ᠥᠪᠥᠷ ᠮᠣᠩᠭᠤᠯ ‍ᠤᠨ‌ᠥᠪᠡᠷᠳᠡᠭᠡᠨ ᠵᠠᠰᠠᠬᠤ ᠣᠷᠤᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠨᠠᠮ ᠤᠨ ᠬᠤᠷᠢᠶ᠎ᠠ ᠭᠤᠤᠯ ᠰᠡᠳᠦᠪᠲᠦ ᠬᠥᠮᠦᠵᠢᠯ ᠤᠨ ᠲᠤᠰᠬᠠᠶ ᠰᠡᠳᠦᠪᠲᠦ ᠠᠷᠠᠳᠴᠢᠯᠠᠭᠰᠠᠨ ᠠᠮᠢᠳᠤᠷᠠᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/9/4
     8 ᠰᠠᠷ᠎ᠠ ᠶᠢᠨ 25 ᠤ ᠡᠳᠦᠷ᠂ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠨᠠᠮ ᠤᠨ ᠬᠤᠷᠢᠶ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠤᠨ ᠲᠤᠰᠬᠠᠢ ᠰᠡᠳᠦᠪᠲᠦ ᠠᠷᠠᠳᠴᠢᠯᠠᠭᠰᠠᠨ ᠠᠮᠢᠳᠤᠷᠠᠯ ᠤᠨ ᠬᠤᠷᠠᠯ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ ᠤ ᠭᠤᠤᠯ ᠰᠡᠳᠦᠪᠲᠦ ᠬᠥᠮᠦᠵᠢᠯ ᠤᠨ ᠲᠠᠪᠤᠳᠤᠭᠠᠷ ᠲᠣᠭᠤᠷᠢᠨ ᠵᠢᠯᠣᠭᠤᠳᠬᠤ ᠳᠤᠭᠤᠶᠢᠯᠠᠩ ᠤᠨ ᠳᠠᠷᠤᠭ᠎ᠠ ᠳ᠋ᠢ ᠷᠦᠢ ᠵᠧᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠳᠡᠳ᠋ ᠱᠦᠵᠢ ᠴᠢᠶᠧ ᠭᠦᠸᠧ ᠱᠠᠨ ᠬᠤᠷᠠᠯ ᠳᠤ ᠣᠷᠣᠯᠴᠠᠵᠤ ᠵᠢᠭᠠᠨ ᠵᠢᠯᠣᠭᠤᠳᠪᠠ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ᠂ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠨᠠᠮ ᠤᠨ ᠬᠤᠷᠢᠶ᠎ᠠ ᠶᠢᠨ ᠱᠦᠵᠢ᠂ ᠲᠢᠩᠬᠢᠮ ᠤᠨ ᠳᠠᠷᠤᠭ᠎ᠠ ᠵᠧᠩ ᠭᠤᠸᠠᠩ ᠵᠤᠤ ᠬᠤᠷᠠᠯ ᠢ ᠡᠷᠬᠢᠯᠡᠭᠰᠡᠨ ᠪᠥᠭᠡᠳ ᠳ᠋ᠦᠩᠨᠡᠯᠲᠡ ᠶᠢᠨ ᠶᠠᠷᠢᠶ᠎ᠠ ᠲᠠᠯᠪᠢᠪᠠ᠃
W020230901592120896708.png   
     ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠨᠠᠮ ᠤᠨ ᠬᠤᠷᠢᠶ᠎ᠠ ᠲᠣᠰ ᠤᠳᠠᠭᠠᠨ ᠤ ᠲᠤᠰᠬᠠᠶ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠱᠠᠭᠠᠷᠳᠠᠯᠭ᠎ᠠ ᠶᠢ ᠴᠢᠩᠭ᠎ᠠ ᠵᠢᠷᠤᠮᠯᠠᠨ ᠲᠥᠰᠦᠯ ᠲᠣᠭᠲᠠᠭᠠᠵᠤ᠂ ᠬᠤᠷᠠᠯ ᠠᠴᠠ ᠡᠮᠦᠨ᠎ᠡ ᠰᠤᠷᠤᠯᠴᠠᠨ ᠰᠤᠳᠤᠯᠤᠨ ᠶᠠᠷᠢᠯᠴᠠᠬᠤ ᠶᠢ ᠨᠠᠷᠢᠨ ᠬᠢᠨᠠᠮᠠᠭᠠᠶ ᠵᠣᠬᠢᠶᠠᠨ ᠪᠠᠶᠢᠭᠤᠯᠵᠤ᠂ ᠰᠡᠳᠬᠢᠯ ᠤᠨ ᠦᠭᠡ ᠪᠠᠨ ᠶᠠᠷᠢᠯᠴᠠᠬᠤ ᠶᠢ ᠭᠦᠨᠵᠡᠭᠡᠶ ᠥᠷᠨᠢᠭᠦᠯᠵᠦ᠂ ᠦᠵᠡᠯ ᠰᠠᠨᠠᠭ᠎ᠠ ᠪᠠ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠠᠰᠠᠭᠤᠳᠠᠯ ᠢ ᠭᠦᠨᠵᠡᠭᠡᠶ ᠪᠠᠶᠢᠴᠠᠭᠠᠨ ᠳᠡᠯᠭᠡᠵᠦ᠂ ᠲᠤᠰᠬᠠᠶ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠰᠠᠶᠢᠲᠤᠷ ᠬᠤᠷᠠᠯᠳᠤᠭᠤᠯᠬᠤ ᠳᠤ ᠭᠦᠢᠴᠡᠳ ᠪᠡᠯᠡᠳᠬᠡᠯ ᠬᠢᠵᠡᠶ᠃
 W020230901592120928017.png  
     ᠵᠧᠩ ᠭᠤᠸᠠᠩ ᠵᠤᠤ ᠨᠥᠬᠦᠷ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠨᠠᠮ ᠤᠨ ᠬᠤᠷᠢᠶᠠᠨ ᠤ ᠤᠳᠤᠷᠢᠳᠬᠤ ᠪᠠᠭ ᠢ ᠲᠥᠯᠥᠭᠡᠯᠡᠨ ᠠᠰᠠᠭᠤᠳᠠᠯ ᠢ ᠬᠠᠷᠢᠴᠠᠭᠤᠯᠤᠨ ᠪᠠᠶᠢᠴᠠᠭᠠᠬᠤ ᠶᠢᠨ ᠬᠠᠮᠲᠤ 2022 ᠣᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠮᠡᠳᠡᠭᠳᠡᠵᠦ᠂ ᠵᠢᠷᠭᠤᠭᠠᠨ ᠲᠠᠯ᠎ᠠ ᠶᠢᠨ ᠲᠤᠪᠤᠶᠢᠮ᠎ᠠ ᠠᠰᠠᠭᠤᠳᠠᠯ ᠪᠣᠯᠤᠨ ᠨᠢᠭᠡ ᠡᠰᠡᠷᠭᠦ ᠲᠠᠯ᠎ᠠ ᠶᠢᠨ ᠨᠡᠶᠢᠲᠡᠯᠢᠭ ᠬᠡᠷᠡᠭ ᠤᠨ ᠵᠢᠱᠢᠶ᠎ᠡ ᠶᠢᠨ ᠲᠣᠭᠤᠷᠢᠨ ᠳᠤ ᠣᠷᠣᠰᠢᠵᠤ ᠪᠠᠶᠢᠭ᠎ᠠ ᠠᠰᠠᠭᠤᠳᠠᠯ ᠵᠢᠴᠢ ᠰᠢᠯᠲᠠᠭᠠᠨ ᠢ ᠭᠦᠨᠵᠡᠭᠡᠢ ᠵᠠᠳᠠᠯᠵᠤ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠲᠣᠳᠣᠷᠬᠠᠶᠢᠯᠠᠬᠤ ᠶᠢᠨ ᠬᠠᠮᠲᠤ ᠲᠦᠷᠦᠭᠦᠯᠡᠨ ᠬᠤᠪᠢ ᠬᠥᠮᠦᠨ ᠤ ᠬᠠᠷᠢᠴᠠᠭᠤᠯᠤᠨ ᠪᠠᠶᠢᠴᠠᠭᠠᠪᠠ᠃ ᠪᠠᠭ ᠤᠨ ᠪᠦᠷᠢᠯᠳᠦᠬᠦᠨ ᠨᠡᠷ ᠬᠤᠪᠢ ᠬᠥᠮᠦᠨ ᠤ ᠵᠠᠳᠠᠯᠤᠯᠲᠠ ᠬᠢᠵᠦ᠂ ᠰᠢᠭᠦᠮᠵᠢᠯᠡᠯ ᠪᠠ ᠥᠪᠡᠷ ᠤᠨ ᠰᠢᠭᠦᠮᠵᠢᠯᠡᠯ ᠥᠷᠨᠢᠭᠦᠯᠪᠡ᠃
W020230901592120962731.png  
     ᠥᠪᠡᠷᠲᠡᠭᠡᠨ ᠵᠠᠰᠠᠬᠤ ᠣᠷᠣᠨ ᠤ ᠲᠠᠪᠤᠳᠤᠭᠠᠷ ᠲᠣᠭᠤᠷᠢᠨ ᠵᠢᠯᠣᠭᠤᠳᠬᠤ ᠳᠤᠭᠤᠶᠢᠯᠠᠩ ᠤᠨ ᠳᠠᠷᠤᠭ᠎ᠠ ᠳ᠋ᠢ ᠷᠦᠢ ᠵᠧᠨ ᠦᠨᠡᠯᠡᠯᠲᠡ ᠳᠤ ᠪᠠᠨ᠂ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠨᠠᠮ ᠤᠨ ᠬᠤᠷᠢᠶ᠎ᠠ ᠲᠤᠰᠬᠠᠢ ᠰᠡᠳᠦᠪᠲᠦ ᠠᠷᠠᠳᠴᠢᠯᠠᠭᠰᠠᠨ ᠠᠮᠢᠳᠤᠷᠠᠯ ᠤᠨ ᠬᠤᠷᠠᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠬᠤᠷᠠᠯ ᠠᠴᠠ ᠡᠮᠦᠨᠡᠬᠢ ᠪᠡᠯᠡᠳᠬᠡᠯ ᠭᠦᠢᠴᠡᠳ᠂ ᠬᠤᠷᠠᠯ ᠤᠨ ᠲᠡᠰ ᠳᠠᠷᠠᠭᠠᠯᠠᠯ ᠴᠢᠩᠭ᠎ᠠ ᠪᠠᠶᠢᠵᠤ᠂ ᠠᠰᠠᠭᠤᠳᠠᠯ ᠢ ᠪᠠᠶᠢᠴᠠᠭᠠᠨ ᠳᠡᠯᠭᠡᠬᠦ ᠳᠤ ︽ᠣᠨᠣᠪᠴᠢᠲᠠᠢ︾᠂ ᠰᠢᠯᠲᠠᠭᠠᠨ ᠢ ᠵᠠᠳᠠᠯᠬᠤ ᠳᠤ ︽ᠭᠦᠨᠵᠡᠭᠡᠢ︾᠂ ᠰᠢᠭᠦᠮᠵᠢᠯᠡᠯ ᠥᠷᠨᠢᠭᠦᠯᠬᠦ ᠳᠤ ︽ᠦᠨᠡᠨ︾᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠳᠤ ︽ᠪᠣᠳᠠᠲᠠᠢ︾ ᠪᠠᠶᠢᠬᠤ ᠣᠨᠴᠠᠯᠢᠭ ᠢ ᠢᠯᠡᠷᠡᠭᠦᠯᠵᠦ᠂ ᠨᠢᠭᠡ ᠤᠳᠠᠭ᠎ᠠ ᠶᠢᠨ ᠴᠢᠨᠠᠷ ᠰᠠᠶᠢᠲᠠᠢ ᠠᠷᠠᠳᠴᠢᠯᠠᠭᠰᠠᠨ ᠠᠮᠢᠳᠤᠷᠠᠯ ᠤᠨ ᠬᠤᠷᠠᠯ ᠪᠣᠯᠤᠨ᠎ᠠ ᠭᠡᠵᠦ ᠵᠢᠭᠠᠵᠤ ᠭᠠᠷᠭᠠᠪᠠ᠃
W020230901592120992492.png   
     ᠵᠧᠩ ᠭᠤᠸᠠᠩ ᠵᠤᠤ ᠨᠥᠬᠦᠷ ᠬᠤᠷᠠᠯ ᠢ ᠳ᠋ᠦᠩᠨᠡᠬᠦ ᠳᠤ ᠪᠠᠨ᠂ ᠤᠷᠳᠤ ᠬᠤᠭᠤᠴᠠᠭ᠎ᠠ ᠪᠠᠷ ᠴᠢᠷᠮᠠᠶᠢᠨ ᠰᠤᠷᠤᠯᠴᠠᠬᠤ ᠶᠢ ᠠᠳᠬᠤᠵᠤ᠂ ᠴᠢᠳᠠᠮᠠᠭᠠᠢ ᠪᠠᠷ ᠰᠡᠳᠭᠢᠨ ᠬᠡᠷᠡᠭᠯᠡᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢ ᠪᠦᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠪᠣᠯᠤᠨ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠶᠢᠨ ᠨᠠᠰᠤᠨ ᠲᠤᠷᠰᠢᠳᠠ ᠶᠢᠨ ᠬᠢᠴᠢᠶᠡᠯ ᠪᠣᠯᠭᠠᠵᠤ᠂ ᠪᠠᠶᠢᠩᠭᠤ ᠰᠤᠷᠤᠯᠴᠠᠨ ᠰᠢᠨᠡᠴᠢᠯᠡᠵᠦ᠂ ᠢᠲᠡᠭᠡᠯ ᠪᠢᠰᠢᠷᠡᠯ ᠢᠶᠠᠨ ᠤᠯᠠᠮ ᠪᠠᠲᠤᠳᠬᠠᠬᠤ ᠬᠡᠷᠡᠭᠲᠡᠢ᠃ ᠴᠡᠭᠴᠡᠯᠡᠨ ᠰᠠᠶᠢᠵᠢᠷᠠᠭᠤᠯᠬᠤ ᠶᠢ ᠴᠥᠬᠦᠷᠡᠰᠢ ᠦᠭᠡᠢ ᠠᠳᠬᠤᠵᠤ᠂ ᠦᠩᠭᠡᠨ ᠲᠠᠯ᠎ᠠ ᠪᠠ ᠦᠨᠳᠦᠰᠦ ᠰᠤᠷᠪᠤᠯᠵᠢ ᠶᠢ ᠵᠡᠷᠭᠡᠪᠡᠷ ᠵᠠᠰᠠᠬᠤ ᠶᠢ ᠪᠡᠶᠡᠯᠡᠭᠦᠯᠵᠦ᠂ ᠪᠠᠶᠢᠴᠠᠭᠠᠨ ᠳᠡᠯᠭᠡᠵᠦ ᠭᠠᠷᠭᠠᠭᠰᠠᠨ ᠠᠰᠠᠭᠤᠳᠠᠯ᠂ ᠰᠢᠭᠦᠮᠵᠢᠯᠡᠯ ᠪᠠ ᠥᠪᠡᠷ ᠤᠨ ᠰᠢᠭᠦᠮᠵᠢᠯᠡᠯ ᠳᠤ ᠵᠢᠭᠠᠵᠤ ᠭᠠᠷᠭᠠᠭᠰᠠᠨ ᠠᠰᠠᠭᠤᠳᠠᠯ᠂ ᠪᠠᠶᠢᠴᠠᠭᠠᠨ ᠰᠤᠳᠤᠯᠤᠯᠲᠠ ᠳᠤ ᠢᠯᠡᠷᠡᠭᠦᠯᠦᠭᠰᠡᠨ ᠠᠰᠠᠭᠤᠳᠠᠯ᠂ ᠦᠨᠳᠦᠰᠦᠨ ᠱᠠᠲᠤᠨ ᠤ ᠤᠯᠠᠨ ᠲᠦᠮᠡᠨ ᠤ ᠲᠤᠰᠬᠠᠭᠰᠠᠨ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠨᠢᠭᠡᠳ ᠨᠢᠭᠡ ᠪᠠᠷ ᠡᠮᠬᠢᠯᠡᠨ ᠬᠤᠷᠢᠶᠠᠩᠭᠤᠶᠢᠯᠠᠵᠤ᠂ ᠨᠠᠷᠢᠨ ᠲᠠᠩᠰᠠ ᠶᠢ ᠪᠦᠷᠢᠯᠳᠦᠭᠦᠯᠵᠦ᠂ ᠨᠢᠭᠡ ᠨᠢᠭᠡ ᠵᠦᠢᠯ ᠢᠶᠠᠷ ᠴᠡᠭᠴᠡᠯᠡᠨ ᠰᠠᠶᠢᠵᠢᠷᠠᠭᠤᠯᠬᠤ ᠶᠢ ᠠᠳᠬᠤᠵᠤ᠂ ᠨᠢᠭᠡ ᠨᠢᠭᠡ ᠪᠠᠷ ᠴᠡᠭᠴᠡᠯᠡᠨ ᠰᠠᠶᠢᠵᠢᠷᠠᠭᠤᠯᠬᠤ ᠬᠡᠷᠡᠭᠲᠡᠢ᠃ ᠬᠥᠭᠵᠢᠯᠲᠡ ᠶᠢ ᠦᠷᠭᠦᠯᠵᠢᠯᠡᠨ ᠬᠦᠴᠦᠯᠡᠨ ᠠᠳᠬᠤᠵᠤ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢᠨ ᠲᠣᠭᠤᠷᠢᠨ ᠳᠤ᠂ ᠥᠪᠡᠷᠲᠡᠭᠡᠨ ᠵᠠᠰᠠᠬᠤ ᠣᠷᠣᠨ ᠤ ᠭᠤᠣᠯ ᠠᠵᠢᠯ ᠪᠣᠯᠤᠨ ᠲᠢᠩᠬᠢᠮ ᠤᠨ ᠨᠠᠮ ᠤᠨ ᠬᠤᠷᠢᠶᠠᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠲᠠᠢ ᠨᠢᠭᠲᠠ ᠤᠶᠠᠯᠳᠤᠭᠤᠯᠵᠤ᠂ ᠠᠯᠬᠤᠮ ᠠᠯᠬᠤᠮ ᠢᠶᠠᠷ ᠠᠬᠢᠭᠤᠯᠵᠤ᠂ ᠨᠢᠭᠡᠳ ᠨᠢᠭᠡ ᠪᠠᠷ ᠨᠠᠶᠢᠳᠠᠪᠤᠷᠢᠵᠢᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠴᠢᠷᠮᠠᠶᠢᠨ ᠪᠡᠶᠡᠯᠡᠭᠦᠯᠬᠦ ᠪᠠ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠤᠨ ᠳᠤᠮᠳᠠ ᠳᠣᠲᠣᠭᠠᠳᠤ ᠶᠢ ᠬᠠᠮᠠᠭᠠᠯᠠᠬᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠵᠦ ᠵᠢᠭᠠᠵᠤ ᠭᠠᠷᠭᠠᠪᠠ᠃ 
ᠢᠷᠡᠯᠲᠡ᠄ ᠥᠪᠥᠷ ᠮᠣᠩᠭᠤᠯ ‍ᠤᠨ‌ᠥᠪᠡᠷᠳᠡᠭᠡᠨ ᠵᠠᠰᠠᠬᠤ ᠣᠷᠤᠨ ᠤ ᠳᠣᠲᠣᠭᠠᠳᠤ ᠶᠢ ᠬᠠᠮᠠᠭᠠᠯᠠᠬᠤ ᠲᠢᠩᠬᠢᠮ
Baidu
map