᠷᠭᠢᠵᠦ ᠦᠵᠡᠬᠦ ᠵᠡᠷᠭᠡ ᠠᠴᠠ ᠲᠡᠷᠭᠡ ᠬᠥᠰᠭᠡ | ᠣᠯᠠᠰᠢᠷᠠᠬᠤ ᠲᠤᠯᠠ᠂ ︽ᠨᠠᠢᠮᠠᠨ ᠰᠠᠷ᠎ᠠ ᠶᠢᠨ ᠠᠷᠪᠠᠨ ᠲᠠᠪᠤᠨ ᠤ ᠪᠠᠶᠠᠷ᠂ ᠤᠯᠤᠰ ᠤᠨ ᠪᠠᠶᠠᠷ︾ ᠤᠨ ᠬᠤᠭᠤᠴᠠᠭᠠᠨ ᠳᠠᠬᠢ ᠵᠠᠮ ᠬᠠᠷᠢᠯᠴᠠᠭᠠᠨ ᠤ ᠠᠮᠤᠷ | ᠲᠦᠪᠰᠢᠨ ᠤ ᠰᠠᠭᠠᠳ ᠦᠭᠡᠶ ᠨᠡᠪᠲᠡᠷᠡᠬᠦ ᠶᠢ ᠪᠠᠲᠤᠯᠠᠬᠤ ᠶᠢᠨ ᠲᠥᠯᠥᠭᠡ᠂ ᠥᠪᠥᠷ ᠮᠣᠩᠭᠤᠯ ᠤᠨ ᠥᠪᠡᠷᠳᠡᠭᠡᠨ ᠵᠠᠰᠠᠬᠤ ᠣᠷᠤᠨ ᠤ ᠳᠣᠲᠣᠭᠠᠳᠤ ᠶᠢ ᠬᠠᠮᠠᠭᠠᠯᠠᠬᠤ | ᠲᠢᠩᠬᠢᠮ ᠤᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠲᠣᠪᠴᠢᠶ᠎ᠠ ᠠᠴᠠ ᠪᠦᠬᠦ ᠣᠷᠣᠨ ᠤ ᠵᠠᠮ ᠬᠠᠷᠢᠯᠴᠠᠭᠠᠨ ᠤ ᠭᠠᠷᠴᠤ ᠮᠡᠳᠡᠬᠦ ᠲᠡᠷᠭᠡᠨ ᠤ ᠤᠷᠤᠰᠬᠠᠯ ᠠᠴᠠ | ᠲᠥᠪᠯᠡᠷᠡᠭᠦᠯᠦᠨ ᠨᠡᠪᠳᠡᠷᠡᠭᠦᠯᠬᠦ ᠤᠳᠠᠭᠠᠨ ᠵᠠᠮ᠂ ᠴᠠᠭ᠂ ᠠᠳᠡᠯ ᠭᠠᠷᠬᠤ ᠳᠠᠯᠳᠠ ᠬᠡᠮ᠂ ᠴᠠᠭ ᠠᠭᠤᠷ ᠤᠨ ᠪᠠᠶᠢᠳᠠᠯ᠂ ᠵᠠᠮ ᠬᠠᠷᠢᠯᠴᠠᠭᠠᠨ ᠤ ᠠᠮᠤᠷ ᠲᠦᠪᠰᠢᠨ ᠤ | ᠰᠠᠨᠠᠭᠤᠯᠤᠮᠵᠢ ᠵᠡᠷᠭᠡ ᠶᠢ ᠤᠷᠢᠳᠴᠢᠯᠠᠨ ᠨᠡᠶᠢᠲᠡᠯᠡᠵᠦ᠂ ᠥᠷᠭᠡᠨ ᠣᠯᠠᠨ ᠠᠶᠠᠯᠠᠭᠴᠢᠳ ᠲᠤ ᠭᠠᠳᠠᠭᠰᠢ ᠭᠠᠷᠬᠤ ᠴᠠᠭ᠂ ᠵᠠᠮ ᠱᠤᠭᠤᠮ ᠪᠠ ᠭᠠᠳᠠᠭᠰᠢ ᠭᠠᠷᠬᠤ | ᠠᠷᠭ᠎ᠠ ᠮᠠᠶ᠋ᠢᠭ ᠢᠶᠠᠨ ᠵᠣᠬᠢᠰᠲᠠᠶ ᠰᠣᠩᠭᠤᠬᠤ᠂ ᠴᠠᠭ ᠠᠭᠤᠷ ᠤᠨ ᠪᠠᠶᠢᠳᠠᠯ ᠮᠠᠭᠤᠳᠠᠬᠤ ᠶᠢ ᠰᠡᠷᠡᠮᠵᠢᠯᠡᠬᠦ᠂ ᠠᠮᠤᠷ ᠲᠦᠪᠰᠢᠨ ᠢᠶᠠᠷ ᠲᠡᠷᠭᠡ ᠵᠢᠯᠣᠭᠤᠳᠬᠤ᠂ | ᠪᠣᠯᠪᠠᠰᠤᠨ ᠢᠶᠠᠷ ᠬᠠᠤᠯᠢ ᠶᠢ ᠰᠠᠬᠢᠬᠤ᠂ ᠠᠮᠤᠷ ᠲᠦᠪᠰᠢᠨ ᠢᠶᠠᠷ ᠬᠡᠷ ᠲᠤ ᠪᠠᠨ ᠬᠠᠷᠢᠬᠤ ᠶᠢ ᠰᠠᠨᠠᠭᠤᠯᠪᠠ᠃ | ︵ᠨᠢᠭᠡ︶ ᠬᠤᠪᠢ ᠪᠠᠷ ᠢᠶᠠᠨ ᠲᠡᠷᠭᠡ ᠵᠢᠯᠣᠭᠤᠳᠴᠤ ᠭᠠᠳᠠᠭᠰᠢ ᠭᠠᠷᠬᠤ ᠠᠴᠠ ᠡᠮᠦᠨ᠎ᠡ᠂ ᠶᠠᠪᠣᠬᠤ ᠵᠠᠮ ᠤᠨ ᠪᠠᠶᠢᠳᠠᠯ ᠤᠨ ᠮᠡᠳᠡᠭᠡ ᠵᠠᠩᠭᠢ ᠪᠠ ᠴᠠᠭ | ᠠᠭᠤᠷ ᠤᠨ ᠪᠠᠶᠢᠳᠠᠯ ᠢ ᠤᠷᠢᠳᠴᠢᠯᠠᠨ ᠣᠶᠢᠯᠠᠭᠠᠵᠤ᠂ ᠭᠠᠳᠠᠭᠰᠢ ᠶᠠᠪᠤᠬᠤ ᠴᠠᠭ ᠪᠠ ᠵᠠᠮ ᠱᠤᠭᠤᠮ ᠢ ᠵᠦᠶ ᠵᠣᠬᠢᠰᠲᠠᠶ ᠲᠥᠯᠥᠪᠵᠢᠭᠦᠯᠦᠨ᠂ ᠣᠷᠭᠢᠯ ᠴᠠᠭ ᠢ | ᠵᠥᠷᠢᠭᠦᠯᠵᠦ᠂ ᠠᠰᠢᠭ ᠥᠬᠡᠶ ᠴᠠᠭ ᠠᠭᠤᠷ ᠠᠴᠠ ᠵᠠᠶᠢᠯᠠᠬᠤ ᠬᠡᠷᠡᠭᠲᠡᠶ᠃ ᠮᠣᠷᠳᠠᠬᠤ ᠠᠴᠠ ᠡᠮᠦᠨ᠎ᠡ ᠲᠡᠷᠭᠡ ᠪᠠᠨ ᠴᠢᠬᠤᠯᠠ ᠪᠦᠬᠦᠢ ᠪᠠᠶᠢᠴᠠᠭᠠᠯᠲᠠ ᠬᠢᠵᠦ᠂ ᠠᠮᠤᠷ | ᠲᠦᠪᠰᠢᠨ ᠤ ᠳᠠᠯᠳᠠ ᠬᠡᠮ ᠲᠠᠢ ᠲᠡᠷᠭᠡ ᠶᠢ ᠵᠢᠯᠣᠭᠤᠳᠴᠤ ᠭᠠᠳᠠᠭᠰᠢ ᠭᠠᠷᠴᠤ ᠪᠣᠯᠬᠤ ᠥᠬᠡᠶ᠃ | ︵ᠬᠤᠶᠠᠷ︶ ᠲᠡᠷᠭᠡ ᠵᠢᠯᠣᠭᠤᠳᠬᠤ ᠳᠤ ᠪᠠᠨ ᠠᠶᠤᠯ ᠥᠬᠡᠶ ᠶᠢᠨ ᠪᠦᠰᠡ ᠪᠠᠨ ᠪᠦᠰᠡᠯᠡᠵᠦ᠂ ᠠᠶᠤᠯ ᠥᠬᠡᠶ ᠶᠢᠨ ᠵᠠᠶ ᠶᠢ ᠪᠠᠲᠤᠯᠠᠬᠤ ᠬᠡᠷᠡᠭᠲᠡᠶ᠃ ᠲᠡᠷᠭᠡᠨ ᠤ | ᠤᠷᠤᠰᠬᠠᠯ ᠤᠳᠠᠭᠠᠨ ᠵᠠᠮ ᠤᠨ ᠬᠡᠰᠡᠭ ᠲᠤ ᠳᠤᠷ᠎ᠠ ᠪᠠᠷ ᠢᠶᠠᠨ ᠰᠦᠯᠵᠢᠯᠳᠦᠵᠦ ᠪᠣᠯᠬᠤ ᠥᠬᠡᠶ᠂ ᠠᠳᠡᠯ ᠭᠠᠷᠬᠤ ᠠᠴᠠ ᠵᠠᠶᠢᠯᠠᠰᠭᠢᠵᠦ᠂ ᠪᠠᠴᠢᠮ ᠪᠠᠶᠢᠳᠠᠯ ᠢ | ᠠᠷᠭᠠᠴᠠᠬᠤ ᠲᠡᠷᠭᠡᠨ ᠵᠠᠮ ᠢ ᠡᠵᠡᠯᠡᠨ ᠬᠡᠷᠡᠭᠯᠡᠬᠦ ᠶᠢ ᠴᠢᠩᠭ᠎ᠠ ᠴᠠᠭᠠᠵᠠᠯᠠᠬᠤ ᠬᠡᠷᠡᠭᠲᠡᠶ᠃ ᠳᠡᠭᠡᠳᠦ ᠬᠤᠷᠳᠤ ᠶᠢᠨ ᠵᠠᠰᠠᠮᠠᠯ ᠵᠠᠮ ᠤᠨ ᠰᠠᠨᠠᠭᠤᠯᠤᠮᠵᠢ ᠶᠢᠨ ᠫᠠᠶᠢᠰᠠ ᠶᠢ | ᠠᠩᠬᠠᠷᠴᠤ᠂ ᠵᠣᠬᠢᠬᠤ ᠰᠠᠨᠠᠭᠤᠯᠤᠮᠵᠢ ᠶᠢᠨ ᠲᠡᠮᠳᠡᠭ ᠢ ᠦᠨᠳᠦᠰᠦᠯᠡᠨ᠂ ᠯᠠᠪᠳᠠᠭᠤᠨ ᠲᠣᠭᠲᠠᠭᠤᠨ ᠢᠶᠠᠷ ᠤᠳᠠᠭᠠᠨ ᠶᠠᠪᠤᠵᠤ᠂ ᠴᠠᠭ ᠢ ᠠᠮᠵᠢᠬᠤ ᠶᠢᠨ ᠲᠦᠯᠦᠭᠡ | ᠠᠮᠤᠷ ᠲᠦᠪᠰᠢᠨ ᠢ ᠬᠠᠮᠢᠶᠠᠷᠬᠤ ᠥᠬᠡᠶ ᠪᠠᠶᠢᠵᠤ ᠪᠣᠯᠬᠤ ᠥᠬᠡᠶ᠃ | ︵ᠭᠤᠷᠪᠠ︶ ᠬᠤᠪᠢ ᠪᠠᠷ ᠢᠶᠠᠨ ᠲᠡᠷᠭᠡ ᠵᠢᠯᠣᠭᠤᠳᠴᠤ ᠵᠤᠭᠠᠴᠠᠬᠤ ᠳᠤ ᠪᠠᠨ ᠠᠮᠠᠷᠠᠬᠤ ᠴᠠᠭ ᠢᠶᠠᠨ ᠵᠣᠬᠢᠰᠲᠠᠶ ᠲᠣᠬᠢᠷᠠᠭᠤᠯᠵᠤ᠂ ᠭᠦᠢᠴᠡᠳ ᠠᠮᠠᠷᠠᠬᠤ ᠶᠢ | ᠪᠠᠲᠤᠯᠠᠵᠤ᠂ ᠵᠠᠯᠭᠠᠭ᠎ᠠ ᠪᠠᠷ 4 ᠴᠠᠭ ᠠᠴᠠ ᠬᠡᠲᠦᠷᠡᠲᠡᠯ᠎ᠡ ᠲᠡᠷᠭᠡ ᠵᠢᠯᠣᠭᠤᠳᠴᠤ ᠪᠣᠯᠬᠤ ᠥᠬᠡᠶ᠂ ᠲᠡᠷᠭᠡ ᠵᠣᠭᠰᠣᠵᠤ ᠠᠮᠠᠷᠠᠬᠤ ᠳᠤ ᠪᠠᠨ 20 ᠮᠢᠨᠦ᠋ᠲ ᠠᠴᠠ | ᠳᠡᠭᠡᠭᠰᠢ ᠠᠮᠠᠷᠠᠬᠤ ᠬᠡᠷᠡᠭᠲᠡᠢ᠃ ᠬᠡᠷᠪᠡ ᠶᠠᠳᠠᠷᠠᠵᠤ ᠵᠦᠳᠡᠷᠡᠭᠡᠳ ᠠᠮᠠᠷᠠᠬᠤ ᠴᠢᠬᠤᠯᠠ ᠲᠠᠢ ᠪᠣᠯ᠂ ᠠᠮᠤᠷ ᠲᠦᠪᠰᠢᠨ ᠭᠠᠵᠠᠷ ᠢ ᠰᠣᠩᠭᠤᠵᠤ ᠲᠡᠷᠭᠡ ᠪᠠᠨ | ᠵᠣᠭᠰᠣᠭᠠᠵᠤ ᠠᠮᠠᠷᠠᠭᠠᠷᠠᠶ᠂ ᠵᠠᠰᠠᠮᠠᠯ ᠵᠠᠮ ᠳᠡᠭᠡᠷ᠎ᠡ ᠳᠤᠷ᠎ᠠ ᠪᠠᠷ ᠢᠶᠠᠨ ᠲᠡᠷᠭᠡ ᠪᠠᠨ ᠵᠣᠭᠰᠣᠭᠠᠵᠤ ᠶᠠᠭᠠᠬᠢᠭᠰᠠᠨ ᠴᠤ ᠪᠣᠯᠬᠤ ᠥᠬᠡᠶ᠃ | ︵ᠲᠦᠷᠪᠡ︶ ᠲᠡᠷᠭᠡ ᠵᠢᠯᠤᠭᠤᠳᠬᠤ ᠳᠤ ᠪᠠᠨ ᠪᠣᠯᠪᠠᠰᠤᠨ ᠶᠣᠰᠤᠷᠬᠠᠭ ᠪᠠᠶᠢᠵᠤ᠂ ᠵᠠᠮ ᠪᠤᠯᠢᠶᠠᠯᠳᠤᠨ ᠶᠠᠪᠤᠬᠤ ᠠᠴᠠ ᠵᠠᠶᠢᠯᠠᠰᠬᠢᠬᠦ ᠬᠡᠷᠡᠭᠲᠡᠶ᠃ ᠲᠡᠷᠭᠡ | ᠵᠢᠯᠣᠭᠤᠳᠬᠤ ᠶᠠᠪᠤᠴᠠ ᠳᠤ ᠵᠠᠮ ᠬᠠᠷᠢᠯᠴᠠᠭᠠᠨ ᠤ ᠠᠳᠡᠯ᠂ ᠲᠡᠷᠭᠡᠨ ᠬᠦᠷᠳᠦ ᠳᠡᠯᠪᠡᠷᠡᠬᠦ ᠵᠡᠷᠭᠡ ᠪᠠᠴᠢᠮ ᠪᠠᠶᠢᠳᠠᠯ ᠳᠤ ᠲᠣᠬᠢᠶᠠᠯᠳᠤᠪᠠᠯ᠂ ᠲᠡᠷᠭᠡ ᠪᠠᠨ ᠵᠠᠮ ᠤᠨ | ᠬᠦᠪᠡᠭᠡ ᠳᠤ ᠵᠣᠭᠰᠣᠭᠠᠵᠤ᠂ ᠬᠥᠮᠦᠨ ᠨᠢ ᠵᠠᠮ ᠠᠴᠠ ᠬᠤᠯᠠ ᠵᠠᠶᠢᠯᠠᠵᠤ᠂ ᠳᠠᠷᠤᠶ ᠴᠠᠭᠳᠠᠭ᠎ᠠ ᠳᠤ ᠮᠡᠳᠡᠭᠦᠯᠦᠨ᠎ᠡ ᠭᠡᠳᠡᠭ ᠢ ᠪᠠᠲᠤ ᠴᠡᠭᠡᠵᠢᠯᠡᠬᠦ ᠬᠡᠷᠡᠭᠲᠡᠶ᠃ |